ᠭᠤᠣ ᠸᠧᠨ ᠾᠧ
ᠨᠡᠶᠢᠲᠡᠯᠡᠭᠰᠡᠨ ᠴᠠᠭ᠄
2021/5/5
    ᠭᠤᠤ ᠸᠧᠨ ᠾᠧ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 9 ᠳ᠋ᠤᠭᠡᠷ ᠰᠠᠷ᠎ᠠ ᠳᠤ ᠲᠦᠷᠦᠵᠠᠢ᠂ ᠱᠠᠨ ᠰᠢ ᠶᠢᠨ ᠰᠢᠨᠵᠸᠦ ᠶᠢᠨ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1992 ᠣᠨ ᠤ 4 ᠳ᠋ᠤᠭᠡᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1993 ᠣᠨ ᠤ 7 ᠰᠠᠷ᠎ᠠ ᠳᠤ ᠠᠵᠢᠯ ᠳᠤ ᠤᠷᠤᠵᠠᠢ᠃1989. 09 — 1993. 07 ᠪᠤᠯᠳᠠᠯ᠎ᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠯᠪᠤᠷᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠤᠰᠬᠠᠢ ᠮᠡᠷᠭᠡᠵᠢᠯ  ᠎ ᠢ ᠰᠤᠷᠤᠯᠴᠠᠪᠠ᠃1993. 07 — 1995. 12 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠠᠵᠢᠯᠳᠠᠨ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠠᠵᠢᠯᠯᠠᠬᠤ ᠥᠷᠲᠡᠭᠡ ᠶᠢᠨ ᠮᠡᠷᠭᠡᠵᠢᠯᠲᠡᠨ ᠢᠶᠠᠷ ᠠᠵᠢᠯᠯᠠᠵᠠᠢ᠃1995.12 — 1996. 02 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠢ ᠰᠢᠭᠤᠢ ᠤᠰᠤᠨ ᠠᠰᠢᠭᠯᠠᠯᠲᠠ ᠶᠢᠨ ᠲᠣᠪᠴᠢᠶᠠᠨ ᠤ ᠤᠰᠤᠨ ᠠᠰᠢᠭᠯᠠᠯᠲᠠ ᠶᠢᠨ ᠰᠠᠯᠠᠭᠠᠨ ᠤ  ᠠᠵᠢᠯᠳᠠᠨ᠂ ᠵᠠᠰᠠᠭ ᠵᠠᠬᠢᠷᠭᠠᠨ ᠤ ᠠᠯᠪᠠᠨ ᠭᠡᠷ ᠤᠨ ᠨᠠᠷᠢᠨ ᠪᠢᠴᠢᠭᠡᠴᠢ ᠪᠠᠷ ᠠᠵᠢᠯᠯᠠᠵᠠᠢ᠃1996.02 — 1999. 05 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠰᠠᠯᠠᠭᠠᠨ ᠤ  ᠪᠦᠷᠢᠯᠳᠦᠭᠦᠨ᠂ ᠳᠡᠳ᠋ ᠡᠷᠬᠢᠯᠡᠭᠴᠢ ᠠᠵᠢᠯᠳᠠᠨ ᠢᠶᠠᠷ ᠠᠵᠢᠯᠯᠠᠪᠠ᠃1999. 05 — 2000 . 05 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠳᠠ ᠶᠢᠨ ᠡᠪ ᠬᠠᠮᠳᠤ ᠵᠠᠯᠠᠭᠠᠴᠤᠳ ᠤᠨ ᠡᠪᠯᠡᠯ ᠤᠨ ᠬᠤᠷᠢᠶ᠎ᠠ ᠶᠢᠨ ᠳᠡᠳ᠋ ᠱᠦᠵᠢ ᠪᠠᠷ ᠠᠵᠢᠯᠯᠠᠵᠠᠢ᠃2000. 05 — 2001. 12 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠳᠠ ᠶᠢᠨ ᠠᠵᠢᠯᠳᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠪᠠᠷ ᠠᠵᠢᠯᠯᠠᠵᠠᠢ᠃2001.12 —2004. 02 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂  ᠲᠣᠪᠴᠢᠶᠠᠨ ᠳᠡᠳ᠋ ᠳᠠᠷᠤᠭ᠎ᠠ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ  ᠢᠶᠠᠷ ᠠᠵᠢᠯᠯᠠᠵᠠᠢ᠃2004. 02 — 2004. 07 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠵᠠᠬᠦᠨ ᠨᠠᠭᠤᠷ ᠭᠠᠳᠠᠭᠠᠳᠤ ᠳᠤ ᠭᠠᠷᠭᠠᠵᠤ ᠭᠤᠪᠢᠭᠤᠯᠭ᠎ᠠ ᠣᠯᠬᠤ ᠲᠠᠷᠢᠶᠠᠯᠠᠩ ᠤᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ︵ᠳᠡᠳ᠋ ᠭᠠᠵᠠᠷ ᠤᠨ ᠳᠡᠰ︶᠎ ᠪᠠᠷ ᠠᠵᠢᠯᠯᠠᠵᠠᠢ᠃2004.07 — 2007.12 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠳᠠ ᠶᠢᠨ ᠵᠠᠬᠦᠨ ᠨᠠᠭᠤᠷ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠡᠷᠬᠢᠯᠡᠭᠴᠢ ᠪᠠᠷ ᠠᠵᠢᠯᠯᠠᠵᠠᠢ᠃ ︵ᠵᠢᠩᠬᠢᠨᠢ ᠰᠢᠶᠠᠨ ᠤ ᠲᠡᠰ︶ ︵ᠡᠨᠡ ᠬᠤᠭᠤᠴᠠᠭᠠᠨ ᠎ ᠳᠤ᠄ 2002. 09 —2006. 01 ᠪᠤᠯᠳᠠᠯ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠤᠰᠬᠠᠢ ᠮᠡᠷᠭᠡᠵᠢᠯ  ᠎ ᠢ ᠰᠤᠷᠤᠯᠴᠠᠪᠠ︶2007. 12 — 2011.09 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠪᠠᠷ ᠠᠵᠢᠯᠯᠠᠵᠠᠢ᠃2011.09 — 2013. 01 ᠪᠤᠯᠳᠠᠯ᠎ᠠ ᠥᠪᠥᠷ ᠮᠣᠩᠭᠤᠯ ᠤᠨ ᠮᠠᠨᠵᠤᠤᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠵᠠᠢ᠃2013. 01 — 2017.10 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠎ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠠᠷ ᠠᠵᠢᠯᠯᠠᠵᠠᠢ᠃2017.10 — 2020.05 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠠᠷ ᠠᠵᠢᠯᠯᠠᠵᠠᠢ᠃2020.05 — 2021.04 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠠᠷ ᠠᠵᠢᠯᠯᠠᠵᠠᠢ᠃2021. 04 —2021 .05 ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠠᠷᠠᠳ ᠎ ᠤᠨ ᠵᠠᠰᠠᠭ ᠎ ᠤᠨ ᠤᠷᠳᠤᠨ ᠤ ᠬᠤᠲᠠ ᠶᠢᠨ ᠳᠡᠳ᠋ ᠳᠠᠷᠤᠭ᠎ᠠ ᠪᠠᠷ ᠵᠢᠱᠢᠭᠳᠡᠵᠡᠢ᠃2021. 05 — ᠤᠳᠤ ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠎ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠪᠠᠷ ᠠᠵᠢᠯᠯᠠᠵᠦ ᠪᠤᠢ᠃
ᠢᠷᠡᠯᠲᠡ᠄ ᠲᠣᠰ ᠰᠥᠯᠵᠢᠶ᠎ᠠ