ᠰᠡᠴᠡᠡᠲᠣᠶᠠᠭ᠎ᠠ᠄ ᠨᠡᠶᠢᠭᠡᠮ ᠲᠣᠭᠤᠷᠢᠬ ᠤᠨ ᠳᠠᠭᠠᠭᠤᠯᠤᠭᠴᠢ ᠰᠠᠭᠤᠭᠠᠯᠢ ᠠᠷᠠᠳ ᠤᠨ ᠳᠣᠲᠣᠨᠣ ᠬᠥᠮᠦᠨ
ᠨᠡᠶᠢᠲᠡᠯᠡᠭᠰᠡᠨ ᠴᠠᠭ᠄
2021/7/24
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠥᠬᠦ ᠤᠯᠤᠰ ᠤᠨ ᠬᠤᠰᠢᠭᠤ ᠰᠢᠶᠠᠨ ᠤ ᠱᠠᠲᠤᠨ ᠤ ᠪᠣᠯᠪᠠᠰᠤᠨ ᠬᠤᠲᠠ ᠶᠢ  ᠡᠭᠦᠳᠦᠨ ᠪᠠᠶᠢᠭᠤᠯᠬᠤ ᠪᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠭᠤᠴᠠᠭᠠᠨ ᠳᠤ ᠲᠡᠷᠡ ᠶᠡᠷᠦ ᠨᠢ ᠬᠠᠮᠤᠭ ᠤᠨ  ᠲᠦᠷᠦᠭᠦᠨ ᠳᠤ ᠨᠡᠶᠢᠭᠡᠮ ᠲᠣᠭᠤᠷᠢᠭ ᠲᠤ ᠬᠦᠷᠴᠦ ᠮᠡᠳᠡᠭᠡ ᠵᠠᠩᠭᠢ ᠶᠢ ᠬᠤᠷᠢᠶᠠᠩᠭᠤᠶᠢᠯᠠᠨ᠂ ᠬᠠᠮᠤᠭ ᠤᠨ ᠲᠡᠷᠢᠭᠦᠨ ᠳᠤ ᠰᠦᠯᠵᠢᠶᠡᠨ ᠳᠤ  ᠭᠠᠷᠴᠥ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠡᠭᠦᠷᠭᠡ ᠶᠢ  ᠪᠡᠶᠡᠯᠡᠭᠦᠯᠳᠡᠭ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠠᠰᠠᠭᠤᠳᠠᠯ ᠢ ᠲᠤᠰᠬᠠᠬᠤ ᠦᠶ᠎ᠡ ᠳᠤ ᠲᠡᠷᠡ ᠶᠡᠷᠦ ᠨᠢ ᠬᠠᠮᠤᠭ ᠤᠨ  ᠲᠦᠷᠤᠭᠦᠨ ᠳᠤ ᠲᠤᠬᠠᠢ ᠶᠢᠨ ᠭᠠᠵᠠᠷ ᠲᠤᠨᠢ ᠬᠦᠷᠴᠦ ᠪᠠᠶᠢᠳᠠᠯ ᠢ ᠪᠠᠶᠢᠴᠠᠭᠠᠨ ᠤᠢᠢᠯᠠᠭᠠᠵᠤ᠂ ᠠᠰᠠᠭᠤᠳᠠᠯ ᠢ ᠰᠢᠢᠳᠪᠤᠷᠢᠯᠡᠨ ᠥᠭᠳᠡᠭ᠃  ᠲᠡᠷᠡ ᠮᠠᠰᠢ ᠤᠯᠠᠨ ᠦᠵᠡᠬᠦ ᠳᠤ ᠲᠤᠩ ᠪᠠᠭ᠎ᠠ ᠶᠠᠪᠤᠳᠠᠯ ᠢ ᠴᠥ ᠶᠡᠭᠡ ᠶᠠᠪᠤᠳᠠᠯ ᠪᠣᠯᠭᠠᠨ ᠬᠥᠢᠴᠡᠳᠭᠡᠳᠡᠭ᠃ ᠲᠡᠷᠡ ᠪᠣᠯ ᠲᠠᠷᠣᠢ ᠦᠦᠰᠢᠨ  ᠬᠤᠰᠢᠭᠤᠨ ᠤ ᠭᠠᠯᠠᠭᠤᠲᠤ ᠪᠠᠯᠭᠠᠰᠤ ᠶᠢᠨ ᠲᠣᠭᠤᠢᠢᠯᠠᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠰᠡᠴᠡᠡᠳᠣᠶᠠᠭ᠎ᠠ  ᠪᠣᠯᠤᠨ᠎ᠠ᠃ ᠠᠵᠢᠯ ᠤᠨ ᠪᠠᠶᠢᠷᠢᠨ ᠳᠤ ᠭᠠᠷᠣᠭᠰᠠᠠ 18 ᠵᠢᠯ ᠤᠨ ᠲᠤᠷᠰᠢ ᠳᠤ ᠲᠡᠷᠡ ᠢᠮᠠᠭᠲᠠ ᠪᠡᠶ᠎ᠡ ᠪᠠᠷ ᠢᠶᠠᠨ ᠬᠡᠪ ᠲᠦᠷᠢᠮ ᠪᠤᠯᠵᠤ᠂  ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ  ᠂ ᠤᠯᠠᠨ ᠲᠦᠮᠡᠨ ᠤ ᠠᠰᠢᠭ ᠲᠤᠰᠠ ᠶᠢ ᠢᠮᠠᠭᠳᠠ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠲᠣᠳᠣᠨᠣ ᠬᠥᠮᠥᠨ ᠪᠣᠯᠤᠭᠰᠠᠭᠠᠷ  ᠢᠷᠡᠭᠰᠡᠡ ᠪᠠᠶᠢᠨ᠎ᠠ᠃            ᠪᠡᠶ᠎ᠡ ᠪᠠᠷ ᠢᠶᠠᠨ ᠠᠳᠬᠤᠵᠤ ᠡ᠊ᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠠᠢ            ᠡᠷᠲᠡᠨ ᠤ ᠦᠭᠡᠨ ᠳᠤ ᠥᠪᠡᠷ ᠤᠨ ᠪᠡᠶ᠎ᠡ ᠲᠥᠪ ᠪᠣᠯᠪᠠᠰᠤ ᠵᠠᠷᠯᠢᠭᠳᠠᠬᠤ ᠦᠬᠡᠢ ᠪᠠᠷ ᠲᠠᠭᠠᠨ ᠣᠷᠣᠭᠰᠢᠯᠠᠮᠣᠢ︔ ᠥᠪᠡᠷ ᠤᠨ ᠪᠡᠶ᠎ᠡ  ᠲᠥᠪ ᠪᠤᠰᠤ ᠪᠣᠯᠪᠠᠰᠤ ᠵᠠᠷᠯᠢᠭᠳᠠᠭᠰᠠᠨ ᠴᠤ ᠦᠯᠦ ᠲᠠᠭᠠᠮᠤᠶ ᠭᠡᠳᠡᠭ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ  ᠱᠦᠵᠢ ᠪᠣᠯᠤᠭᠰᠠᠨ ᠰᠡᠴᠡᠡᠳᠣᠶᠠᠭ᠎ᠠ ᠡᠨᠡ ᠬᠦ ᠶᠣᠰᠣ ᠤᠴᠢᠷ ᠢ ᠰᠠᠶᠢᠨ ᠮᠡᠳᠡᠳᠡᠭ ᠪᠣᠯᠬᠤᠷ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ  ᠳᠤᠮᠳᠠ ᠪᠠᠨ ᠢᠮᠠᠭᠲᠠ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠦᠯᠢᠭᠡᠷ ᠳᠠᠭᠤᠷᠢᠶᠠᠯ ᠥᠵᠡᠭᠦᠯᠣᠠ᠂ ᠡᠪ ᠬᠠᠮᠲᠤ ᠨᠠᠮ ᠤᠨ ᠭᠡᠰᠢᠭᠦᠨ ᠤ  ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ ᠪᠠᠶᠢᠳᠠᠭ ᠪᠢᠯᠡ᠃ 2020 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ᠂ ᠪᠦᠬᠦ ᠤᠯᠤᠰ ᠤᠨ ᠬᠤᠰᠢᠭᠤ ᠰᠢᠶᠠᠨ ᠤ ᠱᠠᠲᠤᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠ ᠬᠥᠮᠦᠨ ᠠᠮᠠ ᠶᠢᠨ  ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠭᠤᠴᠠᠭᠠᠨ ᠳᠤ ᠲᠡᠷᠡ ᠶᠡᠷᠦ ᠨᠢ ᠬᠠᠮᠤᠭ ᠤᠨ ᠲᠦᠷᠦᠬᠦᠨ ᠳᠤ ᠨᠡᠶᠢᠭᠡᠮ ᠲᠣᠭᠤᠷᠢᠭ ᠲᠤ ᠬᠦᠷᠴᠦ  ᠮᠡᠳᠡᠭᠡ ᠵᠠᠩᠭᠢ ᠶᠢ ᠬᠤᠷᠢᠶᠠᠩᠭᠤᠶᠢᠯᠠᠡ᠂ ᠰᠦᠯᠵᠢᠶᠡᠨ ᠳᠤ ᠭᠠᠷᠴᠥ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂  ᠬᠠᠮᠤᠭ ᠤᠨ ᠲᠦᠷᠦᠬᠦᠨ ᠳᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠳᠡᠭ᠃   ᠬᠠᠮᠲᠤ  ᠠᠵᠢᠯᠯᠠᠭᠰᠠᠳ ᠤᠨ ᠬᠢᠨ ᠤ ᠬᠡᠯᠡᠬᠦ ᠪᠠᠷ᠂ ᠤᠷᠤᠢ ᠶᠢᠨ 11 ᠴᠠᠭ ᠤᠨ ᠲᠠᠷᠠᠭ᠎ᠠ ᠪᠠᠰᠠ ᠲᠡᠭᠦᠨ ᠤ ᠢᠷᠡᠭᠦᠯᠦᠭᠰᠡᠨ ᠮᠡᠳᠡᠭᠡ ᠵᠠᠩᠬᠢ ᠶᠢ  ᠥᠷᠭᠦᠯᠵᠢ ᠣᠯᠳᠠᠭ᠂ ᠵᠠᠷᠢᠮ ᠨᠢ ᠲᠠᠷᠠᠭ᠎ᠠ ᠡᠳᠦᠷ ᠤᠨ ᠠᠵᠢᠯ ᠤᠨ ᠡᠭᠦᠷᠭᠡ ᠪᠠᠨ ᠲᠣᠬᠢᠷᠠᠭᠤᠯᠣᠭᠰᠠᠠ᠂ ᠵᠠᠷᠢᠮ ᠨᠢ ᠬᠠᠮᠢᠭ᠎ᠠ ᠵᠥᠷᠢᠴᠡᠯ  ᠵᠠᠭᠤᠷᠠᠯᠳᠤᠭᠠᠨ ᠭᠠᠷᠤᠭᠰᠠᠨ᠂ ᠡᠰᠡᠬᠦᠯ᠎ᠡ ᠬᠡᠨ ᠨᠢ ᠬᠦᠴᠢᠷᠳᠡᠯ ᠲᠠᠢ ᠪᠣᠯᠤᠭᠰᠠᠨ ᠢ ᠶᠠᠷᠢᠭᠰᠠᠠ ᠣᠯᠠᠠ ᠠᠷᠪᠢᠨ ᠮᠡᠳᠡᠭᠡ ᠵᠠᠩᠬᠢ ᠶᠢ ᠣᠯᠳᠠᠬ  ᠪᠠᠶᠢᠨ᠎ᠠ᠂ ᠡᠳᠡᠭᠡᠷ ᠠᠰᠠᠭᠤᠳᠠᠯ ᠢ ᠲᠡᠷᠡ ᠪᠦᠷ ᠠᠩᠬᠠᠷᠤᠯ ᠳᠠᠭᠠᠨ ᠠᠪᠴᠤ᠂ ᠶᠠᠭᠠᠬᠢᠵᠤ ᠰᠢᠢᠳᠪᠤᠷᠢᠯᠡᠬᠦ ᠶᠢ ᠴᠠᠭ ᠢᠮᠠᠭᠲᠠ ᠪᠤᠳᠤᠵᠣ  ᠪᠠᠶᠢᠳᠠᠬ ᠬᠡᠵᠥ ᠪᠠᠶᠢᠪᠠ᠃ ᠣᠯᠠᠨ ᠢᠶᠠᠷ ᠢᠶᠠᠨ ᠪᠦᠷ ᠲᠡᠭᠦᠨ ᠠᠴᠠ᠄ ︽ᠴᠢ ᠰᠢᠳᠢ ᠲᠠᠢ ᠬᠥᠮᠦᠨ ᠤᠤ︖ ᠴᠢ ᠶᠠᠳᠠᠷᠠᠵᠤ ᠦᠭᠡᠶ ᠤᠤ︖︾ ᠭᠡᠵᠦ ᠠᠰᠠᠭᠤᠬᠤ ᠳᠤ ᠲᠡᠷᠡ᠄ ︽ᠪᠢ ᠪᠣᠯ ᠨᠡᠶᠢᠭᠡᠮ ᠲᠣᠭᠤᠷᠢᠭ ᠤᠨ ᠲᠠᠭᠠᠭᠤᠯᠤᠬᠴᠢ ᠰᠢᠥ᠂ ᠶᠠᠮᠠᠷᠪᠠ ᠠᠵᠢᠯ ᠢ ᠲᠥᠷᠥᠭᠦᠯᠡᠡ ᠬᠢᠬᠦ  ᠭᠡᠷᠡᠭᠳᠡᠢ᠂ ᠢᠩᠭᠢᠮᠡᠡᠵᠢᠨ ᠰᠠᠶ᠋ᠢ ᠡᠨᠡ ᠬᠦ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ ᠪᠣᠯᠤᠨ᠎ᠠ︾ ᠭᠡᠵᠦ ᠬᠡᠯᠡᠨ᠎ᠠ᠃            18 ᠵᠢᠯ ᠤᠨ ᠲᠤᠷᠰᠢ ᠰᠡᠴᠡᠡᠲᠤᠶᠠᠭ᠎ᠠ ᠦᠨᠳᠦᠰᠦᠨ ᠱᠠᠲᠤᠨ ᠳᠤ ᠠᠵᠢᠯᠯᠠᠭᠰᠠᠭᠠᠷ ᠢᠷᠡᠭᠰᠡᠡ ᠪᠠᠶᠢᠨ᠎ᠠ᠃ ᠡ᠊ᠩ ᠤᠨ ᠲᠥᠯᠥᠪᠯᠡᠭᠡᠲᠦ  ᠬᠥᠡᠭᠭᠡᠵᠢᠯ ᠤᠨ ᠠᠵᠢᠯ ᠤᠨ ᠺᠠᠳ᠋ᠷ ᠠᠴᠠ ᠪᠠᠨ ᠶᠡᠷᠦᠩᠬᠡᠶᠢᠯᠡᠨ ᠵᠠᠰᠠᠬᠤ ᠬᠤᠯᠪᠦᠭᠠᠴᠢᠠ ᠪᠣᠯᠣᠭᠰᠠᠠ᠂ ᠲᠠᠬᠢᠭᠠᠳ ᠡᠳᠥᠭᠡ ᠶᠢᠨ ᠨᠡᠶᠢᠭᠡᠮ  ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠶᠢᠨ ᠲᠣᠰᠢᠶᠠᠯ ᠢ ᠡᠭᠦᠷᠭᠡᠯᠡᠭᠰᠡᠡ ᠵᠡᠷᠭᠡ ᠬᠤᠭᠤᠴᠠᠭᠠᠠ ᠳᠤ ᠰᠡᠴᠡᠡᠳᠣᠶᠠᠭ᠎ᠠ ᠡᠶᠢᠮᠦ  ᠨᠢᠭᠡᠨ ᠶᠣᠰᠣ ᠤᠴᠢᠷ ᠢ ᠣᠯᠵᠤ ᠮᠡᠳᠡᠵᠡᠢ᠄ ᠨᠡᠶᠢᠭᠡᠮ ᠲᠣᠭᠤᠷᠢᠭ ᠤᠨ ᠠᠵᠢᠯ ᠮᠠᠰᠢ ᠤᠯᠠᠨ ᠪᠠᠶᠢᠵᠤ᠂ ︽ᠲᠠᠭᠠᠭᠤᠯᠤᠭᠴᠢ︾ ᠪᠣᠯᠤᠭᠰᠠᠨ ᠤ  ᠬᠤᠪᠢ ᠳᠤ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠨᠡᠩ ᠴᠤ ᠨᠢᠭᠡᠡ ᠰᠠᠯᠠᠭ᠎ᠠ ᠠᠷᠢᠭᠤᠨ ᠴᠢᠬᠡᠴᠢ  ᠥᠨᠳᠥᠷ ᠪᠦᠲᠦᠮᠵᠢᠲᠡᠢ᠂ ᠪᠣᠳᠠᠲᠠᠢ ᠶᠢ ᠡᠷᠬᠢᠮᠯᠡᠨ ᠠᠷᠠᠳ ᠤᠨ ᠲᠥᠯᠥᠭᠡ ᠵᠢᠳᠬᠦᠬᠦ ᠨᠡᠶᠢᠭᠡᠮ ᠲᠣᠭᠤᠷᠢᠭ ᠤᠨ ᠺᠠᠳ᠋ᠷ ᠤᠨ ᠡ᠊ᠩᠨᠡᠭᠡ ᠶᠢ  ᠬᠥᠮᠦᠵᠢᠭᠦᠯᠥᠨ ᠪᠤᠶᠢᠵᠢᠭᠤᠯᠬᠤ ᠬᠡᠷᠡᠭᠲᠡᠢ᠃ ᠡᠶᠢᠮᠥ ᠶᠢᠨ ᠲᠤᠯᠠᠳᠠ ᠲᠡᠷᠡ ᠨᠡᠶᠢᠭᠡᠮ ᠲᠣᠭᠤᠷᠢᠭ ᠤᠨ ᠺᠠᠳ᠋ᠷ ᠤᠨ ᠡ᠊ᠩᠨᠡᠭᠡ ᠶᠢᠨ  ᠪᠠᠶᠢᠭᠤᠯᠤᠯᠲᠠ ᠶᠢ ᠴᠢᠩᠭᠠᠳᠬᠠᠬᠤ ᠶᠢ ᠲᠦᠢᠯ ᠢᠶᠠᠷ ᠴᠢᠬᠤᠯᠠᠴᠢᠯᠠᠬᠰᠠᠠ ᠪᠠᠶᠢᠨ᠎ᠠ᠃ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ  ᠪᠠ ᠺᠠᠳ᠋ᠷ ᠨᠢᠭᠡ ᠪᠦᠷᠢ ᠶᠢᠨ ᠣᠨᠴᠠᠯᠢᠭ ᠲᠠᠢ ᠤᠶᠠᠯᠳᠤᠭᠤᠯᠤᠨ ᠰᠡᠴᠡᠡᠳᠣᠶᠠᠭ᠎ᠠ ᠨᠡᠶᠢᠭᠡᠮ ᠲᠣᠭᠤᠷᠢᠭ ᠤᠨ ᠺᠠᠳ᠋ᠷ ᠤᠨ ᠠᠵᠢᠯ ᠤᠨ  ᠬᠤᠪᠢᠶᠠᠷᠢᠯᠠᠯ ᠤᠨ ᠬᠦᠰᠦᠨᠦᠭᠲᠦ ᠶᠢ ᠲᠣᠭᠲᠠᠭᠠᠵᠤ᠂ ᠣᠯᠠᠨ ᠢᠶᠠᠷ ᠢᠶᠠᠨ ᠥᠪᠡᠷ ᠥᠪᠡᠷ ᠤᠨ ᠡᠭᠦᠷᠭᠡ ᠪᠠᠨ ᠬᠥᠢᠴᠡᠳᠭᠡᠬᠦ ᠶᠢᠨ ᠲᠠᠭᠠᠣ  ᠬᠠᠷᠢᠯᠴᠠᠨ ᠬᠠᠮᠵᠢᠯᠴᠠᠭᠰᠠᠨ ᠠᠴᠠ ᠨᠡᠶᠢᠭᠡᠮ ᠲᠣᠭᠤᠷᠢᠭ ᠤᠨ ᠠᠵᠢᠯ ᠤᠨ ᠦᠷ᠎ᠡ ᠪᠦᠲᠦᠮᠵᠢ ᠨᠢ ᠤᠯᠠᠮ ᠠᠴᠠ ᠤᠯᠠᠮ ᠥᠨᠳᠥᠷ ᠪᠣᠯᠵᠣ᠂  ᠨᠡᠶᠢᠭᠡᠮ ᠲᠣᠭᠤᠷᠢᠭ ᠤᠨ ᠣᠯᠤᠭᠰᠠᠨ ᠠᠮᠵᠢᠯᠲᠠ ᠪᠦᠲᠦᠮᠵᠢ ᠴᠦ ᠰᠠᠭᠤᠭᠠᠯᠢ ᠠᠷᠠᠳ ᠲᠤ ᠣᠯᠠᠮ ᠠᠴᠠ ᠣᠯᠠᠮ ᠮᠡᠳᠡᠷᠡᠭᠳᠡᠵᠡᠢ᠃ ︽ ᠪᠡᠶ᠎ᠡ ᠪᠠᠷ ᠢᠶᠠᠨ ᠠᠳᠬᠤᠠ ᠬᠢᠵᠦ᠂ ᠰᠠᠭᠤᠭᠠᠯᠢ ᠠᠷᠠᠳ ᠲᠤ ᠦᠢᠯᠡᠴᠢᠯᠡᠵᠦ ᠬᠡᠪ ᠳᠠᠭᠤᠷᠢᠶᠠᠯ ᠪᠣᠯᠬᠤ︾ ᠪᠣᠯ ᠲᠣᠭᠤᠢᠢᠯᠠᠩ ᠨᠡᠶᠢᠭᠡᠮ  ᠲᠣᠭᠤᠷᠢᠭ ᠤᠨ ᠠᠵᠢᠯᠲᠠᠳ ᠤᠨ ᠤᠷᠢᠶ᠎ᠠ ᠪᠠᠶᠢᠵᠣ᠂ ᠤᠯᠠᠨ ᠢᠶᠠᠷ ᠢᠶᠠᠨ ᠡᠨᠡ ᠬᠦ ᠲᠠᠩᠭᠠᠷᠢᠭ ᠢ ᠠᠮᠠᠯᠠᠬᠤ ᠶᠢᠨ ᠲᠠᠭᠠᠣ  ᠦᠢᠯᠡᠳᠦᠯᠭᠡᠵᠢᠭᠦᠯᠥᠭᠰᠡᠡ ᠪᠠᠶᠢᠨ᠎ᠠ᠃ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠠᠷᠠᠳ ᠤᠨ ᠰᠠᠨᠠᠭ᠎ᠠ ᠶᠢ ᠣᠶᠢᠯᠠᠭᠠᠵᠤ᠂ ᠰᠠᠶᠢᠨ ᠳᠤᠷ᠎ᠠ ᠶᠢᠨ  ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠥ᠂ ᠰᠠᠭᠤᠭᠠᠯᠢ ᠠᠷᠠᠳ ᠢ ᠦᠨᠡᠨ ᠬᠦ ᠬᠠᠪᠰᠤᠷᠤᠠ ︽ᠬᠥᠴᠢᠷ ᠲᠥᠪᠡᠭ︾᠎ ᠲᠠᠢ  ᠠᠰᠠᠭᠤᠳᠠᠯ ᠢ ᠨᠢ  ᠰᠢᠢᠳᠪᠦᠷᠢᠯᠡᠵᠦ ᠥᠭᠭᠦᠨ᠎ᠡ ᠁ ᠰᠠᠭᠤᠭᠠᠯᠢ ᠠᠷᠠᠳ ᠲᠤ ᠱᠠᠭᠠᠷᠳᠠᠭᠳᠠᠵᠣ ᠪᠥᠬᠦᠢ ᠵᠥᠢᠯ ᠢ ᠬᠥᠢᠴᠡᠳ ᠬᠠᠨᠭ᠍ᠭᠠᠬᠤ ᠪᠣᠯ  ᠳᠠᠷᠤᠶ ᠨᠡᠶᠢᠭᠡᠮ ᠲᠣᠭᠤᠷᠢᠭ ᠤᠨ ᠠᠵᠢᠯᠲᠠᠳ ᠤᠨ ᠠᠵᠢᠯ ᠤᠨ ᠭᠤᠣᠯᠳᠠᠯᠭ᠎ᠠ ᠪᠣᠯᠣᠨ᠎ᠠ᠃ ᠰᠡᠴᠡᠡᠳᠣᠶᠠᠭ᠎ᠠ ᠡᠨᠡ ᠬᠦ ᠡ᠊ᠩᠨᠡᠭᠡ ᠪᠠᠨ  ᠳᠠᠭᠠᠭᠤᠯᠤᠨ ᠨᠠᠮ ᠤᠨ ᠡᠭᠦᠷ ᠤᠨ ᠲᠠᠶᠢᠴᠢᠨ ᠦᠢᠯᠡᠳᠦᠯ ᠢ ᠭᠦᠢᠴᠡᠳ ᠪᠠᠳᠠᠷᠠᠭᠤᠯᠣᠬᠰᠠᠠ ᠪᠠᠶᠢᠨ᠎ᠠ᠃            ᠠᠷᠠᠳ ᠤᠨ ᠬᠥᠴᠢᠷ ᠵᠣᠪᠠᠭᠤᠷᠢ ᠶᠢ ᠰᠢᠢᠳᠪᠥᠷᠢᠯᠡᠵᠥ ᠠᠷᠠᠳ ᠲᠤ ᠪᠣᠳᠠᠳᠣ ᠠᠵᠢᠯ ᠬᠢᠵᠥ ᠥᠭᠴᠡᠢ            ᠡᠨᠡ ᠵᠢᠯ ᠠᠴᠠ ᠨᠠᠭᠠᠰᠢ ᠰᠡᠴᠡᠡᠳᠣᠶᠠᠭ᠎ᠠ ᠬᠠᠮᠲᠤ ᠠᠵᠢᠯᠳᠠᠳ ᠲᠠᠢ ᠪᠠᠨ ᠨᠡᠶᠢᠭᠡᠮ ᠲᠣᠭᠤᠷᠢᠭ ᠲᠤ ᠪᠠᠶᠢᠩᠭᠤᠴᠢᠯᠠᠭᠰᠠᠠ ᠣᠯᠠᠨ  ᠬᠡᠯᠪᠡᠷᠢ ᠶᠢᠨ ︽ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠠᠷᠭ᠎ᠠ  ᠪᠣᠳᠣᠯᠭ᠎ᠠ ᠶᠢ ᠠᠷᠠᠳ ᠠᠴᠠ ᠠᠰᠠᠭᠤᠬᠤ︾ ᠵᠡᠷᠭᠡ ︽ᠭᠤᠷᠪᠠ ᠶᠢ ᠠᠰᠠᠭᠤᠬᠤ︾ ᠠᠵᠢᠯᠯᠠᠭ᠎ᠠ ᠶᠢ ᠥᠷᠨᠢᠭᠦᠯᠵᠦ᠂ ᠲᠥᠪᠯᠡᠷᠡᠭᠦᠯᠦᠨ  ᠰᠤᠷᠪᠤᠯᠵᠢᠯᠠᠬᠤ᠂ ᠪᠣᠯᠪᠠᠰᠤᠨ ᠢ ᠦᠢᠯᠡᠳᠦᠯᠭᠡᠵᠢᠭᠦᠯᠬᠦ ᠵᠢᠷᠬᠢᠶ᠎ᠡ ᠶᠢᠨ ᠬᠤᠯᠪᠣᠭ᠎ᠠ ᠶᠢ ᠪᠠᠶᠢᠭᠤᠯᠬᠤ᠂ ᠲᠣᠭᠳᠠᠮᠠᠯ ᠬᠤᠭᠤᠴᠠᠭ᠎ᠠ ᠲᠠᠢ ᠪᠠᠷ  ᠠᠵᠢᠯᠯᠠᠭ᠎ᠠ ᠥᠷᠨᠢᠭᠦᠯᠬᠦ ᠵᠡᠷᠭᠡ ᠪᠠᠷ ᠳᠠᠮᠵᠢᠭᠤᠯᠤᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠣᠢᠢᠯᠠᠭᠠᠠ  ᠡᠵᠡᠮᠰᠢᠭᠰᠡᠡ ᠪᠠᠶᠢᠨ᠎ᠠ᠃ 5 ᠰᠠᠷ᠎ᠠ ᠶᠢᠨ ᠠᠷᠪᠠᠳ ᠬᠥᠷᠳᠡᠯ᠎ᠡ ᠲᠣᠭᠤᠢᠢᠯᠠᠩ ᠨᠡᠶᠢᠭᠡᠮ ᠲᠣᠭᠤᠷᠢᠭ ᠨᠢ ᠬᠠᠷᠢᠶ᠎ᠠ ᠲᠣᠭᠤᠷᠢᠭ ᠤᠨ ᠰᠠᠭᠤᠭᠠᠯᠢ  ᠠᠷᠠᠳ ᠤᠨ ᠡᠯ᠎ᠡ ᠲᠦᠷᠦᠯ ᠤᠨ ᠭᠥᠰᠡᠯ ᠱᠠᠭᠠᠷᠳᠠᠯᠭ᠎ᠠ ᠶᠢ 686 ᠵᠤᠷᠪᠤᠰ ᠬᠤᠷᠢᠶᠠᠠ ᠠᠪᠣᠭᠰᠠᠠ ᠪᠠᠶᠢᠨ᠎ᠠ᠃ ᠡᠳᠡᠭᠡᠷ ᠬᠥᠰᠡᠯ  ᠱᠠᠭᠠᠷᠳᠠᠯᠭ᠎ᠠ ᠶᠢ ᠰᠢᠢᠳᠪᠦᠷᠢᠯᠡᠬᠦ ᠶᠢᠨ ᠲᠥᠯᠥᠭᠡ ᠲᠡᠷᠡ ᠬᠠᠷᠢᠭᠤᠴᠠᠵᠣ ᠪᠥᠬᠦᠢ ᠪᠠᠶᠢᠭᠤᠯᠭ᠎ᠠ ᠨᠢᠭᠡᠴᠢ᠂ ᠬᠤᠪᠢ ᠶᠢᠨ ᠦᠢᠯᠡᠳᠪᠦᠷᠢ  ᠬᠤᠳᠠᠯᠳᠤᠭᠠᠨ ᠤ ᠡᠷᠦᠬᠡ᠂ ᠠᠵᠤ ᠠᠬᠤᠶᠢᠯᠠᠯ᠂ ᠠᠳᠠᠯ ᠠᠬᠤᠶ ᠶᠢᠨ ᠺᠣᠮᠫᠠᠨᠢ᠂ ᠨᠡᠶᠢᠭᠡᠮ ᠲᠣᠭᠤᠷᠢᠭ ᠲᠤ ᠰᠠᠭᠤᠵᠣ ᠪᠥᠬᠦᠢ ᠨᠠᠮ ᠤᠨ  ᠭᠡᠰᠢᠭᠦᠨ᠂ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠨ᠂ ᠰᠠᠶᠢᠨ ᠲᠣᠷᠠᠴᠣᠣᠯ ᠲᠠᠢ ᠬᠠᠷᠢᠯᠴᠠᠵᠤ ᠬᠠᠮᠲᠤ ᠪᠠᠷ ᠬᠥᠳᠡᠯᠦᠯᠴᠡᠨ᠂  ᠬᠠᠮᠲᠤ ᠪᠠᠷ ᠠᠰᠠᠭᠤᠳᠠᠯ ᠢ ᠰᠢᠢᠳᠪᠤᠷᠢᠯᠠᠵᠠᠢ᠂ ᠡᠨᠡ ᠬᠤᠭᠤᠴᠠᠭᠠᠨ ᠳᠤ ᠲᠡᠷᠡ ᠬᠠᠮᠢᠭ᠎ᠠ ᠬᠡᠷᠡᠭᠴᠡᠭᠡ ᠲᠠᠢ ᠪᠣᠯ ᠲᠠᠠᠳᠠ ᠨᠢ ᠬᠥᠷᠴᠥ᠂ ᠪᠣᠷᠪᠢ  ᠪᠤᠬᠢᠰᠬᠢᠯ ᠥᠭᠡᠢ ᠠᠵᠢᠯᠯᠠᠭᠰᠠᠠ ᠪᠠᠶᠢᠨ᠎ᠠ᠃            ᠲᠣᠭᠤᠢᠢᠯᠠᠩ ᠨᠡᠶᠢᠭᠡᠮ ᠲᠣᠭᠤᠷᠢᠭ ᠲᠠᠬᠢ ᠬᠠᠭᠤᠴᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠡ ᠶᠢᠨ ᠵᠡᠭᠡᠯᠢ ᠭᠤᠳᠤᠮᠵᠢ ᠳᠤ ᠪᠠᠶᠢᠭ᠎ᠠ  ᠨᠡᠯᠢᠶᠡᠳ ᠭᠡᠳᠥᠨ ᠬᠤᠳᠠᠯᠳᠣᠭᠠᠠ ᠤ ᠡᠷᠥᠭᠡ ᠠᠴᠠ ᠵᠠᠷᠢᠮ ᠬᠥᠮᠦᠨ ᠪᠣᠵᠠᠷ ᠤᠰᠤ ᠶᠢ ᠳᠤᠷ᠎ᠠ ᠲᠠᠪᠠ ᠪᠠᠷ ᠢᠶᠠᠨ ᠠᠰᠬᠠᠵᠤ᠂ ᠭᠠᠵᠠᠷ  ᠪᠣᠯᠭᠠᠨ ᠳᠤ ᠪᠠᠭᠠᠵᠣ ᠰᠢᠭᠡᠭᠡᠳ ᠡᠷᠭᠢᠨ ᠲᠣᠭᠤᠷᠢᠨ ᠤ ᠣᠷᠴᠢᠨ ᠲᠣᠭᠤᠷᠢᠨ ᠢ ᠪᠣᠬᠢᠷᠳᠣᠭᠤᠯᠵᠣ᠂ ᠪᠠᠰᠠ ᠵᠠᠮ ᠤᠨ ᠭᠠᠳᠠᠷᠭᠤ ᠴᠤ ᠨᠥᠭᠡ  ᠭᠠᠷᠴᠥ ᠲᠡᠭᠰᠢ ᠦᠭᠡᠶ ᠪᠣᠯᠵᠠᠢ ᠭᠡᠵᠦ ᠲᠣᠰᠬᠠᠬᠰᠠᠠ ᠪᠠᠶᠢᠨ᠎ᠠ᠃ ᠡᠨᠡ ᠬᠦ ᠪᠠᠶᠢᠳᠠᠯ ᠢ ᠬᠦᠯᠢᠶᠡᠨ ᠠᠪᠤᠭᠰᠠᠨ ᠤ ᠳᠠᠷᠠᠭ᠎ᠠ ᠰᠡᠴᠡᠡᠳᠣᠶᠠᠭ᠎ᠠ ᠴᠠᠭ  ᠲᠤᠬᠠᠶ ᠳᠤᠨᠢ ᠲᠣᠣᠷ ᠤᠨ ᠠᠵᠢᠯᠲᠠᠳ᠂ ᠨᠠᠮ ᠤᠨ ᠭᠡᠰᠢᠭᠦᠨ ᠰᠠᠶᠢᠨ ᠳᠤᠷᠠᠴᠣᠣᠯ ᠢ ᠵᠣᠬᠢᠶᠠᠨ ᠪᠠᠶᠢᠭᠤᠯᠣᠠ ᠬᠠᠮᠳᠣ ᠪᠠᠷ ᠬᠠᠷᠢᠭᠤᠴᠠᠵᠣ  ᠪᠥᠬᠦᠢ ᠯᠡ ᠲᠣᠭᠤᠷᠢᠭ ᠲᠤ ᠬᠦᠷᠴᠦ ᠪᠠᠶᠢᠴᠠᠭᠠᠨ ᠦᠵᠡᠵᠦ᠂ ᠠᠰᠠᠭᠤᠳᠠᠯ ᠢ ᠣᠶᠢᠯᠠᠭᠠᠠ᠂ ᠬᠤᠳᠠᠯᠳᠤᠭᠠᠨ ᠤ ᠡᠷᠥᠭᠡ ᠨᠦᠭᠦᠳ ᠲᠠᠢ  ᠬᠠᠷᠢᠯᠴᠠᠵᠤ ᠬᠠᠮᠲᠤ ᠪᠠᠷ ᠢᠶᠠᠨ ᠵᠥᠪᠳᠡᠯᠴᠡᠭᠰᠡᠨ ᠤ ᠲᠠᠷᠠᠭ᠎ᠠ ᠬᠤᠳᠠᠯᠳᠤᠭᠠᠨ ᠤ ᠡᠷᠥᠭᠡ ᠨᠦᠭᠦᠳ ᠤᠨ ᠠᠷᠤ ᠲᠠᠯ᠎ᠠ ᠶᠢᠨ ᠬᠡᠷᠡᠮ ᠢ ᠱᠥᠢᠨᠢ ᠪᠠᠷ  ᠢᠯᠢᠵᠥ᠂ ᠨᠡᠶᠢᠲᠡ ᠶᠢᠨ ᠵᠠᠷ ᠭᠠᠷᠭᠠᠵᠤ᠂ ᠬᠢᠨᠠᠨ ᠡᠵᠡᠮᠳᠡᠭᠦᠷ ᠣᠭᠰᠠᠷᠠᠭᠤᠯᠣᠠ᠂ ᠵᠠᠮ ᠤᠨ ᠭᠠᠳᠠᠷᠭᠤ ᠶᠢ ᠲᠣᠭᠤᠰᠬ᠎ᠠ ᠳᠡᠪᠢᠰᠣᠠ ᠲᠡᠭᠰᠢᠯᠡᠵᠥ  ᠂ ᠠᠯᠢ ᠲᠦᠷᠭᠡᠨ ᠢᠶᠠᠷ ᠬᠡᠷᠡᠭᠵᠢᠭᠦᠯᠬᠦ ᠶᠢ ᠪᠠᠲᠤᠯᠠᠵᠤ᠂ ᠬᠤᠶᠠᠷ ᠭᠠᠷᠠᠭ ᠤᠨ ᠳᠣᠲᠣᠷ᠎ᠠ ᠠᠵᠢᠯ ᠢᠶᠠᠨ ᠳᠠᠭᠤᠰᠬᠠᠬᠤ ᠪᠠᠷ ᠲᠣᠭᠲᠠᠭᠠᠵᠠᠢ᠃  ᠵᠠᠯᠭᠠᠭᠠᠳ ᠨᠡᠶᠢᠭᠡᠮ ᠲᠣᠭᠤᠷᠢᠭ ᠨᠢ ᠠᠵᠢᠯᠴᠢᠳ ᠲᠠᠢ ᠬᠠᠷᠢᠯᠴᠠᠡ ᠪᠠᠷᠢᠯᠭ᠎ᠠ ᠶᠢ ᠡᠬᠢᠯᠡᠬᠦᠯᠵᠥ᠂ ᠵᠠᠷ ᠮᠡᠳᠡᠭᠡᠡ ᠤ ᠺᠣᠮᠫᠠᠨᠢ ᠲᠠᠢ ᠬᠠᠷᠢᠯᠴᠠᠠ  ᠵᠠᠷ ᠤᠨ ᠠᠭᠤᠯᠭ᠎ᠠ ᠶᠢ ᠵᠢᠷᠣᠠ ᠲᠥᠯᠥᠪᠯᠡᠵᠥ᠂ 10 ᠡᠳᠦᠷ ᠪᠣᠯᠤᠭ᠎ᠠ ᠦᠭᠡᠶ ᠪᠠᠷ ᠡᠨᠡ ᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠡᠳ  ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠮᠠᠭᠳᠠᠭᠠᠯ ᠰᠠᠶᠢᠰᠢᠶᠠᠯ ᠢ ᠣᠯᠣᠭᠰᠠᠠ ᠪᠠᠶᠢᠨ᠎ᠠ᠃ ︽ᠤᠷᠤᠢ ᠶᠢᠨ 10 ᠴᠠᠭ ᠭᠠᠷᠤᠢ ᠳᠤ ᠪᠠᠰᠠ  ᠵᠠᠷᠢᠮ ᠬᠥᠮᠦᠰ ᠲᠣᠭᠤᠢᠢᠯᠠᠩ ᠠᠭᠤᠳᠠᠮ ᠲᠠᠯᠠᠪᠠᠢ ᠲᠡᠭᠡᠷ᠎ᠡ ᠳᠠᠭᠤᠤ ᠳᠠᠭᠤᠯᠠᠵᠤ ᠦᠢᠮᠡᠭᠡᠨ ᠱᠣᠣᠬᠢᠶᠠᠠ ᠭᠠᠷᠭᠠᠵᠣ ᠪᠠᠶᠢᠨ᠎ᠠ᠂ ᠤᠳᠤᠷᠢᠳᠤᠯᠭ᠎ᠠ  ᠨᠠᠷ ᠬᠠᠮᠢᠶᠠᠷᠣᠯᠳᠠ ᠬᠢᠬᠦ ᠶᠢ ᠬᠥᠰᠡᠵᠥ ᠪᠠᠶᠢᠨ᠎ᠠ᠂ ᠬᠡᠦᠬᠡᠳ ᠢ ᠤᠨᠲᠠᠬᠤ ᠴᠠᠭ ᠲᠤᠨᠢ ᠰᠠᠶᠢᠲᠤᠷ ᠠᠮᠠᠷᠠᠭᠤᠯᠬᠤ ᠰᠠᠨᠠᠭᠠᠳᠠᠢ︾᠃ ᠡᠨᠡ ᠪᠣᠯ  ᠨᠢᠭᠡᠨ ᠰᠠᠭᠤᠭᠠᠯᠢ ᠠᠷᠠᠳ ᠠᠴᠠ ᠨᠡᠶᠢᠭᠡᠮ ᠲᠣᠭᠤᠷᠢᠭ ᠤᠨ ︽ᠪᠣᠯᠪᠠᠰᠤᠨ ᠢ ᠦᠢᠯᠡᠳᠦᠯᠭᠡᠵᠢᠭᠦᠯᠬᠦ 3 ᠳ᠋ᠤᠭᠠᠷ ᠬᠤᠯᠪᠣᠭ᠎ᠠ︾ ᠲᠡᠭᠡᠷ᠎ᠡ  ᠲᠤᠰᠬᠠᠭᠰᠠᠨ ᠠᠰᠠᠭᠤᠳᠠᠯ ᠪᠣᠯᠤᠨ᠎ᠠ᠃ ᠣᠶᠢᠯᠠᠭᠠᠭᠰᠠᠨ ᠢᠶᠠᠷ ᠲᠣᠭᠤᠢᠢᠯᠠᠩ ᠠᠭᠤᠳᠠᠮ ᠲᠠᠯᠠᠪᠠᠶ ᠳᠤ ᠡᠳᠦᠷ ᠪᠦᠷᠢ ᠶᠠᠩᠭᠠᠷ ᠪᠥᠵᠢᠭᠯᠡᠬᠦ᠂  ᠠᠭᠤᠳᠠᠮ ᠲᠠᠯᠠᠪᠠᠶ ᠶᠢᠨ ᠪᠥᠵᠢᠭ ᠪᠥᠵᠢᠭᠯᠡᠬᠦ᠂ ᠰᠦᠯᠵᠢᠶᠡᠨ ᠤ ᠰᠢᠭᠤᠳ ᠨᠡᠪᠲᠡᠷᠡᠭᠦᠯᠭᠡ ᠬᠢᠬᠦ᠂ ᠳᠡᠯᠭᠡᠭᠡ ᠮᠠᠶᠢᠮᠠᠶ ᠬᠢᠬᠦ ᠵᠡᠷᠭᠡ ᠡᠯ᠎ᠡ  ᠵᠦᠢᠯ  ᠎ ᠤᠨ ᠠᠵᠢᠯᠯᠠᠭ᠎ᠠ ᠶᠠᠪᠤᠭᠳᠠᠵᠤ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠶ᠂ ᠭᠡᠪᠡᠴᠦ ᠡᠲᠡᠭᠡᠷ ᠠᠵᠢᠯᠯᠠᠭ᠎ᠠ ᠨᠢ  ᠡᠳᠦᠷ ᠪᠦᠷᠢ ᠶᠢᠨ ᠣᠷᠣᠢ ᠶᠢᠨ 10 ᠴᠠᠭ ᠭᠠᠷᠤᠶ ᠳᠤ ᠴᠥ ᠵᠣᠭᠰᠣᠯ ᠥᠬᠡᠶ ᠶᠠᠪᠤᠭᠳᠠᠳᠠᠭ ᠪᠣᠯᠬᠤᠷ ᠰᠠᠭᠤᠭᠠᠯᠢ ᠠᠷᠠᠳ ᠤᠨ ᠠᠮᠢᠳᠤᠷᠠᠯ ᠢ  ᠨᠥᠯᠥᠭᠡᠯᠡᠭᠰᠡᠡ ᠪᠠᠶᠢᠨ᠎ᠠ᠃ ᠡᠨᠡ ᠬᠦ ᠪᠠᠶᠢᠳᠠᠯ ᠢ ᠮᠡᠳᠡᠮᠡᠭᠴᠡ ᠪᠠᠨ ᠰᠡᠴᠡᠡᠳᠣᠶᠠᠭ᠎ᠠ ᠲᠠᠷᠣᠢ ᠳᠤᠨᠢ ᠠᠭᠤᠳᠠᠮ ᠲᠠᠯᠠᠪᠠᠶ ᠶᠢᠨ ᠡᠯ᠎ᠡ ᠵᠦᠢᠯ ᠤᠨ  ᠠᠵᠢᠯᠯᠠᠭ᠎ᠠ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠲᠡᠳᠡ ᠬᠤᠶᠢᠰᠢᠳᠠ 9 ᠴᠠᠭ ᠲᠤ ᠳᠠᠭᠤᠤ ᠬᠥᠭᠵᠢᠮ  ᠨᠡᠪᠲᠡᠷᠡᠭᠦᠯᠬᠦ ᠪᠠᠨ ᠵᠣᠭᠰᠣᠭᠠᠨ᠎ᠠ ᠭᠡᠵᠦ ᠠᠮᠠᠯᠠᠭᠰᠠᠨ ᠪᠠᠶᠢᠨ᠎ᠠ᠃     ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ ᠽᠦᠸᠧ ᠽᠢ ᠬᠦᠶ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ  ᠠᠵᠢᠯᠯᠠᠭ᠎ᠠ ᠳᠤ ᠮᠠᠰᠢ ᠢᠳᠡᠪᠬᠢᠲᠡᠶ ᠣᠷᠣᠯᠴᠠᠵᠤ᠂ ᠨᠡᠶᠢᠭᠡᠮ ᠲᠣᠭᠤᠷᠢᠭ ᠤᠨ ᠰᠤᠷᠤᠯᠴᠠᠯᠭ᠎ᠠ ᠪᠠ ᠠᠵᠢᠯᠯᠠᠭ᠎ᠠ ᠳᠤ ᠬᠠᠮᠤᠭ ᠤᠨ  ᠲᠦᠷᠦᠭᠦᠨ ᠳᠤ ᠭᠥᠷᠴᠥ ᠣᠷᠣᠯᠴᠠᠳᠠᠭ ᠪᠠᠶᠢᠨ᠎ᠠ᠃ 2019 ᠣᠨ ᠳᠤ ᠲᠡᠷᠡ ᠭᠡᠨᠡᠳᠲᠡ ᠡᠪᠡᠳᠴᠢᠯᠡᠵᠡᠢ᠂ ᠰᠡᠴᠡᠡᠳᠣᠶᠠᠭ᠎ᠠ ᠪᠠᠶᠢᠳᠠᠯ ᠢ  ᠮᠡᠳᠡᠭᠰᠡᠨ ᠤ ᠳᠠᠷᠠᠭ᠎ᠠ ᠲᠣᠬᠤᠨᠢᠭᠤᠯᠬᠤ ᠮᠥᠩᠭᠦ ᠪᠠᠨ ᠠᠪᠴᠤ ᠲᠡᠭᠦᠨ ᠤ ᠬᠡᠷ ᠲᠤ ᠢᠷᠡᠵᠦ᠂ ᠲᠡᠭᠦᠨ ᠲᠠᠢ ᠬᠠᠮᠲᠤ ᠰᠡᠳᠬᠢᠯ ᠤᠨ ᠦᠭᠡ ᠪᠠᠨ  ᠶᠠᠷᠢᠯᠴᠠᠵᠤ᠂ ᠲᠡᠭᠦᠨ ᠤ ᠰᠡᠳᠬᠢᠯ ᠤᠨ ᠪᠤᠬᠢᠨᠢᠳᠤᠯ ᠢ ᠨᠠᠮᠳᠠᠭᠤᠯᠣᠬᠰᠠᠠ ᠪᠠᠶᠢᠨ᠎ᠠ᠃ ᠡᠨᠡ ᠵᠢᠯ ᠨᠠᠮ ᠤᠨ ᠲᠡᠦᠬᠡ ᠶᠢᠨ ᠰᠤᠷᠤᠯᠴᠠᠯᠭ᠎ᠠ  ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠰᠡᠴᠡᠡᠳᠣᠶᠠᠭ᠎ᠠ ᠨᠣᠮ ᠰᠣᠳᠣᠷ ᠪᠣᠯᠤᠨ ᠷᠠᠳᠢᠣ᠋ ᠶᠢ ᠽᠦᠸᠧ ᠽᠢ ᠬᠦᠢ ᠶᠢᠨ ᠭᠡᠷ ᠲᠤ ᠬᠦᠷᠭᠡᠵᠦ᠂  ᠲᠡᠭᠦᠨ ᠲᠠᠢ ᠬᠠᠮᠲᠤ ᠨᠠᠮ ᠤᠨ ᠲᠡᠦᠬᠡ ᠶᠢ ᠰᠤᠷᠤᠯᠴᠠᠵᠠᠢ᠃ ᠽᠦᠸᠧ ᠽᠢ ᠬᠦᠶ ᠰᠡᠳᠬᠢᠯ ᠳᠣᠭᠳᠣᠯᠤᠨ ᠰᠡᠴᠠᠠᠳᠣᠶᠠᠭ᠎ᠠ ᠶᠢᠨ ᠭᠠᠷ ᠢ ᠪᠠᠷᠢᠵᠤ  ᠄ ︽ᠲᠠ ᠨᠠᠷ ᠴᠠᠭ ᠢᠮᠠᠭᠲᠠ ᠨᠠᠳᠠ ᠶᠢ ᠬᠠᠯᠠᠮᠵᠢᠯᠠᠭᠰᠠᠨ ᠳᠤ ᠥᠨᠡᠡ ᠲᠠᠯᠠᠷᠬᠠᠵᠤ ᠪᠠᠶᠢᠨ᠎ᠠ᠂ ᠨᠠᠮ ᠪᠠ ᠤᠯᠤᠰ ᠮᠢᠨᠢ ᠪᠠᠶᠢᠬᠤ ᠶᠣᠮ ᠴᠢᠨᠢ  ᠠᠶᠤᠬᠤ ᠶᠠᠭᠤᠮ᠎ᠠ ᠠᠯᠠᠭ᠎ᠠ︾ ᠭᠡᠵᠦ ᠬᠡᠯᠡᠵᠡᠢ᠃ ᠡᠨᠡ ᠮᠡᠲᠦ ᠪᠠᠷ ᠲᠤᠩ ᠪᠠᠭ᠎ᠠ ︽ᠵᠢᠵᠢᠭ ᠰᠠᠵᠢᠬ︾ ᠶᠠᠪᠤᠳᠠᠯ ᠮᠠᠰᠢ ᠤᠯᠠᠨ ᠪᠠᠶᠢᠳᠠᠭ᠂  ᠭᠡᠪᠡᠴᠦ ᠰᠡᠴᠡᠡᠳᠣᠶᠠᠭ᠎ᠠ ᠰᠠᠭᠤᠭᠠᠯᠢ ᠠᠷᠠᠳ ᠤᠨ ᠶᠠᠪᠤᠳᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ ᠭᠡᠵᠥ ᠥᠵᠡᠳᠡᠭ ᠠᠴᠠ ᠲᠡᠷᠡ  ᠶᠡᠷᠦ ᠨᠢ ︽ᠪᠠᠭ᠎ᠠ︾ ᠶᠠᠪᠤᠳᠠᠯ ᠢ ᠶᠡᠭᠡ ᠶᠠᠪᠤᠳᠠᠯ ᠪᠣᠯᠭᠠᠨ ᠬᠢᠵᠦ᠂ ᠰᠠᠭᠤᠭᠠᠯᠢ ᠠᠷᠠᠳ ᠤᠨ ᠰᠠᠨᠠᠭᠠᠰᠢᠷᠠᠵᠣ ᠪᠥᠬᠦᠢ ᠬᠥᠴᠢᠷ ᠵᠣᠪᠠᠨᠢᠯ ᠢ  ᠬᠠᠮᠤᠭ ᠤᠨ ᠲᠡᠷᠢᠭᠦᠨ ᠳᠤ  ᠰᠢᠢᠳᠪᠤᠷᠢᠯᠡᠳᠡᠭ᠃ ᠲᠡᠷᠡ᠄ ︽ᠡᠳᠡᠭᠡᠷ ᠵᠢᠵᠢᠭ ᠰᠠᠵᠢᠭ ᠵᠦᠢᠯ ᠤᠳ ᠠᠴᠠ ᠭᠠᠷᠳᠠᠵᠦ᠂ ᠴᠠᠭ ᠲᠣᠭᠳᠠᠭᠠᠵᠣ᠂  ᠲᠥᠯᠥᠪᠯᠡᠭᠡ ᠲᠣᠭᠲᠠᠭᠠᠠ᠂ ᠬᠠᠷᠢᠭᠤᠴᠠᠯᠭᠠᠲᠠᠨ ᠢ ᠲᠣᠭᠲᠠᠭᠠᠵᠤ᠂ ᠨᠢᠭᠡ ᠨᠢᠭᠡ ᠪᠠᠷ ᠨᠠᠷᠢᠯᠢᠬ ᠬᠢᠵᠦ᠂ ᠨᠢᠭᠡ ᠨᠢᠭᠡ ᠠᠯᠬᠤᠮ ᠢᠶᠠᠷ  ᠪᠡᠶᠡᠯᠡᠭᠦᠯᠬᠦ ᠬᠡᠷᠡᠭᠲᠡᠶ ᠶᠣᠮ᠂ ᠡᠳᠡᠭᠡᠷ ᠨᠢ ᠪᠥᠷ ᠣᠯᠠᠠ ᠤ ᠬᠥᠰᠡᠯ ᠨᠠᠶᠢᠳᠠᠯᠭ᠎ᠠ ᠳᠤ ᠨᠡᠶᠢᠴᠡᠵᠦ ᠪᠠᠶᠢᠭ᠎ᠠ ᠶᠠᠪᠤᠳᠠᠯ ᠪᠣᠯᠬᠤ ᠶᠣᠮ︾ ᠭᠡᠵᠦ  ᠪᠠᠶᠢᠯ᠎ᠠ᠃            ᠦᠨᠳᠦᠰᠦᠨ ᠱᠠᠲᠤᠨ ᠳᠤ ᠦᠨᠳᠦᠰᠦ ᠬᠠᠳᠬᠤᠠ᠂ ᠡᠮᠥᠨ᠎ᠡ ᠹᠷᠣᠨᠲ ᠲᠤ ᠰᠢᠭᠤᠷᠬᠠᠢᠢᠯᠠᠠ ᠠᠵᠢᠯᠯᠠᠵᠣ᠂ ᠨᠡᠶᠢᠭᠡᠮ ᠲᠣᠭᠤᠷᠢᠭ ᠲᠠᠢ  ᠰᠡᠳᠬᠢᠯ ᠵᠢᠷᠦᠬᠡ ᠪᠠᠨ ᠬᠤᠯᠪᠣᠵᠤ᠂ ᠤᠯᠠᠨ ᠲᠦᠮᠡᠨ ᠳᠤ ᠦᠢᠯᠡᠴᠢᠯᠡᠬᠦ ᠪᠣᠯ ᠰᠡᠴᠡᠡᠳᠣᠶᠠᠭ᠎ᠠ ᠶᠢᠨ ᠰᠢᠳᠥᠵᠥ ᠪᠡᠶᠡᠯᠡᠭᠦᠯᠬᠦ ᠵᠠᠷᠴᠢᠮ ᠪᠣᠯᠤᠨ᠎ᠠ᠂  ᠮᠥᠨ ᠴᠥ ᠲᠣᠭᠤᠢᠢᠯᠠᠩ ᠨᠡᠶᠢᠭᠡᠮ ᠲᠣᠭᠤᠷᠢᠭ ᠨᠢ ᠲᠣᠭᠤᠢᠢᠯᠠᠩ ᠤᠨ ᠬᠤᠪᠢᠰᠬᠠᠯ ᠤᠨ ᠬᠥᠳᠡᠯᠭᠡᠭᠡᠨ ᠤ ᠬᠠᠮᠲᠤ ᠪᠠᠷ ᠵᠥᠪᠳᠡᠯᠴᠡᠨ᠂  ᠬᠠᠷᠢᠯᠴᠠᠨ ᠬᠠᠪᠰᠤᠷᠤᠯᠴᠠᠵᠥ ᠬᠤᠪᠢ ᠨᠡᠮᠡᠷᠢ ᠪᠠᠨ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ ᠤᠯᠠᠮᠵᠢᠯᠠᠵᠤ ᠪᠠᠶᠢᠭ᠎ᠠ ᠶᠠᠪᠤᠳᠠᠯ ᠪᠣᠯᠤᠨ᠎ᠠ  ᠃ ᠲᠣᠭᠤᠢᠢᠯᠠᠩ ᠨᠡᠶᠢᠭᠡᠮ ᠲᠣᠭᠤᠷᠢᠭ ᠤᠨ ᠪᠤᠢ ᠪᠦᠬᠦᠢ ᠠᠵᠢᠯᠲᠠᠳ ᠰᠡᠴᠡᠡᠳᠣᠶᠠᠭ᠎ᠠ ᠶᠢᠨ ᠲᠠᠭᠠᠭᠤᠯᠭ᠎ᠠ ᠲᠣᠣᠷ᠎ᠠ ᠤᠯᠠᠨ ᠤ ᠤᠬᠠᠭᠠᠨ  ᠬᠠᠮᠲᠤ ᠶᠢᠨ ᠬᠦᠴᠦᠨ ᠢᠶᠠᠷ ᠠᠵᠢᠯ ᠢᠶᠠᠨ ᠥᠷᠨᠢᠭᠦᠯᠵᠦ᠂ ᠪᠦᠬᠦ ᠰᠠᠭᠤᠭᠠᠯᠢ ᠠᠷᠠᠳ ᠲᠠᠢ ᠬᠠᠮᠲᠤ ᠪᠠᠷ ︽ᠠᠮᠣᠷ ᠠᠮᠣᠭᠤᠯᠠᠩ ᠲᠣᠭᠤᠢᠢᠯᠠᠩ︾ ᠎ ᠤᠨ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠵᠥ ᠪᠣᠢ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号