ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/30
    ᠨᠢᠭᠡ᠂ ᠣᠳᠣᠷᠢᠳᠬᠤ ᠪᠠᠭ      ᠰᠢᠨ ᠬᠤᠩ ᠯᠢᠶᠠᠩ ︵ᠲᠤᠪᠴᠢᠶ᠎ᠠ ᠶᠢᠨ ᠨᠠᠮ ᠤᠨ ᠣᠳᠣᠷᠢᠳᠬᠤ ᠲᠤᠭᠤᠶᠢᠯᠠᠩ ᠤᠨ ᠱᠦᠵᠢ᠂  ᠲᠤᠪᠴᠢᠶ᠎ᠠ ᠶᠢᠨ ᠳᠠᠷᠤᠭ᠎ᠠ︶᠄  ᠠᠷᠠᠳ ᠤᠨ ᠶᠠᠪᠤᠳᠠᠯ ᠤᠨ  ᠲᠤᠪᠴᠢᠶ᠎ᠠ ᠶᠢᠨ ᠪᠦᠬᠦ ᠳᠠᠯ᠎ᠠ ᠶᠢᠨ ᠠᠵᠢᠯ ᠢ ᠬᠠᠷᠢᠭᠤᠴᠠᠨ᠎ᠠ᠃     ᠵᠤᠤ ᡁᠢ ᠵᠦᠩ  ︵ᠲᠤᠪᠴᠢᠶ᠎ᠠ ᠶᠢᠨ ᠨᠠᠮ ᠤᠨ ᠣᠳᠣᠷᠢᠳᠬᠤ ᠲᠤᠭᠤᠶᠢᠯᠠᠩ ᠤᠨ ᠱᠦᠵᠢ᠂  ᠲᠤᠪᠴᠢᠶᠠᠨ ᠳᠡᠳ᠋ ᠳᠠᠷᠤᠭ᠎ᠠ︶᠄ ᠲᠤᠪᠴᠢᠶᠠᠨ ᠤ ᠳᠠᠷᠤᠭ᠎ᠠ ᠶᠢ  ᠬᠠᠮᠵᠢᠨ ᠡᠳᠣᠷ ᠳᠣᠳᠣᠮ ᠤᠨ ᠠᠵᠢᠯ ᠶᠠᠪᠤᠳᠠᠯ ᠢ  ᠬᠤᠪᠢᠶᠠᠨ ᠬᠠᠮᠢᠶᠠᠷᠴᠤ᠂ ᠠᠯᠪᠠᠨ ᠭᠡᠷ᠂ ᠲᠦᠯᠦᠪᠵᠢᠭᠦᠯᠭᠡ ᠡᠳ᠋ ᠤᠨ ᠶᠠᠪᠤᠳᠠᠯ ᠤᠨ ᠰᠠᠯᠠᠭ᠎ᠠ᠂ ᠬᠤᠲᠠ ᠶᠢᠨ ᠠᠰᠠᠷᠠᠮᠵᠢ ᠶᠢᠨ ᠰᠣᠭᠤᠯᠤᠭ᠎ᠠ ᠶᠢᠨ ᠳᠠᠷᠬᠠᠭᠠᠯᠳᠠ ᠶᠢᠨ ᠬᠠᠮᠢᠶᠠᠷᠣᠯᠳᠠ ᠶᠢᠨ ᠲᠦᠪ ᠢ ᠪᠤᠳᠠᠳᠠᠢ ᠬᠤᠪᠢᠶᠠᠨ ᠬᠠᠮᠢᠶᠠᠷᠴᠤ᠂ ᠲᠤᠪᠴᠢᠶᠠᠨ ᠤ ᠳᠠᠷᠤᠭ᠎ᠠ  ᠎ ᠠᠴᠠ ᠳᠦᠷ ᠴᠠᠭ  ᠲᠤᠰᠢᠶᠠᠭᠰᠡᠨ ᠡᠭᠦᠷᠭᠡ ᠶᠢ ᠪᠡᠶᠡᠯᠡᠭᠦᠯᠦᠨ᠎ᠡ᠃     ᠯᠢᠦ ᠢᠦᠢ ᠵᠧᠨ ︵ᠲᠤᠪᠴᠢᠶ᠎ᠠ ᠶᠢᠨ ᠨᠠᠮ ᠤᠨ ᠣᠳᠣᠷᠢᠳᠬᠤ ᠲᠤᠭᠤᠶᠢᠯᠠᠩ ᠤᠨ ᠪᠦᠷᠢᠯᠳᠦᠭᠦᠨ᠂ ᠲᠤᠪᠴᠢᠶᠠᠨ ᠳᠡᠳ᠋ ᠳᠠᠷᠤᠭ᠎ᠠ︶᠄ ᠲᠤᠪᠴᠢᠶᠠᠨ ᠤ ᠳᠠᠷᠤᠭ᠎ᠠ ᠶᠢᠨ ᠠᠵᠢᠯ ᠢ ᠬᠠᠮᠵᠢᠵᠤ᠂ ᠨᠠᠰᠣᠵᠢᠯ ᠤᠨ ᠦᠢᠯᠡᠴᠢᠯᠡᠭᠡ ᠪᠠ ᠬᠡᠤᠭᠡᠳ ᠤᠨ ᠠᠰᠠᠷᠠᠮᠵᠢ ᠶᠢᠨ ᠰᠠᠯᠠᠭ᠎ᠠ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠭ᠎ᠠ ᠶᠢᠨ ᠠᠯᠪᠠᠨ ᠭᠡᠷ᠂ ᠨᠡᠶᠢᠭᠡᠮ ᠤᠨ ᠶᠠᠪᠤᠳᠠᠯ ᠤᠨ  ᠰᠠᠯᠠᠭ᠎ᠠ᠂ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ ᠬᠤᠲᠠ ᠶᠢᠨ ᠠᠪᠤᠷᠠᠨ ᠲᠤᠰᠠᠯᠠᠬᠤ ᠬᠠᠮᠢᠶᠠᠷᠤᠯᠳᠠ ᠶᠢᠨ ᠦᠷᠳᠡᠭᠡ  ᠎ ᠶᠢ ᠬᠤᠪᠢᠶᠠᠨ ᠬᠠᠮᠢᠶᠠᠷᠴᠣ᠂ ᠲᠤᠪᠴᠢᠶᠠᠨ ᠤ ᠳᠠᠷᠤᠭ᠎ᠠ  ᠎ ᠠᠴᠠ ᠳᠦᠷ  ᠴᠠᠭ  ᠲᠤᠰᠢᠶᠠᠭᠰᠡᠨ ᠡᠭᠦᠷᠭᠡ ᠶᠢ ᠪᠡᠶᠡᠯᠡᠭᠦᠯᠦᠨ᠎ᠡ᠃     ᠹᠧᠩ ᠱᠤ᠋ ᠯᠢᠨ  ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠲᠤᠮᠢᠯᠠᠵᠤ ᠰᠠᠨᠠᠭᠤᠯᠤᠭᠰᠡᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ︶᠄ ᠲᠤᠮᠢᠯᠠᠵᠤ ᠰᠠᠭᠤᠯᠭᠠᠭᠰᠡᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ  ᠳᠤᠭᠤᠶᠢᠯᠠᠩ ᠎ ᠤᠨ ᠠᠵᠢᠯ ᠢ ᠬᠠᠷᠢᠭᠤᠴᠠᠨ᠎ᠠ᠃     ᠸᠠᠩ ᠭᠦᠸᠧ ᠯᠢᠶᠠᠩ  ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ  ︶᠄ ᠲᠣᠪᠴᠢᠶᠠᠨ ᠳᠠᠷᠤᠭ᠎ᠠ ᠶᠢᠨ ᠠᠵᠢᠯ ᠢ ᠬᠠᠮᠵᠢᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ︵ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ  ︶᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠰᠠᠯᠠᠭ᠎ᠠ᠂ ᠨᠢᠭᠦᠯᠡᠰᠦᠩᠭᠦᠶ ᠶᠢᠨ ᠦᠶᠯᠡᠰ ᠢ ᠠᠬᠢᠭᠤᠯᠬᠤ ᠪᠠ ᠨᠡᠶᠢᠭᠡᠮ ᠤᠨ ᠠᠵᠢᠯ ᠤᠨ ᠰᠠᠯᠠᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠢ  ᠬᠤᠪᠢᠶᠠᠨ ᠬᠠᠮᠢᠶᠠᠷᠴᠤ᠂ ᠬᠤᠲᠠ ᠶᠢᠨ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠲᠠᠢ  ᠬᠠᠷᠢᠯᠴᠠᠨ᠎ᠠ  ᠂ ᠲᠣᠪᠴᠢᠶᠠᠨ ᠳᠠᠷᠤᠭ᠎ᠠ  ᠠᠴᠠ  ᠲᠦᠷ ᠴᠠᠭ ᠲᠤᠰᠢᠶᠠᠭᠰᠠᠨ ᠡᠬᠦᠷᠬᠡ  ᠶᠢ  ᠪᠡᠶᠡᠯᠡᠭᠦᠯᠦᠨ᠎ᠡ᠃    ᠯᠢᠦ ᠵᠧᠨ ᠬᠤᠸᠠ  ︵ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ︶᠄ ᠸᠠᠩ ᠭᠦᠸᠧ ᠯᠢᠶᠠᠩ  ᠲᠣᠪᠴᠢᠶᠠᠨ ᠳᠡᠳ᠋ ᠳᠠᠷᠤᠭ᠎ᠠ ᠶᠢᠨ ᠠᠵᠢᠯ ᠢ  ᠬᠠᠮᠵᠢᠨ᠎ᠠ  ᠂  ᠲᠣᠪᠴᠢᠶᠠᠨ ᠳᠠᠷᠤᠭ᠎ᠠ ᠠᠴᠠ ᠲᠦᠷ ᠴᠠᠭ ᠲᠤᠰᠢᠶᠠᠭᠰᠠᠨ ᠡᠬᠦᠷᠬᠡ ᠶᠢ ᠪᠡᠶᠡᠯᠡᠭᠦᠯᠦᠨ᠎ᠡ᠃    ᠵᠧᠦ ᠶᠦᠩ ᠹᠧᠩ ︵ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ︶  ᠄ ᠯᠢᠦ ᠢᠦᠢ ᠵᠧᠨ ᠲᠣᠪᠴᠢᠶᠠᠨ ᠳᠡᠳ᠋ ᠳᠠᠷᠤᠭ᠎ᠠ ᠶᠢᠨ ᠠᠵᠢᠯ ᠢ ᠬᠠᠮᠵᠢᠨ᠎ᠠ᠂  ᠲᠣᠪᠴᠢᠶᠠᠨ ᠳᠠᠷᠤᠭ᠎ᠠ  ᠠᠴᠠ ᠲᠦᠷ ᠴᠠᠭ ᠲᠤᠰᠢᠶᠠᠭᠰᠠᠨ ᠡᠬᠦᠷᠬᠡ  ᠶᠢ  ᠪᠡᠶᠡᠯᠡᠭᠦᠯᠦᠨ᠎ᠡ  ᠃    ᠬᠤᠶᠠᠷ᠂ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠴᠢᠳᠠᠪᠬᠢ ᠶᠢᠨ ᠲᠣᠬᠢᠷᠠᠭᠤᠯᠤᠯᠲᠠ᠂ ᠪᠠᠶᠢᠭᠤᠯᠤᠭᠰᠡᠨ ᠳᠣᠲᠣᠭᠠᠳᠤ ᠶᠢᠨ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ    ᠨᠢᠭᠡᠳᠦᠭᠡᠷ ᠵᠦᠢᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ  ᠳᠠᠷᠤᠮᠯᠠᠨ ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ  ︾  ᠎ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ  ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠬᠤ ᠪᠥᠭᠡᠳ ᠰᠢᠶᠠᠨ ᠤ ᠳᠡᠰ  ᠤᠨ ᠪᠠᠶᠢᠭᠤᠯᠭ᠎ᠠ ᠪᠣᠯᠤᠨ᠎ᠠ᠃    ᠭᠤᠷᠪᠠᠳᠤᠭᠠᠷ ᠵᠦᠢᠯ   ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠎ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠳᠣᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠠᠷᠠᠳ ᠤᠨ ᠶᠠᠪᠤᠳᠠᠯ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃    ᠭᠤᠣᠯ ᠲᠤᠰᠢᠶᠠᠯ ᠬᠠᠷᠢᠭᠤᠴᠠᠯᠭ᠎ᠠ ᠪᠣᠯ  ᠄    ︵ᠨᠢᠭᠡ︶ ᠤᠯᠤᠰ  ᠤᠨ  ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠯ ᠳᠦᠷᠢᠮ ᠲᠣᠭᠲᠠᠭᠠᠯ  ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠦ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠬᠤ᠂ ᠬᠦᠮᠦᠵᠢᠬᠦᠯᠬᠦ ᠪᠠ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠡ ᠶᠢᠨ ᠬᠠᠷᠢᠶᠠᠯᠠᠯ ᠶᠣᠰᠣᠭᠠᠷ ᠳᠠᠩᠰᠠᠯᠠᠬᠤ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ ᠬᠤᠰᠢᠭᠤ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠠᠩᠰᠠᠯᠠᠯᠳᠠ ᠬᠠᠮᠢᠶᠠᠷᠤᠯᠳᠠ  ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃  ᠨᠡᠶᠢᠭᠡᠮ ᠤᠨ ᠵᠣᠬᠢᠶᠠᠨ ᠪᠠᠢᠭᠤᠯᠤᠯᠲᠠ ᠶᠢᠨ ᠨᠠᠮ ᠤᠨ ᠪᠠᠢᠭᠤᠯᠤᠯᠲᠠ ᠶᠢᠨ ᠠᠵᠢᠯ ᠢ ᠰᠤᠳᠤᠯᠤᠨ ᠵᠢᠯᠣᠭᠤᠳᠴᠤ᠂ ᠬᠤᠲᠠ ᠶᠢᠨ ᠲᠣᠰ ᠱᠠᠲᠤᠨ ᠤ ᠰᠢᠭᠤᠳ ᠳᠠᠩᠰᠠᠯᠠᠭᠰᠠᠨ ᠨᠡᠶᠢᠭᠡᠮ ᠤᠨ ᠵᠣᠬᠢᠶᠠᠨ ᠪᠠᠢᠭᠤᠯᠤᠯᠲᠠ ᠶᠢᠨ ᠨᠠᠮ ᠤᠨ  ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃    ︵ᠭᠤᠷᠪᠠ︶ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ  ᠲᠤᠭᠤᠷᠪᠢᠨ ᠲᠤᠭᠳᠠᠭᠠᠵᠤ᠂ ᠨᠡᠶᠢᠭᠡᠮ ᠤᠨ  ᠠᠪᠤᠷᠠᠨ ᠲᠤᠰᠠᠯᠠᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ  ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠤᠷᠤᠯᠭ᠎ᠠ ᠶᠢᠨ ᠢᠷᠡᠯᠲᠡ ᠦᠭᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ  ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃    ︵ᠲᠦᠷᠪᠡ︶ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠤᠭᠳᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠎ ᠶᠢ ᠵᠢᠯᠤᠭᠤᠳᠴᠣ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠣᠷᠠᠳᠣᠨ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠎ᠠ᠃   ︵ᠲᠠᠪᠤ︶ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ  ᠨᠡᠷᠡᠶᠢᠳᠦᠯ ᠎ ᠤᠨ ᠬᠠᠮᠢᠶᠠᠷᠤᠯᠲᠠ ᠶᠢᠨ ᠲᠥᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠪᠠ ᠭᠤᠶᠤᠴᠢᠯᠠᠨ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠶᠢᠨ ᠲᠣᠭᠲᠠᠭᠠᠯᠲᠠ᠂ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠡᠷᠬᠡ ᠵᠢᠨ‌ᠬᠠᠷᠢᠶᠠᠯᠠᠯ ᠶᠣᠰᠣᠭᠠᠷ ᠭᠠᠵᠠᠷ ᠤᠨ ᠨᠡᠷᠡᠶᠢᠳᠦᠯ ᠬᠠᠮᠢᠶᠠᠷᠤᠯᠲᠠ ᠎ ᠶᠢᠨ ᠠᠵᠢᠯ ᠢ ᠬᠠᠷᠢᠭᠤᠴᠠᠨ᠎ᠠ᠃   ︵ᠵᠢᠷᠭᠤᠭ᠎ᠠ︶ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ  ᠃   ︵ᠳᠣᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠳᠠᠭᠠᠵᠤ᠂ ᠦᠢᠯᠡᠴᠢᠯᠡᠭᠡ ᠶᠢ ᠵᠢᠷᠤᠮᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃   ︵ᠨᠠᠶᠮᠠ︶ ᠨᠠᠰᠤᠵᠢᠯ ᠤᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠱᠠᠯᠠᠪᠳᠠᠭᠤᠯᠤᠨ ᠵᠢᠯᠤᠭᠤᠳᠬᠤ ᠪᠠ ᠬᠢᠨᠠᠯᠳᠠ ᠳᠠᠯᠪᠢᠨ ᠬᠠᠮᠢᠶᠠᠷᠴᠣ᠂ ᠨᠠᠰᠤᠵᠢᠯ ᠤᠨ ᠦᠶᠯᠡᠴᠢᠯᠡᠭᠡᠨ ᠤ   ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ  ᠲᠤᠭᠤᠷᠪᠢᠨ   ᠲᠤᠭᠳᠠᠭᠠᠬᠤ ᠶᠢᠨ ᠬᠠᠮᠳᠣ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ  ᠣᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃    ︵ᠶᠢᠰᠦ︶ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃    ︵ᠠᠷᠪᠠ︶ ᠬᠡᠦᠬᠡᠳ ᠤᠨ ᠠᠰᠠᠷᠠᠮᠵᠢ᠂ ᠥᠨᠥᠴᠢᠨ ᠥᠷᠥᠭᠡᠰᠦᠨ ᠬᠠᠶᠠᠭᠳᠠᠭᠰᠠᠨ ᠬᠡᠦᠬᠡᠳ ᠤᠨ ᠪᠠᠲᠤᠯᠠᠭ᠎ᠠ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ  ᠲᠤᠭᠤᠷᠪᠢᠨ ᠲᠤᠭᠳᠠᠭᠠᠵᠤ᠂ ᠬᠡᠦᠬᠡᠳ ᠢ ᠡᠷᠭᠦᠨ ᠲᠡᠵᠢᠭᠡᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠤᠭᠳᠠᠯᠴᠠᠭ᠎ᠠ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ  ᠪᠠᠶᠢᠭᠤᠯᠤᠨ ᠪᠦᠷᠢᠨᠰᠢᠭᠦᠯᠦᠨ᠎ᠡ᠃    ︵ᠠᠷᠪᠠᠨ ᠨᠢᠭᠡ︶ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠪᠠ ᠨᠢᠭᠦᠯᠡᠰᠦᠩᠭᠦᠶ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠤᠯᠤᠭᠠᠶᠢᠯᠠᠨ ᠲᠤᠭᠤᠷᠪᠢᠨ ᠲᠣᠭᠲᠠᠭᠠᠨ᠎ᠠ᠃   ︵ᠠᠷᠪᠠᠨ ᠬᠤᠶᠠᠷ︶ ᠠᠰᠠᠷᠠᠮᠵᠢ ᠶᠢᠨ ᠰᠣᠭᠤᠯᠤᠭ᠎ᠠ ᠶᠢᠨ ᠬᠠᠮᠢᠶᠠᠷᠤᠯᠲᠠ ᠶᠢᠨ ᠪᠣᠳᠠᠲᠠᠶ ᠠᠷᠭ᠎ᠠ ᠶᠢ ᠲᠤᠭᠤᠷᠪᠢᠨ ᠲᠣᠭᠲᠠᠭᠠᠨ᠎ᠠ᠃  ᠠᠰᠠᠷᠠᠮᠵᠢ ᠶᠢᠨ  ᠰᠣᠭᠤᠯᠤᠭ᠎ᠠ ᠶᠢᠨ ᠱᠠᠩᠨᠠᠯ ᠨᠡᠶᠢᠳᠡᠯᠡᠬᠦ ᠪᠠ ᠬᠦᠴᠦᠨ ᠦᠭᠡᠢ ᠪᠤᠯᠭᠠᠬᠤ ᠳᠤ ᠡᠷᠭᠡ ᠶᠢᠨ ᠬᠠᠷᠢᠶᠠᠯᠠᠯ ᠶᠤᠰᠣᠭᠠᠷ ᠬᠢᠨᠠᠯᠳᠠ ᠳᠠᠯᠪᠢᠵᠤ᠂ ᠠᠰᠠᠷᠠᠮᠵᠢ ᠶᠢᠨ   ᠰᠣᠭᠤᠯᠤᠭ᠎ᠠ  ᠎ ᠶᠢ ᠣᠷᠣᠯᠠᠨ ᠪᠣᠷᠣᠯᠠᠭᠤᠯᠬᠤ ᠦᠢᠯᠡ ᠠᠵᠢᠯᠯᠠᠭ᠎ᠠ ᠳᠤ  ᠬᠠᠮᠢᠶᠠᠷᠤᠯᠳᠠ ᠬᠢᠵᠤ ᠬᠢᠨᠠᠯᠲᠠ ᠲᠠᠯᠪᠢᠨ᠎ᠠ᠃   ︵ᠠᠷᠪᠠᠨ ᠭᠤᠷᠪᠠ︶ ᠨᠡᠶᠢᠭᠡᠮ ᠤᠨ ᠠᠵᠢᠯ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠳᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠦᠢᠯᠡᠴᠢᠯᠡᠬᠡᠨ  ᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃   ︵ᠠᠷᠪᠠᠨ ᠳᠥᠷᠪᠡ︶ ᠬᠤᠲᠠ ᠶᠢᠨ ᠲᠣᠰ ᠱᠠᠲᠤᠨ ᠤ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠎ ᠢ ᠬᠠᠷᠢᠭᠤᠴᠠᠵᠤ᠂ ᠪᠥᠬᠦ ᠬᠤᠲᠠ ᠶᠢᠨ ᠴᠢᠨᠠᠷᠲᠠᠶ᠂ ᠬᠤᠰᠢᠭᠤ ᠲᠣᠭᠤᠷᠢᠭ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ᠵᠠᠰᠠᠭ ᠵᠠᠬᠢᠷᠭᠠᠨ ᠤ ᠴᠢᠬᠤᠯᠠ ᠳᠣᠮᠣ  ᠬᠡᠷᠡᠭ ᠢ ᠰᠢᠶᠳᠪᠦᠷᠢᠯᠡᠨ᠎ᠡ᠃ ᠬᠤᠰᠢᠭᠤ ᠲᠣᠭᠤᠷᠢᠭ ᠤᠨ ᠠᠷᠠᠳ ᠤᠨ ᠶᠠᠪᠤᠳᠠᠯ ᠤᠨ ᠬᠦᠷᠢᠶ᠎ᠠ ᠴᠠᠷᠠᠭᠠᠨ ᠎ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ ᠬᠠᠮᠢᠶᠠᠷᠤᠨ᠎ᠠ᠃   ︵ᠠᠷᠪᠠᠨ ᠲᠠᠪᠤ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃   ︵ᠠᠷᠪᠠᠨ ᠵᠢᠷᠭᠤᠭ᠎ᠠ︶  ᠴᠢᠳᠠᠪᠬᠢ  ᠶᠢᠨ  ᠬᠤᠪᠢᠷᠠᠭᠤᠯᠤᠯᠳᠠ   ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠣᠯᠬᠤ ᠠᠵᠢᠯ᠂ ᠣᠨᠴᠠᠭᠠᠶ ᠬᠥᠮᠦᠰ  ᠪᠠ  ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ  ᠴᠢᠭᠯᠡᠭᠦᠯᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠶᠯᠡᠴᠢᠯᠡᠭᠡ ᠵᠡᠷᠭᠡ ᠲᠤᠰᠢᠶᠠᠯ ᠬᠠᠷᠢᠭᠤᠴᠠᠯᠭ᠎ᠠ ᠪᠠᠨ ᠨᠠᠩ ᠰᠠᠶᠢᠲᠤᠷ ᠭᠦᠶᠴᠡᠳᠬᠡᠵᠦ᠂ ᠬᠦᠴᠢᠷᠳᠡᠯᠲᠡᠶ ᠣᠯᠠᠨ ᠲᠦᠮᠡᠨ᠂  ᠭᠤᠣᠨᠢ ᠨᠠᠰᠤᠲᠠᠨ ᠥᠨᠥᠴᠢᠨ ᠵᠡᠮᠳᠡᠭ ᠬᠡᠦᠬᠡᠳ ᠵᠡᠷᠭᠡ ᠣᠨᠴᠠᠭᠠᠶ ᠬᠥᠮᠦᠰ ᠲᠤ ᠦᠨᠳᠦᠰᠦᠨ ᠨᠡᠶᠢᠭᠡᠮ ᠤᠨ ᠦᠶᠯᠡᠴᠢᠯᠡᠭᠡ ᠬᠠᠩᠭᠠᠵᠤ᠂ ᠦᠢᠯᠡᠴᠢᠯᠡᠬᠡᠨ ᠤ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠪᠠᠭᠤᠷᠠᠢ ᠬᠦᠷᠢᠶ᠎ᠡ ᠴᠠᠷ᠎ᠠ  ᠪᠠ ᠭᠤᠭᠴᠤᠭ᠎ᠠ ᠲᠡᠰᠢ  ᠬᠡᠯᠪᠡᠶᠢᠯᠭᠡᠬᠦ ᠶᠢ  ᠠᠬᠢᠭᠤᠯᠤᠨ᠎ᠠ  ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠴᠤᠭᠴᠠᠳᠤ  ᠣᠷᠣᠯᠴᠠᠬᠤ  ᠡᠲᠡᠭᠡᠳ ᠢ ᠢᠳᠡᠪᠬᠢᠲᠡᠶ ᠪᠠᠷ ᠬᠦᠮᠦᠵᠢᠬᠦᠯᠵᠦ  ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ  ᠤᠨ ᠪᠠᠶᠢᠭᠤᠯᠤᠯᠳᠠ ᠶᠢ  ᠠᠬᠢᠭᠤᠯᠤᠨ᠎ᠠ᠃    ︵ᠠᠷᠪᠠᠨ ᠳᠣᠯᠤᠭ᠎ᠠ︶ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃    1. ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ᠃ ᠬᠤᠲᠠ ᠎ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠱᠠᠯᠠᠪᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠶᠯᠡᠴᠢᠯᠡᠭᠡᠨ ᠤ ᠲᠤᠭᠳᠠᠯᠴᠠᠭ᠎ᠠ  ᠎ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠎ ᠶᠢᠨ ᠪᠣᠳᠣᠯᠭ᠎ᠠ ᠶᠢ  ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠤᠨᠴᠠᠭᠠᠢ  ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠂ ᠬᠥᠮᠦᠨ ᠠᠮᠠ ᠶᠢᠨ ᠨᠠᠰᠤᠵᠢᠯ᠂ ᠡᠮᠴᠢᠯᠡᠭᠡ  ᠰᠣᠪᠢᠯᠠᠯᠳᠠ ᠶᠢ  ᠤᠶᠠᠯᠳᠤᠭᠤᠯᠤᠭᠰᠠᠨ ᠠᠵᠢᠯ ᠢ ᠠᠷᠭᠠᠴᠠᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠰᠤᠳᠤᠯᠤᠨ  ᠲᠤᠭᠤᠷᠪᠢᠨ ᠲᠤᠭᠳᠠᠭᠠᠬᠤ ᠶᠢ ᠬᠠᠷᠢᠭᠤᠴᠠᠵᠤ᠂ ᠨᠠᠰᠤᠲᠠᠶᠢᠴᠤᠳ ᠤᠨ ᠠᠵᠢᠯ ᠦᠶᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠤᠬᠢᠴᠠᠭᠤᠯᠬᠤ᠂  ᠱᠠᠯᠠᠪᠳᠠᠭᠤᠯᠤᠨ ᠵᠢᠯᠤᠭᠤᠳᠬᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠢ ᠡᠮᠨᠡᠨ ᠬᠠᠷᠠᠭᠠᠯᠵᠠᠵᠤ ᠰᠤᠪᠢᠯᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ ᠦᠶᠯᠡᠴᠢᠯᠡᠬᠦ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ    2 . ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠤᠯᠪᠤᠭᠳᠠᠬᠤ ᠬᠠᠮᠢᠶ᠎ᠠ ᠪᠦᠬᠦᠢ  ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠮᠡᠳᠡᠭᠡ ᠵᠠᠩᠭᠢ ᠶᠢ ᠨᠡᠶᠢᠲᠡᠯᠡᠬᠦ᠂ ᠣᠷᠳᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠢᠷᠤᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠨ᠎ᠠ  ᠃     ᠭᠤᠷᠪᠠᠳᠤᠭᠠᠷ ᠵᠦᠢᠯ     ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ     ᠳᠣᠣᠷᠠᠬᠢ ᠮᠡᠲᠦ ᠳᠣᠲᠣᠭᠠᠳᠤ ᠶᠢᠨ ᠪᠠᠶᠢᠭᠤᠯᠤᠮᠵᠢ ᠶᠢ ᠪᠠᠶᠢᠭᠤᠯᠤᠨ᠎ᠠ᠄     ︵ᠨᠢᠭᠡ  ︶ ᠠᠯᠪᠠᠨ ᠭᠡᠷ     ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ  ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ᠂ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠤᠯᠳᠠ᠂  ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠳᠠᠬᠢᠨ ᠵᠦᠪᠯᠡᠯᠳᠡ᠂ ᠵᠠᠰᠠᠭ ᠵᠠᠬᠢᠷᠭᠠᠨ ᠤ ᠵᠠᠷᠭᠤ  ᠬᠦᠯᠢᠶᠡᠯᠳᠡ᠂ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠡᠩᠨᠡᠭᠡᠨ ᠤ ᠪᠠᠶᠢᠭᠤᠯᠤᠯᠲᠠ᠂ ᠠᠵᠢᠯ ᠠᠴᠠ ᠪᠠᠨ ᠠᠮᠠᠷᠠᠭᠰᠠᠳ ᠪᠠᠭᠤᠭᠰᠠᠳ ᠵᠡᠷᠭᠡ  ᠎ ᠶᠢᠨ ᠠᠵᠢᠯ ᠤᠳ ᠢ ᠡᠭᠦᠷᠭᠡᠯᠡᠨ᠎ᠡ᠃    ︵ᠬᠤᠶᠠᠷ  ︶ ᠲᠥᠯᠥᠪᠵᠢᠭᠦᠯᠭᠡ  ᠡᠳ᠋ ᠤᠨ ᠶᠠᠪᠤᠳᠠᠯ ᠤᠨ ᠰᠠᠯᠠᠭ᠎ᠠ    ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠷᠠᠳ ᠤᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠵᠢᠷᠤᠮᠵᠢᠯ ᠢ ᠲᠤᠭᠤᠷᠪᠢᠨ ᠲᠣᠭᠲᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠠᠴᠠ  ᠪᠠᠭᠤᠯᠭᠠᠨ ᠥᠭᠭᠦᠭᠰᠡᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠪᠡᠯᠡ ᠮᠦᠩᠬᠦᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ  ᠰᠣᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ  ᠮᠥᠩᠬᠦᠨ ᠤ  ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠶᠢᠨ ᠲᠣᠰ ᠱᠠᠲᠤᠨ ᠤ ᠰᠣᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠠᠮᠢᠶᠠᠷᠤᠨ᠎ᠠ᠃ ᠠᠷᠠᠳ ᠤᠨ ᠶᠠᠪᠤᠳᠠᠯ ᠎ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠪᠣᠯᠤᠨ  ᠪᠠᠶᠢᠭᠤᠯᠤᠮᠵᠢ ᠵᠢᠴᠢ  ᠬᠠᠷᠢᠶᠠᠨ ᠳᠠᠬᠢ ᠠᠵᠢᠯ ᠦᠶᠯᠡᠰ ᠤᠨ ᠨᠢᠭᠡᠴᠡ ᠶᠢᠨ ᠲᠥᠰᠦᠪ ᠪᠠ ᠲᠥᠰᠦᠪ ᠤᠨ ᠭᠦᠶᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ  ᠎ ᠶᠢᠨ ᠬᠢᠨᠠᠨ ᠪᠣᠳᠣᠯᠲᠠ ᠶᠢᠨ ᠠᠵᠢᠯ ᠢ ᠡᠭᠦᠷᠭᠡᠯᠡᠨ᠎ᠡ᠃     ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ︵ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ  ︶     ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠎ ᠶᠢᠨ ᠳᠠᠩᠰᠠᠯᠠᠬᠤ᠂  ᠬᠦᠮᠦᠵᠢᠬᠦᠯᠬᠦ ᠪᠠ ᠬᠢᠨᠠᠨ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂  ᠳᠠᠩᠰᠠᠯᠠᠬᠤ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ ᠬᠤᠰᠢᠭᠤ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ  ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠦᠢᠯᠡᠴᠢᠯᠡᠭᠡ ᠬᠤᠳᠠᠯᠳᠤᠨ ᠠᠪᠬᠤ ᠠᠵᠢᠯ ᠢ ᠥᠷᠨᠢᠭᠦᠯᠦᠨ᠎ᠡ᠃ ᠡᠷᠬᠡ ᠶᠢᠨ ᠬᠠᠷᠢᠶᠠᠯᠠᠯ ᠶᠣᠰᠣᠭᠠᠷ ᠭᠤᠶᠤᠴᠢᠯᠠᠯᠳᠠ᠂ ᠵᠠᠰᠠᠭ ᠵᠠᠬᠢᠷᠭᠠᠨ ᠤ ᠵᠥᠪᠰᠢᠶᠡᠷᠡᠯ᠂ ᠨᠤᠲᠠᠯᠠᠬᠤ᠂ ᠱᠠᠩᠨᠠᠬᠤ᠂ ᠥᠭᠬᠦ ᠵᠦᠢᠯᠡᠰ ᠢ ᠬᠦᠯᠢᠶᠡᠨ ᠠᠪᠴᠤ ᠰᠢᠶᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡ  ᠵᠡᠷᠭᠡ ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠷᠬᠡ ᠶᠢᠨ ᠬᠠᠷᠢᠶᠠᠯᠠᠯ ᠶᠣᠰᠣᠭᠠᠷ ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠤᠨ ᠠᠷᠤ ᠲᠠᠯ᠎ᠠ ᠶᠢᠨ ᠠᠵᠢᠯ ᠳᠤ ᠳᠡᠮᠵᠢᠯᠭᠡ ᠦᠵᠡᠭᠦᠯᠬᠦ  ᠶᠢ  ᠬᠠᠷᠢᠭᠤᠴᠠᠨ ᠵᠣᠬᠢᠴᠠᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ  ︽ᠵᠠᠰᠠᠭ ᠢ ᠴᠣᠮᠬᠠᠳᠬᠠᠵᠤ ᠡᠷᠭᠡ ᠶᠢ ᠳᠠᠯᠪᠢᠬᠤ᠂ ᠳᠠᠯᠪᠢᠬᠤ ᠬᠠᠮᠢᠶᠠᠷᠬᠤ ᠶᠢ ᠣᠶᠠᠯᠳᠣᠭᠤᠯᠬᠤ᠂ ᠦᠢᠯᠡᠴᠢᠯᠡᠭᠡ  ᠎ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠵᠡᠷᠭᠡ ᠠᠵᠢᠯ ᠢ ᠬᠠᠷᠢᠭᠤᠴᠠᠨ᠎ᠠ᠃     ︵ᠳᠥᠷᠪᠡ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠰᠠᠯᠠᠭ᠎ᠠ     ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠤᠭᠳᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠎ᠠ᠃     ︵ᠲᠠᠪᠤ  ︶ ᠵᠠᠰᠠᠭ ᠵᠠᠭᠢᠷᠭᠠᠨ ᠤ ᠤᠷᠤᠨ ᠤ  ᠬᠤᠪᠢᠶᠠᠷᠢᠯᠠᠯ᠂ ᠭᠠᠵᠠᠷ ᠤᠨ ᠨᠡᠷᠡᠶᠢᠳᠦᠯ ᠤᠨ ᠰᠠᠯᠠᠭ᠎ᠠ     ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ᠂ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠣᠷᠣᠨ ᠢ ᠪᠠᠶᠢᠭᠤᠯᠬᠤ᠂ ᠬᠠᠰᠤᠬᠤ᠂ ᠨᠡᠷ᠎ᠡ ᠬᠠᠯᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠠ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠰᠢᠯᠵᠢᠭᠦᠯᠬᠦ  ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠳᠠᠭᠠᠭᠠᠨ ᠡᠷᠬᠢᠯᠡᠨ᠎ᠡ᠃ ᠵᠠᠰᠠᠭ ᠵᠠᠬᠢᠷᠭᠠᠨ ᠤ ᠣᠷᠣᠨ ᠤ ᠵᠠᠭᠠᠭ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃  ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠡᠷᠬᠡ ᠶᠢᠨ  ᠬᠠᠷᠢᠶᠠᠯᠠᠯ ᠶᠣᠰᠣᠭᠠᠷ ᠬᠠᠷᠢᠭᠤᠴᠠᠨ᠎ᠠ ᠃ ᠬᠤᠲᠠ ᠬᠥᠳᠡᠭᠡ ᠶᠢᠨ ᠭᠠᠵᠠᠷ ᠤᠨ ᠨᠡᠷᠡᠶᠢᠳᠦᠯ ᠤᠨ ᠲᠡᠮᠳᠡᠭ ᠢᠯᠡᠷᠬᠡᠶᠢᠯᠡᠯ ᠎ ᠢ ᠲᠤᠭᠳᠠᠭᠠᠬᠤ   ᠬᠠᠮᠢᠶᠠᠷᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ ᠭᠠᠵᠠᠷ ᠎ ᠤᠨ ᠨᠡᠷ᠎ᠡ ᠶᠢᠨ ᠪᠠᠷᠢᠮᠵᠢᠶᠠᠳᠤ ᠬᠡᠪᠯᠡᠭᠳᠡᠬᠦᠨ ᠢ ᠬᠢᠨᠠᠨ ᠲᠣᠭᠳᠠᠭᠠᠨ᠎ᠠ  ᠃     ︵ᠵᠢᠷᠭᠤᠭ᠎ᠠ︶ ᠨᠡᠶᠢᠭᠡᠮ ᠤᠨ ᠶᠠᠪᠤᠳᠠᠯ ᠤᠨ ᠰᠠᠯᠠᠭ᠎ᠠ      ᠣᠷᠤᠭ ᠤᠨ ᠵᠠᠩᠰᠢᠯ ᠪᠠ ᠣᠷᠣᠰᠢᠭᠤᠯᠭ᠎ᠠ ᠶᠢᠨ ᠶᠤᠰᠤᠨ ᠤ ᠥᠭᠡᠷᠡᠴᠢᠯᠡᠯᠲᠡ ᠶᠢ ᠠᠬᠢᠭᠤᠯᠵᠤ᠂ ᠣᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠎ ᠶᠢ ᠨᠠᠶᠢᠳᠠᠪᠤᠷᠢᠵᠢᠭᠤᠯᠤᠨ᠂ ᠣᠷᠣᠰᠢᠭᠤᠯᠭ᠎ᠠ᠂ ᠵᠡᠮᠳᠡᠭᠴᠦᠳ ᠤᠨ ᠡᠷᠬᠡ ᠠᠰᠢᠭ ᠤᠨ ᠬᠠᠮᠠᠭᠠᠯᠠᠯᠲᠠ᠂  ᠤᠷᠤᠯᠭ᠎ᠠ ᠶᠢᠨ  ᠢᠷᠡᠯᠲᠡ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢ  ᠲᠤᠭᠤᠷᠪᠢᠨ ᠲᠤᠭᠳᠠᠭᠠᠵᠤ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠨ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠲᠤ ᠰᠤᠪᠢᠯᠠᠬᠤ ᠨᠥᠬᠦᠪᠥᠷᠢ ᠣᠯᠭᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠣᠷᠤᠭ ᠳᠠᠩᠰᠠᠯᠠᠬᠤ ᠪᠠᠶᠢᠭᠤᠯᠭ᠎ᠠ ᠪᠠ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠣᠷᠣᠰᠢᠭᠤᠯᠭ᠎ᠠ ᠶᠢᠨ ᠦᠶᠯᠡᠴᠢᠯᠡᠭᠡ᠂ ᠣᠷᠣᠯᠭ᠎ᠠ ᠶᠢᠨ ᠢᠷᠡᠯᠲᠡ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠵᠤ ᠬᠠᠮᠢᠶᠠᠷᠬᠤ ᠬᠠᠮᠢᠶ᠎ᠠ ᠪᠥᠬᠦᠶ ᠪᠠᠶᠢᠭᠤᠯᠤᠮᠵᠢ ᠶᠢᠨ ᠠᠵᠢᠯ ᠢ ᠵᠢᠯᠣᠭᠤᠳᠤᠨ᠎ᠠ᠃ ᠭᠡᠷ ᠪᠦᠯᠢ ᠶᠢᠨ ᠬᠦᠴᠦᠷᠬᠡᠭᠯᠡᠯ  ᠢᠶᠠᠷ  ᠬᠤᠬᠢᠷᠠᠯ ᠠᠮᠰᠠᠭᠴᠢ ᠶᠢ ᠲᠦᠷ ᠴᠠᠭ ᠥᠮᠥᠭᠯᠡᠨ ᠬᠠᠮᠠᠭᠠᠯᠠᠵᠤ ᠠᠪᠤᠷᠠᠨ ᠲᠤᠰᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃     ︵ᠳᠣᠯᠤᠭ᠎ᠠ ) ᠨᠠᠰᠤᠵᠢᠯ ᠤᠨ ᠦᠢᠯᠡᠴᠢᠯᠡᠭᠡ ᠪᠠ ᠬᠡᠦᠬᠡᠳ ᠤᠨ ᠠᠰᠠᠷᠠᠮᠵᠢ ᠶᠢᠨ ᠰᠠᠯᠠᠭ᠎ᠠ         ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠵᠦ᠂ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠳᠦᠷᠢᠮ ᠪᠠ ᠨᠠᠰᠤᠵᠢᠯ ᠤᠨ ᠦᠶᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ ᠦᠢᠯᠡᠴᠢᠯᠡᠭᠡ᠂ ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠨ ᠤ ᠨᠥᠬᠦᠪᠥᠷᠢ ᠵᠡᠷᠭᠡ ᠨᠥᠬᠦᠪᠥᠷᠢ  ᠣᠯᠭᠤᠬᠤ ᠠᠵᠢᠯ ᠢ ᠬᠠᠷᠢᠭᠤᠴᠠᠨ᠎ᠠ᠃ ᠬᠡᠦᠬᠡᠳ ᠤᠨ ᠠᠰᠠᠷᠠᠮᠵᠢ᠂ ᠥᠨᠥᠴᠢᠨ ᠭᠤᠯᠣᠭᠳᠠᠮᠠᠯ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ ᠪᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ  ᠲᠤᠭᠳᠠᠯᠴᠠᠭ᠎ᠠ  ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃       ︵ᠨᠠᠢᠮᠠ︶ ᠨᠢᠭᠦᠯᠡᠰᠦᠩᠭᠦᠢ ᠶᠢᠨ ᠦᠢᠯᠡᠰ ᠢ ᠠᠬᠢᠭᠤᠯᠬᠤ ᠪᠠ ᠨᠡᠶᠢᠭᠡᠮ ᠤᠨ ᠠᠵᠢᠯ ᠤᠨ ᠰᠠᠯᠠᠭ᠎ᠠ     ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠪᠠ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭ᠎ᠠ ᠶᠢ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠨ᠎ᠠ᠃ ᠠᠰᠠᠷᠠᠮᠵᠢ ᠶᠢᠨ ᠰᠣᠭᠤᠯᠤᠭ᠎ᠠ ᠶᠢᠨ ᠬᠠᠮᠢᠶᠠᠷᠤᠯᠲᠠ ᠶᠢᠨ ᠪᠣᠳᠠᠲᠠᠶ ᠠᠷᠭ᠎ᠠ ᠶᠢ ᠲᠤᠭᠤᠷᠪᠢᠨ ᠲᠣᠭᠲᠠᠭᠠᠨ᠎ᠠ᠃ ᠠᠰᠠᠷᠠᠮᠵᠢ ᠶᠢᠨ ᠰᠣᠭᠤᠯᠤᠭ᠎ᠠ  ᠎ ᠶᠢᠨ ᠱᠠᠩᠨᠠᠯ ᠨᠡᠶᠢᠳᠡᠯᠡᠬᠦ ᠪᠠ ᠠᠰᠠᠷᠠᠮᠵᠢ ᠎ ᠶᠢᠨ ᠰᠣᠭᠤᠯᠤᠭ᠎ᠠ ᠶᠢ ᠣᠷᠣᠯᠠᠨ ᠪᠣᠷᠣᠯᠠᠭᠤᠯᠬᠤ ᠦᠢᠯᠡ ᠠᠵᠢᠯᠯᠠᠭ᠎ᠠ ᠳᠤ ᠡᠷᠬᠡ ᠤᠨ ᠬᠠᠷᠢᠶᠠᠯᠠᠯ ᠶᠣᠰᠣᠭᠠᠷ ᠬᠢᠨᠠᠯᠲᠠ ᠲᠠᠯᠪᠢᠨ᠎ᠠ᠃ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠴᠢ ᠶᠢᠨ  ᠡᠩᠨᠡᠬᠡᠨ ᠤ  ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠠᠬᠢᠭᠤᠯᠤᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ  ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠡᠳ᠋ ᠤᠨ ᠵᠠᠰᠠᠭ ᠤᠨ  ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠳᠠᠭᠠᠭᠠᠨ ᠭᠦᠢᠴᠡᠳᠬᠡᠨ᠎ᠡ᠃ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠠᠤᠯᠢ ᠴᠠᠭᠠᠵᠠ ᠵᠡᠷᠭᠡ ᠠᠪᠤᠷᠠᠨ ᠲᠤᠰᠠᠯᠠᠬᠤ ᠬᠠᠮᠢᠶ᠎ᠠ ᠪᠦᠬᠦᠢ ᠠᠷᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃     ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ     ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠵᠢᠯᠣᠭᠤᠳᠤᠨ᠎ᠠ᠃ ᠬᠤᠲᠠ ᠶᠢᠨ ᠲᠣᠰ ᠱᠠᠲᠤᠨ ᠤ ᠰᠢᠭᠤᠳ ᠳᠠᠩᠰᠠᠯᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠭᠠᠨ ᠵᠢᠯᠣᠭᠤᠳᠣᠭᠴᠢ ᠪᠠ ᠨᠠᠮ ᠎ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠲᠥᠯᠥᠪᠯᠡᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠵᠢᠱᠢᠶ᠎ᠡ ᠦᠵᠡᠭᠦᠯᠬᠦ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠤᠬᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠮᠦᠵᠢᠭᠦᠯᠦᠨ ᠪᠣᠶ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠢ ᠪᠠᠶᠢᠭᠤᠯᠤᠨ᠎ᠠ᠃ ᠬᠤᠲᠠ ᠶᠢᠨ ᠨᠡᠶᠢᠲᠡ ᠎ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶ᠎ᠠ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠪᠠᠶᠢᠭᠤᠯᠭ᠎ᠠ ᠶᠢᠨ ᠨᠠᠮ ᠤᠨ ᠬᠤᠷᠢᠶ᠎ᠠ    ᠪᠠᠶᠢᠭᠤᠯᠭ᠎ᠠ ᠪᠣᠯᠤᠨ ᠬᠠᠷᠢᠶᠠᠨ ᠳᠠᠬᠢ ᠠᠵᠢᠯ ᠦᠢᠯᠡᠰ ᠤᠨ ᠨᠢᠭᠡᠴᠡ ᠶᠢᠨ ᠨᠠᠮ ᠣᠯᠠᠨ ᠲᠦᠮᠡᠨ ᠪᠠ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃    ᠳᠦᠷᠪᠡᠳᠦᠭᠡᠷ ᠵᠦᠢᠯ    ᠣᠷᠳᠣᠰ ᠬᠤᠲᠠ ᠶᠢᠨ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 17 ᠨᠡᠷᠡᠰ ᠪᠠᠶᠢᠨ᠎ᠠ  ᠃ ᠲᠣᠪᠴᠢᠶᠠᠨ ᠳᠠᠷᠤᠭ᠎ᠠ 1 ᠨᠡᠷᠡᠰ᠂  ᠲᠣᠪᠴᠢᠶᠠᠨ ᠳᠡᠳ᠋ ᠳᠠᠷᠤᠭ᠎ᠠ 3  ᠨᠡᠷᠡᠰ ᠲᠣᠬᠢᠷᠠᠭᠤᠯᠤᠨ᠎ᠠ  ᠃ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ13 ᠨᠡᠷ᠎ᠡ ︵ ᠵᠢᠩᠬᠢᠨᠢ ᠰᠠᠯᠠᠭᠠᠨ ᠲᠡᠰ10  ᠨᠡᠷᠡᠰ ( ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ 1 ᠨᠡᠷᠡᠰ᠂ ᠪᠠᠶᠢᠭᠤᠯᠭ᠎ᠠ ᠶᠢᠨ ᠨᠠᠮ ᠎ ᠤᠨ ᠬᠤᠷᠢᠶ᠎ᠠ ᠶᠢᠨ ᠲᠤᠰᠬᠠᠢ ᠲᠤᠰᠢᠶᠠᠯᠳᠤ ᠲᠡᠳ᠋ ᠱᠦᠵᠢ 1 ᠨᠡᠷᠡᠰ᠂ ᠲᠡᠳ᠋ ᠰᠠᠯᠠᠭᠠᠨ ᠲᠡᠰ 3 ᠨᠡᠷᠡᠰ︶     ᠲᠠᠪᠤᠳᠤᠭᠠᠷ ᠵᠦᠢᠯ    ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂  ᠲᠤᠰᠢᠶᠠᠯ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃     ᠵᠢᠷᠭᠤᠳᠤᠭᠠᠷ ᠵᠦᠢᠯ     ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠤ ᠲᠣᠬᠢᠷᠠᠭᠤᠯᠤᠯᠲᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠭᠦᠢᠴᠡᠳᠬᠡᠨ᠎ᠡ᠃     ᠲᠤᠯᠤᠳᠤᠭᠠᠷ ᠵᠦᠢᠯ     ᠲᠤᠰ ᠲᠣᠭᠲᠠᠭᠠᠯ ᠢ 2019 ᠣᠨ ᠤ 9 ᠰᠠᠷ᠎ᠠ ᠶᠢᠨ 30᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠠᠵᠢᠯᠯᠠᠬᠤ ᠭᠠᠵᠠᠷ᠄ ᠣᠷᠳᠣᠰ ᠤᠨ ᠭᠦᠸᠧ ᠲᠠᠢ ᠬᠤᠳᠠᠯᠳᠤᠭᠠᠨ ᠤ ᠶᠠᠪᠤᠳᠠᠯ ᠤᠨ ᠠᠭᠤᠳᠠᠮ ᠲᠠᠯᠠᠪᠠᠶ ᠶᠢᠨ T 510 ᠳ᠋ᠤᠭᠠᠷ ᠳᠠᠪᠬᠤᠷᠭ᠎ᠠ     ᠠᠯᠪᠠᠯᠠᠬᠤ ᠤᠲᠠᠰᠤ᠄ 0477 - 8588228     ᠠᠵᠢᠯᠯᠠᠬᠤ ᠴᠠᠭ᠄ 9᠄ 00— 12᠄ 00       14᠄ 0017᠄ 30     ᠰᠢᠦᠳᠠᠨ ᠳ᠋ᠤᠭᠠᠷ᠄ 017010     ᠰᠦᠯᠵᠢᠶᠡᠨ ᠤ ᠬᠠᠶ᠋ᠢᠭ᠄ http᠄ / / mzj . ordos . gov . cn / index . html᠃
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ