ᠰᠢᠨ᠎ᠠ ᠠᠶᠠᠨ ᠵᠠᠮ ᠳᠤ ᠣᠷᠳᠣᠰ ᠤᠨ ᠰᠠᠶᠢᠨ ᠰᠠᠶᠢᠬᠠᠨ ᠢᠷᠡᠭᠡᠳᠦᠶ ᠶᠢ ᠴᠢᠷᠮᠠᠶᠢᠨ ᠴᠣᠭᠴᠠᠯᠠᠨ᠎ᠠ
ᠨᠡᠶᠢᠲᠡᠯᠡᠭᠰᠡᠨ ᠴᠠᠭ᠄
2021/7/26
             — ᠣᠷᠳᠣᠰ ᠬᠤᠲᠠ ᠶᠢᠨ ᠨᠠᠮ ᠤᠨ ᠬᠤᠷᠢᠶᠠᠨ ᠤ                                                   ᠱᠦᠵᠢ ᠯᠢ ᠯᠢ ᠶᠢ ᠰᠤᠷᠪᠤᠯᠵᠢᠯᠠᠭᠰᠠᠨ ᠨᠢ                                               ᠦᠪᠦᠷ ᠮᠤᠩᠭᠤᠯ ᠤᠨ ᠡᠳᠤᠷ ᠤᠨ ᠰᠣᠨᠢᠨ ᠤ                                               ᠰᠤᠷᠪᠤᠯᠵᠢᠯᠠᠭᠴᠢ ᠸᠠᠩ ᠢᠦᠶ ᠵᠦᠸᠧ            ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ  ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠰᠦᠷ ᠳᠠᠯᠠᠶᠢᠴᠠᠲᠠᠶ᠂ ᠬᠠᠷᠠᠭ᠎ᠠ  ᠠᠭᠤᠳᠠᠮ᠂ ᠠᠭᠤᠯᠬᠤᠨ ᠡᠯᠪᠡᠭ ᠪᠠᠶᠠᠯᠢᠭ᠂ ᠦᠵᠡᠯ ᠰᠠᠨᠠᠭᠠᠨ ᠭᠦᠨ ᠴᠢᠬᠢᠮᠠᠢ ᠥᠷᠭᠡᠨ ᠳᠡᠯᠭᠡᠷ ᠡᠴᠢᠨ᠎ᠠ ᠭᠦᠨᠵᠡᠭᠡᠶ ᠪᠠᠶᠢᠵᠤ᠂ ᠮᠠᠰᠢ ᠴᠢᠩᠭ᠎ᠠ  ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ ᠲᠠᠢ᠂ ᠠᠯᠤᠰ ᠬᠡᠲᠦ ᠶᠢᠨ ᠪᠠᠶᠢᠯᠳᠤᠬᠤ ᠪᠣᠳᠣᠯᠭ᠎ᠠ ᠶᠢᠨ  ᠰᠡᠳᠬᠢᠬᠦᠶ᠂ ᠴᠢᠩᠭ᠎ᠠ ᠬᠦᠴᠦᠲᠠᠢ ᠲᠡᠦᠬᠡ ᠶᠢᠨ ᠡᠭᠦᠷᠭᠡᠯᠡᠯ᠂ ᠠᠷᠠᠳ ᠤᠨ ᠲᠥᠯᠥᠭᠡ ᠵᠢᠳᠬᠦᠬᠦ ᠴᠢᠩ ᠦᠨᠡᠨᠴᠢ ᠬᠠᠶᠢᠷ᠎ᠠ ᠰᠡᠳᠬᠢᠯᠭᠡ ᠶᠢ  ᠢᠯᠡᠷᠡᠬᠦᠯᠵᠦ᠂ ᠮᠠᠷᠺᠰ ᠤᠨ ᠦᠵᠡᠯ ᠤᠨ ᠦᠨᠡᠨ ᠶᠣᠰᠣᠨ ᠤ ᠭᠡᠷᠡᠯ ᠭᠢᠯᠪᠠᠭ᠎ᠠ ᠶᠢ ᠰᠠᠴᠤᠷᠠᠭᠤᠯᠣᠭᠰᠠᠨ ᠭᠡᠷᠡᠯ ᠰᠠᠴᠤᠷᠠᠩᠭᠤᠢ ᠲᠤᠯᠭᠤᠷ ᠪᠢᠴᠢᠭ  ᠮᠥᠨ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠯᠤᠰ ᠲᠥᠷᠥ ᠶᠢᠨ ᠲᠤᠩᠬᠠᠭ ᠮᠥᠨ᠂ ᠰᠢᠨ᠎ᠠ ᠴᠠᠭ  ᠦᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠨ ᠬᠥᠭᠵᠢᠭᠦᠯᠵᠦ᠂ ᠬᠤᠶᠠᠳᠤᠭᠠᠷ  ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠵᠢᠯᠯᠠᠭᠠᠨ ᠤ ᠬᠥᠲᠥᠯᠪᠦᠷᠢ ᠮᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ  ᠬᠦᠴᠦᠷᠬᠡᠭ ᠤᠯᠤᠰ ᠢ ᠪᠦᠬᠦ ᠲᠠᠯ᠎ᠠ ᠪᠠᠷ ᠪᠡᠶᠡᠯᠡᠬᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ  ᠳᠤᠮᠳᠠᠳᠤ ᠶᠢᠨ ᠵᠡᠭᠦᠳᠦ ᠶᠢ ᠲᠡᠷᠭᠡᠯᠰᠢᠬᠦᠯᠬᠦ ᠳᠤ ᠲᠦᠢᠯ ᠤᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠳᠦ ᠶᠢᠨ ᠲᠡᠦᠬᠡᠲᠦ  ᠠᠴᠢ ᠬᠤᠯᠪᠣᠭᠳᠠᠯ ᠲᠠᠢ ᠶᠤᠮ᠃︾ 7 ᠰᠠᠷ᠎ᠠ ᠶᠢᠨ 19᠎ ᠤ ᠡᠳᠦᠷ᠂ ᠣᠷᠳᠣᠰ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠲᠤᠰ  ᠰᠤᠨᠢᠨ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠩᠭᠢᠵᠤ ᠬᠡᠯᠡᠪᠡ᠃            ᠣᠷᠳᠣᠰ ᠬᠤᠲᠠ ᠶᠡᠷᠦᠩᠬᠡᠶ ᠱᠦᠵᠢ ᠰᠢ ᠶᠢᠨ ᠫᠢᠩ ᠤᠨ ︽7 · 1︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ  ᠭᠦᠨᠵᠡᠭᠡᠶ ᠰᠤᠷᠤᠯᠴᠠᠨ ᠪᠠᠲᠤᠲᠠᠶ ᠦᠢᠯᠡᠳᠦᠯᠭᠡᠵᠢᠭᠦᠯᠬᠦ ᠲᠤᠬᠠᠶ ᠯᠢ ᠯᠢ ᠢᠯᠡᠷᠬᠡᠶᠢᠯᠡᠬᠦ ᠳᠡᠭᠡᠨ᠂ ᠲᠡᠦᠬᠡ ᠶᠢᠨ ᠰᠢᠨ᠎ᠠ ᠭᠠᠷᠤᠭ᠎ᠠ ᠳᠡᠭᠡᠷ᠎ᠠ  ᠵᠣᠭᠰᠣᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠦ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ  ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ  ᠤᠯᠤᠰ ᠲᠦᠷᠦ ᠶᠢᠨ ᠡᠭᠦᠷᠭᠡ ᠪᠣᠯᠭᠠᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠦ᠂ ᠶᠡᠷᠦᠩᠬᠡᠶ ᠱᠦᠵᠢ ᠶᠢᠨ ᠥᠪᠥᠷ ᠮᠣᠩᠭᠤᠯ ᠤᠨ  ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ  ᠤᠶᠠᠯᠳᠤᠭᠤᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠨᠡᠪᠲᠡᠷᠭᠡᠢ  ᠣᠶᠢᠯᠠᠭᠠᠳᠠᠯ᠎ᠠ ᠰᠣᠷᠣᠯᠴᠠᠬᠤ᠂ ᠪᠣᠳᠠᠲᠠᠶ ᠲᠠᠢ ᠤᠶᠠᠯᠳᠤᠭᠤᠯᠵᠦ ᠰᠣᠷᠣᠯᠴᠠᠬᠤ᠂ ᠰᠢᠨ᠎ᠠ ᠶᠢ ᠡᠭᠦᠳᠬᠦ ᠬᠡᠯᠪᠡᠷᠢ ᠪᠠᠷ ᠰᠣᠷᠣᠯᠴᠠᠬᠤ ᠶᠢ  ᠬᠠᠷᠢᠯᠴᠠᠨ ᠣᠶᠠᠯᠲᠣᠭᠤᠯᠵᠦ᠂ ︽ᠳᠥᠷᠪᠡᠨ ᠤᠬᠠᠮᠰᠠᠷ︾᠎ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ  ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ  ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ  ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂  ᠣᠶᠤᠨ ᠤᠬᠠᠭᠠᠨ ᠪᠠ ᠬᠦᠴᠦᠨ ᠴᠢᠳᠠᠯ ᠢᠶᠠᠨ ᠣᠳᠣᠬᠢᠴᠢᠯᠠᠭᠰᠠᠨ ᠣᠷᠳᠣᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ  ᠨᠢᠭᠲᠠᠷᠠᠭᠤᠯᠵᠤ᠂ ᠬᠦᠴᠦ ᠪᠠᠨ ᠲᠥᠪᠯᠡᠷᠡᠭᠦᠯᠦᠨ ᠥᠪᠡᠷ ᠤᠨ ᠤᠴᠢᠷ ᠢᠶᠠᠨ ᠰᠠᠶᠢᠨ ᠬᠢᠵᠦ᠂ ᠣᠷᠳᠣᠰ ᠤᠨ ᠰᠠᠶᠢᠨ ᠰᠠᠶᠢᠬᠠᠨ ᠢᠷᠡᠭᠡᠳᠦᠶ ᠶᠢ  ᠴᠢᠷᠮᠠᠶᠢᠨ ᠴᠣᠭᠴᠠᠯᠠᠨ᠎ᠠ᠃            ᠨᠢᠭᠡ ᠳᠤ᠂ ᠲᠡᠦᠬᠡ ᠶᠢᠨ ᠵᠢᠮ᠎ᠡ ᠶᠣᠰᠣ ᠶᠢ ᠣᠨᠣᠪᠴᠢᠲᠠᠶ ᠡᠵᠡᠮᠳᠡᠵᠦ᠂ ᠣᠷᠳᠣᠰ ᠤᠨ ᠰᠠᠶᠢᠨ ᠰᠠᠶᠢᠬᠠᠨ ᠢᠷᠡᠭᠡᠳᠦᠶ ᠶᠢ ᠴᠢᠷᠮᠠᠶᠢᠨ  ᠴᠣᠭᠴᠠᠯᠠᠨ᠎ᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂  ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠭᠤᠣᠯ ᠰᠡᠳᠦᠪ ᠤᠨ ᠲᠣᠭᠤᠷᠢᠨ ᠳᠤ ᠡᠷᠡᠯᠬᠡᠭ  ᠪᠠᠭᠠᠲᠤᠷᠯᠢᠭ ᠢᠶᠠᠷ ᠲᠡᠮᠡᠴᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠶᠢᠭᠡᠮ ᠵᠢᠷᠤᠮᠲᠦ ᠬᠤᠪᠢᠰᠬᠠᠯ ᠪᠠ ᠪᠦᠳᠦᠬᠡᠨ ᠪᠠᠶᠢᠭᠤᠯᠤᠯᠲᠠ᠂  ᠥᠭᠡᠷᠡᠴᠢᠯᠡᠯᠲᠡ ᠨᠡᠬᠡᠬᠡᠯᠳᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ  ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠠᠤᠭ᠎ᠠ ᠶᠡᠭᠡ ᠲᠤᠤᠯᠢᠰ ᠢ ᠪᠢᠴᠢᠭᠯᠡᠭᠰᠡᠨ ᠨᠢ ᠳᠤᠮᠳᠠᠳᠤ ᠶᠢᠨ ᠦᠨᠳᠦᠰᠦᠲᠡᠨ ᠤ  ᠬᠥᠭᠵᠢᠯᠲᠡ ᠶᠢᠨ ᠲᠡᠦᠬᠡ᠂ ᠳᠡᠯᠡᠬᠡᠢ ᠶᠢᠨ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠬᠥᠮᠦᠨ ᠲᠥᠷᠥᠯᠬᠢᠲᠡᠨ ᠤ ᠨᠡᠶᠢᠭᠡᠮ ᠤᠨ  ᠬᠥᠭᠵᠢᠯᠲᠡ ᠶᠢᠨ ᠲᠡᠦᠬᠡᠨ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ  ᠰᠠᠨᠠᠭ᠎ᠠ ᠶᠢ ᠰᠠᠶᠢᠲᠤᠷ ᠰᠤᠷᠤᠯᠴᠠᠬᠤ ᠳᠤ᠂ ᠡ᠊ᠩ ᠲᠡᠷᠢᠭᠦᠨ ᠳᠤ ᠮᠠᠨ ᠤ ᠨᠠᠮ ᠤᠨ ᠵᠠᠭᠤᠨ ᠵᠢᠯ ᠤᠨ ᠲᠤᠷᠰᠢ ᠡᠬᠦᠲᠦᠭᠰᠡᠨ ᠠᠭᠤᠤ ᠶᠡᠭᠡ ᠵᠠᠮ᠂ ᠠᠭᠤᠤ ᠶᠡᠭᠡ ᠦᠢᠯᠡᠰ᠂ ᠠᠭᠤᠤ ᠶᠡᠭᠡ ᠠᠮᠵᠢᠯᠲᠠ ᠳᠤᠮᠳᠠ ᠠᠴᠠ ᠤᠷᠤᠭᠰᠢᠯᠠᠯᠲᠠ ᠶᠢᠨ ᠡᠷᠴᠢ ᠬᠦᠴᠦ ᠣᠯᠵᠤ᠂ ᠬᠥᠭᠵᠢᠯᠲᠡ ᠶᠢᠨ  ᠢᠲᠡᠭᠡᠯ ᠵᠣᠷᠢᠭ ᠢᠶᠠᠨ ᠳᠡᠭᠡᠭᠰᠢᠯᠡᠭᠦᠯᠦᠨ᠂ ᠮᠠᠷᠺᠰ ᠤᠨ ᠦᠵᠡᠯ᠂ ᠡᠪ ᠬᠠᠮᠲᠤ ᠶᠣᠰᠣᠨ ᠤ ᠲᠤᠬᠠᠢ ᠢᠲᠡᠭᠡᠯ ᠪᠢᠰᠢᠷᠡᠯ ᠢᠶᠠᠨ ᠴᠢᠨᠠᠭᠰᠢᠳᠠ  ᠪᠠᠲᠣᠳᠬᠠᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠪᠢᠰᠢᠷᠡᠯ ᠢᠶᠠᠨ ᠴᠢᠩᠭᠠᠳᠬᠠᠨ᠂  ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢᠶᠠᠨ ᠴᠢᠩᠭᠠᠳᠬᠠᠬᠤ ᠬᠡᠷᠡᠭᠲᠡᠢ᠃  ᠪᠢᠳᠡ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ  ᠠᠵᠢᠯᠯᠠᠭᠠᠨ ᠤ ᠬᠥᠲᠥᠯᠪᠦᠷᠢ ᠪᠣᠯᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠭᠦᠭᠦᠷᠭᠡᠨ ᠪᠠᠬᠢᠯᠡᠯᠲᠡ︾᠎ ᠶᠢᠨ  ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠨ᠂ ᠦᠷᠦᠴᠡ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾᠎ ᠶᠢ  ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾᠎ ᠢ ᠪᠤᠳᠤᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠪᠦᠷᠢᠨ ᠬᠦᠢᠴᠡᠳ᠂  ᠣᠨᠣᠪᠴᠢᠲᠠᠶ᠂ ᠪᠦᠬᠦ ᠲᠠᠯ᠎ᠠ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ  ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠤ ᠠᠭᠤᠰᠤᠯᠴᠠᠨ᠂ ᠣᠷᠳᠣᠰ ᠤᠨ ᠰᠢᠨ᠎ᠡ ᠠᠶᠠᠨ ᠵᠠᠮ ᠳᠡᠭᠡᠷᠡᠬᠢ ᠲᠡᠦᠬᠡᠨ ᠣᠷᠣᠨ  ᠪᠠᠶᠢᠷᠢ᠂ ᠴᠠᠭ ᠦᠶ᠎ᠡ ᠶᠢᠨ ᠣᠨᠴᠠᠯᠢᠭ ᠪᠠ ᠤᠷᠤᠭᠰᠢᠯᠠᠯᠲᠠ ᠶᠢᠨ ᠴᠢᠭᠯᠡᠯ ᠢ ᠣᠨᠣᠪᠴᠢᠲᠠᠶ ᠡᠵᠡᠮᠰᠢᠵᠦ᠂ ᠬᠡᠵᠢᠶᠡᠳᠡ ᠬᠤᠶᠢᠷᠭᠤᠰᠢᠬᠤ ᠦᠭᠡᠢ  ᠣᠶᠤᠨ ᠰᠠᠨᠠᠭᠠᠨ ᠤ ᠪᠠᠶᠢᠳᠠᠯ ᠢᠶᠠᠷ᠂ ᠴᠣᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠣᠪᠣᠷ ᠢᠶᠠᠷ᠂ ᠶᠡᠷᠦᠩᠬᠡᠶ ᠱᠦᠵᠢ ᠰᠢ ᠶᠢᠨ ᠫᠢᠩ ᠤᠨ  ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠷᠳᠣᠰ ᠲᠤ ᠠᠮᠢᠳᠤᠯᠢᠭ  ᠦᠢᠯᠡᠳᠦᠯᠭᠡ᠂ ᠰᠠᠶᠢᠨ ᠰᠠᠶᠢᠬᠠᠨ ᠪᠣᠲᠠᠲᠣ ᠠᠬᠤᠢ ᠪᠣᠯᠭᠠᠬᠤ ᠶᠢ ᠪᠥᠬᠦ  ᠬᠦᠴᠦᠨ ᠢᠶᠠᠷ ᠢᠶᠠᠨ ᠠᠬᠢᠭᠤᠯᠣᠨ᠎ᠠ᠃            ᠬᠤᠶᠠᠷ ᠲᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠷᠳᠣᠰ ᠤᠨ ᠰᠠᠶᠢᠨ ᠰᠠᠶᠢᠬᠠᠨ  ᠢᠷᠡᠭᠡᠳᠦᠶ ᠶᠢ ᠴᠢᠷᠮᠠᠶᠢᠨ ᠴᠣᠭᠴᠠᠯᠠᠨ᠎ᠠ᠃ ᠪᠢᠳᠡ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠠᠷ ᠠᠵᠠ ᠲᠣᠬᠢᠶᠠᠯ  ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠵᠦ ᠬᠦᠳᠦᠯᠦᠨ ᠵᠢᠯᠣᠭᠤᠳᠴᠤ᠂ ᠨᠠᠮ ᠤᠨ ᠵᠠᠭᠤᠨ ᠵᠢᠯ ᠤᠨ  ᠲᠡᠮᠡᠴᠡᠯ ᠤᠨ ᠳᠤᠮᠳᠠ ᠪᠦᠷᠢᠯᠳᠦᠭᠰᠡᠨ ᠠᠭᠤᠤ ᠶᠡᠭᠡ ᠵᠣᠷᠢᠭ ᠰᠠᠨᠠᠭ᠎ᠠ ᠪᠠᠷ ᠥᠪᠡᠷ ᠢ ᠪᠠᠨ ᠵᠡᠪᠰᠡᠭᠯᠡᠵᠦ᠂ ᠥᠪᠡᠷ ᠢ ᠪᠠᠨ ᠵᠣᠷᠢᠭᠵᠢᠭᠤᠯᠵᠤ᠂  ᠢᠲᠡᠭᠡᠯ ᠪᠢᠰᠢᠷᠡᠯ ᠤᠨ ᠰᠠᠭᠤᠷᠢ ᠪᠠᠨ ᠲᠠᠰᠤᠷᠠᠯᠳᠠ ᠦᠭᠡᠢ ᠪᠠᠬᠢᠵᠢᠬᠦᠯᠦᠨ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠵᠦ᠂  ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠨ᠎ᠡ᠃ ᠲᠡᠮᠡᠴᠡᠯ ᠤᠨ ᠤᠬᠠᠮᠰᠠᠷ ᠢᠶᠠᠨ ᠴᠢᠩᠭᠠᠳᠬᠠᠵᠤ᠂ ᠲᠡᠮᠡᠴᠡᠯ ᠤᠨ ᠴᠢᠳᠠᠪᠤᠷᠢ ᠪᠠᠨ  ᠳᠡᠭᠡᠭᠰᠢᠯᠡᠭᠦᠯᠦᠨ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠦᠯᠦ ᠮᠠᠷᠲᠠᠬᠤ ᠤᠯᠤᠰ ᠲᠥᠷᠥ ᠶᠢᠨ ᠰᠡᠷᠭᠡᠭ ᠴᠢᠨᠠᠷ᠂  ᠬᠠᠳᠠ ᠴᠢᠯᠠᠭᠤ ᠮᠡᠲᠦ ᠪᠠᠲᠤ ᠪᠠᠬᠢ ᠪᠠᠶᠢᠯᠳᠤᠬᠤ ᠪᠣᠳᠣᠯᠭ᠎ᠠ ᠶᠢᠨ ᠲᠡᠰᠪᠦᠷᠢ ᠲᠡᠪᠴᠢᠶᠡᠷᠢ᠂ ᠵᠣᠷᠢᠭᠲᠠᠶ ᠪᠠᠷ ᠲᠡᠮᠡᠴᠡᠵᠦ ᠡᠷᠡᠮᠡᠬᠡᠶᠢᠯᠡᠨ  ᠤᠷᠤᠭᠰᠢᠯᠠᠬᠤ ᠣᠪᠣᠷ ᠢᠶᠠᠷ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠵᠤ᠂ ᠬᠤᠳᠠᠯᠳᠤᠭ᠎ᠠ  ᠡᠷᠬᠢᠯᠡᠬᠦ ᠣᠷᠴᠢᠨ ᠨᠥᠬᠦᠴᠡᠯ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ᠂ ᠬᠠᠤᠯᠢ ᠠᠴᠠ  ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ᠂  ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ  ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢ ᠠᠬᠤᠶ ᠶᠢ  ᠲᠠᠰᠤᠷᠠᠯᠲᠠ ᠥᠬᠡᠶ ᠴᠡᠪᠡᠷᠰᠢᠭᠦᠯᠦᠨ ᠰᠢᠯᠢᠳᠡᠭᠵᠢᠭᠦᠯᠵᠦ᠂ ᠣᠷᠳᠣᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ  ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃            ᠭᠤᠷᠪᠠ ᠳᠤ᠂ ᠠᠭᠤᠤ ᠶᠡᠭᠡ ᠤᠷᠢᠶᠠᠯᠠᠭ᠎ᠠ ᠶᠢ ᠡᠷᠡᠰ ᠴᠤᠤᠷᠢᠶᠠᠳᠤᠨ ᠳᠠᠭᠠᠵᠤ᠂ ᠣᠷᠳᠣᠰ ᠤᠨ ᠰᠠᠶᠢᠨ ᠰᠠᠶᠢᠬᠠᠨ ᠢᠷᠡᠭᠡᠳᠦᠶ ᠶᠢ  ᠴᠢᠷᠮᠠᠶᠢᠨ ᠴᠤᠭᠴᠠᠯᠠᠨ᠎ᠠ᠃ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠢᠳᠡᠨ ᠢ ᠤᠷᠢᠶᠠᠯᠠᠵᠤ᠂ ᠤᠭ  ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠨ᠂ ᠨᠠᠮ ᠤᠨ ᠵᠣᠷᠢᠯᠲᠠ ᠶᠢ  ᠦᠢᠯᠡᠳᠦᠯᠭᠡᠵᠢᠭᠦᠯᠵᠦ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠡᠭᠦᠷᠢᠳᠡ ᠪᠠᠲᠤᠯᠠᠨ᠂ ᠢᠮᠠᠭᠲᠠ ᠠᠷᠠᠳ ᠲᠦᠮᠡᠨ ᠲᠠᠢ  ᠪᠤᠳᠤᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ ᠵᠢᠷᠭᠠᠯ ᠵᠣᠪᠠᠯᠠᠩ ᠢᠶᠠᠨ  ᠬᠠᠮᠲᠤᠳᠬᠠᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ  ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠤ ᠲᠥᠯᠥᠭᠡ ᠨᠡᠩ ᠶᠡᠭᠡ ᠢᠷᠠᠭᠤ ᠠᠯᠳᠠᠷ ᠢ ᠲᠡᠮᠡᠴᠡᠨ  ᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃ ᠵᠠᠭᠤᠨ ᠵᠢᠯ ᠤᠨ ᠲᠤᠷᠰᠢ᠂ ᠴᠠᠬ ᠤᠨ ᠪᠠᠶᠢᠳᠠᠯ ᠪᠣᠯᠤᠨ ᠡᠭᠦᠷᠭᠡ ᠬᠡᠷᠬᠢᠨ ᠬᠤᠪᠢᠷᠠᠬᠰᠠᠨ ᠴᠤ᠂  ᠡᠯᠲᠡᠪ ᠶᠠᠩᠵᠦ ᠶᠢᠨ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠲᠤᠯᠭᠠᠷᠠᠭᠰᠠᠨ ᠴᠤ᠂ ᠮᠠᠨ ᠤ ᠨᠠᠮ ᠢᠮᠠᠭᠲᠠ ᠵᠥᠪ ᠴᠢᠭᠯᠡᠯ ᠢᠶᠠᠷ ᠡᠷᠡᠰ  ᠪᠠᠲᠤ ᠤᠷᠤᠭᠰᠢᠯᠠᠭᠰᠠᠭᠠᠷ ᠢᠷᠡᠪᠡ᠃ ᠶᠠᠮᠠᠷ ᠲᠤᠮᠤ ᠥᠷᠢᠰᠥᠯᠳᠦᠭᠡᠨ ᠪᠠ ᠳᠠᠷᠤᠯᠲᠠ ᠳᠤᠤᠷ᠎ᠠ ᠴᠤ ᠭᠡᠰᠡᠨ᠂ ᠶᠠᠮᠠᠷ ᠶᠡᠭᠡ ᠦᠷᠡᠭᠳᠡᠯ ᠪᠠ  ᠵᠤᠯᠢᠶᠠᠰᠤ ᠭᠠᠷᠭᠠᠭᠰᠠᠨ ᠴᠤ᠂ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠭᠡᠳᠡᠭ ᠲᠤ ᠥᠴᠦᠬᠡᠨ ᠴᠦ ᠭᠤᠶᠢᠪᠢᠰᠢ ᠦᠭᠡᠢ ᠶᠤᠮ  ᠃ ᠪᠢᠳᠡ ᠰᠢᠯᠭᠠᠭᠤᠯᠢ ᠳᠤ ᠣᠷᠣᠯᠴᠠᠬᠤ ᠬᠤᠷᠴᠠ ᠰᠡᠷᠭᠡᠭ ᠪᠠ ᠡᠷᠡᠰ ᠪᠠᠲᠤ ᠣᠪᠣᠷ ᠢᠶᠠᠷ ︽ᠲᠥᠷᠥ ᠵᠠᠰᠠᠭ ᠪᠣᠯ ᠠᠷᠠᠳ ᠲᠦᠮᠡᠨ ᠮᠦᠨ᠂  ᠠᠷᠠᠳ ᠲᠦᠮᠡᠨ ᠪᠣᠯ ᠲᠥᠷᠥ ᠵᠠᠰᠠᠭ ᠮᠥᠨ︾ ᠭᠡᠳᠡᠭ ᠢ ᠪᠠᠲᠤ ᠴᠡᠭᠡᠵᠢᠯᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ  ᠦᠵᠡᠯ ᠰᠠᠨᠠᠭ᠎ᠠ ᠶᠢ ᠦᠢᠯᠡᠳᠦᠯᠭᠡᠵᠢᠭᠦᠯᠵᠤ᠂ ᠵᠥᠪ ᠣᠨᠣᠪᠴᠢᠲᠠᠶ ᠣᠯᠠᠨ ᠲᠦᠮᠡᠨᠴᠢ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂  ᠡᠷᠬᠡ ᠶᠢᠨ ᠦᠵᠡᠯᠲᠡ ᠶᠢ ᠪᠣᠶ ᠪᠤᠯᠭᠠᠨ᠂ ᠤᠬᠠᠮᠰᠡᠷ ᠠᠴᠠ ᠪᠠᠨ ᠠᠷᠠᠳ ᠲᠦᠮᠡᠨ ᠤ ᠵᠣᠭᠰᠣᠯᠲᠠ ᠶᠢ ᠪᠠᠲᠤ ᠰᠠᠬᠢᠵᠤ᠂ ᠣᠯᠠᠨ  ᠲᠦᠮᠡᠨ ᠯᠦᠭᠡ ᠶᠢᠨ ᠬᠠᠶᠢᠷ᠎ᠠ ᠰᠡᠳᠬᠢᠯᠭᠡ ᠪᠠᠨ ᠴᠢᠩᠭᠠᠳᠬᠠᠨ᠂ ᠣᠯᠠᠨ ᠲᠦᠮᠡᠨᠴᠢ ᠱᠤᠭᠤᠮ ᠢ  ᠦᠢᠯᠡᠳᠦᠯᠭᠡᠵᠢᠭᠦᠯᠵᠦ᠂ ᠬᠡᠯᠪᠡᠷᠢᠴᠢ ᠦᠵᠡᠯ᠂  ᠨᠣᠶᠠᠨᠴᠢ ᠰᠤᠷᠲᠠᠯ ᠢ ᠡᠷᠡᠰ ᠲᠡᠪᠴᠢᠵᠦ᠂ ᠨᠠᠮ ᠪᠣᠯᠤᠨ ᠠᠷᠠᠳ ᠣᠯᠠᠨ ᠤ ᠴᠢᠰᠤ ᠮᠢᠬᠠᠨ ᠤ ᠬᠠᠷᠢᠴᠠᠭ᠎ᠠ ᠶᠢ ᠤᠯᠠᠮ ᠨᠢᠭᠡ ᠠᠯᠬᠤᠮ  ᠨᠢᠭᠲᠠᠷᠠᠭᠤᠯᠤᠨ᠎ᠠ᠃ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ  ᠭᠦᠨᠵᠡᠭᠡᠶᠢᠷᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠤᠯᠦᠨ ᠵᠢᠯᠣᠭᠤᠳᠴᠤ ᠠᠷᠠᠳ ᠣᠯᠠᠨ ᠤ ᠵᠣᠪᠠᠭᠤᠷᠢ  ᠵᠦᠳᠡᠭᠦᠷᠢ ᠶᠢ ᠦᠷᠬᠦᠯᠵᠢ ᠪᠤᠳᠤᠯᠬᠢᠯᠠᠬᠤ ᠬᠡᠷᠡᠭᠲᠡᠶ᠂  ᠦᠷᠭᠦᠯᠵᠢ ᠠᠷᠠᠳ ᠢ ᠪᠠᠶᠠᠵᠢᠭᠤᠯᠬᠤ ᠠᠷᠭ᠎ᠠ ᠤᠬᠠᠭᠠᠨ ᠰᠡᠳᠦᠵᠤ᠂ ᠨᠠᠮ ᠪᠠ ᠠᠷᠠᠳ  ᠲᠦᠮᠡᠨ ᠤ ᠲᠥᠯᠥᠭᠡ ᠨᠠᠩ ᠵᠩᠡ ᠢᠷᠠᠭᠤ ᠠᠯᠳᠠᠷ ᠢ ᠲᠡᠮᠡᠴᠡᠨ ᠣᠯᠬᠤ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠦ᠂ ᠬᠦᠭᠵᠢᠯᠳᠡ ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠬᠤ ᠠᠰᠠᠭᠤᠳᠠᠯ ᠪᠠ ᠠᠷᠠᠳ ᠤᠯᠠᠨ ᠤ ︽ᠪᠠᠴᠢᠮᠲᠠᠵᠦ ᠵᠣᠪᠠᠨᠢᠵᠦ  ᠲᠦᠪᠡᠭᠲᠡᠵᠦ ᠬᠦᠰᠡᠵᠦ ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠦᠷᠢᠯᠠᠵᠤ᠂ ᠠᠷᠠᠳ ᠤᠨ  ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠪᠠ ᠪᠠᠭᠤᠷᠠᠢ ᠲᠠᠯ᠎ᠠ ᠶᠢ ᠲᠦᠷᠭᠡᠳᠭᠡᠨ ᠨᠥᠬᠦᠪᠥᠷᠢᠯᠡᠨ᠎ᠡ᠂ ᠦᠨᠳᠦᠰᠦᠨ ᠠᠷᠠᠳ ᠤᠨ  ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ  ᠢᠳᠡᠪᠬᠢᠲᠡᠢ ᠠᠬᠢᠭᠤᠯᠵᠤ᠂ ᠲᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠳᠤᠳᠬᠠᠵᠦ᠂  ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠠᠳ ᠣᠯᠠᠨ ᠢ ᠨᠡᠩ ᠤᠯᠠᠨ᠂ ᠨᠠᠩ  ᠰᠢᠭᠤᠳ᠂ ᠨᠠᠩ ᠪᠣᠳᠠᠲᠠᠶ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠲᠠᠢ ᠪᠤᠯᠭᠠᠵᠤ᠂  ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶᠠᠨ ᠤ ᠠᠭᠤᠤ ᠶᠡᠭᠡ ᠤᠷᠢᠶᠠᠯᠠᠭ᠎ᠠ ᠶᠢ ᠳᠠᠭᠠᠨ᠎ᠠ ᠃            ᠳᠥᠷᠪᠡ ᠳᠤ᠂ ︽ᠶᠢᠰᠦᠨ ᠡᠷᠬᠡᠪᠰᠢ︾᠎ ᠶᠢᠨ ᠦᠨᠳᠦᠰᠦᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠶ ᠦᠢᠯᠡᠳᠦᠯᠭᠡᠵᠢᠭᠦᠯᠵᠦ᠂  ᠣᠷᠳᠣᠰ ᠤᠨ ᠰᠠᠶᠢᠨ ᠰᠠᠶᠢᠬᠠᠨ ᠢᠷᠡᠭᠡᠳᠦᠶ ᠶᠢ ᠴᠢᠷᠮᠠᠶᠢᠨ ᠴᠣᠭᠴᠠᠯᠠᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠪᠠᠷ ᠲᠣᠯᠢ  ᠪᠣᠯᠭᠠᠬᠤ ᠶᠢᠨ ᠲᠣᠭᠤᠷᠢᠨ ᠳᠤ᠂ ᠢᠷᠡᠭᠡᠳᠦᠶ ᠶᠢ ᠴᠤᠭᠴᠠᠯᠠᠬᠤ ︽ᠶᠢᠰᠦᠨ ᠡᠷᠬᠡᠪᠰᠢ︾᠎ ᠶᠢᠨ ᠦᠨᠳᠦᠰᠦᠨ ᠱᠠᠭᠠᠷᠳᠠᠯᠭ᠎ᠠ ᠶᠢ ᠲᠣᠳᠣᠷᠬᠠᠶ  ᠳᠤᠷᠠᠳᠤᠨ ᠭᠠᠷᠭᠠᠵᠦ᠂ ᠦᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠤᠭᠰᠠᠨ᠂ ᠢᠷᠡᠭᠡᠳᠦᠢ ᠳᠤ ᠪᠢᠳᠡ ᠶᠠᠭᠠᠬᠢᠪᠠᠯ ᠰᠠᠶ᠋ᠢ ᠦᠷᠬᠦᠯᠵᠢᠯᠡᠨ ᠠᠮᠵᠢᠯᠲᠠ ᠣᠯᠬᠤ ᠶᠢᠨ ᠭᠦᠨ ᠶᠣᠰᠣ ᠶᠢ ᠲᠠᠶᠢᠯᠪᠣᠷᠢᠯᠠᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ  ᠤᠳᠤᠷᠢᠳᠬᠤ ᠭᠤᠤᠯᠯᠠᠭᠴᠢ᠂ ᠦᠷᠳᠡᠭ ᠤᠨ ᠬᠥᠭᠡᠭᠡᠴᠡᠯᠳᠦᠯ᠂ ᠤᠨᠦᠯ ᠤᠨ ᠵᠢᠯᠦᠭᠤᠳᠦᠯᠭ᠎ᠠ᠂ ᠪᠠᠶᠢᠯᠳᠤᠬᠤ ᠪᠤᠳᠤᠯᠭ᠎ᠠ ᠶᠢᠨ ᠲᠦᠰᠢᠭ  ᠲᠤᠯᠭᠠᠭᠤᠷᠢ᠂ ᠭᠠᠳᠠᠭᠠᠳᠤ ᠣᠷᠴᠢᠨ᠂ ᠬᠦᠴᠦᠨ ᠤ ᠡᠬᠢ ᠪᠤᠯᠠᠭ ᠵᠡᠷᠭᠡ ᠠᠯᠢ ᠤᠯᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ  ᠬᠠᠷᠢᠭᠤᠯᠲᠠ ᠦᠭᠴᠦ᠂ ᠪᠦᠬᠦ ᠨᠠᠮ ᠢ ᠵᠣᠷᠢᠭᠵᠢᠭᠤᠯᠤᠨ ᠰᠢᠨ᠎ᠡ ᠠᠶᠠᠨ ᠵᠠᠮ ᠳᠤ ᠨᠡᠩ ᠢᠲᠡᠭᠡᠯ ᠲᠠᠢ ᠪᠣᠯᠭᠠᠵᠦ᠂ ᠤᠭ ᠰᠠᠨᠠᠭ᠎ᠠ ᠡᠭᠦᠷᠭᠡ  ᠬᠠᠷᠢᠭᠤᠴᠠᠯᠭ᠎ᠠ ᠪᠠᠨ ᠤᠬᠠᠮᠰᠡᠷ ᠠᠴᠠ ᠪᠠᠨ ᠨᠡᠩ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠴᠣᠬᠴᠠᠯᠠᠨ᠂ ᠨᠠᠩ ᠴᠤ ᠪᠢᠳᠡᠨ ᠤ  ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠠᠶᠠᠨ ᠵᠠᠮ ᠢᠶᠠᠷ ᠵᠠᠮᠨᠠᠬᠤ ᠳᠤ ᠴᠢᠭᠯᠡᠯ ᠢ ᠲᠣᠳᠣᠷᠬᠠᠶ ᠵᠢᠭᠠᠨ ᠦᠭᠴᠤ᠂  ᠵᠢᠷᠤᠮᠯᠠᠯ ᠬᠠᠩᠭᠠᠪᠠ᠃ ᠣᠷᠳᠣᠰ ᠬᠤᠲᠠ ᠤᠯᠤᠰ ᠤᠨ ᠴᠢᠬᠤᠯᠠ ᠡᠨᠧᠷᠭᠢ ᠶᠢᠨ ᠪᠠᠲᠤᠯᠠᠭ᠎ᠠ ᠶᠢᠨ ᠰᠠᠭᠤᠷᠢᠨ ᠪᠠ ᠥᠪᠡᠷᠲᠡᠭᠡᠨ ᠵᠠᠰᠠᠬᠤ  ᠣᠷᠣᠨ ᠤ ᠠᠵᠤ ᠠᠬᠤᠶ ᠶᠢᠨ ᠬᠥᠭᠵᠢᠯᠲᠡ ᠶᠢᠨ ︽ᠰᠠᠭᠤᠷᠢ ᠴᠢᠯᠠᠭᠤ︾᠂ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ︽ᠶᠢᠰᠦᠨ  ᠡᠷᠬᠡᠪᠰᠢ︾᠎ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ  ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠲᠣᠯᠭ᠎ᠠ ᠪᠣᠯᠭᠠᠨ᠂ ︽ᠬᠤᠤᠰ ᠨᠡᠭᠦᠷᠡᠰᠦᠲᠥ᠋ᠷᠥᠭᠴᠢ︾᠂ ︽ ᠬᠤᠤᠰ ᠬᠢᠵᠠᠭᠠᠷᠯᠠᠬᠤ︾ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠦ᠂ ᠠᠵᠤ ᠦᠢᠯᠡᠰ ᠤᠨ ︽ᠳᠥᠷᠪᠡᠨ  ᠣᠯᠠᠨ᠂ ᠳᠥᠷᠪᠡᠨ ᠴᠥᠭᠡᠨ︾ ᠪᠠᠶᠢᠳᠠᠯ ᠢ ᠲᠦᠷᠭᠡᠳᠬᠡᠨ ᠬᠤᠪᠢᠷᠠᠭᠤᠯᠵᠦ᠂ ᠠᠵᠤ ᠠᠬᠤᠢ ᠶᠢᠨ ᠪᠦᠳᠦᠴᠡ ᠶᠢᠨ ᠲᠣᠬᠢᠷᠠᠭᠤᠯᠤᠯᠲᠠ ᠶᠢ  ᠠᠬᠢᠭᠤᠯᠤᠨ᠎ᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦ ᠶᠢ ᠠᠬᠢᠭᠤᠯᠤᠨ᠂ ᠥᠭᠡᠷᠡᠴᠢᠯᠡᠯᠲᠡ ᠨᠡᠭᠡᠭᠡᠯᠲᠡ ᠬᠢᠵᠦ  ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ᠂ ᠬᠤᠲᠠ ᠬᠦᠳᠡᠭᠡ ᠣᠷᠣᠨ ᠪᠦᠰᠡ ᠶᠢᠨ ᠬᠥᠭᠵᠢᠯᠲᠡ ᠶᠢ ᠨᠢᠭᠡᠳᠦᠯᠲᠡᠶ ᠲᠦᠯᠦᠪᠵᠢᠬᠦᠯᠵᠦ᠂  ᠤᠯᠤᠰ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠲᠠ ᠂ ᠪᠦᠬᠦ ᠤᠯᠤᠰ ᠤᠨ ᠬᠤᠳᠠᠯᠳᠤᠭ᠎ᠠ ᠡᠷᠬᠢᠯᠡᠬᠦ  ᠣᠷᠴᠢᠨ ᠨᠥᠬᠦᠴᠡᠯ ᠤᠨ ᠰᠢᠯᠢᠳᠡᠭ ᠬᠤᠲᠠ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ  ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ᠂ ︽ᠠᠮᠢ ᠠᠬᠤᠶ ᠶᠢ ᠤᠷᠢᠳ ᠢᠶᠠᠷ ᠪᠤᠳᠤᠯᠬᠢᠯᠠᠵᠦ᠂ ᠪᠣᠬᠢᠷᠲᠤᠯ ᠦᠭᠡᠢ ᠬᠥᠭᠵᠢᠯᠲᠡ ᠪᠠᠷ  ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ︾ ᠬᠤᠰᠢᠭᠤᠴᠢ ᠣᠷᠣᠨ ᠢ ᠪᠥᠬᠦ  ᠬᠦᠴᠦᠨ ᠢᠶᠠᠷ ᠢᠶᠠᠨ ᠪᠥᠲᠥᠭᠡᠨ ᠪᠠᠶᠢᠭᠤᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠦ᠂ ᠠᠭᠤᠤ ᠶᠡᠭᠡ  ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠣᠨ᠎ᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号