ᠵᠠᠰᠠᠭ ᠤᠨ ᠤᠷᠳᠤᠨ ᠤ ᠠᠯᠪᠠᠨ ᠭᠡᠷ
ᠨᠡᠶᠢᠲᠡᠯᠡᠭᠰᠡᠨ ᠴᠠᠭ᠄
2021/7/30
     ᠨᠢᠭᠡ᠂ ᠤᠳᠤᠷᠢᠳᠬᠤ ᠪᠠᠭ      ᠨᠠᠷᠢᠨ ᠪᠢᠴᠢᠭ ᠤᠨ ᠳᠠᠷᠤᠭ᠎ᠠ ︵ᠠᠯᠪᠠᠨ ᠭᠡᠷ ᠤᠨ ᠡᠷᠬᠢᠯᠡᠭᠴᠢ︶᠄ ᠵᠠᠩ ᠵᠥᠩ ᡁᠢ      ᠨᠠᠷᠢᠨ ᠪᠢᠴᠢᠭ ᠤᠨ ᠳᠡᠳ᠋ ᠳᠠᠷᠤᠭ᠎ᠠ᠄ ᠯᠢ ᠪᠢᠨ   ᠯᠢ ᠫᠧᠩ      ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠠᠴᠠ ᠬᠤᠳᠠ ᠶᠢᠨ ᠵᠠᠰᠠᠭ ᠤᠨ ᠤᠷᠳᠤᠨ ᠤ ᠠᠯᠪᠠᠨ ᠭᠡᠷ ᠲᠤ ᠲᠤᠮᠢᠯᠠᠵᠤ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ  ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠄ ᠵᠧᠩ ᠯᠢᠩ ᡁᠢ      ᠠᠯᠪᠠᠨ ᠭᠡᠷ ᠤᠨ ᠳᠡᠳ᠋ ᠡᠷᠬᠢᠯᠡᠭᠴᠢ᠄ ᠴᠧᠨ ᠰᠢ ᠷᠥᠩ   ᠴᠢᠦ ᠯᠢᠨ      ᠬᠤᠶᠠᠷ᠂ ᠭᠤᠤᠯ ᠳᠤᠰᠢᠶᠠᠯ ᠬᠠᠷᠢᠭᠤᠴᠠᠯᠭ᠎ᠠ      ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠨᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠫᠠᠶᠢᠰᠠ ᠶᠢ ᠡᠯᠬᠦᠨ᠎ᠡ᠃ ᠳᠤᠬᠢᠷᠠᠭᠤᠯᠤᠯᠳᠠ ᠬᠢᠭᠰᠡᠨ ᠤ ᠳᠠᠷᠠᠭ᠎ᠠ᠂ ᠭᠤᠤᠯ ᠳᠤᠰᠢᠶᠠᠯ ᠬᠠᠷᠢᠭᠤᠴᠠᠯᠭ᠎ᠠ ᠨᠢ ᠳᠤᠤᠷᠠᠬᠢ ᠮᠡᠳᠤ᠄   ︵ᠨᠢᠭᠡ︶ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠥᠬᠦᠳ ᠢ ᠬᠠᠮᠵᠢᠨ ᠪᠦᠬᠦ  ᠬᠤᠳᠠ ᠶᠢᠨ ᠠᠵᠢᠯ ᠤᠨ ᠪᠠᠶᠢᠳᠠᠯ ᠢ ᠤᠶᠢᠯᠠᠭᠠᠨ ᠡᠵᠡᠮᠰᠢᠨ᠎ᠡ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠣᠯᠤᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠡ ᠶᠢᠨ ᠬᠤᠭᠤᠷᠣᠨᠳᠤᠬᠢ ᠮᠠᠷᠭᠤᠭᠠᠨ ᠲᠠᠢ ᠴᠢᠬᠤᠯᠠ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃     ︵ᠬᠤᠶᠠᠷ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠮᠵᠢᠨ  ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠬᠦ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃     ︵ᠭᠤᠷᠪᠠ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠮᠵᠢᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠷᠠᠯ ᠢᠶᠠᠷ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠳᠥᠷᠪᠡ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠠᠪᠤᠳᠠᠯ ᠤᠨ ᠴᠢᠬᠤᠯᠠ ᠠᠵᠢᠯᠯᠠᠭ᠎ᠠ ᠶᠢ ᠲᠣᠬᠢᠷᠠᠭᠤᠯᠬᠤ ᠶᠢ ᠬᠠᠷᠢᠭᠤᠴᠠᠨ᠎ᠠ᠃     ︵ᠲᠠᠪᠤ︶ ᠡᠯ᠎ᠡ ᠬᠤᠰᠢᠭᠤ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠃ ᠭᠦᠢᠴᠡᠳᠬᠡᠬᠦ ᠰᠠᠨᠠᠯ ᠳᠤᠷᠠᠳᠴᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ  ᠵᠦᠪᠰᠢᠶᠡᠷᠡᠬᠦᠯᠬᠦ ᠶᠢ ᠬᠠᠷᠢᠭᠤᠴᠠᠨ᠎ᠠ᠃     ︵ᠵᠢᠷᠭᠤᠭ᠎ᠠ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠠᠰᠠᠭ ᠤᠨ ᠣᠷᠳᠣᠨ ᠤ ᠠᠯᠪᠠᠨ  ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠲᠠᠷᠬᠠᠭᠠᠨ ᠶᠠᠪᠤᠭᠤᠯᠬᠤ ᠭᠡᠵᠤ ᠪᠠᠶᠢᠭ᠎ᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃     ︵ᠳᠣᠯᠤᠭ᠎ᠠ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠬᠤᠰᠢᠭᠤ ᠳᠤᠭᠤᠷᠢᠭ ᠤᠨ ᠵᠠᠰᠠᠭ ᠤᠨ ᠣᠷᠳᠣᠨ ᠨᠤᠭᠤᠳ ᠤᠨ ᠥᠪᠡᠷᠲᠡᠭᠡᠨ ᠵᠠᠰᠠᠬᠤ ᠣᠷᠣᠨ ᠬᠢᠭᠡᠳ  ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠳᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤ ᠨᠢ ᠮᠡᠳᠡᠭᠦᠯᠦᠨ᠎ᠡ ᠃     ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠬᠤᠳᠠ ᠎ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠬᠤ ᠶᠢ ᠬᠠᠷᠢᠭᠤᠴᠠᠨ᠎ᠠ᠃     ︵ᠶᠢᠰᠦ︶ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠣᠷᠴᠢᠭᠤᠯᠭ᠎ᠠ ᠶᠢᠨ ᠠᠵᠢᠯ ᠢ ᠬᠠᠷᠢᠭᠤᠴᠠᠵᠤ᠂ ᠪᠦᠬᠦ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠣᠷᠴᠢᠭᠤᠯᠭ᠎ᠠ ᠪᠣᠯᠤᠨ ᠮᠣᠩᠭᠤᠯ ᠬᠡᠯᠡᠨ ᠤ ᠫᠤᠷᠲ᠋ᠧᠯ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃     ︵ᠠᠷᠪᠠ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠶᠠᠪᠤᠭᠳᠠᠭᠤᠯᠬᠤ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ  ᠳᠠᠭᠠᠭᠠᠴᠢᠯᠠᠨ ᠡᠷᠬᠢᠯᠡᠨ᠎ᠡ᠃     ︵ᠠᠷᠪᠠᠨ ᠨᠢᠭᠡ︶ ᠠᠵᠤ ᠠᠬᠤᠶ ᠠᠮᠢ ᠠᠬᠤᠢ ᠶᠢᠨ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠳᠠ ᠶᠢᠨ ᠠᠵᠤ ᠠᠬᠤᠶ ᠠᠮᠢ ᠠᠬᠤᠢ ᠶᠢᠨ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠬᠤᠳᠠ ᠶᠢᠨ ᠠᠵᠤ ᠠᠬᠤᠶ ᠠᠮᠢ ᠠᠬᠤᠢ ᠶᠢᠨ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠨ ᠵᠢᠱᠢᠯᠲᠡ ᠪᠠ  ᠱᠠᠭᠠᠷᠳᠠᠨ ᠪᠠᠶᠢᠴᠠᠭᠠᠯᠲᠠ ᠬᠢᠨ᠎ᠡ᠃     ︵ᠠᠷᠪᠠᠨ ᠬᠤᠶᠠᠷ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠬᠦᠷᠯᠡᠬᠦ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠵᠦ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠱᠠᠭᠠᠷᠳᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠳᠠ ᠶᠢᠨ ᠵᠠᠰᠠᠭ ᠤᠨ ᠤᠷᠳᠤᠨ ᠤ ᠰᠢᠰᠲ᠋ᠧᠮ ᠤᠨ ᠵᠢᠵᠢᠬᠦᠷᠯᠡᠬᠦ ᠠᠵᠢᠯ ᠢ ᠵᠢᠯᠤᠭᠤᠳᠤᠨ᠎ᠠ᠃     ︵ᠠᠷᠪᠠᠨ ᠭᠤᠷᠪᠠ︶ ᠬᠤᠳᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠬᠤᠳᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠱᠠᠭᠠᠷᠳᠠᠨ ᠵᠢᠯᠤᠭᠤᠳᠴᠤ ᠪᠠᠶᠢᠴᠠᠭᠠᠨ᠎ᠠ᠃     ︵ᠠᠷᠪᠠᠨ ᠳᠥᠷᠪᠡ︶ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠬᠠᠮᠢᠶᠠᠷᠤᠨ᠎ᠠ᠃      ︵ᠠᠷᠪᠠᠨ ᠲᠠᠪᠤ︶ ᠭᠠᠳᠠᠭᠠᠳᠤ ᠶᠠᠪᠤᠳᠠᠯ ᠤᠨ ᠠᠵᠢᠯ ᠤᠨ ᠳᠤᠬᠠᠢ ᠴᠢᠭᠯᠡᠯᠳᠡ᠂ ᠲᠦᠷᠦ ᠶᠢᠨ ᠪᠤᠳᠤᠯᠭ᠎ᠠ ᠬᠢᠭᠡᠳ ᠬᠠᠤᠯᠢ ᠴᠠᠭᠠᠵᠠ ᠬᠠᠤᠯᠢ ᠳᠤᠭᠳᠠᠭᠠᠯ ᠵᠢᠴᠢ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ  ᠳᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠭᠠᠳᠠᠭᠠᠳᠤ ᠶᠠᠪᠤᠳᠠᠯ ᠤᠨ ᠠᠵᠢᠯ ᠤᠨ ᠳᠦᠷᠢᠮ ᠬᠢᠭᠡᠳ ᠠᠵᠢᠯ ᠤᠨ ᠲᠦᠯᠦᠪᠯᠡᠭᠡ ᠶᠢ  ᠰᠤᠳᠤᠯᠤᠨ ᠳᠤᠭᠳᠠᠭᠠᠨ᠎ᠠ᠃ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠪᠠᠶᠢᠴᠠᠭᠠᠨ ᠰᠤᠳᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠤ᠂ ᠬᠤᠳᠠ ᠶᠢᠨ ᠨᠠᠮ ᠤᠨ ᠬᠤᠷᠢᠶ᠎ᠠ  ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠳᠤᠭᠳᠠᠭᠠᠬᠤ ᠳᠤ ᠰᠠᠶᠢᠨ ᠵᠦᠪᠯᠡᠭᠴᠢ ᠬᠠᠪᠰᠤᠷᠤᠭᠴᠢ ᠪᠤᠯᠤᠨ᠎ᠠ᠃      ︵ᠠᠷᠪᠠᠨ ᠵᠢᠷᠭᠤᠭ᠎ᠠ︶ ᠪᠦᠬᠦ ᠬᠤᠳᠠ ᠶᠢᠨ ᠭᠠᠳᠠᠭᠠᠳᠤ ᠲᠠᠢ ᠬᠤᠯᠪᠤᠭᠳᠠᠬᠤ ᠠᠵᠢᠯ ᠬᠢᠭᠡᠳ ᠰᠢᠶᠠᠩᠭᠠᠩ᠂ ᠤᠤᠮᠧᠨ ᠤ ᠭᠡᠷᠡᠭ ᠶᠠᠪᠤᠳᠠᠯ ᠢ ᠳᠠᠭᠠᠭᠠᠴᠢᠯᠠᠨ ᠵᠤᠬᠢᠴᠠᠭᠤᠯᠵᠤ᠂ ᠪᠦᠬᠦ ᠬᠤᠳᠠ ᠶᠢᠨ ᠠᠷᠠᠳ ᠤᠨ ᠳᠤᠮᠳᠠᠬᠢ ᠭᠠᠳᠠᠭᠠᠳᠤ ᠲᠠᠢ ᠨᠦᠬᠦᠷᠰᠡᠭ ᠢᠶᠠᠷ ᠬᠠᠷᠢᠯᠴᠠᠬᠤ ᠠᠵᠢᠯ ᠢ ᠵᠢᠯᠤᠭᠤᠳᠤᠨ᠎ᠠ᠃      ︵ᠠᠷᠪᠠᠨ ᠳᠤᠯᠤᠭ᠎ᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠭᠤᠷᠪᠠ᠂ ᠳᠤᠳᠤᠭᠠᠳᠤ ᠶᠢᠨ ᠪᠠᠶᠢᠭᠤᠯᠤᠮᠵᠢ  ᠄      ︵ᠨᠢᠭᠡ︶ ᠶᠡᠷᠦᠩᠭᠡᠶᠢᠯᠡᠭᠰᠡᠨ ᠨᠢᠭᠡᠳᠤᠭᠡᠷ ᠰᠠᠯᠠᠭ᠎ᠠ᠄ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠶᠡᠷᠦᠩᠭᠡᠶᠢᠯᠡᠭᠰᠡᠨ ᠴᠢᠨᠠᠷᠳᠠᠢ ᠬᠤᠷᠠᠯ ᠤᠨ ᠮᠠᠲ᠋ᠧᠷᠢᠶᠠᠯ ᠬᠢᠭᠡᠳ ᠪᠤᠰᠤᠳ ᠦᠰᠦᠭ ᠪᠢᠴᠢᠭ ᠤᠨ ᠮᠠᠲ᠋ᠧᠷᠢᠶᠠᠯ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠭᠤᠤᠯ  ᠤᠳᠤᠷᠢᠳᠤᠯᠭ᠎ᠠ ᠶᠢᠨ ᠡᠯ᠎ᠡ ᠲᠦᠷᠦᠯ ᠤᠨ ᠡᠭᠡ ᠪᠢᠴᠢᠭ ᠢ ᠲᠤᠭᠤᠷᠪᠢᠨ᠎ᠠ᠃ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠲᠦᠯᠦᠪᠯᠡᠭᠡ᠂ ᠳ᠋ᠦᠩᠨᠡᠯᠳᠡ ᠬᠢᠭᠡᠳ ᠪᠤᠰᠤᠳ ᠶᠡᠷᠦᠩᠭᠡᠶᠢᠯᠡᠭᠰᠡᠨ ᠴᠢᠨᠠᠷᠳᠠᠢ᠂ ᠳᠤᠰᠬᠠᠢ ᠰᠡᠳᠤᠪᠳᠤ ᠴᠢᠨᠠᠷᠳᠠᠢ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃ ᠤᠳᠤᠷᠢᠳᠤᠯᠭ᠎ᠠ ᠶᠢᠨ ᠳᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠬᠦᠢᠴᠡᠳᠭᠡᠨ᠎ᠡ᠃      ︵ᠬᠤᠶᠠᠷ︶ ᠶᠡᠷᠦᠩᠭᠡᠶᠢᠯᠡᠭᠰᠡᠨ ᠬᠤᠶᠠᠳᠤᠭᠠᠷ ᠰᠠᠯᠠᠭ᠎ᠠ ︵ᠪᠠᠶᠢᠴᠠᠭᠠᠨ ᠰᠤᠳᠤᠯᠬᠤ ᠳᠠᠰᠤᠭ︶᠄ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠵᠠᠰᠠᠭ ᠤᠨ ᠣᠷᠳᠣᠨ ᠤ ᠠᠯᠪᠡᠠ ᠭᠡᠷ ᠤᠨ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠮᠬᠢᠯᠡᠨ ᠰᠤᠳᠤᠯᠬᠤ ᠠᠵᠢᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ  ᠰᠢᠢᠳᠪᠤᠷᠢᠳᠤ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠢᠭᠡᠳ ᠯᠠᠪᠯᠠᠯᠲᠠ ᠬᠠᠩᠭᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ ᠰᠢᠢᠳᠪᠤᠷᠢᠳᠤ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠤᠯᠭᠠᠬᠤ ᠲᠡᠷᠢᠭᠦᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠵᠡᠷᠭᠡ ᠡᠯ᠎ᠡ ᠲᠥᠷᠥᠯ ᠤᠨ ᠴᠢᠬᠤᠯᠠ ᠮᠡᠳᠡᠭᠡ ᠵᠠᠩᠭᠢ ᠬᠢᠭᠡᠳ ᠪᠠᠶᠢᠳᠠᠯ ᠢ ᠴᠤᠭᠯᠠᠭᠤᠯᠤᠨ ᠡᠮᠬᠢᠳᠬᠡᠬᠦ ᠶᠢ ᠬᠠᠷᠢᠭᠤᠴᠠᠨ᠎ᠠ᠃ ︽ᠣᠷᠳᠣᠰ ᠤᠨ ᠪᠠᠶᠢᠴᠠᠭᠠᠨ ᠰᠤᠳᠤᠯᠤᠯᠲᠠ︾ ᠵᠡᠷᠭᠡ ᠯᠠᠪᠯᠠᠯᠲᠠ ᠶᠢᠨ ᠮᠠᠲ᠋ᠧᠷᠢᠶᠠᠯ ᠢ ᠨᠠᠶᠢᠷᠠᠭᠤᠯᠬᠤ ᠶᠢ ᠬᠠᠷᠢᠭᠤᠴᠠᠨ᠎ᠠ᠃ ᠶᠡᠷᠦᠩᠬᠡᠶᠢᠯᠡᠭᠰᠡᠨ ᠨᠢᠭᠡᠳᠤᠭᠡᠷ ᠰᠠᠯᠠᠭ᠎ᠠ ᠶᠢ ᠬᠠᠮᠵᠢᠨ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠢ ᠲᠤᠭᠤᠷᠪᠢᠨ ᠪᠢᠴᠢᠬᠦ ᠠᠵᠢᠯ ᠢ ᠪᠡᠶᠡᠯᠡᠭᠦᠯᠦᠨ᠎ᠡ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠭᠤᠷᠪᠠ︶ ᠶᠡᠷᠦᠩᠭᠡᠶᠢᠯᠡᠭᠰᠡᠨ ᠭᠤᠷᠪᠠᠳᠤᠭᠠᠷ ᠰᠠᠯᠠᠭ᠎ᠠ᠄ ᠬᠤᠲᠠ ᠶᠢᠨ ᠳᠠᠷᠤᠭ᠎ᠠ ᠶᠢᠨ ᠡᠳᠦᠷ ᠲᠤᠲᠤᠮ ᠤᠨ ᠠᠵᠢᠯᠯᠠᠭ᠎ᠠ ᠶᠢ ᠵᠣᠬᠢᠴᠠᠭᠤᠯᠤᠨ ᠬᠠᠷᠢᠯᠴᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠢᠴᠢ ᠬᠤᠯᠪᠣᠭᠳᠠᠯ ᠪᠥᠬᠦᠶ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠳᠠ ᠶᠢᠨ ᠳᠠᠷᠤᠭ᠎ᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠱᠠᠭᠠᠷᠳᠠᠨ ᠪᠠᠶᠢᠴᠠᠭᠠᠬᠤ ᠲᠠᠰᠤᠭ ᠲᠠᠢ ᠬᠠᠮᠵᠢᠯᠴᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠲᠠ ᠶᠢᠨ ᠳᠠᠷᠤᠭ᠎ᠠ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠤᠳᠤᠯᠭ᠎ᠠ ᠳᠤᠭᠳᠠᠭᠠᠬᠤ ᠵᠦᠢᠯᠡᠰ ᠢ ᠱᠠᠭᠠᠷᠳᠠᠨ  ᠬᠦᠢᠴᠡᠳᠭᠡᠵᠤ ᠨᠠᠶᠢᠳᠠᠪᠤᠷᠢᠵᠢᠭᠤᠯᠬᠤ ᠬᠢᠭᠡᠳ ᠬᠦᠢᠴᠡᠳᠭᠡᠭᠰᠡᠨ ᠪᠠᠶᠢᠳᠠᠯ ᠤᠨ ᠳᠤᠬᠠᠢ ᠬᠠᠷᠢᠭᠤ ᠲᠤᠰᠬᠠᠬᠤ ᠠᠵᠢᠯ ᠢ ᠬᠢᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠳᠤᠷ ᠳᠤᠳᠤᠮ ᠎ ᠤᠨ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠲᠣᠭᠠᠳᠤ ᠭᠠᠳᠠᠭᠠᠳᠤ ᠶᠠᠪᠤᠳᠠᠯ ᠤᠨ ᠠᠵᠢᠯᠯᠠᠭᠠᠨ ᠤ ᠳᠤᠬᠢᠷᠠᠭᠤᠯᠤᠯᠳᠠ ᠶᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠶᠠᠪᠤᠭᠳᠠᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠨ᠎ᠡ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ  ᠳᠠᠭᠠᠭᠠᠴᠢᠯᠠᠨ ᠭᠦᠢᠴᠡᠳᠬᠡᠨ᠎ᠡ᠃      ︵ᠳᠦᠷᠪᠡ︶ ᠵᠠᠰᠠᠭ ᠤᠨ ᠶᠠᠪᠤᠳᠠᠯ ᠤᠨ ᠨᠢᠭᠡᠳᠤᠭᠡᠷ ᠰᠠᠯᠠᠭ᠎ᠠ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠦᠨᠳᠤᠰᠤᠲᠠᠨ ᠤ ᠬᠡᠷᠡᠭ ᠶᠠᠪᠤᠳᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠣᠷᠣᠯᠠᠨ ᠪᠠᠶᠢᠭᠤᠯᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠪᠠ ᠴᠢᠩᠭᠢᠰ ᠤᠨ ᠣᠩᠭᠤᠨ ᠤ ᠵᠢᠭᠤᠯᠴᠢᠯᠠᠯ ᠤᠨ ᠣᠷᠣᠨ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠥᠬᠦᠶ ᠡᠬᠡ ᠪᠢᠴᠢᠭ ᠢ ᠳᠤᠭᠤᠷᠪᠢᠨ ᠪᠢᠴᠢᠬᠦ᠂ ᠬᠢᠨᠠᠨ ᠬᠠᠷᠭᠤᠭᠤᠯᠬᠤ ᠬᠢᠭᠡᠳ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠪᠠᠶᠢᠩᠭᠤ ᠶᠢᠨ ᠶᠠᠪᠤᠳᠠᠯ ᠤᠨ ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠦᠷᠢᠶ᠎ᠡ ᠴᠠᠷᠠᠭᠠᠨ ᠳᠠᠬᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠱᠠᠭᠠᠷᠳᠠᠨ ᠬᠦᠢᠴᠡᠳᠭᠡᠬᠦ ᠵᠡᠷᠭᠡ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠳᠠᠪᠤ︶ ᠵᠠᠰᠠᠭ ᠤᠨ ᠶᠠᠪᠤᠳᠠᠯ ᠤᠨ ᠬᠤᠶᠠᠳᠤᠭᠠᠷ ᠰᠠᠯᠠᠭ᠎ᠠ᠄  ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠬᠢᠨᠠᠨ ᠪᠤᠳᠤᠯᠲᠠ᠂ ᠪᠠᠶᠢᠭᠤᠯᠭ᠎ᠠ ᠶᠢᠨ ᠶᠠᠪᠤᠳᠠᠯ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠥᠬᠦᠶ ᠡᠬᠡ ᠪᠢᠴᠢᠭ ᠢ ᠲᠤᠭᠤᠷᠪᠢᠨ ᠪᠢᠴᠢᠬᠦ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠪᠠᠶᠢᠩᠭᠤ ᠶᠢᠨ ᠶᠠᠪᠤᠳᠠᠯ ᠤᠨ  ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠦᠷᠢᠶ᠎ᠡ ᠴᠠᠷᠠᠭᠠᠨ ᠳᠠᠬᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠱᠠᠭᠠᠷᠳᠠᠨ ᠬᠦᠢᠴᠡᠳᠭᠡᠬᠦ ᠵᠡᠷᠭᠡ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠵᠢᠷᠭᠤᠭ᠎ᠠ︶ ᠵᠠᠰᠠᠭ ᠤᠨ ᠶᠠᠪᠤᠳᠠᠯ ᠤᠨ ᠭᠤᠷᠪᠠᠳᠤᠭᠠᠷ ᠰᠠᠯᠠᠭ᠎ᠠ᠄ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠰᠣᠶᠣᠯ ᠵᠢᠭᠤᠯᠴᠢᠯᠠᠯ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠡᠳ᠋ ᠬᠥᠷᠦᠩᠭᠡ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠥᠬᠦᠶ ᠡᠬᠡ ᠪᠢᠴᠢᠭ ᠢ ᠳᠤᠭᠤᠷᠪᠢᠨ ᠪᠢᠴᠢᠬᠦ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠶᠠᠨ ᠬᠠᠮᠢᠶᠠᠷᠬᠤ ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠦᠷᠢᠶ᠎ᠡ ᠴᠠᠷᠠᠭᠠᠨ ᠳᠠᠬᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠱᠠᠭᠠᠷᠳᠠᠨ ᠬᠦᠢᠴᠡᠳᠭᠡᠬᠦ ᠵᠡᠷᠭᠡ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠳᠤᠯᠤᠭ᠎ᠠ︶ ᠵᠠᠰᠠᠭ ᠤᠨ ᠶᠠᠪᠤᠳᠠᠯ ᠤᠨ ᠳᠦᠷᠪᠡᠳᠤᠭᠡᠷ ᠰᠠᠯᠠᠭ᠎ᠠ᠄ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠡᠯᠧᠺᠲᠷᠤᠨ ᠠᠷᠠᠯᠵᠢᠶ᠎ᠠ ᠶᠢᠨ ᠦᠢᠯᠡᠴᠢᠯᠡᠭᠡ᠂ ᠪᠠᠯᠠ ᠣᠷᠣᠭᠤᠯᠤᠯᠲᠠ ᠶᠢ ᠠᠬᠢᠭᠤᠯᠬᠤ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠥᠬᠦᠶ ᠡᠬᠡ ᠪᠢᠴᠢᠭ ᠢ ᠳᠤᠭᠤᠷᠪᠢᠨ ᠪᠢᠴᠢᠬᠦ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠶᠠᠨ ᠬᠠᠮᠢᠶᠠᠷᠬᠤ ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠦᠷᠢᠶ᠎ᠡ ᠴᠠᠷᠠᠭᠠᠨ ᠳᠠᠬᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠱᠠᠭᠠᠷᠳᠠᠨ ᠬᠦᠢᠴᠡᠳᠭᠡᠬᠦ ᠵᠡᠷᠭᠡ ᠠᠵᠢᠯ ᠢ  ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠨᠠᠢᠮᠠ︶ ᠵᠠᠰᠠᠭ ᠤᠨ ᠶᠠᠪᠤᠳᠠᠯ ᠤᠨ ᠲᠠᠪᠤᠳᠤᠭᠠᠷ ᠰᠠᠯᠠᠭ᠎ᠠ᠄ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠥᠬᠦᠶ ᠡᠬᠡ ᠪᠢᠴᠢᠭ ᠢ ᠲᠤᠭᠤᠷᠪᠢᠨ ᠪᠢᠴᠢᠬᠦ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃  ᠬᠤᠪᠢᠶᠠᠨ ᠬᠠᠮᠢᠶᠠᠷᠬᠤ ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠦᠷᠢᠶ᠎ᠡ ᠴᠠᠷᠠᠭᠠᠨ ᠳᠠᠬᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠱᠠᠭᠠᠷᠳᠠᠨ ᠬᠦᠢᠴᠡᠳᠭᠡᠬᠦ ᠵᠡᠷᠭᠡ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠶᠢᠰᠤ︶ ᠵᠠᠰᠠᠭ ᠤᠨ ᠶᠠᠪᠤᠳᠠᠯ ᠤᠨ ᠵᠢᠷᠭᠤᠳᠤᠭᠠᠷ ᠰᠠᠯᠠᠭ᠎ᠠ᠄ ᠠᠮᠢ ᠠᠬᠤᠶ ᠣᠷᠴᠢᠨ ᠲᠣᠭᠤᠷᠢᠨ᠂ ᠵᠠᠮ ᠬᠠᠷᠢᠯᠴᠠᠭ᠎ᠠ ᠪᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠥᠬᠦᠶ ᠡᠬᠡ ᠪᠢᠴᠢᠭ ᠢ ᠲᠤᠭᠤᠷᠪᠢᠨ ᠪᠢᠴᠢᠬᠦ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃  ᠬᠤᠪᠢᠶᠠᠨ ᠬᠠᠮᠢᠶᠠᠷᠬᠤ ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠦᠷᠢᠶ᠎ᠡ ᠴᠠᠷᠠᠭᠠᠨ ᠎ ᠳᠠᠬᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠱᠠᠭᠠᠷᠳᠠᠨ ᠬᠦᠢᠴᠡᠳᠭᠡᠬᠦ ᠵᠡᠷᠭᠡ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠠᠷᠪᠠ︶ ᠵᠠᠰᠠᠭ ᠤᠨ ᠶᠠᠪᠤᠳᠠᠯ ᠤᠨ ᠳᠤᠯᠤᠳᠤᠭᠠᠷ ᠰᠠᠯᠠᠭ᠎ᠠ᠄  ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ᠂ ᠨᠡᠶᠢᠳᠡ ᠶᠢᠨ ᠥᠮᠴᠢᠯᠡᠯ ᠤᠨ ᠪᠤᠰᠤ ᠠᠵᠤ ᠠᠬᠤᠢ᠂ ᠡᠨᠧᠷᠭᠢ᠂ ᠪᠠᠶᠢᠭᠠᠯᠢ ᠶᠢᠨ ᠡᠬᠢ ᠪᠠᠶᠠᠯᠢᠭ᠂ ᠰᠢᠨᠵᠢᠯᠡᠬᠦ ᠤᠬᠠᠭᠠᠨ ᠮᠡᠷᠭᠡᠵᠢᠯ᠂ ᠭᠠᠵᠠᠷ ᠬᠥᠳᠡᠯᠦᠯᠲᠡ᠂ ᠲᠤᠮᠤ ᠳ᠋ᠠᠶᠢᠲ᠋ᠠ ᠶᠢᠨ ᠬᠥᠭᠵᠢᠯᠲᠡ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠥᠬᠦᠶ ᠡᠬᠡ ᠪᠢᠴᠢᠭ ᠢ ᠲᠤᠭᠤᠷᠪᠢᠨ ᠪᠢᠴᠢᠬᠦ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠶᠠᠨ ᠬᠠᠮᠢᠶᠠᠷᠬᠤ ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠦᠷᠢᠶ᠎ᠡ ᠴᠠᠷᠠᠭᠠᠨ ᠳᠠᠬᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠱᠠᠭᠠᠷᠳᠠᠨ ᠬᠦᠢᠴᠡᠳᠭᠡᠬᠦ ᠵᠡᠷᠭᠡ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠠᠷᠪᠠᠨ ᠨᠢᠭᠡ︶ ᠵᠠᠰᠠᠭ ᠤᠨ ᠶᠠᠪᠤᠳᠠᠯ ᠤᠨ ᠨᠠᠢᠮᠠᠳᠤᠭᠠᠷ ᠰᠠᠯᠠᠭ᠎ᠠ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ᠂ ᠣᠶ ᠰᠢᠭᠤᠶ ᠡᠪᠡᠰᠦ ᠪᠡᠯᠴᠢᠭᠡᠷ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠶᠠᠳᠠᠭᠤ ᠶᠢ ᠲᠡᠳᠬᠦᠬᠦ ᠨᠡᠭᠡᠭᠡᠯᠲᠡ ᠬᠢᠬᠦ᠂ ᠡᠮ ᠡᠮᠨᠡᠯᠭᠡ ᠶᠢᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠥᠬᠦᠶ ᠡᠬᠡ ᠪᠢᠴᠢᠭ ᠢ ᠳᠤᠭᠤᠷᠪᠢᠨ ᠪᠢᠴᠢᠬᠦ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃  ᠬᠤᠪᠢᠶᠠᠨ ᠬᠠᠮᠢᠶᠠᠷᠬᠤ ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠦᠷᠢᠶ᠎ᠡ ᠴᠠᠷᠠᠭᠠᠨ ᠳᠠᠬᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠱᠠᠭᠠᠷᠳᠠᠨ ᠬᠦᠢᠴᠡᠳᠭᠡᠬᠦ ᠵᠡᠷᠭᠡ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠠᠷᠪᠠᠨ ᠬᠤᠶᠠᠷ︶ ᠵᠠᠰᠠᠭ ᠤᠨ ᠶᠠᠪᠤᠳᠠᠯ ᠤᠨ ᠶᠢᠰᠤᠳᠤᠭᠡᠷ ᠰᠠᠯᠠᠭ᠎ᠠ  ︵ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠬᠦᠷᠯᠡᠬᠦ ᠠᠯᠪᠠᠨ ᠭᠡᠷ︶᠄ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠠᠵᠢᠯ ᠤᠨ ᠳ᠋ᠦᠩᠨᠡᠯᠲᠡ᠂ ᠠᠵᠢᠯ ᠤᠨ ᠭᠤᠣᠯᠳᠠᠯᠭ᠎ᠠ ᠵᠡᠷᠭᠡ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠢ ᠲᠤᠭᠤᠷᠪᠢᠬᠤ ᠠᠵᠢᠯ ᠢ ᠬᠠᠷᠢᠭᠤᠴᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠵᠢᠯ ᠤᠨ ᠠᠵᠢᠯ ᠤᠨ ᠪᠠᠶᠢᠷᠢᠯᠠᠭᠤᠯᠤᠯᠲᠠ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠠᠯᠪᠡᠠ ᠭᠡᠷ ᠤᠨ ᠰᠢᠶᠠᠨ ᠤ ᠲᠡᠰ ᠎ ᠤᠨ ᠤᠳᠤᠷᠢᠳᠬᠤ ᠺᠠᠳ᠋ᠷ ᠤᠨ ᠭᠠᠳᠠᠭᠰᠢ ᠭᠠᠷᠴᠤ ᠴᠢᠯᠥᠭᠡ ᠭᠤᠶᠤᠬᠤ ᠶᠢ ᠮᠡᠳᠡᠭᠦᠯᠦᠨ ᠳᠠᠩᠰᠠᠯᠠᠭᠤᠯᠬᠤ ᠠᠵᠢᠯ ᠬᠢᠭᠡᠳ ᠡᠯ᠎ᠡ ᠬᠤᠰᠢᠭᠤ ᠲᠣᠭᠤᠷᠢᠭ ᠤᠨ ᠠᠷᠠᠳ ᠎ ᠤᠨ ᠵᠠᠰᠠᠭ ᠤᠨ ᠣᠷᠳᠣᠨ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠢᠶᠠᠨ ᠤ ᠲᠡᠰ ᠤᠨ ᠤᠳᠤᠷᠢᠳᠬᠤ ᠺᠠᠳ᠋ᠷ ᠤᠨ ᠭᠠᠳᠠᠭᠰᠢ ᠭᠠᠷᠴᠤ ᠴᠢᠯᠥᠭᠡ ᠭᠤᠶᠤᠬᠤ ᠮᠡᠳᠡᠭᠦᠯᠦᠨ ᠳᠠᠩᠰᠠᠯᠠᠭᠤᠯᠤᠯᠳᠠ ᠶᠢ ᠬᠥᠯᠢᠶᠡᠨ ᠠᠪᠴᠤ᠂ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠵᠢᠭᠦᠷᠯᠡᠬᠦ ᠠᠵᠢᠯ ᠢ ᠬᠠᠷᠢᠭᠤᠴᠠᠵᠤ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠪᠠ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠳᠠᠮᠵᠢᠭᠤᠯᠬᠤ ᠶᠢᠨ ᠬᠠᠮᠲᠤ ᠱᠠᠭᠠᠷᠳᠠᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠵᠢᠵᠢᠭᠦᠷᠯᠡᠬᠦ ᠠᠵᠢᠯ ᠢ ᠵᠢᠯᠣᠭᠤᠳᠤᠨ᠎ᠠ᠃ ᠠᠷᠠᠳ ᠣᠯᠠᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠨ ᠵᠠᠰᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ᠂ ᠦᠨᠳᠦᠰᠦᠲᠡᠨ ᠱᠠᠰᠢᠨ ᠰᠤᠷᠲᠠᠬᠤᠨ ᠵᠢᠴᠢ ᠪᠤᠰᠤᠳ ᠲᠤᠰᠬᠠᠶ ᠴᠢᠨᠠᠷᠲᠠᠶ᠂ ᠲᠦᠷ ᠴᠠᠭ ᠤᠨ ᠴᠢᠨᠠᠷᠲᠠᠶ ᠠᠵᠢᠯ ᠤᠳ ᠢ ᠬᠠᠷᠢᠭᠤᠴᠠᠨ᠎ᠠ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠠᠷᠪᠠᠨ ᠭᠤᠷᠪᠠ︶ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ᠄ ᠡᠯ᠎ᠡ ᠱᠠᠳᠤᠨ ᠠᠴᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠠᠯᠪᠡᠠ ᠭᠡᠷ ᠲᠤ ᠢᠷᠡᠭᠦᠯᠦᠭᠰᠡᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠬᠤᠷᠢᠶᠠᠨ ᠲᠠᠷᠬᠠᠭᠠᠬᠤ᠂ ᠲᠠᠩᠰᠠ ᠡᠪᠬᠡᠮᠡᠯ ᠳᠤ ᠬᠠᠳᠠᠭᠠᠯᠠᠬᠤ ᠬᠢᠭᠡᠳ ᠬᠠᠮᠢᠶᠠᠷᠬᠤ  ᠠᠵᠢᠯ ᠤᠳ ᠢ ᠬᠠᠷᠢᠭᠤᠴᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠠᠯᠪᠡᠠ ᠭᠡᠷ ᠤᠨ ᠵᠠᠬᠢᠳᠠᠯ ᠴᠢᠮᠡᠭᠡ᠂ ᠪᠢᠴᠢᠭ ᠮᠠᠲ᠋ᠧᠷᠢᠶᠠᠯ ᠎ ᠳᠤ ᠭᠠᠷ ᠤᠨ ᠥᠰᠥᠭ ᠵᠢᠷᠤᠵᠤ ᠬᠤᠷᠢᠶᠠᠬᠤ᠂ ᠳᠠᠩᠰᠠᠯᠠᠬᠤ᠂ ᠬᠤᠪᠢᠶᠠᠨ ᠲᠠᠷᠬᠠᠭᠠᠬᠤ ᠠᠵᠢᠯ ᠢ ᠬᠠᠷᠢᠭᠤᠴᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠠᠯᠪᠡᠠ ᠭᠡᠷ ᠤᠨ ᠨᠡᠷ᠎ᠡ ᠪᠠᠷ ᠠᠯᠪᠠᠨ ᠪᠢᠴᠢᠭ ᠨᠡᠶᠢᠳᠡᠯᠡᠵᠤ ᠶᠠᠪᠤᠭᠤᠯᠬᠤ ᠶᠢ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠬᠤ᠂ ᠳᠠᠷᠤᠮᠠᠯᠯᠠᠨ ᠲᠠᠷᠬᠠᠭᠠᠬᠤ᠂ ᠡᠭᠡ ᠨᠤᠤᠷᠠᠭ ᠢ ᠳᠠᠩᠰᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠠᠯᠪᠡᠠ ᠭᠡᠷ ᠤᠨ ᠪᠢᠴᠢᠭ ᠮᠠᠲ᠋ᠧᠷᠢᠶᠠᠯ ᠤᠨ ᠬᠡᠪᠯᠡᠬᠦ ᠠᠵᠢᠯ ᠢ ᠬᠠᠷᠢᠭᠤᠴᠠᠨ᠎ᠠ᠃ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾᠎ ᠶᠢ ᠨᠠᠶᠢᠷᠠᠭᠤᠯᠬᠤ᠂ ᠬᠡᠪᠯᠡᠭᠦᠯᠬᠦ᠂ ᠬᠤᠪᠢᠶᠠᠨ ᠲᠠᠷᠬᠠᠭᠠᠬᠤ ᠠᠵᠢᠯ ᠵᠢᠴᠢ ᠳᠤᠳᠤᠭᠠᠳᠤ ᠳᠤ ᠯᠠᠪᠯᠠᠯᠳᠠ ᠪᠤᠯᠭᠠᠬᠤ ᠰᠤᠩᠭᠤᠮᠠᠯ ᠲᠡᠬᠦᠪᠤᠷᠢ ᠵᠡᠷᠭᠡ ᠳᠣᠲᠣᠭᠠᠳᠤ ᠶᠢᠨ ᠰᠡᠳᠬᠦᠯ ᠤᠨ ᠵᠠᠬᠢᠶᠠᠯᠠᠬᠤ᠂ ᠬᠤᠪᠢᠶᠠᠨ ᠲᠠᠷᠬᠠᠭᠠᠬᠤ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠪᠢᠴᠢᠭ ᠬᠠᠷ᠎ᠠ᠂ ᠬᠡᠷᠡᠭ ᠪᠣᠳᠠᠰ ᠵᠡᠷᠭᠡ ᠳᠠᠩᠰᠠ ᠶᠢ ᠡᠪᠬᠡᠮᠡᠯᠯᠡᠬᠦ᠂ ᠬᠠᠮᠢᠶᠠᠷᠬᠤ᠂ ᠬᠠᠩᠭᠠᠨ ᠠᠰᠢᠭᠯᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠎ ᠤᠨ ᠨᠢᠭᠤᠴᠠ ᠴᠢᠬᠤᠯᠠ ᠠᠯᠪᠠᠨ ᠪᠢᠴᠢᠭ ᠤᠨ ᠡᠷᠬᠢᠯᠳᠡ ᠶᠢᠨ ᠠᠵᠢᠯ ᠤᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠪᠠᠶᠢᠭᠤᠯᠤᠯᠲᠠ᠂ ᠨᠢᠭᠤᠴᠠ ᠴᠢᠬᠤᠯᠠ ᠮᠠᠲ᠋ᠧᠷᠢᠶᠠᠯ ᠢ ᠳᠠᠮᠵᠢᠭᠤᠯᠬᠤ ᠬᠠᠷᠢᠯᠴᠠᠭ᠎ᠠ ᠵᠡᠷᠭᠡ ᠠᠵᠢᠯ ᠢ ᠬᠠᠷᠢᠭᠤᠴᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠲᠠᠮᠠᠭ᠎ᠠ ᠵᠢᠴᠢ ᠲᠠᠨᠢᠯᠴᠠᠭᠤᠯᠭ᠎ᠠ ᠶᠢᠨ ᠪᠢᠴᠢᠭ᠂ ᠬᠤᠳᠠ ᠶᠢᠨ ᠳᠠᠷᠤᠭ᠎ᠠ ᠶᠢᠨ ᠭᠠᠷ ᠤᠨ ᠦᠰᠦᠭ ᠤᠨ ᠲᠠᠮᠠᠭ᠎ᠠ  ᠎ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠯᠪᠡᠠ ᠭᠡᠷ ᠤᠨ ᠮᠡᠳᠡᠭᠡ ᠵᠠᠩᠬᠢᠴᠢᠯᠠᠯᠳᠠ ᠶᠢᠨ ᠰᠢᠰᠲ᠋ᠧᠮ ᠤᠨ ᠪᠥᠳᠥᠭᠡᠨ ᠪᠠᠶᠢᠭᠤᠯᠤᠯᠳᠠ᠂ ᠡᠷᠬᠢᠯᠳᠡ᠂ ᠬᠠᠮᠠᠭᠠᠯᠠᠯᠳᠠ ᠎ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠰᠢᠯᠵᠢᠭᠦᠯᠦᠨ ᠪᠣᠯᠪᠠᠰᠤᠷᠠᠭᠤᠯᠬᠤ᠂ ᠡᠭᠡᠯᠵᠢᠯᠡᠨ ᠪᠣᠯᠪᠠᠰᠤᠷᠠᠭᠤᠯᠬᠤ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠡᠷᠭᠡ ᠳᠤᠰᠢᠶᠠᠯᠳᠤ ᠰᠠᠯᠠᠭ᠎ᠠ ᠮᠥᠴᠢᠷ ᠤᠨ ᠪᠥᠬᠦ ᠬᠤᠳᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠶᠢ ᠲᠥᠯᠬᠢᠨ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠠᠷᠢᠭᠤᠴᠠᠨ ᠭᠦᠢᠴᠡᠳᠬᠡᠨ᠎ᠡ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ  ᠳᠠᠭᠠᠭᠠᠴᠢᠯᠠᠨ ᠭᠦᠢᠴᠡᠳᠬᠡᠨ᠎ᠡ᠃       ︵ᠠᠷᠪᠠᠨ ᠲᠦᠷᠪᠡ︶ ᠬᠤᠷᠠᠯ ᠤᠨ ᠪᠠᠲᠤᠯᠠᠭ᠎ᠠ ᠶᠢᠨ ᠰᠠᠯᠠᠭ᠎ᠠ᠄ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠶᠠᠪᠤᠳᠠᠯ ᠤᠨ ᠬᠤᠷᠠᠯ᠂ ᠬᠤᠳᠠ ᠶᠢᠨ ᠳᠠᠷᠤᠭ᠎ᠠ ᠶᠢᠨ ᠠᠵᠢᠯ ᠤᠨ  ᠬᠤᠷᠠᠯ ᠬᠢᠭᠡᠳ ᠠᠵᠢᠯ ᠤᠨ ᠬᠤᠷᠠᠯ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠮᠲᠤ ᠶᠢᠨ ᠴᠢᠨᠠᠷᠲᠠᠶ ᠵᠠᠰᠠᠭ ᠤᠨ ᠶᠠᠪᠤᠳᠠᠯ ᠤᠨ ᠠᠵᠢᠯᠯᠠᠭ᠎ᠠ  ᠎ ᠶᠢᠨ ᠬᠤᠷᠠᠯ ᠤᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠪᠥᠬᠦ ᠬᠤᠲᠠ ᠶᠢᠨ ᠴᠢᠨᠠᠷᠲᠠᠶ ᠬᠤᠶᠠᠳᠤᠭᠠᠷ ᠲᠥᠷᠥᠯ ᠠᠴᠠ ᠳᠡᠭᠡᠭᠰᠢᠬᠢ ᠬᠤᠷᠠᠯ᠂ ᠴᠢᠬᠤᠯᠠ ᠶᠡᠭᠡ ᠠᠵᠢᠯᠯᠠᠭ᠎ᠠ ᠶᠢᠨ ᠬᠢᠨᠠᠨ ᠵᠥᠪᠰᠢᠶᠡᠷᠡᠬᠦ᠂ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠤᠷᠠᠯᠳᠤᠭᠤᠯᠤᠭᠰᠠᠨ ᠠᠭᠤᠯᠵᠠᠬᠤ᠂ ᠰᠠᠭᠤᠨ ᠶᠠᠷᠢᠯᠴᠠᠬᠤ᠂ ᠭᠡᠷ᠎ᠡ ᠲᠣᠭᠲᠠᠬᠤ ᠵᠡᠷᠭᠡ ᠬᠠᠮᠢᠶ᠎ᠠ ᠪᠥᠬᠦᠶ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠤᠷᠠᠯ ᠤᠨ ᠮᠡᠳᠡᠭᠳᠡᠯ ᠢ ᠳᠠᠷᠤᠮᠠᠯᠯᠠᠨ ᠶᠠᠪᠤᠭᠤᠯᠬᠤ ᠶᠢ ᠬᠢᠨᠠᠨ ᠬᠠᠷᠭᠤᠭᠤᠯᠬᠤ᠂ ᠬᠢᠨᠠᠨ ᠬᠠᠷᠢᠭᠤᠴᠠᠬᠤ᠂ ᠬᠦᠷᠭᠡᠵᠦ ᠭᠠᠷ ᠤᠨ ᠥᠰᠥᠭ ᠵᠢᠷᠤᠭᠤᠯᠬᠤ᠂ ᠬᠤᠪᠢᠶᠠᠨ ᠲᠠᠷᠬᠠᠭᠠᠬᠤ ᠵᠢᠴᠢ ᠬᠤᠯᠪᠣᠭᠳᠠᠯ ᠪᠥᠬᠦᠶ ᠬᠤᠷᠠᠯ ᠤᠨ ᠲᠥᠰᠦᠯ᠂ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ᠃ ᠲᠡᠷᠡᠴᠢᠯᠡᠨ ᠬᠤᠯᠪᠣᠭᠳᠠᠯ ᠪᠦᠬᠦᠢ ᠬᠤᠷᠠᠯ ᠤᠨ ᠶᠠᠪᠤᠳᠠᠯ ᠤᠨ ᠵᠢᠯᠣᠭᠤᠳᠬᠤ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠤᠨ ᠣᠷᠳᠣᠰ ᠬᠤᠲᠠ ᠳᠤ ᠢᠷᠡᠵᠦ  ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠳᠠ ᠬᠢᠬᠦ ᠳᠤ ᠬᠤᠷᠠᠯᠳᠤᠭᠤᠯᠤᠭᠰᠠᠨ ᠬᠠᠷᠢᠭᠤ ᠮᠡᠳᠡᠭᠦᠯᠦᠯᠲᠡ ᠶᠢᠨ ᠬᠤᠷᠠᠯ᠂ ᠮᠡᠳᠡᠭᠦᠯᠦᠯᠲᠡ ᠶᠢᠨ ᠬᠤᠷᠠᠯ᠂ ᠶᠠᠷᠢᠯᠴᠠᠬᠤ ᠬᠤᠷᠠᠯ ᠤᠨ ᠬᠤᠷᠠᠯ ᠤᠨ ᠶᠠᠪᠤᠳᠠᠯ ᠤᠨ ᠠᠵᠢᠯ ᠵᠢᠴᠢ ᠪᠤᠰᠤᠳ ᠠᠶᠢᠮᠠᠭ ᠬᠤᠲᠠ ᠶᠢᠨ ᠤᠳᠤᠷᠢᠳᠤᠯᠭ᠎ᠠ ᠣᠷᠳᠣᠰ ᠬᠤᠲᠠ ᠳᠤ ᠢᠷᠡᠵᠦ ᠰᠢᠨᠵᠢᠯᠡᠨ ᠪᠠᠶᠢᠴᠠᠭᠠᠵᠤ ᠰᠤᠳᠤᠯᠤᠨ ᠰᠤᠷᠤᠯᠴᠠᠬᠤ ᠶᠠᠷᠢᠯᠴᠠᠬᠤ ᠬᠤᠷᠠᠯ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠲᠦᠷᠤ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠷᠠᠯᠳᠤᠭᠤᠯᠤᠭᠰᠠᠨ ᠲᠧᠯᠸᠢᠰ ᠳ᠋ᠢᠶᠠᠩᠬᠤᠸᠠ ᠬᠤᠷᠠᠯ ᠤᠨ ᠣᠷᠳᠣᠰ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ ᠃ ᠪᠦᠬᠦ ᠬᠤᠳᠠ ᠶᠢᠨ ᠴᠢᠨᠠᠷᠲᠠᠶ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠡᠯ᠎ᠡ ᠲᠥᠷᠥᠯ ᠤᠨ ᠱᠠᠭᠠᠷᠳᠠᠨ ᠪᠠᠶᠢᠴᠠᠭᠠᠯᠳᠠ᠂ ᠪᠠᠶᠢᠴᠠᠭᠠᠯᠳᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃ ᠡᠯ᠎ᠡ ᠲᠥᠷᠥᠯ ᠤᠨ ᠤᠷᠢᠯᠭ᠎ᠠ ᠶᠢᠨ ᠪᠢᠴᠢᠭ ᠢ ᠬᠢᠨᠠᠨ ᠬᠠᠷᠭᠤᠭᠤᠯᠵᠤ ᠭᠦᠢᠴᠡᠳᠬᠡᠬᠦ ᠶᠢ ᠬᠠᠷᠢᠭᠤᠴᠠᠨ᠎ᠠ᠃ ᠡᠯ᠎ᠡ ᠱᠠᠲᠤᠨ ᠤ ᠬᠤᠷᠠᠯ ᠤᠨ ᠢᠷᠡᠭᠦᠯᠦᠭᠰᠡᠨ ᠪᠢᠴᠢᠭ ᠮᠠᠲ᠋ᠧᠷᠢᠶᠠᠯ ᠤᠨ ᠡᠷᠬᠢᠯᠳᠡ ᠶᠢᠨ ᠠᠵᠢᠯ ᠎ ᠢ ᠬᠠᠷᠢᠭᠤᠴᠠᠨ᠎ᠠ᠃ ᠨᠠᠮ ᠵᠠᠰᠠᠭ ᠤᠨ ᠲᠤᠮᠤ ᠠᠰᠠᠷ ᠤᠨ B ᠰᠠᠭᠤᠷᠢ ᠳᠠᠬᠢ ᠬᠤᠷᠠᠯ ᠤᠨ ᠭᠡᠷ ᠢ ᠨᠢᠭᠡᠳᠦᠯᠲᠡᠶ ᠲᠥᠯᠥᠪᠯᠡᠨ ᠵᠤᠬᠢᠴᠠᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠳᠠᠯ ᠠᠬᠤᠶ ᠶᠢᠨ ᠺᠣᠮᠫᠠᠨᠢ ᠶᠢᠨ ᠬᠤᠷᠠᠯ ᠦᠢᠯᠡᠴᠢᠯᠡᠭᠡᠨ ᠤ ᠠᠵᠢᠯᠲᠠᠨ ᠤ ᠠᠵᠢᠯ ᠢ ᠵᠢᠯᠣᠭᠤᠳᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ ᠬᠤᠷᠠᠯ ᠤᠨ ᠲᠡᠮᠳᠡᠭᠯᠡᠯ ᠤᠨ ᠳᠠᠩᠰᠠᠯᠠᠬᠤ ᠠᠵᠢᠯ ᠢ ᠬᠠᠷᠢᠭᠤᠴᠠᠨ᠎ᠠ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠠᠷᠪᠠᠨ ᠲᠠᠪᠤ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ  ᠳᠠᠰᠤᠭ᠄ ᠲᠦᠷᠤ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠬᠢᠭᠡᠳ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠴᠢᠭᠯᠡᠯᠲᠡ ᠲᠥᠷᠥ ᠶᠢᠨ ᠪᠣᠳᠣᠯᠭ᠎ᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ  ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠵᠤ᠂ ᠲᠦᠷᠤ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠵᠢᠯ ᠤᠨ ᠰᠠᠯᠠᠭ᠎ᠠ ᠮᠥᠴᠢᠷ ᠤᠨ ᠰᠢᠯᠵᠢᠭᠦᠯᠦᠨ  ᠬᠦᠢᠴᠡᠳᠬᠡᠭᠰᠡᠨ ᠱᠠᠭᠠᠷᠳᠠᠨ ᠪᠠᠶᠢᠴᠠᠭᠠᠬᠤ ᠵᠦᠢᠯᠡᠰ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠴᠢᠬᠤᠯᠠ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠲᠤᠭᠤᠷᠪᠢᠨ ᠲᠣᠭᠲᠠᠭᠠᠭᠰᠠᠨ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ᠂ ᠡᠯ᠎ᠡ  ᠵᠦᠢᠯ ᠤᠨ ᠲᠥᠯᠥᠪᠯᠡᠭᠡ᠂ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ  ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃ ᠴᠢᠬᠤᠯᠠ ᠶᠡᠭᠡ ᠲᠤᠰᠬᠠᠶ ᠱᠠᠭᠠᠷᠳᠠᠨ ᠪᠠᠶᠢᠴᠠᠭᠠᠯᠳᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠬᠠᠮᠲᠤᠷᠠᠨ ᠥᠷᠨᠢᠭᠦᠯᠦᠭᠰᠡᠨ ᠱᠠᠭᠠᠷᠳᠠᠨ ᠪᠠᠶᠢᠴᠠᠭᠠᠬᠤ ᠠᠵᠢᠯ ᠢ ᠳᠠᠭᠠᠭᠠᠴᠢᠯᠠᠨ ᠡᠷᠬᠢᠯᠡᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠵᠢᠯ ᠤᠨ ᠲᠦᠷᠢᠮ ᠪᠠ ᠠᠵᠢᠯ ᠤᠨ ᠭᠤᠤᠯᠳᠠᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠪᠢᠴᠢᠵᠤ᠂ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠱᠠᠭᠠᠷᠳᠠᠨ ᠪᠠᠶᠢᠴᠠᠭᠠᠬᠤ ᠠᠵᠢᠯ ᠳᠤ ᠴᠢᠬᠤᠯᠠ ᠪᠥᠬᠦᠶ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠨ᠎ᠡ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠭᠰᠡᠨ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠦᠢᠴᠡᠳᠬᠡᠭᠰᠡᠨ ᠪᠠᠶᠢᠳᠠᠯ ᠢ  ᠱᠠᠭᠠᠷᠳᠠᠨ ᠪᠠᠶᠢᠴᠠᠭᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠶᠢ ᠰᠢᠯᠭᠠᠨ ᠬᠢᠨᠠᠬᠤ ᠬᠦᠢᠴᠡᠳᠬᠡᠯ ᠲᠤᠭ᠎ᠠ ᠶᠢ ᠰᠢᠯᠭᠠᠨ ᠬᠢᠨᠠᠬᠤ᠂ ᠦᠨᠡᠯᠡᠬᠦ ᠬᠢᠭᠡᠳ ᠬᠤᠷᠢᠶᠠᠩᠭᠤᠶᠢᠯᠠᠬᠤ ᠠᠵᠢᠯ ᠢ ᠬᠠᠷᠢᠭᠤᠴᠠᠨ᠎ᠠ᠃ ︽ᠱᠠᠭᠠᠷᠳᠠᠨ ᠪᠠᠶᠢᠴᠠᠭᠠᠯᠳᠠ ᠶᠢᠨ ᠮᠡᠳᠡᠭᠦᠯᠦᠯᠲᠡ︾᠂ ︽ᠨᠠᠶᠢᠳᠠᠪᠤᠷᠢᠵᠢᠭᠤᠯᠦᠯᠳᠠ ᠪᠠ ᠬᠠᠷᠢᠭᠤ ᠳᠤᠰᠬᠠᠯᠳᠠ︾᠂ ︽ᠱᠠᠭᠠᠷᠳᠠᠨ ᠪᠠᠶᠢᠴᠠᠭᠠᠯᠳᠠ ᠶᠢᠨ ᠲᠤᠰᠬᠠᠶ ᠮᠡᠳᠡᠭᠦᠯᠦᠯᠲᠡ︾ ᠪᠠ ︽ᠱᠠᠭᠠᠷᠳᠠᠨ ᠪᠠᠶᠢᠴᠠᠭᠠᠯᠳᠠ ᠶᠢᠨ ᠮᠡᠳᠡᠭᠡᠯᠡᠯ︾᠎ ᠢ ᠨᠠᠶᠢᠷᠠᠭᠤᠯᠤᠨ ᠨᠡᠶᠢᠲᠡᠯᠡᠬᠦ ᠶᠢ ᠬᠠᠷᠢᠭᠤᠴᠠᠵᠤ᠂ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠠᠰᠠᠭᠤᠳᠠᠯ ᠢ ᠡᠷᠢᠵᠦ᠂ ᠲᠤᠷᠰᠢᠯᠭ᠎ᠠ ᠪᠠᠨ ᠳ᠋ᠦᠩᠨᠡᠨ᠎ᠡ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ  ᠳᠠᠭᠠᠭᠠᠴᠢᠯᠠᠨ ᠭᠦᠢᠴᠡᠳᠬᠡᠨ᠎ᠡ᠃      ︵ᠠᠷᠪᠠᠨ ᠵᠢᠷᠭᠤᠭ᠎ᠠ︶ ᠮᠡᠳᠡᠭᠡ ᠵᠠᠩᠬᠢ ᠶᠢᠨ ᠰᠠᠯᠠᠭ᠎ᠠ᠄ ᠪᠥᠬᠦ ᠬᠤᠲᠠ ᠶᠢᠨ  ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠡᠯ᠎ᠡ ᠰᠠᠯᠠᠭ᠎ᠠ ᠮᠥᠴᠢᠷ ᠲᠠᠢ ᠬᠠᠷᠢᠯᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠲᠣᠰ ᠱᠠᠲᠤᠨ ᠤ ᠰᠡᠳᠬᠦᠯ ︽ᠣᠷᠳᠣᠰ ᠤᠨ ᠵᠠᠰᠠᠭ ᠤᠨ ᠶᠠᠪᠤᠳᠠᠯ ᠤᠨ ᠮᠡᠳᠡᠭᠡ︾᠎ ᠶᠢ ᠨᠠᠶᠢᠷᠠᠭᠤᠯᠤᠨ ᠲᠠᠷᠬᠠᠭᠠᠬᠤ ᠶᠢ ᠬᠠᠷᠢᠭᠤᠴᠠᠵᠤ᠂ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ᠂ ᠵᠣᠬᠢᠴᠠᠭᠤᠯᠬᠤ᠂ ᠬᠢᠨᠠᠨ ᠰᠢᠯᠭᠠᠬᠤ᠂ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠠᠵᠢᠯ ᠤᠨ ᠲᠦᠯᠦᠪᠯᠡᠭᠡ ᠶᠢ ᠲᠤᠭᠤᠷᠪᠢᠨ ᠳᠤᠭᠳᠠᠭᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠳᠠ  ᠬᠢᠭᠡᠳ ᠰᠤᠯᠢᠯᠴᠠᠭᠠᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠠᠷᠪᠠᠨ ᠳᠤᠯᠤᠭ᠎ᠠ︶ ᠠᠵᠢᠯᠲᠠᠨ ᠤ ᠶᠠᠪᠤᠳᠠᠯ ᠤᠨ ᠰᠠᠯᠠᠭ᠎ᠠ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠠᠵᠢᠯᠲᠠᠨ ᠤ ᠶᠠᠪᠤᠳᠠᠯ᠂ ᠬᠥᠳᠡᠯᠮᠦᠷᠢ ᠶᠢᠨ ᠴᠠᠯᠢᠩ᠂ ᠳᠠᠩᠰᠠ ᠡᠪᠭᠡᠮᠡᠯ ᠵᠡᠷᠭᠡ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠪᠠ ᠠᠵᠢᠯ ᠳᠤ ᠭᠠᠷᠬᠤ ᠶᠢ ᠳᠡᠮᠳᠡᠭᠯᠡᠬᠦ ᠵᠢᠴᠢ ᠠᠮᠠᠷᠠᠬᠤ ᠴᠢᠯᠥᠭᠡ ᠠᠪᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢᠨ ᠲᠣᠭᠠᠴᠠᠭ᠎ᠠ ᠬᠢᠬᠦ ᠠᠵᠢᠯ ᠢ ᠬᠠᠷᠢᠭᠤᠴᠠᠨ ᠬᠦᠢᠴᠡᠳᠬᠡᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠤ ᠬᠤᠪᠢ ᠶᠢᠨ ᠤᠴᠢᠷ ᠢᠶᠠᠷ ᠤᠯᠤᠰ ︵ᠬᠢᠯᠢ︶᠎ ᠠᠴᠠ ᠭᠠᠷᠬᠤ ᠶᠢ ᠬᠠᠮᠢᠶᠠᠷᠤᠨ ᠳᠠᠩᠰᠠᠯᠠᠬᠤ ︵ᠮᠡᠳᠡᠭᠦᠯᠦᠨ ᠳᠠᠩᠰᠠᠯᠠᠭᠤᠯᠬᠤ︶ ᠠᠵᠢᠯ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠰᠠᠯᠠᠭᠠᠨ ᠲᠠᠰ ᠵᠢᠴᠢ ᠲᠡᠭᠦᠨ ᠠᠴᠠ ᠳᠣᠷᠣᠭᠰᠢᠬᠢ ᠠᠵᠢᠯᠲᠠᠨ ᠪᠠ ᠠᠵᠢᠯ ᠠᠴᠠ ᠪᠠᠨ ᠰᠠᠯᠵᠤ ᠠᠵᠢᠯ ᠠᠴᠠ ᠪᠠᠨ ᠠᠮᠠᠷᠠᠭᠰᠠᠨ ᠬᠥᠮᠦᠰ ᠤᠨ ᠫᠠᠰᠫᠣᠷᠲ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠠᠳᠠᠭᠠᠳᠤ ᠳᠤ ᠰᠠᠭᠤᠭ᠎ᠠ ᠡᠯ᠎ᠡ ᠬᠡᠷᠡᠭ ᠡᠷᠬᠢᠯᠡᠬᠦ ᠪᠠᠶᠢᠭᠤᠯᠤᠮᠵᠢ ᠎ ᠯᠤᠭ᠎ᠠ ᠬᠠᠷᠢᠯᠴᠠᠨ ᠵᠣᠬᠢᠴᠠᠭᠤᠯᠬᠤ᠂ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃     ︵ᠠᠷᠪᠠᠨ ᠨᠠᠢᠮᠠ︶ ᠣᠷᠴᠢᠭᠤᠯᠭ᠎ᠠ ᠶᠢᠨ ᠰᠠᠯᠠᠭ᠎ᠠ᠄ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠡᠠ ᠭᠡᠷ ᠤᠨ ᠪᠢᠴᠢᠭ ᠮᠠᠲ᠋ᠧᠷᠢᠶᠠᠯ ᠵᠢᠴᠢ ᠵᠠᠰᠠᠭ ᠤᠨ ᠣᠷᠳᠣᠨ ᠤ ᠠᠵᠢᠯ ᠤᠨ  ᠢᠯᠡᠳᠭᠡᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠮᠣᠩᠭᠤᠯ ᠬᠡᠯᠡ ᠪᠠᠷ ᠣᠷᠴᠢᠭᠤᠯᠬᠤ ᠪᠠ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ ᠲᠣᠮᠣ ᠬᠡᠯᠪᠡᠷᠢ ᠶᠢᠨ ᠬᠤᠷᠠᠯ᠂ ᠠᠵᠢᠯᠯᠠᠭ᠎ᠠ ᠶᠢᠨ ᠮᠣᠩᠭᠤᠯ ᠬᠡᠯᠡᠨ ᠤ ᠣᠷᠴᠢᠭᠤᠯᠭ᠎ᠠ ᠶᠢᠨ ᠦᠢᠯᠡᠴᠢᠯᠡᠭᠡᠨ ᠎ ᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠣᠷᠴᠢᠭᠤᠯᠭ᠎ᠠ ᠪᠠ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠣᠩᠭᠤᠯ ᠬᠡᠯᠡᠨ ᠤ ᠰᠦᠯᠵᠢᠶ᠎ᠡ ᠶᠢᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃     ︵ᠠᠷᠪᠠ ᠶᠢᠰᠦ︶ ᠵᠠᠰᠠᠭ ᠵᠠᠬᠢᠷᠭᠠᠨ ᠤ ᠰᠠᠯᠠᠭ᠎ᠠ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠮᠡᠳᠡᠭᠦᠯᠬᠦ ᠪᠠ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠠᠵᠢᠯ ᠢ ᠬᠠᠷᠢᠭᠤᠴᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯ ᠤᠨ ᠪᠠᠲᠤᠯᠠᠭ᠎ᠠ᠂ ᠠᠯᠪᠠᠨ ᠬᠡᠷᠡᠭᠰᠡᠯ ᠬᠤᠳᠠᠯᠳᠤᠨ ᠠᠪᠬᠤ ᠬᠢᠭᠡᠳ ᠬᠠᠮᠢᠶᠠᠷᠬᠤ᠂ ᠤᠯᠤᠰ ᠤᠨ ᠥᠮᠴᠢᠯᠡᠯᠲᠦ ᠡᠳ᠋ ᠬᠥᠷᠦᠩᠭᠡ ᠶᠢ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠲᠤᠰᠢᠶᠠᠬᠤ ᠠᠵᠢᠯ ᠢ ᠬᠠᠷᠢᠭᠤᠴᠠᠨ ᠬᠦᠢᠴᠡᠳᠬᠡᠨ᠎ᠡ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠠᠦ᠋ᠲ᠋ᠣᠴᠢᠯᠠᠭᠰᠠᠨ ᠲᠥᠬᠦᠭᠡᠷᠦᠮᠵᠢ ᠶᠢ ᠬᠠᠮᠠᠭᠠᠯᠠᠬᠤ᠂ ᠬᠤᠳᠠᠯᠳᠤᠨ ᠠᠪᠬᠤ ᠬᠢᠭᠡᠳ ᠬᠠᠮᠢᠶᠠᠷᠬᠤ ᠠᠵᠢᠯ ᠢ ᠬᠠᠷᠢᠭᠤᠴᠠᠨ᠎ᠠ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃     ︵ᠬᠤᠷᠢ︶ ᠥᠭᠡᠷᠡᠴᠢᠯᠡᠯᠲᠡ ᠪᠠ ᠰᠢᠯᠭᠠᠨ ᠬᠢᠨᠠᠬᠤ ᠰᠠᠯᠠᠭ᠎ᠠ᠄ ᠠᠵᠤ ᠠᠬᠤᠶ ᠠᠮᠢ ᠠᠬᠤᠶ ᠶᠢᠨ  ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠪᠥᠬᠦ ᠬᠤᠲᠠ ᠶᠢᠨ ᠠᠵᠤ ᠠᠬᠤᠶ ᠠᠮᠢ ᠠᠬᠤᠶ ᠶᠢᠨ ᠪᠣᠯᠪᠠᠰᠤᠨ ᠤ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠵᠢᠴᠢ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠪᠦᠬᠦ ᠬᠤᠲᠠ ᠶᠢᠨ ᠠᠵᠤ ᠠᠬᠤᠶ ᠠᠮᠢ ᠠᠬᠤᠶ ᠶᠢᠨ ᠪᠣᠯᠪᠠᠰᠤᠨ ᠤ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢᠨ ᠠᠵᠢᠯ ᠤᠨ ᠲᠥᠰᠦᠯ ᠪᠠ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠵᠤ ᠳᠤᠭᠤᠷᠪᠢᠨ ᠳᠤᠭᠳᠠᠭᠠᠨ᠎ᠠ᠃ ᠪᠥᠬᠦ ᠬᠤᠲᠠ ᠶᠢᠨ ᠠᠵᠤ ᠠᠬᠤᠶ  ᠠᠮᠢ ᠠᠬᠤᠶ ᠶᠢᠨ ᠪᠣᠯᠪᠠᠰᠤᠨ ᠤ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠬᠤ᠂ ᠦᠨᠡᠯᠡᠬᠦ ᠪᠠ ᠱᠠᠭᠠᠷᠳᠠᠨ ᠪᠠᠶᠢᠴᠠᠭᠠᠨ᠎ᠠ᠃ ᠪᠥᠬᠦ ᠬᠤᠲᠠ ᠶᠢᠨ ᠠᠵᠤ ᠠᠬᠤᠶ ᠠᠮᠢ ᠠᠬᠤᠶ ᠶᠢᠨ ᠪᠣᠯᠪᠠᠰᠤᠨ ᠤ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢᠨ ᠵᠦᠢᠯᠡᠰ ᠤᠨ ᠠᠬᠢᠴᠠ ᠶᠢ ᠲᠣᠬᠢᠷᠠᠭᠤᠯᠬᠤ᠂ ᠬᠤᠷᠢᠶᠠᠩᠭᠤᠶᠢᠯᠠᠬᠤ ᠪᠠ ᠮᠡᠳᠡᠭᠳᠡᠬᠦ ᠶᠢ ᠬᠠᠷᠢᠭᠤᠴᠠᠨ᠎ᠠ᠃ ᠬᠤᠳᠠ ᠶᠢᠨ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠠᠯᠪᠡᠠ ᠭᠡᠷ  ᠎ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠰᠢᠶᠠᠨ ᠤ ᠳᠡᠰ ᠤᠨ ᠤᠳᠤᠷᠢᠳᠬᠤ ᠳᠤᠭᠤᠶᠢᠯᠠᠩ ᠤᠨ ᠵᠢᠯ ᠤᠨ  ᠰᠢᠯᠭᠠᠨ ᠬᠢᠨᠠᠯᠳᠠ᠂ ︽ᠲᠠᠪᠤ ᠶᠢ ᠨᠢᠭᠡ ᠴᠤᠭᠴᠠᠵᠢᠭᠤᠯᠬᠤ︾ ᠰᠢᠯᠭᠠᠨ ᠬᠢᠨᠠᠯᠳᠠ ᠪᠠ ᠪᠠᠶᠢᠭᠤᠯᠭ᠎ᠠ ᠶᠢᠨ ᠳᠣᠲᠣᠭᠠᠳᠤ ᠶᠢᠨ ᠰᠢᠯᠭᠠᠨ ᠬᠢᠨᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠭᠦᠢᠴᠡᠳᠬᠡᠨ᠎ᠡ᠃      ︵ᠬᠤᠷᠢᠨ ᠨᠢᠭᠡ︶  ᠭᠠᠳᠠᠭᠠᠳᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ᠄ ᠣᠷᠳᠣᠰ ᠬᠤᠲᠠ ᠳᠤ ᠰᠤᠷᠪᠤᠯᠵᠢᠯᠠᠬᠤ ᠪᠠᠷ ᠢᠷᠡᠭᠰᠡᠨ ᠬᠢᠯᠢ ᠶᠢᠨ ᠭᠠᠳᠠᠨᠠᠬᠢ ᠰᠣᠨᠢᠨ ᠮᠡᠳᠡᠭᠡᠨ ᠤ ᠪᠠᠶᠢᠭᠤᠯᠤᠮᠵᠢ ᠵᠢᠴᠢ ᠰᠣᠷᠪᠣᠯᠵᠢᠯᠠᠭᠴᠢᠳ ᠤᠨ ᠭᠡᠷᠡᠭ ᠤᠴᠢᠷ ᠢ ᠵᠣᠬᠢᠴᠠᠭᠤᠯᠬᠤ᠂ ᠵᠢᠯᠣᠭᠤᠳᠬᠤ᠂ ᠬᠠᠮᠢᠶᠠᠷᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠭᠠᠳᠠᠭᠠᠳᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠠ᠃ ᠪᠦᠬᠦ ᠬᠤᠳᠠ ᠶᠢᠨ ᠭᠠᠳᠠᠭᠠᠳᠤ ᠳᠤ ᠬᠤᠯᠪᠣᠭᠳᠠᠬᠤ ᠴᠢᠬᠤᠯᠠ ᠶᠡᠭᠡ ᠬᠡᠷᠡᠭ ︵ᠶᠠᠪᠤᠳᠠᠯ︶᠎ ᠢ ᠬᠠᠪᠰᠤᠷᠤᠨ ᠰᠢᠢᠳᠪᠤᠷᠢᠯᠡᠨ᠎ᠡ᠃ ᠺᠤᠨᠰᠦ᠋ᠯ ᠤᠨ ᠭᠡᠷᠡᠴᠢᠯᠡᠯ ᠬᠢᠬᠦ᠂ ᠺᠤᠨᠰᠦ᠋ᠯ ᠤᠨ ᠬᠠᠮᠠᠭᠠᠯᠠᠯᠲᠠ ᠶᠢᠨ ᠠᠵᠢᠯ ᠢ ᠵᠣᠬᠢᠴᠠᠭᠤᠯᠤᠨ ᠭᠦᠢᠴᠡᠳᠬᠡᠨ᠎ᠡ᠃ ᠤᠷᠳᠤᠰ ᠬᠤᠳᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠤᠯᠤᠰ ᠤᠨ ᠵᠠᠰᠠᠭ ᠤᠨ ᠪᠤᠰᠤ ᠵᠤᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠬᠤ ᠶᠢ ᠬᠠᠷᠢᠭᠤᠴᠠᠨ᠎ᠠ᠃ ᠤᠷᠳᠤᠰ ᠬᠤᠳᠠ ᠳᠤ ᠡᠷᠬᠢᠯᠡᠭᠰᠡᠨ ᠣᠯᠠᠨ ᠤᠯᠤᠰ ᠤᠨ ᠬᠤᠷᠠᠯᠳᠤᠭᠠᠨ ᠢ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠨ᠎ᠠ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠳᠤᠰᠢᠶᠠᠯᠳᠠᠨ ᠤᠷᠳᠤᠰ ᠬᠤᠳᠠ ᠳᠤ ᠢᠷᠡᠵᠤ ᠠᠶᠢᠯᠴᠢᠯᠠᠯᠲᠠ ᠬᠢᠬᠦ ᠶᠢ ᠮᠡᠳᠡᠭᠦᠯᠦᠨ ᠬᠢᠨᠠᠭᠤᠯᠬᠤ ᠠᠵᠢᠯ ᠢ ᠬᠠᠷᠢᠭᠤᠴᠠᠨ᠎ᠠ᠃ ᠣᠷᠳᠣᠰ ᠬᠤᠲᠠ ᠶᠢᠨ ᠳᠤᠮᠳᠠᠳᠤ ᠤᠯᠤᠰ ᠲᠤ ᠤᠷᠢᠵᠤ ᠢᠷᠡᠭᠦᠯᠦᠭᠰᠡᠨ ᠵᠦᠢᠯᠡᠰ ᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠠᠵᠢᠯ ᠢ  ᠳᠠᠭᠠᠭᠠᠴᠢᠯᠠᠨ  ᠭᠦᠢᠴᠡᠳᠬᠡᠬᠦ ᠶᠢ ᠬᠠᠷᠢᠭᠤᠴᠠᠨ᠎ᠠ᠃ ᠰᠦᠷᠳᠡᠭᠦᠯᠦᠯ ᠢ ᠡᠰᠡᠷᠭᠦᠴᠡᠬᠦ᠂ ᠱᠠᠰᠢᠨ ᠰᠤᠷᠲᠠᠬᠤᠨ᠂ ᠬᠤᠣᠷᠲᠤ ᠡᠳ᠋ ᠢ ᠴᠠᠭᠠᠵᠠᠯᠠᠬᠤ᠂ ᠰᠦᠯᠵᠢᠶ᠎ᠡ ᠪᠠᠷ ᠭᠠᠳᠠᠭᠠᠳᠤ ᠳᠤ ᠬᠤᠯᠪᠣᠭᠳᠠᠬᠤ ᠦᠵᠡᠯ ᠤᠬᠠᠮᠰᠠᠷ ᠤᠨ ᠬᠡᠯᠪᠡᠷᠢ ᠵᠡᠷᠭᠡ ᠎ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠬᠦ ᠳᠤ ᠣᠷᠣᠯᠴᠠᠨ᠎ᠠ᠃      ︵ᠬᠤᠷᠢᠨ ᠬᠤᠶᠠᠷ︶ ᠭᠠᠳᠠᠭᠠᠳᠤ ᠳᠤ ᠭᠠᠷᠬᠤ ᠶᠢ ᠬᠠᠮᠢᠶᠠᠷᠬᠤ ᠰᠠᠯᠠᠭ᠎ᠠ᠄ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠯᠪᠠᠨ ᠶᠠᠪᠤᠳᠠᠯ ᠢᠶᠠᠷ ᠤᠯᠤᠰ ︵ᠬᠢᠯᠢ︶᠎ ᠠᠴᠠ ᠭᠠᠷᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠢᠭᠡᠳ ᠲᠣᠭᠲᠠᠭᠠᠯ ᠢ ᠬᠡᠷᠡᠭᠵᠢᠭᠦᠯᠦᠨ᠎ᠡ᠃ ᠪᠥᠬᠦ ᠬᠤᠲᠠ ᠶᠢᠨ ᠠᠯᠪᠠᠨ ᠶᠠᠪᠤᠳᠠᠯ ᠢᠶᠠᠷ ᠤᠯᠤᠰ ︵ᠬᠢᠯᠢ︶᠎ ᠠᠴᠠ ᠭᠠᠷᠬᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠬᠤᠷᠢᠶᠠᠩᠭᠤᠶᠢᠯᠠᠵᠤ  ᠳᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠠᠯᠪᠠᠨ ᠶᠠᠪᠤᠳᠠᠯ ᠢᠶᠠᠷ ᠤᠯᠤᠰ ︵ᠬᠢᠯᠢ︶᠎ ᠠᠴᠠ ᠭᠠᠷᠬᠤ ᠬᠥᠮᠦᠰ ᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠠᠵᠢᠯ ᠢ ᠳᠠᠭᠠᠭᠠᠴᠢᠯᠠᠨ ᠭᠦᠢᠴᠡᠳᠬᠡᠬᠦ ᠶᠢ ᠬᠠᠷᠢᠭᠤᠴᠠᠨ᠎ᠠ᠃ APEC᠎ ᠤᠨ ᠬᠤᠳᠠᠯᠳᠤᠭᠠᠨ ᠤ ᠶᠠᠪᠤᠳᠠᠯ ᠤᠨ ᠵᠢᠭᠤᠯᠴᠢᠯᠠᠯ ᠤᠨ ᠺᠠᠷᠲ ᠢ ᠵᠣᠬᠢᠴᠠᠭᠤᠯᠤᠨ  ᠭᠦᠢᠴᠡᠳᠬᠡᠬᠦ ᠶᠢ ᠬᠠᠷᠢᠭᠤᠴᠠᠨ᠎ᠠ ᠃ ᠪᠥᠬᠦ ᠬᠤᠲᠠ ᠶᠢᠨ ᠠᠯᠪᠠᠨ ᠶᠠᠪᠤᠳᠠᠯ ᠢᠶᠠᠷ ᠲᠦᠷ ᠴᠠᠭ ᠤᠯᠤᠰ ︵ᠬᠢᠯᠢ︶᠎ ᠠᠴᠠ ᠭᠠᠷᠬᠤ ᠪᠠᠶᠢᠳᠠᠯ ᠳᠤ ᠬᠢᠨᠠᠯᠲᠠ ᠲᠠᠯᠪᠢᠵᠤ᠂ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠦᠯᠬᠦᠮ ᠪᠠᠶᠢᠭᠤᠯᠤᠭᠰᠠᠨ ᠨᠢᠭᠡᠴᠡ ᠶᠢᠨ ᠠᠯᠪᠠᠨ ᠶᠠᠪᠤᠳᠠᠯ ᠢᠶᠠᠷ ᠲᠦᠷ ᠴᠠᠭ ᠣᠯᠣᠰ ︵ᠬᠢᠯᠢ︶᠎ ᠠᠴᠠ ᠭᠠᠷᠬᠤ ᠬᠥᠮᠦᠰ ᠲᠤ ᠤᠯᠤᠰ ︵ᠬᠢᠯᠢ︶᠎ ᠠᠴᠠ ᠭᠠᠷᠬᠤ ᠠᠴᠠ ᠡᠮᠦᠨᠡᠬᠢ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠬᠢᠭᠡᠳ ᠬᠠᠮᠢᠶ᠎ᠠ ᠪᠥᠬᠦᠶ ᠮᠡᠳᠡᠯᠭᠡ ᠶᠢᠨ ᠪᠣᠯᠪᠠᠰᠤᠷᠠᠭᠤᠯᠤᠯ ᠬᠢᠬᠦ ᠶᠢ ᠵᠤᠬᠢᠴᠠᠭᠤᠯᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃      ︵ᠬᠤᠷᠢᠨ ᠭᠤᠷᠪᠠ︶ ᠶᠣᠰᠣᠯᠠᠯ ᠤᠨ ᠰᠠᠯᠠᠭ᠎ᠠ᠄ ᠮᠠᠨ ᠤ ᠬᠤᠲᠠ ᠶᠢᠨ ᠭᠠᠳᠠᠭᠠᠳᠤ ᠳᠤ ᠬᠤᠯᠪᠣᠭᠳᠠᠬᠤ   ᠵᠤᠴᠢᠯᠠᠭ᠎ᠠ ᠬᠢᠭᠡᠳ ᠶᠣᠰᠣᠯᠠᠯ ᠤᠨ ᠠᠵᠢᠯ ᠢ ᠵᠢᠭᠠᠨ ᠵᠢᠯᠣᠭᠤᠳᠤᠨ᠎ᠠ᠃ ᠤᠷᠳᠤᠰ ᠬᠤᠳᠠ ᠳᠤ ᠰᠢᠨᠵᠢᠯᠡᠨ ᠪᠠᠶᠢᠴᠠᠭᠠᠬᠤ᠂ ᠠᠶᠢᠯᠴᠢᠯᠠᠯᠲᠠ ᠬᠢᠬᠦ ᠪᠠᠷ ᠢᠷᠡᠭᠰᠡᠨ ᠲᠦᠷᠦ ᠶᠢᠨ ᠵᠣᠴᠢᠨ᠂ ᠨᠠᠮ ᠤᠨ ᠵᠣᠴᠢᠨ᠂ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠵᠢᠴᠢ  ᠭᠠᠳᠠᠭᠠᠳᠤ ᠶᠢᠨ ᠪᠤᠰᠤᠳ ᠴᠢᠬᠤᠯᠠ ᠵᠣᠴᠢᠳ ᠢ ᠬᠦᠯᠢᠶᠡᠨ ᠠᠪᠴᠤ ᠵᠣᠴᠢᠯᠠᠨ᠎ᠠ᠃  ᠠᠯᠪᠠᠨ ᠠᠵᠢᠯᠯᠠᠭ᠎ᠠ ᠠᠴᠠ ᠪᠤᠰᠤᠳ ᠣᠷᠳᠣᠰ ᠬᠤᠲᠠ ᠳᠤ ᠢᠷᠡᠭᠰᠡᠨ ᠭᠠᠳᠠᠭᠠᠳᠤ ᠶᠢᠨ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠬᠠᠷᠢᠯᠴᠠᠭᠠᠨ ᠤ ᠠᠵᠢᠯᠲᠠᠨ ᠢ ᠬᠠᠪᠰᠤᠷᠤᠨ ᠵᠣᠴᠢᠯᠠᠨ᠎ᠠ᠃ ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠠ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠬᠥᠮᠦᠰ ᠤᠨ ᠤᠯᠤᠰ ᠤᠨ ᠳᠣᠲᠣᠭᠠᠳᠤ ᠶᠢᠨ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠨᠢᠭᠡᠳᠦᠯᠲᠡᠶ ᠲᠦᠯᠦᠪᠯᠡᠨ ᠳᠤᠬᠢᠷᠠᠭᠤᠯᠤᠨ᠎ᠠ᠃      ︵ᠬᠤᠷᠢᠨ ᠲᠦᠷᠪᠡ︶ ᠭᠠᠳᠠᠭᠠᠳᠤ ᠲᠠᠢ ᠬᠠᠮᠲᠤᠷᠠᠨ ᠠᠵᠢᠯᠯᠠᠬᠤ ᠰᠣᠯᠢᠯᠴᠠᠭᠠᠨ ᠤ ᠰᠠᠯᠠᠭ᠎ᠠ᠄ ᠪᠦᠬᠦ ᠬᠤᠲᠠ ᠶᠢᠨ ᠭᠠᠳᠠᠭᠠᠳᠤ ᠲᠠᠢ ᠬᠠᠮᠲᠤᠷᠠᠨ ᠠᠵᠢᠯᠯᠠᠵᠤ ᠰᠣᠯᠢᠯᠴᠠᠬᠤ ᠠᠵᠢᠯ ᠢ ᠬᠠᠷᠢᠭᠤᠴᠠᠨ᠎ᠠ᠃ ᠤᠷᠳᠤᠰ ᠬᠤᠳᠠ ᠬᠢᠭᠡᠳ ᠤᠯᠤᠰ ᠤᠨ ᠬᠤᠯᠪᠣᠭᠳᠠᠯ ᠪᠦᠬᠦᠢ ᠭᠠᠳᠠᠭᠠᠳᠤ ᠲᠠᠢ ᠬᠠᠷᠢᠯᠴᠠᠬᠤ᠂ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠤᠷᠳᠤᠰ ᠬᠤᠳᠠ ᠬᠢᠭᠡᠳ ᠭᠠᠳᠠᠭᠠᠳᠤ ᠶᠢᠨ ᠨᠥᠬᠦᠷᠰᠡᠭ ᠬᠤᠳᠠ᠂ ᠭᠠᠵᠠᠷ ᠣᠷᠣᠨ᠂ ᠨᠢᠭᠡᠴᠡ ᠯᠦᠭᠡ ᠶᠢᠨ ᠬᠠᠷᠢᠯᠴᠠᠭᠠᠨ ᠤ ᠠᠵᠢᠯᠯᠠᠭ᠎ᠠ ᠶᠢ ᠬᠠᠮᠢᠶᠠᠷᠤᠨ᠎ᠠ᠃ ᠪᠥᠬᠦ ᠬᠤᠲᠠ ᠶᠢᠨ ᠠᠷᠠᠳ ᠤᠨ ᠬᠤᠭᠤᠷᠣᠨᠳᠣᠬᠢ ᠭᠠᠳᠠᠭᠠᠳᠤ ᠳᠠᠬᠢ ᠨᠥᠬᠦᠷᠰᠡᠭ ᠶᠠᠪᠤᠯᠴᠠᠭᠠᠨ ᠤ ᠠᠵᠢᠯ ᠢ ᠵᠢᠯᠤᠭᠤᠳᠤᠨ᠎ᠠ᠃ ᠣᠷᠳᠣᠰ ᠬᠤᠲᠠ ᠬᠢᠭᠡᠳ ᠰᠢᠶᠡᠩᠭᠠᠡᠭ ᠤᠨ ᠤᠡᠴᠡᠭᠠᠢ ᠵᠡᠰᠠᠬ ᠵᠡᠬᠢᠷᠭᠠᠠ ᠤ ᠤᠷᠦᠠ᠂ ᠣᠣᠮᠧᠨ ᠤ ᠤᠡᠴᠡᠭᠠᠢ ᠵᠠᠰᠠᠭ ᠵᠠᠬᠢᠷᠭᠠᠨ ᠤ ᠣᠷᠣᠨ ᠤ ᠬᠠᠷᠢᠯᠴᠠᠭᠠᠨ ᠤ ᠶᠠᠪᠤᠳᠠᠯ ᠢ ᠵᠣᠬᠢᠴᠠᠭᠤᠯᠤᠨ᠎ᠠ᠃ ᠣᠷᠳᠣᠰ ᠬᠤᠲᠠ ᠬᠢᠭᠡᠳ ᠣᠷᠣᠰ ᠮᠣᠩᠭᠤᠯ ᠤᠯᠤᠰ ᠤᠨ ᠬᠠᠷᠢᠯᠴᠠᠭᠠᠨ ᠤ ᠶᠠᠪᠤᠳᠠᠯ ᠢ ᠵᠣᠬᠢᠴᠠᠭᠤᠯᠤᠨ᠎ᠠ᠃ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠰᠦᠯᠵᠢᠶ᠎ᠡ ᠶᠢ ᠬᠠᠷᠢᠭᠤᠴᠠᠨ ᠬᠠᠮᠢᠶᠠᠷᠤᠨ᠎ᠠ᠃      ︵ᠬᠤᠷᠢᠨ ᠲᠠᠪᠤ︶  ᠲᠦᠷᠦ ᠶᠢᠨ ᠪᠤᠳᠤᠯᠭ᠎ᠠ ᠬᠠᠤᠯᠢ ᠳᠤᠭᠳᠠᠭᠠᠯ ᠤᠨ ᠰᠠᠯᠠᠭ᠎ᠠ᠄ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ ᠢ ᠲᠣᠭᠲᠠᠭᠠᠬᠤ ᠶᠢ ᠬᠠᠷᠢᠭᠤᠴᠠᠵᠤ᠂ ᠪᠥᠬᠦ ᠬᠤᠲᠠ ᠶᠢᠨ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷᠢᠮ ᠢ ᠲᠣᠭᠲᠠᠭᠠᠨ᠎ᠠ︔ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠠᠯᠪᠡᠠ ᠭᠡᠷ ᠤᠨ ᠳᠤᠭᠤᠷᠪᠢᠨ ᠲᠠᠷᠬᠠᠭᠠᠬᠤ ᠪᠠᠷ ᠪᠠᠶᠢᠭ᠎ᠠ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ ᠬᠢᠨᠠᠨ ᠪᠠᠶᠢᠴᠠᠭᠠᠯᠲᠠ ᠵᠢᠴᠢ ᠳᠠᠩᠰᠠᠯᠠᠭᠤᠯᠤᠯᠳᠠ ᠬᠢᠬᠦ ᠠᠵᠢᠯ ᠢ ᠬᠠᠷᠢᠭᠤᠴᠠᠨ᠎ᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠪᠠᠷ ᠪᠠᠶᠢᠭ᠎ᠠ ᠵᠢᠭᠠᠪᠤᠷᠢ ᠠᠪᠬᠤ ᠪᠢᠴᠢᠭ ᠮᠠᠲ᠋ᠧᠷᠢᠶᠠᠯ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠭᠠᠷ ᠤᠨ ᠥᠰᠥᠭ ᠵᠢᠷᠤᠭᠰᠠᠨ ᠭᠡᠷ᠎ᠡ᠂  ᠭᠡᠯᠡᠯᠴᠡᠭᠡᠷ ᠵᠡᠷᠭᠡ ᠳᠤ ᠬᠠᠤᠯᠢ ᠶᠤᠰᠤᠨ ᠤ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠳᠠᠭᠠᠭᠠᠴᠢᠯᠠᠨ ᠭᠦᠢᠴᠡᠳᠬᠡᠨ᠎ᠡ᠃      ᠪᠠᠶᠢᠭᠤᠯᠭ᠎ᠠ ᠶᠢᠨ ᠨᠠᠮ ᠤᠨ ᠬᠤᠷᠢᠶ᠎ᠠ᠄ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠨᠠᠮ ᠤᠨ ᠠᠵᠢᠯ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠤᠯᠤᠰ ᠲᠦᠷᠦ ᠤᠨᠤᠯ ᠤᠨ ᠰᠤᠷᠤᠯᠴᠠᠯᠭ᠎ᠠ ᠵᠢᠴᠢ ᠪᠤᠰᠤᠳ ᠡᠳᠦᠷ ᠲᠤᠳᠤᠮ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠳᠤᠷ ᠳᠤᠳᠤᠮ ᠤᠨ ᠠᠵᠢᠯ ᠢ ᠬᠠᠷᠢᠭᠤᠴᠠᠨ᠎ᠠ᠃ ᠲᠣᠰᠬᠤᠨ ᠳᠤ ᠰᠠᠭᠤᠵᠤ ᠳᠠᠭᠠᠭᠠᠴᠢᠯᠠᠨ ᠬᠠᠷᠢᠯᠴᠠᠬᠤ ᠠᠵᠢᠯ ᠢ ᠬᠠᠷᠢᠭᠤᠴᠠᠨ᠎ᠠ᠃ ᠨᠠᠮ ᠤᠨ ᠰᠤᠷᠲᠠᠯ ᠴᠢᠭᠡᠴᠢ ᠵᠠᠰᠠᠭ᠂ ᠦᠵᠡᠯ ᠤᠬᠠᠮᠰᠠᠷ ᠤᠨ ᠬᠡᠯᠪᠡᠷᠢ᠂ ᠤᠶᠤᠨ ᠤ ᠪᠣᠯᠪᠠᠰᠤᠨ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠨᠠᠮ ᠤᠨ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢ ᠵᠤᠬᠢᠶᠠᠨ ᠪᠠᠶᠢᠭᠤᠯᠬᠤ ᠵᠡᠷᠭᠡ ᠠᠵᠢᠯ ᠢ ᠵᠢᠯᠣᠭᠤᠳᠤᠨ᠎ᠠ᠃ ᠨᠡᠷᠢᠠ ᠪᠢᠴᠢᠭ ᠤᠨ ᠲᠡᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ  ᠳᠠᠭᠠᠭᠠᠴᠢᠯᠠᠨ ᠭᠦᠢᠴᠡᠳᠬᠡᠨ᠎ᠡ᠃      ᠲᠦᠷᠪᠡ᠂ ᠵᠠᠰᠠᠭ ᠵᠠᠬᠢᠷᠭᠠᠨ ᠤ ᠣᠷᠣᠨ ᠲᠤᠭ᠎ᠠ ᠪᠠ ᠤᠳᠤᠷᠢᠳᠬᠤ ᠲᠤᠰᠢᠶᠠᠯ ᠤᠨ ᠲᠤᠭ᠎ᠠ        ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 65 ᠨᠡᠷᠡᠰ᠂ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 9 ᠨᠡᠷᠡᠰ ︵1 ᠵᠢᠩᠬᠢᠨᠢ 8 ᠳᠡᠳ᠋︶︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 39 ᠨᠡᠷᠡᠰ ︵26 ᠵᠢᠩᠬᠢᠨᠢ ︵ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠱᠦᠵᠢ 1 ᠨᠡᠷ᠎ᠡ ᠪᠠᠭᠲᠠᠨ᠎ᠠ︶ 13 ᠳᠡᠳ᠋︶ ᠪᠤᠢ᠃            ᠬᠠᠶ᠋ᠢᠭ᠄ ᠤᠷᠳᠤᠰ ᠬᠤᠳᠠ ᠶᠢᠨ ᠬᠢᠶ᠎ᠠ ᠪᠠᠭᠰᠢ ᠰᠢᠨ᠎ᠡ ᠳᠤᠭᠤᠷᠢᠭ ᠤᠨ ᠨᠠᠮ ᠵᠠᠰᠠᠭ ᠤᠨ ᠳᠤᠮᠤ ᠠᠰᠠᠷ ᠤᠨ  B ᠰᠠᠭᠤᠷᠢ      ᠬᠠᠷᠢᠯᠴᠠᠬᠤ ᠤᠲᠠᠰᠤ᠄ 0477-8589990 0477-8589988      ᠠᠵᠢᠯᠯᠠᠬᠤ ᠴᠠᠭ᠄ 9᠄ 00 — 12᠄ 00     14᠄ 30 — 17᠄ 30      ᠰᠢᠣᠳᠡᠨ ᠳ᠋ᠣᠭᠠᠷ᠄ 017000
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ