ᠪᠠᠶᠠᠷ
ᠨᠡᠶᠢᠲᠡᠯᠡᠭᠰᠡᠨ ᠴᠠᠭ᠄
2021/6/5
      ᠪᠠᠶᠠᠷ᠂ ᠡᠷᠡᠭᠳᠡᠢ᠂ ᠮᠤᠩᠭᠤᠯ ᠦᠨᠳᠦᠰᠦᠳᠡᠨ᠂ 1964 ᠤᠨ ᠤ 3 ᠰᠠᠷ᠎ᠡ ᠳᠤ ᠲᠦᠷᠦᠵᠡᠢ᠂ ᠦᠪᠤᠷ ᠮᠤᠩᠭᠤᠯ ᠤᠨ  ᠡᠵᠡᠨ ᠬᠤᠷᠤᠭ᠎ᠠ ᠬᠤᠰᠢᠭᠤᠨ ᠤ ᠭᠦᠮᠦᠨ᠃ ᠲᠦᠪ ᠤᠨ ᠨᠠᠮ ᠤᠨ ᠰᠤᠷᠭᠠᠭᠤᠯᠢ ᠶᠢᠨ ᠠᠰᠫᠢᠷᠡᠨᠲ ᠤᠨ ᠰᠤᠷᠤᠯᠭ᠎ᠠ ᠶᠢᠨ  ᠨᠠᠮᠳᠠᠷ ᠲᠠᠢ᠂ 1988 ᠤᠨ ᠤ 11 ᠰᠠᠷ᠎ᠡ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠵᠡᠢ᠂ 1985  ᠤᠨ ᠤ 8 ᠰᠠᠷ᠎ᠡ ᠳᠤ ᠠᠵᠢᠯ ᠳᠤ ᠤᠷᠤᠵᠠᠢ᠃ ᠤᠳᠤ ᠤᠷᠳᠤᠰ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠲᠤᠭᠤᠢᠢᠯᠠᠩ ᠤᠨ ᠪᠥᠷᠢᠯᠳᠥᠭᠦᠨ᠂ ᠳᠡᠳ᠋ ᠡᠷᠬᠢᠯᠡᠭᠴᠢ᠂ ᠬᠤᠳᠠ ᠶᠢᠨ  ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠤᠷᠤᠨ ᠲᠤᠭ᠎ᠠ ᠶᠢᠨ ᠵᠦᠪᠯᠡᠯ ᠤᠨ ᠠᠯᠪᠡᠨ ᠭᠡᠷ ᠤᠨ ᠡᠷᠭᠢᠯᠡᠭᠴᠢ ᠪᠠᠷ  ᠠᠵᠢᠯᠯᠠᠵᠤ ᠪᠤᠢ᠃          1983.09 — 1985.07 ᠦᠪᠤᠷ ᠮᠤᠩᠭᠤᠯ ᠤᠨ ᠮᠤᠩᠭᠤᠯ ᠭᠡᠯᠡ ᠪᠢᠴᠢᠭ ᠤᠨ ᠲᠤᠰᠬᠠᠢ ᠮᠡᠷᠭᠡᠵᠢᠯ ᠤᠨ  ᠰᠤᠷᠭᠠᠭᠤᠯᠢ ᠳᠤ ᠨᠠᠶᠢᠷᠠᠭᠤᠯᠵᠤ ᠤᠷᠴᠢᠭᠤᠯᠬᠤ ᠲᠤᠰᠬᠠᠢ ᠮᠡᠷᠭᠡᠵᠢᠯ ᠢᠶᠠᠷ ᠰᠤᠷᠤᠯᠴᠡᠪᠡ          1985.07 — 1985.08 ᠠᠵᠢᠯ ᠬᠤᠪᠢᠶᠠᠷᠢᠯᠠᠬᠤ ᠶᠢ ᠭᠥᠯᠢᠶᠠᠪᠠ          1985.08 — 1991.10 ᠤᠳᠤᠭ ᠬᠤᠰᠢᠭᠤᠨ ᠤ ᠷᠠᠳᠢᠣ᠋ ᠨᠡᠪᠳᠡᠷᠡᠭᠦᠯᠭᠡ ᠶᠢᠨ ᠲᠤᠪᠴᠢᠶ᠎ᠡ ᠳᠤ ᠠᠵᠢᠯᠯᠡᠪᠡ ︵ ᠡᠨᠡ ᠬᠤᠭᠤᠴᠠᠭᠠᠨ ᠳᠤ᠄ 1988.09 — 1991.06 ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ  ᠬᠠᠷᠢᠶᠡᠳᠤ ᠵᠠᠭᠢᠳᠡᠯ ᠢᠶᠠᠷ ᠰᠤᠷᠬᠤ ᠲᠡᠭᠡᠳᠤ ᠰᠤᠷᠭᠠᠭᠤᠯᠢ ᠶᠢᠨ ᠤᠯᠤᠰ ᠲᠦᠷᠦ ᠶᠢᠨ ᠰᠤᠷᠭᠠᠨ ᠭᠦᠮᠦᠵᠢᠯ ᠤᠨ ᠲᠤᠰᠬᠠᠢ  ᠮᠡᠷᠭᠡᠵᠢᠯ ᠤᠨ ᠲᠡᠭᠡᠳᠤ ᠵᠡᠷᠭᠡ ᠶᠢᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠤ ᠪᠠᠶᠢᠪᠡ︶          1991.10 — 1994.06 ᠤᠳᠤᠭ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ ᠲᠤ  ᠠᠵᠢᠯᠯᠠᠪᠡ          1994.06 — 1996.07 ᠤᠳᠤᠭ ᠬᠤᠰᠢᠭᠤᠨ ᠤ ᠷᠠᠳᠢᠣ᠋ ᠨᠡᠪᠳᠡᠷᠡᠭᠦᠯᠭᠡ ᠶᠢᠨ ᠲᠤᠪᠴᠢᠶ᠎ᠠ ᠶᠢᠨ ᠲᠡᠳ᠋  ᠲᠤᠪᠴᠢᠶᠡᠨ ᠲᠠᠷᠤᠭ᠎ᠠ ᠪᠠᠷ ᠠᠵᠢᠯᠯᠠᠪᠡ ︵ᠡᠨᠡ ᠬᠤᠭᠤᠴᠠᠭᠠᠨ ᠳ᠋ᠤ᠋᠄ 1994.08 — 1996.12 ᠲᠦᠪ ᠤᠨ  ᠨᠠᠮ ᠤᠨ ᠰᠤᠷᠭᠠᠭᠤᠯᠢ ᠶᠢᠨ ᠵᠠᠭᠢᠳᠡᠯ ᠢᠶᠠᠷ ᠰᠤᠷᠬᠤ ᠲᠡᠭᠡᠳᠤ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠳᠡ ᠶᠢᠨ  ᠲᠤᠰᠬᠠᠢ ᠮᠡᠷᠭᠡᠵᠢᠯ ᠤᠨ ᠵᠢᠩᠭᠢᠨᠢ ᠠᠩᠭᠢ ᠳᠤ ᠰᠤᠷᠤᠯᠴᠡᠪᠡ︶          1996.07 — 2000.09 ᠤᠳᠤᠭ ᠬᠤᠰᠢᠭᠤᠨ ᠤ ᠨᠠᠮ ᠤᠨ ᠬᠤᠷᠢᠶ᠎ᠠ ᠶᠢᠨ ᠵᠤᠭᠢᠶᠡᠨ ᠪᠠᠶᠢᠭᠤᠯᠬᠤ  ᠭᠡᠯᠳᠡᠰ ᠤᠨ ᠲᠡᠳ᠋ ᠲᠠᠷᠤᠭ᠎ᠠ ᠪᠠᠷ ᠠᠵᠢᠯᠯᠠᠵᠤ ᠂ 1997.02 ᠠᠬᠠᠮᠠᠳ ᠺᠠᠳ᠋ᠷᠴᠤᠳ ᠤᠨ ᠲᠤᠪᠴᠢᠶ᠎ᠡ ᠶᠢᠨ ᠲᠤᠪᠴᠢᠶᠡᠨ  ᠲᠠᠷᠤᠭ᠎ᠠ ᠶᠢ ᠬᠠᠪᠰᠤᠷᠭᠠᠨ ᠡᠭᠦᠷᠭᠡᠯᠡᠪᠡ          2000.09 — 2006.09 ᠤᠳᠤᠭ ᠤᠨ ᠡᠮᠦᠨᠡᠳᠤ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠡᠭᠭᠤ ᠶᠢᠨ  ᠭᠡᠰᠢᠭᠦᠨ᠂ ᠵᠤᠭᠢᠶᠡᠨ ᠪᠠᠶᠢᠭᠤᠯᠬᠤ ᠭᠡᠯᠳᠡᠰ ᠤᠨ ᠲᠠᠷᠤᠭ᠎ᠠ ᠪᠠᠷ ᠠᠵᠢᠯᠯᠠᠪᠡ ︵ᠡᠨᠡ ᠬᠤᠭᠤᠴᠠᠭᠠᠨ ᠳᠤ᠄ 1999.08  — 2001.12 ᠲᠦᠪ ᠤᠨ ᠨᠠᠮ ᠤᠨ ᠰᠤᠷᠭᠠᠭᠤᠯᠢ ᠶᠢᠨ ᠵᠠᠭᠢᠳᠡᠯ ᠢᠶᠠᠷ ᠰᠤᠷᠬᠤ ᠲᠡᠭᠡᠳᠤ ᠰᠤᠷᠭᠠᠭᠤᠯᠢ ᠶᠢᠨ ᠬᠠᠤᠯᠢ  ᠴᠠᠭᠠᠵᠡ ᠶᠢᠨ ᠲᠤᠰᠬᠠᠢ ᠮᠡᠷᠭᠡᠵᠢᠯ ᠤᠨ ᠵᠢᠩᠭᠢᠨᠢ ᠠᠩᠭᠢ ᠳᠤ ᠰᠤᠷᠤᠯᠴᠡᠵᠤ ᠪᠠᠶᠢᠪᠡ︶          2006.09 — 2011.04 ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠡ ᠶᠢᠨ ᠪᠠᠶᠢᠡᠭᠭᠤ ᠶᠢᠨ ᠭᠡᠰᠢᠭᠦᠨ᠂  ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠡ ᠶᠢᠨ ᠱᠦᠵᠢ ᠪᠠᠷ ᠠᠵᠢᠯᠯᠠᠪᠠ          2011.04 — 2012.03 ᠤᠷᠳᠤᠰ ᠬᠤᠳᠠ ᠶᠢᠨ ᠨᠠᠮ ᠤᠨ ᠬᠤᠷᠢᠶ᠎ᠡ ᠶᠢᠨ ᠵᠤᠭᠢᠶᠡᠨ ᠪᠠᠶᠢᠭᠤᠯᠬᠤ  ᠭᠡᠯᠳᠡᠰ ᠤᠨ ᠲᠡᠳ᠋ ᠲᠠᠷᠤᠭ᠎ᠠ᠂ ᠵᠢᠩᠭᠢᠨᠢ ᠭᠠᠵᠠᠷ ᠤᠨ ᠲᠡᠰ ᠤᠨ ᠵᠤᠭᠢᠶᠡᠨ ᠪᠠᠶᠢᠭᠤᠯᠬᠤ ᠭᠡᠰᠢᠭᠦᠨ ᠢᠶᠠᠷ ᠠᠵᠢᠯᠯᠠᠪᠡ          2012.03 — 2016.05 ᠤᠷᠳᠤᠰ ᠬᠤᠳᠠ ᠶᠢᠨ ᠨᠠᠮ ᠤᠨ ᠬᠤᠷᠢᠶ᠎ᠡ ᠶᠢᠨ ᠵᠤᠭᠢᠶᠡᠨ ᠪᠠᠶᠢᠭᠤᠯᠬᠤ  ᠭᠡᠯᠳᠡᠰ ᠤᠨ ᠲᠡᠳ᠋ ᠲᠠᠷᠤᠭ᠎ᠠ᠂ ᠬᠤᠳᠠ ᠶᠢᠨ ᠪᠠᠶᠢᠭᠤᠯᠤᠮᠵᠢ ᠶᠢᠨ ᠤᠷᠤᠨ ᠲᠤᠭ᠎ᠠ ᠶᠢᠨ ᠵᠦᠪᠯᠡᠯ ᠤᠨ ᠠᠯᠪᠡᠨ ᠭᠡᠷ ᠤᠨ  ᠨᠠᠮ ᠤᠨ ᠲᠤᠭᠤᠢᠢᠯᠠᠩ ᠤᠨ ᠱᠦᠵᠢ᠂ ᠡᠷᠭᠢᠯᠡᠭᠴᠢ ︵ᠡᠨᠡ ᠬᠤᠭᠤᠴᠠᠭᠠᠨ ᠳᠤ᠄ 2011.09 — 2014.07  ᠲᠦᠪ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠳᠡ ᠶᠢᠨ ᠲᠤᠰᠬᠠᠢ ᠮᠡᠷᠭᠡᠵᠢᠯ ᠤᠨ ᠠᠰᠫᠢᠷᠡᠨᠲ ᠤᠨ  ᠠᠩᠭᠢ ᠳᠤ ᠰᠤᠷᠤᠯᠴᠡᠵᠤ ᠪᠠᠶᠢᠪᠡ︶ ᠪᠠᠷ ᠠᠵᠢᠯᠯᠠᠪᠠ          2016.05 — 2019.01 ᠤᠷᠳᠤᠰ ᠬᠤᠳᠠ ᠶᠢᠨ ᠪᠠᠶᠢᠭᠤᠯᠤᠮᠵᠢ ᠶᠢᠨ ᠤᠷᠤᠨ ᠲᠤᠭ᠎ᠠ ᠶᠢᠨ ᠵᠦᠪᠯᠡᠯ ᠤᠨ  ᠠᠯᠪᠡᠨ ᠭᠡᠷ ᠤᠨ ᠨᠠᠮ ᠤᠨ ᠲᠤᠭᠤᠢᠢᠯᠠᠩ ᠤᠨ ᠱᠦᠵᠢ᠂ ᠡᠷᠭᠢᠯᠡᠭᠴᠢ ᠪᠠᠷ ᠠᠵᠢᠯᠯᠠᠪᠠ          2019.01 — 2019.02 ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠤᠷᠤᠨ  ᠲᠤᠭ᠎ᠠ ᠶᠢᠨ ᠵᠥᠪᠯᠡᠯ ᠤᠨ ᠠᠯᠪᠠᠨ ᠭᠡᠷ ᠤᠨ ᠡᠷᠭᠢᠯᠡᠭᠴᠢ ᠪᠠᠷ ᠠᠵᠢᠯᠯᠠᠪᠠ          2019.02 — 2019.03 ᠤᠷᠳᠤᠰ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠡᠭᠭᠤ ᠶᠢᠨ ᠬᠤᠷᠢᠶᠠᠨ ᠤ ᠨᠠᠮ ᠤᠨ ᠲᠤᠭᠤᠢᠢᠯᠠᠩ ᠤᠨ ᠪᠥᠷᠢᠯᠳᠥᠭᠦᠨ᠂ ᠬᠤᠳᠠ ᠶᠢᠨ ᠨᠠᠮ ᠤᠨ ᠬᠤᠷᠢᠶ᠎ᠠ ᠶᠢᠨ  ᠪᠠᠶᠢᠭᠤᠯᠤᠮᠵᠢ ᠶᠢᠨ ᠤᠷᠤᠨ ᠲᠤᠭ᠎ᠠ ᠶᠢᠨ ᠵᠥᠪᠯᠡᠯ ᠤᠨ ᠠᠯᠪᠠᠨ ᠭᠡᠷ ᠤᠨ ᠡᠷᠭᠢᠯᠡᠭᠴᠢ ᠪᠠᠷ ᠠᠵᠢᠯᠯᠠᠪᠠ          2019.03 - ᠤᠷᠳᠤᠰ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ  ᠬᠤᠷᠢᠶ᠎ᠠ ᠶᠢᠨ ᠨᠠᠮ ᠤᠨ ᠳᠤᠭᠤᠢᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ᠂ ᠬᠤᠳᠠ ᠶᠢᠨ ᠨᠠᠮ ᠤᠨ ᠬᠤᠷᠢᠶᠠᠨ ᠤ  ᠪᠠᠶᠢᠭᠤᠯᠤᠮᠵᠢ ᠶᠢᠨ ᠤᠷᠤᠨ ᠳᠤᠭ᠎ᠠ ᠶᠢᠨ ᠵᠦᠪᠯᠡᠯ ᠤᠨ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠪᠠ

2019.05— ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠤᠬᠦᠨ᠂ ᠳᠡᠳ᠋ ᠡᠷᠬᠢᠯᠡᠭᠴᠢ ᠪᠠᠷ ᠠᠵᠢᠯᠯᠠᠵᠤ ᠪᠤᠢ 

ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ