ᠪᠦᠦ ᠫᠧᠩ ᠹᠸᠢ᠄ ᠬᠤᠪᠧᠶ ᠶᠢ ᠲᠤᠰᠠᠯᠠᠨ ᠬᠢᠵᠢᠭ ᠲᠠᠢ ᠲᠡᠮᠡᠴᠡᠬᠦ ᠭᠠᠯ ᠹᠷᠣᠨᠲ ᠲᠤ ᠨᠠᠮ ᠳᠤ ᠣᠷᠣᠭᠰᠠᠠ ᠲᠠᠭᠤᠷᠢᠶᠠᠯ
ᠨᠡᠶᠢᠲᠡᠯᠡᠭᠰᠡᠨ ᠴᠠᠭ᠄
2021/7/13
     ︽ᠪᠢ ᠲᠤᠮᠳᠠᠳᠤ ᠤᠯᠤᠰ ᠤᠨ ᠡᠪ ᠬᠠᠮᠳᠤ ᠨᠠᠮ ᠳᠤ ᠰᠡᠶᠢᠠ ᠳᠤᠷ᠎ᠠ ᠠᠴᠠ ᠪᠠᠨ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠨ᠂  ᠨᠠᠮ ᠤᠨ ᠲᠦᠷᠢᠮ ᠢ ᠰᠠᠬᠢᠵᠤ᠂ ᠨᠠᠮ ᠤᠨ ᠭᠡᠰᠢᠭᠦᠨ ᠤ ᠡᠭᠦᠷᠭᠡ ᠶᠢ ᠭᠦᠢᠴᠡᠳᠬᠡᠵᠦ ᠂ ᠨᠠᠮ ᠤᠨ ᠲᠣᠭᠲᠠᠭᠠᠯ ᠢ ᠬᠡᠷᠡᠭᠵᠢᠭᠦᠯᠦᠨ᠂ ᠨᠠᠮ ᠤᠨ  ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠤᠨ ᠨᠢᠭᠤᠴᠠ ᠶᠢ ᠬᠠᠮᠠᠭᠠᠯᠠᠨ᠂ ᠨᠠᠮ ᠳᠠᠭᠠᠨ ᠦᠨᠡᠨᠴᠢ ᠪᠠᠶᠢᠵᠤ᠂ ᠢᠳᠡᠪᠬᠢᠲᠡᠶ ᠠᠵᠢᠯᠯᠠᠠ᠂  ᠡᠪ ᠬᠠᠮᠳᠣ ᠶᠣᠰᠣᠠ ᠤ ᠲᠥᠯᠥᠭᠡ ᠨᠠᠰᠤ ᠪᠠᠷ ᠢᠶᠠᠨ ᠲᠡᠮᠡᠴᠡᠵᠦ᠂ ᠨᠠᠮ ᠪᠠ ᠠᠷᠠᠳ ᠲᠦᠮᠡᠨ ᠤ ᠲᠥᠯᠥᠭᠡ ᠠᠯᠢᠪᠠ ᠪᠦᠬᠦᠠ ᠢᠶᠠᠨ  ᠦᠷᠡᠭᠳᠡᠭᠦᠯᠬᠦ ᠪᠠᠷ ᠴᠠᠭ ᠢᠮᠠᠭᠲᠠ ᠪᠡᠯᠡᠬᠡᠨ ᠪᠠᠶᠢᠵᠤ᠂ ᠬᠡᠵᠢᠶ᠎ᠡ ᠡᠭᠦᠷᠢᠳᠡ ᠨᠠᠮ ᠢᠶᠠᠨ ᠲᠠᠭᠠᠨ᠎ᠠ︾᠃ ᠡᠨᠡ ᠪᠣᠯ ᠳᠠᠯᠠᠳ ᠬᠤᠰᠢᠭᠤᠨ ᠤ  ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠵᠢᠯᠳᠠᠠ ᠪᠦᠦ ᠫᠧᠩ ᠹᠸᠢ ᠶᠢᠨ ᠡᠨᠡ ᠨᠠᠰᠤᠨ ᠳᠤ ᠪᠠᠲᠤ ᠴᠡᠭᠡᠵᠢᠯᠡᠭᠳᠡᠭᠰᠡᠠ ︽ᠥᠡᠭᠭᠡ ᠭᠡᠷᠡᠯᠲᠦ  ᠴᠠᠭ ᠮᠥᠴᠠ︾ ᠪᠣᠯᠤᠨ᠎ᠠ︕ ᠦᠪᠦᠷ ᠮᠤᠩᠭᠤᠯ ᠤᠨ ᠳᠥᠷᠪᠡᠳᠦᠭᠡᠷ ᠣᠳᠠᠭᠠᠠ ᠤ ᠬᠤᠪᠸᠢ ᠶᠢ ᠲᠤᠰᠠᠯᠠᠬᠤ ᠡᠮ ᠡᠮᠨᠡᠯᠭᠡ ᠶᠢᠨ ᠠᠩᠬᠢ ᠶᠢᠨ ᠪᠣᠯᠪᠠᠰᠤᠷᠠᠯ ᠤᠨ ᠳᠤᠭᠤᠶᠢᠯᠠᠩ ᠤᠨ ᠳᠠᠷᠤᠭ᠎ᠠ ᠪᠣᠯᠤᠭᠰᠠᠨ ᠤ ᠬᠤᠪᠢ ᠳᠤ ᠲᠡᠷᠡ ᠦᠬᠠᠨ ᠳᠤ ︽ᠬᠢᠵᠢᠭ︾᠎ ᠲᠠᠢ ᠲᠡᠮᠡᠴᠡᠬᠦ ᠬᠠᠮᠤᠭ ᠤᠨ  ᠡᠮᠦᠨ᠎ᠡ ᠹᠷᠣᠨᠲ ᠲᠤ ᠪᠠᠶᠢᠯᠳᠤᠵᠤ᠂ ᠭᠠᠯ ᠹᠷᠣᠨᠲ ᠲᠤ ᠨᠠᠮ ᠳᠤ ᠣᠷᠣᠵᠤ᠂ ᠢᠷᠠᠭᠤ ᠠᠯᠳᠠᠷᠲᠠᠢ ᠪᠠᠷ ᠡᠪ ᠬᠠᠮᠲᠤ ᠨᠠᠮ ᠤᠨ ᠭᠡᠰᠢᠭᠦᠨ  ᠪᠣᠯᠣᠭᠰᠠᠠ ᠪᠠᠶᠢᠨ᠎ᠠ᠃
     ᠡᠨᠡ ᠵᠢᠯ 32 ᠨᠠᠰᠤᠲᠠᠢ ᠪᠦᠦ ᠫᠧᠩ ᠹᠸᠢ ᠪᠣᠯ ᠳᠠᠯᠠᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠡ ᠶᠢᠨ ᠣᠷᠣᠯᠴᠠᠭᠤᠯᠬᠤ  ᠰᠠᠯᠠᠭ᠎ᠠ ᠶᠢᠨ ᠰᠤᠪᠢᠯᠠᠭᠴᠢᠳ ᠤᠨ ᠳᠠᠷᠤᠭ᠎ᠠ ᠪᠣᠯᠬᠤ ᠶᠣᠮ᠂ ᠦᠬᠠᠨ ᠤ ᠬᠢᠵᠢᠭ ᠲᠠᠢ ᠲᠡᠮᠡᠴᠡᠬᠦ ᠡᠮᠥᠨ᠎ᠡ ᠹᠷᠣᠨᠲ ᠤᠨ ᠲᠦᠷ ᠴᠠᠭ ᠤᠨ  ᠨᠠᠮ ᠤᠨ ᠵᠣᠬᠢᠶᠠᠨ ᠪᠠᠶᠢᠭᠤᠯᠤᠯᠲᠠ ᠶᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ ᠲᠡᠷᠡ ᠰᠢᠯᠭᠠᠯᠲᠠ ᠶᠢ ᠳᠠᠭᠠᠭᠠᠵᠤ᠂ ᠬᠢᠵᠢᠭ ᠢ ᠰᠡᠷᠭᠡᠶᠢᠯᠡᠡ  ᠡᠵᠡᠮᠳᠡᠬᠦ ᠲᠡᠮᠡᠴᠡᠯ ᠤᠨ ᠳᠤᠮᠳᠠ ᠨᠡᠩ ᠢᠯᠡᠭᠦᠦ ᠢᠲᠡᠭᠡᠯ ᠪᠢᠰᠢᠷᠡᠯ ᠲᠠᠢ᠂ ᠨᠡᠩ ᠢᠯᠡᠭᠦᠦ ᠦᠨᠡᠨᠴᠢ ᠰᠢᠳᠤᠷᠭᠤ ᠪᠠᠷ ᠠᠵᠢᠯᠯᠠᠵᠣ ᠂ ᠡᠪ  ᠬᠠᠮᠲᠤᠴᠤᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠬᠥᠢᠴᠡᠳᠭᠡᠭᠰᠡᠡ ᠪᠠᠶᠢᠨ᠎ᠠ᠃ ᠬᠤᠪᠸᠢ ᠶᠢ ᠲᠤᠰᠠᠯᠠᠭᠰᠠᠨ  ᠬᠤᠭᠤᠴᠠᠭᠠᠠ ᠳᠠᠬᠢ ᠥᠡᠭᠭᠡᠷᠡᠯᠳᠡ ᠪᠠᠨ ᠡᠷᠭᠢᠴᠡᠭᠦᠯᠬᠦ ᠳᠤ ᠪᠦᠦ ᠫᠧᠩ ᠹᠸᠢ ᠶᠢᠨ ᠴᠡᠭᠡᠵᠢᠨ ᠳᠤ ᠮᠥᠨ ᠯᠡ ᠲᠣᠪ ᠲᠣᠳᠣᠷᠬᠠᠢ  ᠴᠡᠭᠡᠵᠢᠯᠡᠭᠰᠡᠭᠡᠷ ᠪᠠᠶᠢᠯ᠎ᠠ᠃            ᠦᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ ᠪᠦᠦ ᠫᠧᠩ ᠹᠸᠢ ᠶᠢᠨ  ᠲᠠᠷᠢᠬᠢᠨ ᠳᠤ ᠬᠤᠪᠸᠢ ᠶᠢ ᠲᠤᠰᠠᠯᠠᠬᠤ ᠪᠣᠳᠣᠯ ᠪᠠᠶᠢᠨ ᠲᠠᠬᠢᠨ ᠣᠷᠣᠭᠰᠠᠠ ᠪᠠᠶᠢᠨ᠎ᠠ᠃ 2020 ᠣᠨ ᠤ 2 ᠰᠠᠷ᠎ᠠ ᠶᠢᠨ 16᠎ ᠤ ᠡᠳᠦᠷ ︽ ᠮᠠᠷᠭᠠᠰᠢ ᠥᠷᠯᠥᠭᠡ ᠬᠦᠬᠡᠬᠤᠳᠠ ᠶᠢᠨ ᠨᠢᠰᠬᠡᠯ ᠤᠨ ᠪᠠᠭᠤᠳᠠᠯ ᠳᠤ ᠴᠤᠭᠯᠠᠷᠠᠵᠥ ᠬᠤᠪᠸᠢ ᠶᠢ ᠲᠤᠰᠠᠯᠠᠬᠤ ᠪᠠᠷ ᠮᠤᠷᠳᠡᠨ᠎ᠡ︾ ᠭᠡᠬᠦ ᠮᠡᠳᠡᠭᠳᠡᠯ ᠢ  ᠲᠤᠰᠬᠤ ᠦᠶ᠎ᠡ ᠳᠤ ᠲᠡᠷᠡ ᠡᠭᠦᠷᠭᠡ ᠪᠠᠨ ᠵᠠᠪᠠᠯ ᠲᠡᠭᠦᠰ ᠠᠮᠵᠢᠯᠲᠠ ᠲᠠᠢ ᠪᠡᠶᠡᠯᠡᠭᠦᠯᠥᠨ᠎ᠡ ᠭᠡᠵᠦ ᠰᠡᠮᠡᠭᠡᠷ ᠰᠢᠢᠳᠴᠡᠢ᠃ ᠲᠡᠷᠡ ᠣᠷᠣ  ᠳᠡᠪᠢᠰᠬᠡᠷ ᠢᠶᠠᠨ ᠳᠥᠭᠦᠮᠬᠡᠨ ᠲᠢᠭᠯᠡᠨ ᠠᠪᠴᠤ᠂ ᠡᠬᠡᠨᠡᠷ ᠪᠤᠯᠤᠨ ᠭᠤᠷᠪᠠᠭ᠋ᠠᠨ ᠨᠠᠰᠤᠲᠠᠶ ᠶᠡᠭᠡ ᠥᠬᠢᠨ᠂ ᠲᠥᠷᠥᠭᠡᠳ ᠰᠠᠶ᠋ᠢ 100 ᠡᠳᠦᠷ  ᠪᠣᠯᠵᠣ ᠪᠠᠶᠢᠭ᠎ᠠ ᠪᠠᠭ᠎ᠠ ᠥᠬᠢᠨ ᠠᠴᠠ ᠪᠠᠨ ᠲᠦᠷ ᠴᠠᠭ ᠰᠠᠯᠵᠥ ᠦᠬᠠᠨ ᠳᠤ ᠬᠦᠷᠪᠡ᠃            ᠬᠢᠵᠢᠭ ᠲᠠᠢ ᠲᠡᠮᠡᠴᠡᠬᠦ ᠡᠮᠥᠨ᠎ᠡ ᠹᠷᠣᠨᠲ ᠲᠤ ᠡᠮᠴᠢ ᠰᠤᠪᠢᠯᠠᠭᠴᠢᠳ ᠡᠮᠴᠢᠯᠡᠭᠡᠨ ᠤ ᠠᠪᠤᠷᠠᠨ ᠵᠠᠰᠠᠯᠲᠠ ᠶᠢ ᠬᠠᠩᠭᠠᠬᠤ ᠪᠠᠷ ᠪᠠᠷᠠᠬᠤ  ᠦᠭᠡᠢ᠂ ᠡᠪᠡᠳᠴᠢᠲᠡᠳ ᠤᠨ ᠰᠠᠨᠠᠭ᠎ᠠ ᠰᠡᠳᠬᠢᠯ ᠢ ᠲᠠᠶᠢᠳᠬᠤᠷᠠᠭᠤᠯᠵᠤ᠂ ᠲᠡᠳᠡᠨ ᠤ ᠳᠠᠷᠤᠭᠠᠰᠤ ᠶᠢ ᠬᠥᠩᠭᠡᠷᠡᠭᠦᠯᠬᠦ ᠴᠢᠬᠤᠯᠠᠳᠠᠢ ᠬᠡᠳᠡᠭ ᠢ  ᠪᠦᠦ ᠫᠧᠩ ᠹᠸᠢ ᠲᠣᠳᠣᠷ᠎ᠠ ᠪᠠᠨ ᠲᠣᠪ ᠲᠣᠳᠣᠷᠬᠠᠢ ᠮᠡᠳᠡᠵᠥ ᠪᠠᠶᠢᠯ᠎ᠠ᠂ ᠨᠢᠭᠡᠨ 82 ᠨᠠᠰᠤᠲᠠᠶ ᠡᠪᠡᠳᠴᠢᠲᠡᠨ ᠤ ᠣᠭ ᠨᠤᠲᠤᠭ ᠨᠢ ᠦᠪᠦᠷ  ᠮᠤᠩᠭᠤᠯ ᠳᠤ ᠪᠠᠶᠢᠵᠣ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠠᠴᠠ ᠪᠣᠯᠵᠣ ᠤᠷᠮ᠎ᠠ ᠮᠠᠭᠤᠳᠠᠢ ᠪᠠᠶᠢᠵᠤ ᠪᠠᠴᠢᠮᠳᠠᠨ  ᠰᠠᠨᠳᠤᠷᠴᠥ᠂ ᠪᠠᠰᠠ ᠠᠶᠤᠵᠤ ᠡᠮᠢᠶᠡᠭᠰᠡᠡ ᠪᠠᠶᠢᠳᠠᠯ ᠳᠤ ᠣᠷᠣᠵᠠᠢ᠃ ᠪᠦᠦ ᠫᠧᠩ ᠹᠸᠢ ᠲᠡᠭᠦᠨ ᠳᠤ ︽ᠬᠥᠯᠦᠨ ᠪᠤᠶᠢᠷ ᠤᠨ ᠲᠠᠯ᠎ᠠ ᠨᠤᠲᠤᠭ︾ ᠭᠡᠬᠦ ᠳᠠᠭᠤᠤ ᠶᠢ ᠳᠠᠭᠤᠯᠠᠠ ᠥᠭᠴᠥ᠂ ᠨᠠᠰᠤᠲᠠᠨ ᠢ ᠨᠤᠳᠤᠬ ᠲᠠᠭᠠᠨ ᠪᠠᠶᠢᠬᠤ ᠲᠥᠷᠥᠭᠳᠡᠯ ᠲᠠᠢ ᠪᠣᠯᠭᠠᠵᠠᠢ᠃ ᠪᠠᠶᠠᠷ ᠬᠥᠷ ᠲᠠᠢ  ᠰᠡᠳᠬᠢᠯᠭᠡ ᠨᠢ ᠡᠪᠡᠳᠴᠢᠨ ᠤ ᠡᠷᠡᠭᠦᠯᠵᠢᠬᠦ ᠳᠤ ᠨᠠᠩ ᠠᠰᠢᠭᠲᠠᠶ᠂ ᠥᠪᠡᠷ ᠤᠨ ᠡᠭᠦᠷᠭᠡ ᠬᠠᠷᠢᠭᠤᠴᠠᠯᠭ᠎ᠠ ᠪᠣᠯ ᠳᠠᠷᠤᠶ ᠲᠡᠳᠡᠨ ᠢ ᠰᠠᠶᠢᠲᠤᠷ  ᠡᠮᠨᠡᠡ ᠡᠳᠡᠭᠡᠷᠡᠬᠦᠯᠬᠦ ᠶᠠᠪᠤᠳᠠᠯ ᠪᠣᠯᠤᠨ᠎ᠠ ᠭᠡᠵᠥ ᠪᠦᠦ ᠫᠧᠩ ᠹᠸᠢ ᠥᠵᠡᠳᠡᠭ ᠪᠠᠶᠢᠨ᠎ᠠ᠂ ᠡᠶᠢᠮᠦ ᠠᠴᠠ ᠲᠡᠷᠡ ᠡᠪᠡᠳᠴᠢᠳᠡᠡ ᠢ ᠡᠮᠨᠡᠨ  ᠵᠠᠰᠠᠬᠤ ᠳᠤ ᠠᠰᠢᠭᠲᠠᠶ ᠠᠯᠢᠪᠠ ᠶᠠᠪᠤᠳᠠᠯ ᠢ ᠴᠥᠮ ᠬᠢᠬᠦ ᠳᠤᠷᠠᠲᠠᠶ ᠪᠠᠶᠢᠳᠠᠭ᠃            ᠪᠦᠦ ᠫᠧᠩ ᠹᠸᠢ ᠬᠡᠯᠡᠬᠦ ᠳᠡᠭᠡᠨ᠄ ︽ᠦᠬᠠᠨ ᠤ ᠬᠢᠵᠢᠭ ᠲᠠᠢ ᠲᠡᠮᠡᠴᠡᠬᠦ ᠹᠷᠣᠨᠲ ᠲᠡᠭᠡᠷ᠎ᠡ ︿ᠨᠠᠮ ᠤᠨ ᠭᠡᠰᠢᠭᠦᠨ ᠪᠣᠯᠣᠭᠰᠠᠠ ᠤ  ᠬᠤᠪᠢ ᠳᠤ ᠥᠪᠡᠷ ᠢᠶᠠᠨ ᠤᠷᠢᠳ ᠢᠶᠠᠷ ᠬᠥᠳᠡᠯᠵᠥ᠂ ᠲᠥᠷᠥᠭᠦᠯᠡᠨ ᠠᠵᠢᠯᠯᠠᠨ᠎ᠠ﹀᠂ ︿ᠨᠠᠮ ᠤᠨ ᠭᠡᠰᠢᠭᠦᠨ ᠬᠦᠨᠳᠦ ᠡᠭᠦᠷᠭᠡ ᠶᠢ ᠡᠭᠦᠷᠭᠡᠯᠡᠬᠦ  ᠦᠭᠡᠶ ᠪᠣᠯ ᠬᠡᠨ ᠡᠭᠦᠷᠭᠡᠯᠡᠬᠦ ᠪᠤᠢ﹀ ᠭᠡᠰᠡᠡ ᠦᠭᠡ ᠶᠢ ᠬᠠᠮᠤᠭ ᠠᠴᠠ ᠤᠯᠠᠨ ᠣᠯᠵᠤ ᠰᠣᠨᠣᠰᠣᠭᠰᠠᠠ ᠪᠢᠯᠠ᠂ ᠡᠳᠡᠭᠡᠷ ᠢᠳᠡ ᠬᠦᠴᠦᠲᠡᠶ  ᠦᠭᠡ ᠠᠴᠠ ᠪᠢ ᠡᠪ ᠬᠠᠮᠲᠤ ᠨᠠᠮ ᠤᠨ ᠭᠡᠰᠢᠭᠦᠨ ᠤ ᠡᠭᠦᠷᠭᠡᠯᠡᠯ ᠢ ᠣᠯᠵᠤ ᠬᠠᠷᠠᠭᠰᠠᠨ ᠶᠤᠮ︕︾ ᠭᠡᠵᠥ ᠪᠠᠶᠢᠯ᠎ᠠ᠃  2020 ᠣᠨ ᠤ 3  ᠰᠠᠷ᠎ᠠ ᠶᠢᠨ 16᠎ ᠤ ᠡᠳᠦᠷ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭᠰᠠᠨ ᠪᠦᠦ ᠫᠧᠩ ᠹᠸᠢ ᠵᠣᠬᠢᠶᠠᠨ  ᠪᠠᠶᠢᠭᠤᠯᠤᠯᠲᠠ ᠪᠣᠯᠤᠨ ᠡᠮᠴᠢ ᠡᠪᠡᠳᠴᠢᠲᠡᠳ ᠤᠨ ᠵᠥᠪᠰᠢᠶᠡᠷᠡᠯ ᠢ ᠣᠯᠵᠤ᠂ ᠬᠠᠮᠲᠤ ᠠᠵᠢᠯᠯᠠᠭᠰᠠᠳ ᠲᠠᠢ ᠪᠠᠨ ᠬᠠᠮᠲᠤ ᠦᠬᠠᠨ ᠤ ᠭᠠᠯ  ᠹᠷᠣᠨᠲ ᠲᠤ ᠨᠠᠮ ᠳᠤ ᠣᠷᠣᠵᠤ᠂ ᠪᠡᠯᠡᠳᠬᠡᠯ ᠨᠠᠮ ᠤᠨ ᠭᠡᠰᠢᠭᠦᠨ ᠪᠣᠯᠣᠭᠰᠠᠠ ᠪᠠᠶᠢᠨ᠎ᠠ᠃ ︽ᠡᠨᠡ ᠪᠣᠯ ᠨᠢᠭᠡ ᠵᠦᠢᠯ ᠤᠨ ᠢᠷᠠᠭᠤ ᠠᠯᠳᠠᠷ  ᠮᠥᠨ᠂ ᠮᠥᠨ ᠴᠤ ᠨᠢᠭᠡ ᠵᠦᠢᠯ ᠤᠨ ᠵᠣᠷᠢᠭᠵᠢᠭᠤᠯᠤᠯ ᠮᠥᠨ᠂ ᠨᠡᠩ ᠴᠤ ᠬᠦᠨᠳᠦ ᠡᠭᠦᠷᠭᠡ ᠬᠠᠷᠢᠭᠤᠴᠠᠯᠭ᠎ᠠ ᠮᠥᠨ᠃ ᠥᠪᠡᠷ ᠢᠶᠠᠨ  ᠡ᠊ᠩ ᠤᠨ ᠠᠷᠠᠳ ᠪᠣᠯᠤᠭᠰᠠᠨ ᠤ ᠬᠤᠪᠢ ᠪᠠᠷ ᠨᠠᠮ ᠳᠤ ᠣᠷᠣᠬᠤ ᠶᠢ ᠡᠳᠦᠷ ᠰᠥᠨᠢ ᠥᠬᠡᠶ ᠬᠦᠰᠡᠨ ᠮᠥᠷᠥᠭᠡᠳᠦᠭᠰᠡᠭᠡᠷ ᠢᠷᠡᠭᠰᠡᠨ ᠶᠣᠮ ᠂ ᠡᠪ  ᠬᠠᠮᠲᠤ ᠨᠠᠮ ᠤᠨ ᠭᠡᠰᠢᠭᠦᠨ ᠤ ᠡ᠊ᠩᠭᠡᠷ ᠳᠡᠭᠡᠷ᠎ᠡ ᠬᠢᠯᠠᠯᠵᠠᠬᠰᠠᠠ ᠨᠠᠮ ᠤᠨ ᠰᠦᠯᠳᠡ ᠶᠢ ᠪᠠᠭ᠋ᠠᠷᠬᠠᠵᠤ᠂ ᠲᠡᠳᠡᠨ ᠤ ᠢᠲᠡᠭᠡᠯ ᠪᠢᠰᠢᠷᠡᠯ ᠲᠠᠢ ᠪᠠᠷ  ᠡᠮᠦᠨ᠎ᠡ ᠨᠢ ᠭᠠᠪᠰᠢᠭᠠᠶᠢᠯᠠᠨ ᠣᠷᠣᠳᠠᠬ ᠢ ᠪᠠᠭ᠋ᠠᠷᠬᠠᠵᠤ ᠪᠠᠶᠢᠭᠰᠠᠨ ᠶᠤᠮ︾ ᠭᠡᠵᠥ ᠪᠦᠦ ᠫᠧᠩ ᠹᠸᠢ ᠭᠡᠯᠡᠵᠥ ᠪᠠᠶᠢᠯ᠎ᠠ᠃ ᠶᠠᠭ ᠡᠨᠡ ᠬᠦ ᠢᠲᠡᠭᠡᠯ  ᠪᠢᠰᠢᠷᠡᠯ ᠳᠡᠭᠡᠨ ᠲᠦᠰᠢᠭᠯᠡᠨ ᠲᠡᠷᠡ ᠠᠵᠢᠯ ᠤᠨ ᠪᠠᠶᠢᠷᠢ ᠳᠡᠭᠡᠷ᠎ᠡ ᠪᠠᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠪᠡᠳᠴᠢᠲᠡᠳ ᠲᠠᠢ ᠮᠥᠷᠥ  ᠵᠡᠷᠭᠡᠴᠡᠨ ᠪᠠᠶᠢᠯᠳᠤᠵᠤ ᠂ ᠡᠨᠡ ᠬᠦ ᠳᠠᠷᠢ ᠶᠢᠨ ᠤᠲᠤᠭ᠎ᠠ ᠦᠬᠡᠢ ᠪᠠᠶᠢᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠣᠬᠰᠠᠠ ᠪᠠᠶᠢᠨ᠎ᠠ᠃            ᠬᠢᠵᠢᠭ ᠲᠠᠢ ᠲᠡᠮᠡᠴᠡᠬᠦ ᠲᠠᠶᠢᠨ ᠳᠤ ᠣᠷᠣᠬᠤ ᠭᠤᠶᠣᠴᠢᠯᠠᠯ ᠤᠨ ᠪᠢᠴᠢᠭ ᠢ ᠪᠢᠴᠢᠭᠰᠡᠨ᠂ ᠨᠠᠮ ᠳᠤ ᠣᠷᠣᠬᠤ ᠡᠷᠭᠦᠳᠡᠯ ᠤᠨ ᠪᠢᠴᠢᠭ ᠢ  ᠪᠢᠴᠢᠭᠰᠡᠨ ᠬᠦᠷᠲᠡᠯ᠎ᠡ ᠁ ᠦᠰᠦᠭ ᠪᠦᠷᠢ ᠶᠢᠨ ᠠᠷᠤ ᠳᠤᠨᠢ ᠪᠦᠦ ᠫᠧᠩ ᠹᠸᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠥ᠂    ᠡᠭᠦᠷᠭᠡ ᠬᠠᠷᠢᠭᠤᠴᠠᠯᠭ᠎ᠠ ᠪᠠᠨ ᠦᠯᠦ ᠭᠤᠲᠤᠭᠠᠠ᠂ ᠬᠢᠵᠢᠭ ᠲᠠᠢ ᠲᠡᠮᠡᠴᠡᠬᠦ ᠲᠠᠶᠢᠨ ᠤ ᠭᠠᠯ ᠹᠷᠣᠨᠲ ᠲᠤ ᠦᠰᠦᠨ ᠪᠤᠶᠢᠵᠢᠭᠰᠠᠨ  ᠥᠩᠭᠡᠷᠡᠯᠲᠡ ᠶᠢ ᠲᠡᠮᠳᠡᠭᠯᠡᠭᠰᠡᠡ ᠠᠵᠢ᠃ ︽ᠬᠤᠪᠸᠢ ᠶᠢ ᠲᠤᠰᠠᠯᠠᠭᠰᠠᠨ ᠲᠡᠳᠡᠭᠡᠷ ᠡᠳᠦᠷ ᠤᠳ ᠲᠤ ᠡᠪ ᠬᠠᠮᠲᠤ ᠨᠠᠮ ᠤᠨ ᠭᠡᠰᠢᠭᠦᠨ ᠪᠣᠯᠬᠤ  ᠢᠲᠡᠭᠡᠯ ᠵᠣᠷᠢᠭ ᠢᠶᠠᠨ ᠨᠡᠩ ᠪᠠᠲᠤᠵᠢᠭᠤᠯᠵᠠᠢ᠂ ᠡᠨᠡ ᠵᠢᠯ ᠤᠨ 3 ᠰᠠᠷ᠎ᠠ ᠶᠢᠨ 16᠎ ᠤ ᠡᠳᠦᠷ ᠵᠢᠩᠬᠢᠨᠢ ᠨᠠᠮ ᠤᠨ ᠭᠡᠰᠢᠭᠦᠨ ᠪᠣᠯᠣᠭᠰᠠᠠ︾  ᠭᠡᠵᠥ ᠪᠦᠦ ᠫᠧᠩ ᠹᠸᠢ ᠭᠡᠯᠡᠵᠥ ᠪᠠᠶᠢᠯ᠎ᠠ᠃            ᠲᠡᠭᠦᠨ ᠤ ᠲᠠᠭᠠᠭᠤᠯᠭ᠎ᠠ ᠳᠣᠤᠷ᠎ᠠ ᠠᠷᠪᠠ ᠭᠠᠷᠤᠶ ᠵᠢᠯ ᠤᠨ ᠲᠤᠷᠰᠢ ᠪᠥᠬᠦ ᠰᠣᠪᠢᠯᠠᠭᠴᠢ ᠶᠢᠨ ᠰᠠᠯᠠᠭ᠎ᠠ ᠨᠢ ᠵᠠᠭᠠᠯᠳᠤᠯᠭ᠎ᠠ ᠭᠠᠷᠭᠠᠬᠤ  ᠥᠬᠡᠶ᠂ ᠵᠠᠭᠤᠷᠠᠯᠳᠤᠭᠠᠨ ᠭᠠᠷᠭᠠᠬᠤ ᠥᠬᠡᠶ ᠪᠠᠶᠢᠬᠤ ᠶᠢ ᠪᠡᠶᠡᠯᠡᠭᠦᠯᠵᠦ᠂ ᠰᠣᠪᠢᠯᠠᠭᠴᠢ ᠡᠪᠡᠳᠴᠢᠳᠡᠡ ᠤ ᠡᠶ᠎ᠡ ᠵᠣᠬᠢᠴᠠᠯᠳᠣ ᠬᠠᠷᠢᠴᠠᠭ᠎ᠠ ᠶᠢ  ᠪᠠᠶᠢᠭᠤᠯᠵᠤ᠂ ᠲᠡᠷᠡ ᠥᠪᠡᠷ ᠢᠶᠠᠨ ᠴᠥ ᠤᠷᠢᠳ ᠬᠤᠵᠢᠳ ᠪᠥᠬᠦ ᠬᠤᠰᠢᠭᠤᠨ ᠤ ᠰᠢᠯᠢᠳᠡᠭ ᠰᠤᠪᠢᠯᠠᠭᠴᠢ᠂ ᠦᠪᠦᠷ ᠮᠤᠩᠭᠤᠯ ᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠡ ᠲᠡᠷᠢᠭᠦᠨ ᠤ ᠬᠤᠪᠢ ᠬᠥᠮᠦᠨ ᠵᠡᠷᠭᠡ ᠶᠢᠨ ᠢᠷᠠᠭᠤ ᠠᠯᠳᠠᠷ ᠢ ᠬᠦᠷᠳᠡᠭᠰᠡᠨ  ᠪᠠᠶᠢᠨ᠎ᠠ᠃ ᠢᠷᠠᠭᠤ ᠠᠯᠳᠠᠷ ᠤᠨ ᠡᠮᠦᠨ᠎ᠡ ᠪᠦᠦ ᠫᠧᠩ ᠹᠸᠢ ᠢᠨᠢᠶᠡᠮᠰᠦᠭᠯᠡᠨ ᠭᠡᠯᠡᠬᠦ ᠳᠡᠭᠡᠨ᠄ ︽ᠡᠨᠡ ᠪᠣᠯ ᠡᠮᠨᠡᠯᠭᠡ ᠶᠢᠨ ᠠᠵᠢᠯᠲᠠᠳ ᠤᠨ  ᠲᠤᠬᠠᠶᠢᠯᠠᠭᠰᠠᠨ ᠠᠵᠢᠯ ᠪᠣᠯᠣᠨ᠎ᠠ᠂ ᠪᠢ ᠪᠣᠯ ᠡᠪ ᠬᠠᠮᠳᠣ ᠨᠠᠮ ᠤᠨ ᠭᠡᠰᠢᠭᠦᠨ ᠪᠣᠯᠬᠤ ᠲᠣᠯᠠ ᠵᠠᠪᠠᠯ ᠲᠥᠷᠥᠭᠦᠯᠡᠡ ᠰᠢᠷᠭᠠᠭᠤ  ᠬᠠᠳᠠᠭᠤᠵᠢᠯᠳᠠᠢ ᠠᠵᠢᠯᠯᠠᠬᠤ ᠬᠡᠷᠡᠭᠳᠡᠢ ᠶᠣᠮ︾ᠭᠡᠵᠥ ᠪᠠᠶᠢᠯ᠎ᠠ᠃            ᠪᠣᠣ ᠫᠸᠡᠭ ᠹᠸᠢ ᠶᠢᠨ ᠨᠠᠮ ᠮᠡᠡᠳᠥᠯᠡᠭᠰᠡᠡ ᠪᠠᠶᠠᠷ ᠲᠤ ᠲᠡᠪᠰᠢᠭᠦᠯᠥᠭᠰᠡᠡ ᠢᠷᠥᠭᠡᠯ᠄            ᠨᠢᠭᠡᠡ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠰᠤᠪᠢᠯᠠᠭᠴᠢ ᠪᠣᠯᠤᠭᠰᠠᠨ ᠤ ᠬᠤᠪᠢ ᠳᠤ᠂ ᠪᠢ ᠨᠠᠶᠢᠲ᠋ᠢᠩᠭᠧᠯ ᠤᠨ ᠬᠦᠴᠢᠷ  ᠪᠡᠷᠬᠡᠰᠢᠶᠡᠯ ᠠᠴᠠ ᠠᠶᠤᠬᠤ ᠦᠭᠡᠢ᠂ ᠳᠤᠷᠠᠲᠠᠶ᠎ᠠ ᠬᠤᠪᠢ ᠨᠡᠮᠡᠷᠢ ᠪᠠᠨ ᠦᠵᠡᠭᠦᠯᠬᠦ᠂ ᠦᠬᠦᠯ ᠠᠴᠠ ᠠᠪᠤᠷᠠᠨ ᠰᠢᠷᠬᠠᠲᠠᠨ ᠢ ᠲᠡᠩᠬᠡᠷᠡᠭᠦᠯᠬᠦ᠂  ᠵᠣᠷᠢᠭᠲᠠᠢ ᠪᠠᠷ ᠠᠮᠢ ᠪᠡᠶ᠎ᠡ ᠪᠠᠨ ᠵᠣᠷᠢᠭᠤᠯᠬᠤ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠨ ᠪᠠᠳᠠᠷᠠᠭᠤᠯᠤᠨ᠎ᠠ᠃  ᠡᠨᠡ ᠵᠢᠯ ᠪᠣᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠠᠭᠤᠯᠠ ᠤᠰᠤ ᠠᠮᠤᠷ  ᠲᠠᠶᠢᠪᠤᠩ᠂ ᠬᠥᠮᠦᠨ ᠲᠥᠷᠥᠯᠬᠢᠳᠡᠡ ᠤ ᠶᠢᠷᠲᠢᠨᠴᠦ ᠠᠮᠤᠷ ᠠᠮᠤᠭᠤᠯᠠᠩ᠂ ᠡᠬᠡ ᠤᠯᠤᠰ ᠴᠡᠴᠡᠭᠯᠡᠨ ᠬᠦᠴᠦᠷᠬᠡᠭᠵᠢᠬᠦ ᠶᠢ ᠬᠦᠰᠡᠶ᠎ᠡ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号