ᠬᠠᠯᠠᠭᠤᠨ ᠤ ᠴᠠᠭ ᠲᠤ ᠡᠳᠡᠭᠡᠷ ᠠᠴᠠ ᠲᠠᠲᠠᠭᠠᠯᠵᠠᠭᠠᠷᠠᠢ︕
ᠨᠡᠶᠢᠲᠡᠯᠡᠭᠰᠡᠨ ᠴᠠᠭ᠄
2021/5/19
    ᠵᠤᠨ ᠤ ᠤᠯᠠᠷᠢᠯ ᠪᠤᠯ ᠵᠢᠷᠦᠬᠡ ᠲᠠᠷᠢᠬᠢᠨ ᠤ ᠴᠢᠰᠤᠨ ᠰᠤᠳᠠᠯ ᠤᠨ ᠦᠨᠳᠦᠷ ᠡᠪᠡᠳᠴᠢᠯᠡᠯ ᠲᠠᠢ ᠴᠠᠭ ᠪᠣᠯᠣᠨ᠎ᠠ ᠂ ᠪᠦᠷᠢᠳᠭᠡᠯ ᠠᠴᠠ ᠦᠵᠡᠪᠡᠯ ᠠᠭᠠᠷ ᠤᠨ ᠳᠤᠯᠠᠭᠠᠨ 1℃ ᠳᠡᠭᠡᠭᠰᠢᠯᠡᠬᠦ ᠲᠤᠰᠤᠮ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢᠶᠠᠷ ᠡᠮᠨᠡᠭᠦᠯᠬᠦ ᠬᠦᠮᠦᠨ ᠤ ᠲᠤᠭ᠎ᠠ 17.3%᠎ ᠪᠠᠷ ᠨᠡᠮᠡᠭᠳᠡᠳᠡᠭ᠃ ᠡᠶᠢᠮᠦ ᠠᠴᠠ ᠬᠠᠯᠠᠭᠤᠨ ᠤ ᠴᠠᠭ ᠲᠤ ᠡᠳᠡᠭᠡᠷ ᠠᠴᠠ ᠲᠠᠲᠠᠭᠠᠯᠵᠠᠭᠠᠷᠠᠢ ᠭᠡᠵᠦ ᠲᠠ ᠪᠦᠬᠦᠨ ᠳᠤ ᠰᠠᠨᠠᠭᠤᠯᠤᠶ᠎ᠠ︕       1᠂ ᠠᠭᠠᠷ ᠲᠣᠬᠢᠷᠠᠭᠤᠯᠤᠭᠴᠢ ᠶᠢ ᠪᠦᠲᠦᠨ ᠰᠦᠨᠢ ᠪᠠᠷ ᠨᠡᠭᠡᠭᠡᠬᠦ      ᠠᠭᠠᠷ ᠲᠣᠬᠢᠷᠠᠭᠤᠯᠤᠭᠴᠢ ᠶᠢᠨ ᠳᠤᠯᠠᠭᠠᠨ ᠢ ᠬᠡᠲᠦᠷᠬᠡᠢ ᠳᠤᠤᠷ᠎ᠠ ᠪᠠᠶᠢᠯᠭᠠᠬᠤ ᠪᠤᠶᠤ ᠤᠳᠠᠭᠠᠨ ᠬᠤᠭᠤᠴᠠᠭ᠎ᠠ ᠪᠠᠷ ᠨᠡᠭᠡᠭᠡᠵᠦ ᠪᠤᠯᠬᠤ ᠦᠭᠡᠢ᠂ ᠭᠡᠷ ᠤᠨ ᠳᠤᠲᠤᠨ᠎ᠠ ᠭᠠᠳᠠᠨᠠᠬᠢ ᠳᠤᠯᠠᠭᠠᠨ ᠤ ᠵᠦᠷᠢᠶ᠎ᠡ ᠶᠢ 5 ℃᠎ ᠠᠴᠠ ᠪᠢᠲᠡᠬᠡᠢ ᠬᠡᠲᠦᠷᠡᠭᠦᠯᠦᠭᠡᠷᠡᠢ᠃           2᠂ ᠦᠷᠯᠦᠭᠡ ᠡᠷᠲᠡ ᠪᠡᠶ᠎ᠡ ᠪᠠᠨ ᠪᠤᠯᠪᠠᠰᠤᠷᠠᠭᠤᠯᠬᠤ          ᠦᠷᠯᠦᠭᠡ ᠡᠷᠲᠡ ᠠᠭᠠᠷ ᠤᠨ ᠪᠤᠬᠢᠷᠳᠤᠯ ᠶᠡᠬᠡᠲᠡᠢ᠂ ᠬᠦᠮᠦᠨ ᠤ ᠪᠡᠶ᠎ᠡ ᠶᠢᠨ ᠰᠢᠨ᠎ᠡ ᠬᠠᠭᠤᠴᠢᠨ ᠤ ᠰᠤᠯᠢᠯᠴᠠᠭ᠎ᠠ ᠲᠦᠷᠭᠡᠰᠴᠦ᠂ ᠡᠨᠧᠷᠭᠢ᠂ ᠬᠦᠴᠢᠯᠳᠦ᠋ᠷᠦᠭᠴᠢ᠂ ᠰᠢᠮ᠎ᠡ ᠲᠡᠵᠢᠭᠡᠯ ᠤᠨ ᠬᠡᠷᠡᠭᠴᠡᠭᠡ ᠶᠡᠬᠡᠰᠬᠦ ᠠᠴᠠ ᠪᠣᠯᠵᠤ᠂ ᠵᠢᠷᠤᠭᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠭᠡᠬᠦ ᠪᠤᠯᠤᠮᠵᠢ ᠦᠨᠳᠦᠷ ᠪᠠᠶᠢᠳᠠᠭ᠃ ᠦᠷᠯᠦᠭᠡᠨ ᠤ ᠳᠠᠰᠬᠠᠯ ᠢᠶᠠᠨ ᠦᠳᠡᠰᠢ ᠪᠤᠯᠭᠠᠪᠠᠯ ᠢᠯᠡᠭᠦᠦ ᠰᠠᠶᠢᠨ᠃         3᠂ ᠤᠮᠳᠠᠭᠠᠰᠬᠤ ᠪᠠᠷ ᠶᠡᠭᠡ ᠤᠰᠤ ᠤᠤᠭᠤᠬᠤ        ᠵᠤᠨ ᠤ ᠴᠠᠭ ᠲᠤ ᠤᠰᠤ ᠶᠢ ᠬᠡᠲᠦᠷᠬᠡᠢ ᠬᠤᠷᠳᠤᠨ ᠤᠤᠭᠤᠵᠤ ᠪᠤᠯᠬᠤ ᠦᠭᠡᠢ᠂ ᠪᠠᠭ᠎ᠠ ᠬᠡᠮᠵᠢᠶ᠎ᠡ ᠪᠠᠷ ᠤᠯᠠᠨ ᠤᠳᠠᠭ᠎ᠠ ᠤᠤᠭᠤᠵᠤ᠂ ᠤᠳᠠᠭ᠎ᠠ ᠪᠦᠷᠢ 100 — 150ml ᠤᠤᠭᠤᠪᠠᠯ ᠲᠤᠬᠢᠷᠠᠮᠵᠢᠲᠠᠢ᠃           4᠂ ᠬᠦᠳᠡᠯᠭᠡᠭᠡᠨ ᠬᠢᠭᠰᠡᠨ ᠤ ᠳᠠᠷᠠᠭ᠎ᠠ ᠭᠦᠢᠲᠡᠨ ᠤᠮᠳᠠᠭᠠᠨ ᠤᠤᠭᠤᠬᠤ          ᠰᠢᠷᠦᠬᠦᠨ ᠬᠦᠳᠡᠯᠭᠡᠭᠡᠨ ᠬᠢᠭᠰᠡᠨ ᠤ ᠳᠠᠷᠠᠭ᠎ᠠ᠂ ᠬᠦᠢᠲᠡᠨ ᠤᠮᠳᠠᠭᠠᠨ ᠶᠡᠭᠡ ᠤᠤᠭᠤᠪᠠᠯ ᠴᠢᠰᠤᠨ ᠰᠤᠳᠠᠯ ᠤᠨ ᠠᠭᠰᠢᠯᠲᠠ᠂ ᠵᠢᠷᠤᠬᠡ ᠲᠠᠷᠢᠬᠢ ᠪᠤᠯᠤᠨ ᠪᠤᠰᠤᠳ ᠡᠷᠬᠡᠲᠡᠨ ᠤ ᠬᠦᠴᠢᠯᠳᠦ᠋ᠷᠦᠭᠴᠢ ᠶᠢᠨ ᠬᠡᠷᠡᠭᠯᠡᠭᠡ ᠨᠡᠮᠡᠭᠳᠡᠵᠦ᠂ ᠴᠢᠰᠤᠨ ᠳᠠᠷᠤᠯᠲᠠ ᠬᠡᠯᠪᠡᠯᠵᠡᠳᠡᠭ ᠲᠤᠯᠠ ᠵᠢᠷᠦᠭᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠭᠡᠬᠦ ᠡᠷᠡᠰᠳᠡᠯ ᠲᠠᠢ᠃           5᠂ ᠴᠠᠳᠲᠠᠯ᠎ᠠ ᠢᠳᠡᠭᠡᠳ ᠤᠨᠳᠠᠬᠤ      ᠦᠳᠡ ᠳᠤ ᠬᠠᠭᠠᠰ ᠴᠠᠭ ᠤᠷᠴᠢᠮ ᠠᠮᠠᠷᠠᠬᠤ ᠨᠢ ᠵᠦᠢᠲᠡᠢ ᠪᠤᠯᠪᠠᠴᠤ ᠢᠳᠡᠵᠦ ᠪᠠᠷᠠᠩᠭᠤᠲᠠ ᠰᠢᠭᠤᠳ ᠤᠨᠳᠠᠵᠤ ᠪᠤᠯᠬᠤ ᠦᠭᠡᠢ᠃           6᠂ ᠬᠥᠯᠥᠷᠡᠭᠰᠡᠨ ᠤ ᠳᠠᠷᠠᠭ᠎ᠠ ᠬᠦᠢᠲᠡᠨ ᠤᠰᠤ ᠪᠠᠷ ᠪᠡᠶ᠎ᠡ ᠪᠠᠨ ᠤᠬᠢᠶᠠᠬᠤ          ᠹᠦ᠋ ᠶᠢᠨ ᠬᠠᠯᠠᠭᠤᠨ ᠳᠤ ᠬᠦᠢᠲᠡᠨ ᠤᠰᠤ ᠪᠠᠷ ᠪᠡᠶ᠎ᠡ ᠪᠠᠨ ᠤᠬᠢᠶᠠᠬᠤ ᠨᠢ ᠬᠥᠮᠥᠨ ᠤ ᠪᠡᠶ᠎ᠡ ᠳᠤ ᠬᠡᠨᠡᠳᠲᠡ ᠶᠢᠨ ᠰᠡᠲᠦᠯᠲᠡ ᠦᠭᠴᠦ᠂ ᠴᠢᠰᠤᠨ ᠳᠠᠷᠤᠯᠲᠠ ᠶᠢ ᠨᠡᠮᠡᠭᠳᠡᠭᠦᠯᠦᠨ᠂ ᠰᠤᠴᠢᠮᠠᠭ ᠵᠢᠷᠦᠬᠡᠨ ᠪᠤᠯᠴᠢᠩ ᠤᠨ ᠲᠦᠭᠵᠢᠷᠡᠯ ᠡᠭᠦᠰᠭᠡᠵᠦ᠂ ᠠᠮᠢ ᠨᠠᠰᠤᠨ ᠤ ᠡᠷᠡᠰᠳᠡᠯ ᠳᠤ ᠬᠦᠷᠭᠡᠳᠡᠭ᠃           7᠂ ᠬᠠᠯᠠᠭᠤᠨ ᠨᠠᠷᠠᠨ ᠳᠤ ᠳᠠᠯᠤ ᠮᠥᠷᠥ ᠪᠠᠨ ᠨᠢᠴᠦᠭᠦᠯᠡᠨ ᠶᠠᠪᠤᠬᠤ          ᠵᠤᠨ ᠤ ᠬᠠᠯᠠᠭᠤᠨ ᠳᠤ ᠪᠡᠶ᠎ᠡ ᠬᠥᠯᠥᠷᠡᠵᠦ᠂ ᠰᠢᠷ᠎ᠠ ᠦᠰᠦᠨ ᠤ ᠰᠦᠪᠡ ᠨᠡᠭᠡᠭᠡᠭᠳᠡᠭᠰᠡᠨ ᠤ ᠳᠠᠷᠠᠭ᠎ᠠ ᠭᠥᠷᠢᠨ ᠤ ᠭᠠᠳᠠᠨᠠᠬᠢ ᠲᠤᠶᠠᠭᠠᠨ ᠳᠤ ᠤᠷᠲᠤ ᠬᠤᠭᠤᠴᠠᠭ᠎ᠠ ᠰᠢᠷᠠᠪᠠᠯ᠂ ᠤᠰᠤᠨ ᠬᠠᠪᠤᠩ᠂ ᠲᠡᠷᠡᠴᠢᠯᠡᠨ ᠪᠦᠭᠡᠷᠡᠨ ᠤ ᠡᠪᠡᠳᠴᠢᠨ ᠡᠭᠦᠰᠭᠡᠬᠦ ᠪᠤᠯᠤᠮᠵᠢ ᠲᠠᠢ᠃         8᠂ ᠭᠠᠭᠴᠠ ᠨᠤᠭᠤᠭ᠎ᠠ ᠵᠢᠮᠢᠰ ᠢᠶᠠᠷ ᠬᠤᠭᠤᠯᠠᠯᠠᠬᠤ          ᠬᠤᠭᠤᠯᠠᠨ ᠤ ᠲᠤᠷᠠᠰᠢᠯ ᠦᠭᠡᠢ ᠠᠴᠠ ᠪᠤᠯᠵᠤ ᠭᠠᠭᠴᠠ ᠨᠤᠭᠤᠭ᠎ᠠ ᠵᠢᠮᠢᠰ ᠢᠶᠠᠷ ᠭᠤᠷᠪᠠᠨ ᠡᠷᠢᠨ ᠤ ᠬᠤᠭᠤᠯᠠ ᠶᠢ ᠤᠷᠤᠯᠠᠭᠤᠯᠵᠤ ᠪᠤᠯᠬᠤ ᠦᠭᠡᠢ᠃ ᠲᠠᠬᠢᠶ᠎ᠠ᠂ ᠨᠤᠭᠤᠰᠤ᠂ ᠵᠢᠭᠠᠰᠤ᠂ ᠦᠨᠳᠡᠭᠡ᠂ ᠬᠠᠷ᠎ᠠ ᠮᠢᠬ᠎ᠠ ᠵᠡᠷᠭᠡ ᠰᠢᠮ᠎ᠡ ᠲᠡᠵᠢᠭᠡᠯᠲᠦ ᠢᠳᠡᠭᠡᠨ ᠢ ᠵᠤᠬᠢᠰᠲᠠᠢ ᠢᠳᠡᠵᠦ᠂ ᠲᠠᠷᠪᠤᠰ᠂ ᠭᠠᠰᠢᠭᠤᠨ ᠬᠡᠮᠭᠡ ᠵᠡᠷᠭᠡ ᠵᠢᠮᠢᠰ ᠢ ᠢᠯᠡᠭᠦᠬᠡᠨ ᠢᠳᠡᠵᠦ᠂ ᠤᠰᠤ ᠲᠠᠪᠤᠰᠤ ᠨᠦᠬᠦᠪᠦᠷᠢᠯᠡᠬᠦ ᠬᠡᠷᠡᠭᠲᠡᠢ᠃              
 
ᠢᠷᠡᠯᠲᠡ᠄ ︵︽ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ︾᠎ ᠠᠴᠠ︶
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号