︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/4/26
     ᠨᠢᠭᠡ᠂ ᠨᠡᠶᠢᠲᠡᠯᠡᠬᠦ ᠶᠢᠨ ᠴᠢᠬᠤᠯᠠ ᠴᠢᠨᠠᠷ      ᠨᠢᠭᠡ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠪᠣᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠵᠤ᠂ ᠪᠣᠬᠢᠷᠲᠤᠯ ᠦᠭᠡᠢ ᠦᠢᠯᠡᠳᠪᠦᠷᠢᠯᠡᠯ ᠪᠠ ᠬᠡᠷᠡᠭᠯᠡᠭᠡ ᠶᠢᠨ ᠬᠠᠤᠯᠢ ᠴᠠᠭᠠᠵᠠ ᠶᠢᠨ ᠲᠦᠷᠢᠮ ᠪᠠ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠲᠦᠷᠭᠡᠳᠬᠡᠨ ᠪᠠᠶᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠵᠤ᠂ ᠠᠷᠠᠳ ᠤᠯᠠᠨ ᠳᠤ ᠰᠠᠶᠢᠨ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠭᠤᠷᠪᠠ ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠴᠢᠬᠤᠯᠠ ᠵᠢᠭᠠᠪᠤᠷᠢ ᠥᠭᠴᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠳᠤᠨᠤᠨ ᠤ 75 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠲᠦᠷᠦᠭᠦᠴᠦᠳ ᠤᠨ ᠬᠤᠷᠠᠯ ᠳᠡᠭᠡᠷ᠎ᠡ᠂ ᠲᠡᠷᠢᠭᠦᠯᠡᠭᠴᠢ ᠰᠢ ᠶᠢᠨ ᠫᠢᠩ ᠨᠡᠩ ᠬᠦᠴᠦᠲᠡᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠳᠤ ᠤᠷᠬᠢᠯ ᠬᠡᠮᠵᠢᠭᠳᠡᠯ ᠳᠤ ᠬᠦᠷᠭᠡᠵᠦ᠂ 2060 ᠣᠨ ᠳᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠦᠨ᠎ᠡ ᠭᠡᠵᠦ ᠲᠥᠪ ᠴᠢᠩᠭ᠎ᠠ ᠪᠠᠷ ᠠᠮᠠᠯᠳᠠᠪᠠ᠂ ᠡᠨᠡ ᠪᠣᠯ ᠮᠠᠨ ᠤ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠶᠡᠷᠦᠩᠬᠡᠢ ᠲᠠᠶᠢᠴᠢᠯᠠᠯᠳᠠ ᠶᠢᠨ ᠵᠠᠷᠯᠢᠭ ᠪᠣᠯᠤᠨ᠎ᠠ᠃ 10 ᠳ᠋ᠤᠭᠠᠷ ᠰᠠᠷ᠎ᠠ ᠶᠢᠨ 29᠎ ᠤ ᠡᠳᠦᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾᠎ ᠶᠢ ᠪᠠᠲᠤᠯᠠᠵᠤ᠂ ︽ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠵᠤ᠂ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠵᠦ᠂ ᠪᠣᠬᠢᠷᠲᠤᠯ ᠥᠬᠡᠶ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠴᠢᠮ ᠢ ᠪᠠᠭᠤᠷᠠᠭᠤᠯᠤᠨ᠎ᠠ︾ ᠭᠡᠵᠦ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠭᠤᠯᠭ᠎ᠠ︾᠎ ᠳᠤ ᠴᠤ ᠪᠣᠬᠢᠷᠲᠤᠯ ᠥᠬᠡᠶ ᠪᠠᠷᠢᠯᠭ᠎ᠠ ᠶᠢ ᠳᠡᠯᠭᠡᠷᠡᠭᠦᠯᠬᠦ ᠶᠢ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠠᠶ᠃ ᠪᠠᠶᠢᠳᠠᠯ ᠪᠣᠯᠤᠨ ᠡᠭᠦᠷᠭᠡ ᠨᠢ ᠪᠠᠷᠢᠯᠭ᠎ᠠ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠬᠤᠶᠠᠷ ᠲᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠠᠮᠢᠶᠠᠷᠤᠯᠲᠠ ᠶᠢ ᠲᠦᠯᠬᠢᠨ ᠠᠬᠢᠭᠤᠯᠬᠤ ᠱᠠᠭᠠᠷᠳᠠᠯᠭ᠎ᠠ ᠪᠣᠯᠤᠨ᠎ᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ᠂ ᠳᠠᠷᠠᠭ᠎ᠠ ᠠᠯᠬᠤᠮ ᠳᠤ ᠪᠦᠬᠦ ᠨᠡᠶᠢᠭᠡᠮ ᠤᠨ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠶ ᠬᠡᠮᠵᠢᠶ᠎ᠡ ᠪᠣᠯᠤᠨ ᠡᠷᠴᠢᠮ ᠢ ᠤᠯᠠᠮ ᠨᠢᠭᠡ ᠠᠯᠬᠤᠮ ᠴᠢᠩᠭᠠᠯᠠᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠡᠨᠧᠷᠭᠢ ᠠᠷᠪᠢᠯᠠᠬᠤ ᠶᠢ ᠬᠦᠴᠦᠲᠡᠶ ᠠᠳᠬᠤᠨ᠎ᠠ᠃ ᠮᠠᠨ ᠤ ᠣᠷᠣᠨ ᠤ ᠠᠭᠤᠷ ᠠᠮᠢᠰᠬᠤᠯ ᠬᠠᠬᠢᠷ ᠬᠦᠢᠲᠡᠨ᠂ ᠳᠤᠯᠠᠭᠠᠯᠠᠭ᠎ᠠ ᠶᠢᠨ ᠬᠤᠭᠤᠴᠠᠭ᠎ᠠ ᠤᠷᠲᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠨᠡᠯᠢᠶᠡᠳ ᠥᠨᠳᠥᠷ᠂ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠶᠠᠰᠤ ᠴᠢᠨᠠᠷ ᠳᠣᠣᠷ᠎ᠠ᠂ ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠶᠢᠨ ᠬᠡᠷᠡᠭᠯᠡᠯᠲᠡ ᠶᠢᠨ ᠨᠣᠷᠮ᠎ᠠ ᠨᠡᠯᠢᠶᠡᠳ ᠳᠣᠣᠷ᠎ᠠ᠂ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠬᠠᠷᠢᠴᠠᠩᠭᠤᠶ ᠬᠤᠴᠣᠷᠤᠩᠭᠤᠶ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠰᠠᠭᠤᠷᠢ ᠨᠢᠮᠭᠡᠨ ᠬᠡᠪ ᠴᠢᠨᠠᠷ ᠢᠶᠠᠷ ᠠᠨᠠᠶ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠦᠰᠡᠯ ᠡᠷᠡᠮᠡᠯᠵᠡᠯ ᠯᠦᠭᠡ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠮᠥᠨ ᠬᠦ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠲᠠᠭᠤᠳᠠᠯ ᠪᠣᠯᠤᠨ᠎ᠠ᠃ 2019 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠬᠦ ᠲᠦᠷᠢᠮ︾᠎ ᠢ ᠨᠡᠶᠢᠲᠡᠯᠡᠵᠦ᠂ ᠮᠡᠳᠡᠭᠳᠡᠯ ᠨᠡᠶᠢᠲᠡᠯᠡᠵᠦ ᠬᠡᠷᠡᠭᠵᠢᠭᠦᠯᠬᠦ ᠡᠭᠦᠷᠭᠡ ᠶᠢᠨ ᠠᠵᠢᠯ ᠤᠨ ᠬᠤᠪᠢᠶᠠᠷᠢᠯᠠᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠭᠠᠵᠠᠷ ᠣᠷᠣᠨ ᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠯᠤᠭ᠎ᠠ ᠬᠠᠷᠢᠯᠴᠠᠨ ᠲᠥᠬᠦᠷᠵᠢᠭᠦᠯᠦᠭᠰᠡᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ᠂ ᠪᠥᠬᠦ ᠴᠤᠪᠤᠷᠠᠯ ᠡᠯ᠎ᠡ ᠰᠠᠯᠠᠭ᠎ᠠ ᠮᠥᠴᠢᠷ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ᠂ ᠬᠠᠮᠢᠶᠠᠷᠤᠯᠲᠠ ᠶᠢᠨ ᠲᠣᠭᠲᠠᠯᠴᠠᠭ᠎ᠠ᠂ ᠮᠡᠷᠭᠡᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠣᠯ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ︽ᠬᠤᠶᠠᠷ ᠭᠠᠷ︾᠎ ᠤᠨ ᠦᠢᠯᠡᠳᠦᠯ ᠢ ᠪᠠᠳᠠᠷᠠᠭᠤᠯᠤᠨ᠂ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠰᠢᠨ᠎ᠡ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠶᠢᠨ ᠴᠢᠬᠤᠯᠠ ᠪᠥᠬᠦᠶ ᠰᠣᠩᠭᠤᠯᠲᠠ ᠪᠣᠯᠤᠨ᠎ᠠ᠃     ᠬᠤᠶᠠᠷ᠂ ᠲᠤᠭᠤᠷᠪᠢᠨ ᠪᠢᠴᠢᠬᠦ ᠦᠨᠳᠦᠰᠦᠯᠡᠯ      ︽ᠶᠠᠰᠤ ᠴᠢᠨᠠᠷ ᠢ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠲᠥᠷᠥ ᠠᠯᠪᠠᠨ ᠵᠠᠬᠢᠳᠠᠯ ︹2019︺ 92 ᠳ᠋ᠤᠭᠠᠷ ᠲᠣᠭᠠᠲᠤ︶᠂ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠤᠷᠭᠠᠨ ᠬᠥᠮᠦᠵᠢᠯ ᠤᠨ ᠶᠠᠮᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠷᠠᠳ ᠤᠨ ᠪᠠᠩᠬᠢ ᠤᠯᠤᠰ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ︿ᠪᠣᠬᠢᠷᠲᠤᠯ ᠥᠬᠡᠶ ᠪᠠᠷᠢᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ﹀︾ ︵ᠪᠥᠲᠥᠭᠡᠨ ᠪᠠᠶᠢᠭᠤᠯᠬᠤ ᠪᠠᠷᠢᠮᠵᠢᠶ᠎ᠠ ︹2020︺ 65 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶᠎ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ﹀᠎ ᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠪᠠᠶᠢᠩᠭᠤ ᠶᠢᠨ ᠬᠥᠮᠦᠨ ᠲᠠᠷᠬᠠᠭᠠᠭᠰᠠᠨ ︹2019︺ 27 ᠳ᠋ᠤᠭᠠᠷ ᠲᠣᠭᠠᠲᠤ︶ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠨ ᠲᠥᠬᠦᠷ ᠪᠢᠴᠢᠭ ᠮᠠᠲ᠋ᠧᠷᠢᠶᠠᠯ ᠪᠣᠯᠭᠠᠪᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 2021 ᠣᠨ ᠤ 4 ᠳ᠋ᠤᠭᠡᠷ ᠰᠠᠷ᠎ᠠ ᠶᠢᠨ 15᠎ ᠤ ᠡᠳᠦᠷ ᠳᠠᠷᠤᠮᠠᠯᠯᠠᠨ ᠲᠠᠷᠬᠠᠭᠠᠪᠠ᠃      ᠭᠤᠷᠪᠠ᠂ ᠭᠤᠣᠯ ᠠᠭᠤᠯᠭ᠎ᠠ      ︽ᠬᠡᠷᠡᠭᠵᠢᠭᠦᠯᠬᠦ ᠰᠠᠨᠠᠯ︾᠎ ᠢ ᠭᠤᠷᠪᠠᠨ ᠬᠡᠰᠡᠭ ᠬᠤᠪᠢᠶᠠᠪᠠ᠃      ᠨᠢᠭᠡᠳᠦᠭᠡᠷ ᠬᠡᠰᠡᠭ ᠢᠶᠠᠷ ᠶᠡᠷᠦᠩᠬᠡᠶ ᠱᠠᠭᠠᠷᠳᠠᠯᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠣᠬᠢᠷᠲᠤᠯ ᠥᠬᠡᠶ᠂ ᠳᠤᠤᠷ᠎ᠠ ᠨᠡᠭᠦᠷᠡᠰᠦᠲᠥ᠋ᠷᠥᠭᠴᠢᠲᠦ ᠬᠢᠭᠡᠳ ᠦᠷᠭᠦᠯᠵᠢᠯᠡᠬᠦ ᠬᠥᠭᠵᠢᠯᠲᠡ ᠪᠠᠷ ᠭᠤᠤᠯ ᠰᠢᠵᠢᠮ ᠪᠣᠯᠭᠠᠭᠰᠠᠨ ᠵᠢᠯᠣᠭᠤᠳᠬᠤ ᠦᠵᠡᠯ ᠰᠠᠨᠠᠭ᠎ᠠ ᠪᠣᠯᠤᠨ ᠦᠨᠳᠦᠰᠦᠨ ᠵᠠᠷᠴᠢᠮ ᠢ ᠪᠠᠷᠢᠮᠲᠠᠯᠠᠬᠤ ᠬᠡᠷᠡᠭᠲᠡᠶ᠃ 2022 ᠣᠨ᠂ 2025 ᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠭᠤᠣᠯᠳᠠᠯᠭ᠎ᠠ ᠲᠠᠢ ᠬᠥᠭᠵᠢᠯᠲᠡ ᠶᠢᠨ ᠬᠦᠷᠢᠶᠡᠨ ᠤ ᠭᠤᠣᠯ ᠬᠠᠷᠠᠯᠲᠠ ᠶᠢ ᠲᠣᠭᠲᠠᠭᠠᠪᠠ᠃      ᠬᠤᠶᠠᠳᠤᠭᠠᠷ ᠬᠡᠰᠡᠭ ᠨᠢ ︽ᠭᠤᠣᠯᠳᠠᠯᠭ᠎ᠠ ᠲᠠᠢ ᠡᠭᠦᠷᠭᠡ︾ ᠪᠣᠯᠤᠨ᠎ᠠ᠂ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ᠪᠣᠬᠢᠷᠲᠤᠯ ᠦᠭᠡᠢ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠠᠬᠢᠭᠤᠯᠬᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠳᠠᠬᠢᠯᠲᠠ ᠡᠨᠧᠷᠭᠢ ᠶᠢᠨ ᠰᠤᠷᠪᠤᠯᠵᠢ ᠶᠢᠨ ᠪᠠᠷᠢᠯᠭ᠎ᠠ ᠶᠢᠨ ᠬᠡᠷᠡᠭᠯᠡᠯᠲᠡ᠂ ᠪᠣᠬᠢᠷᠲᠤᠯ ᠦᠭᠡᠢ ᠪᠠᠷᠢᠯᠭ᠎ᠠ ᠶᠢᠨ ᠠᠵᠢᠯ ᠢ ᠥᠷᠨᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠬᠤ ᠵᠡᠷᠭᠡ 8 ᠵᠦᠢᠯ ᠤᠨ ᠭᠤᠣᠯᠳᠠᠯᠭ᠎ᠠ ᠲᠠᠢ ᠬᠥᠭᠵᠢᠯᠲᠡ ᠶᠢᠨ ᠬᠦᠷᠢᠶᠡᠨ ᠤ 17 ᠭᠤᠣᠯᠳᠠᠯᠭ᠎ᠠ ᠲᠠᠢ ᠡᠭᠦᠷᠭᠡ ᠶᠢ ᠲᠣᠭᠲᠠᠭᠠᠪᠠ᠃ ᠡᠯ᠎ᠡ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨᠳᠦᠰᠦᠨ ᠳᠡᠰ ᠳᠠᠷᠠᠭᠠᠯᠠᠯ ᠪᠣᠯᠤᠨ ᠬᠠᠷᠢᠭᠤᠴᠠᠯᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠳᠠᠬᠢ ᠭᠤᠤᠯ ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠮᠬᠢ ᠵᠢᠷᠤᠮ ᠲᠠᠢ ᠵᠣᠯᠭᠠᠭᠤᠯᠤᠭᠰᠠᠨ ᠪᠢᠲᠡᠭᠦᠦ ᠮᠠᠶ᠋ᠢᠭ ᠤᠨ ᠬᠠᠮᠢᠶᠠᠷᠤᠯᠲᠠ ᠶᠢ ᠪᠣᠶ ᠪᠣᠯᠭᠠᠬᠤ ᠬᠡᠷᠡᠭᠲᠡᠶ᠃      ᠭᠤᠷᠪᠠᠳᠤᠭᠠᠷ ᠬᠡᠰᠡᠭ ᠨᠢ ︽ᠪᠠᠲᠤᠯᠠᠭ᠎ᠠ ᠶᠢᠨ ᠠᠷᠭ᠎ᠠ ᠬᠡᠮᠵᠢᠶ᠎ᠡ︾ ᠪᠣᠯᠤᠨ᠎ᠠ᠂ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠲᠢᠩᠬᠢᠮ ᠤᠨ ᠬᠤᠭᠤᠷᠣᠨᠳᠣ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠨ᠎ᠠ︔ ᠬᠤᠶᠠᠷ ᠲᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠥᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥᠯ ᠵᠦᠢᠯ ᠪᠠᠶᠢᠭᠤᠯᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ ᠬᠢᠨᠠᠬᠤ᠂ ᠪᠠᠷᠢᠯᠭ᠎ᠠ ᠪᠠᠷᠢᠬᠤ᠂ ᠪᠠᠶᠢᠴᠠᠭᠠᠨ ᠬᠡᠮᠵᠢᠬᠦ᠂ ᠰᠢᠯᠭᠠᠨ ᠠᠪᠬᠤ᠂ ᠦᠨᠡᠯᠡᠬᠦ ᠵᠡᠷᠭᠡ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠭᠤᠣᠯ ᠴᠣᠭᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠪᠠᠷᠢᠮᠵᠢᠶ᠎ᠠ ᠨᠢ ᠵᠢᠷᠤᠮᠵᠢᠯ ᠲᠠᠢ ᠪᠠᠶᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠭᠤᠷᠪᠠ ᠳᠤ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠪᠠ ᠰᠢᠯᠢᠳᠡᠭ ᠢ ᠰᠢᠯᠭᠠᠷᠠᠭᠤᠯᠵᠤ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠦᠶ ᠶᠣᠰᠣᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢ ᠰᠠᠶᠢᠲᠤᠷ ᠬᠢᠨ᠎ᠠ᠃ ᠳᠥᠷᠪᠡ ᠳᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠴᠢᠩᠭᠠᠳᠬᠠᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠬᠠᠷᠠᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号