· ᠴᠡᠷᠢᠭ ᠬᠥᠮᠦᠨ ᠤ ᠢᠷᠠᠭᠤ ᠠᠯᠳᠠᠷ ᠢ ᠬᠠᠤᠯᠢ ᠪᠠᠷ ᠬᠠᠮᠠᠭᠠᠯᠠᠨ᠎ᠠ | 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠴᠡᠷᠢᠭ ᠬᠥᠮᠦᠨ ᠤ ᠢᠷᠠᠭᠤ ᠠᠯᠳᠠᠷ ᠪᠠ ᠨᠡᠷ᠎ᠡ ᠬᠦᠨᠳᠦ ᠶᠢ ᠬᠠᠤᠯᠢ ᠴᠠᠭᠠᠵᠠ ᠪᠠᠷ | ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠶᠠᠮᠠᠷᠪᠠ ᠬᠡᠯᠪᠡᠷᠢ ᠪᠠᠷ ᠴᠡᠷᠢᠭ ᠬᠥᠮᠦᠨ ᠤ ᠢᠷᠠᠭᠤ ᠠᠯᠳᠠᠷ ᠢ ᠮᠠᠭᠤᠯᠠᠵᠦ᠂ ᠮᠠᠭᠤᠰᠢᠶᠠᠨ | ᠳᠤᠷᠤᠮᠵᠢᠯᠠᠵᠤ᠂ ᠴᠡᠷᠢᠭ ᠬᠥᠮᠦᠨ ᠤ ᠨᠡᠷ᠎ᠡ ᠬᠦᠨᠳᠦ ᠶᠢ ᠲᠤᠷᠤᠮᠵᠢᠯᠠᠨ ᠭᠤᠳᠤᠭᠠᠵᠤ᠂ ᠭᠦᠳᠬᠡᠵᠦ ᠪᠣᠯᠬᠤ ᠦᠭᠡᠢ ᠭᠡᠵᠦ ᠲᠣᠳᠣᠷᠬᠠᠶᠢᠯᠠᠪᠠ᠃ | | · ᠠᠰᠠᠷᠠᠮᠵᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ | ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠮᠡᠳᠡᠭᠳᠡᠯ ᠨᠡᠶᠢᠲᠡᠯᠡᠵᠦ᠂ 8 ᠰᠠᠷ᠎ᠠ ᠶᠢᠨ 1 ᠤ | ᠡᠳᠦᠷ ᠠᠴᠠ ᠡᠬᠢᠯᠡᠨ᠂ ᠬᠡᠰᠡᠭ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠬᠥᠮᠦᠰ ᠤᠨ ᠠᠰᠠᠷᠠᠮᠵᠢ ᠪᠠ | ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠦᠨ᠎ᠡ ᠭᠡᠵᠡᠶ᠃ | · ᠠᠷᠠᠳ ᠤᠨ ᠬᠡᠷᠡᠭᠯᠡᠭᠡᠨ ᠤ ᠥᠨᠳᠥᠷ ᠠᠰᠠᠷ ᠤᠨ ᠭᠤᠳᠤᠮᠵᠢ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ ᠶᠢ ᠴᠠᠭᠠᠵᠠᠯᠠᠨ᠎ᠠ | | ︽ᠠᠷᠠᠳ ᠤᠨ ᠬᠡᠷᠡᠭᠯᠡᠭᠡᠨ ᠤ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ 8 ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ | ᠠᠰᠠᠷ ᠤᠨ ᠱᠠᠲᠤ ᠶᠢᠨ ᠬᠤᠭᠤᠷᠣᠨᠳᠣᠬᠢ ᠠᠮᠤᠷ ᠲᠦᠪᠰᠢᠨ ᠭᠠᠷᠬᠤ ᠡᠭᠦᠳᠡᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ ᠪᠤᠶᠤ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠢᠩᠭ᠎ᠠ ᠴᠠᠭᠠᠵᠠᠯᠠᠨ᠎ᠠ᠃ | · ᠵᠣᠭᠤᠰ ᠤᠬᠢᠶᠠᠬᠤ ᠶᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ︽ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠭᠤᠰ ᠤᠬᠢᠶᠠᠬᠤ ᠶᠢ ᠡᠰᠡᠷᠭᠦᠴᠡᠬᠦ ᠪᠠ ᠰᠦᠷᠳᠡᠭᠦᠯᠦᠯ ᠢ ᠡᠰᠡᠷᠭᠦᠴᠡᠬᠦ ᠪᠠᠯᠠ ᠲᠣᠬᠢᠷᠠᠭᠤᠯᠭ᠎ᠠ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ︾ ᠶᠢ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠠᠷᠭ᠎ᠠ ᠶᠢ ᠦᠨᠳᠦᠰᠦᠯᠡᠪᠡᠯ᠂ ᠪᠠᠩᠬᠢ ᠶᠢᠨ ᠪᠤᠰᠤ ᠳᠥᠯᠥᠬᠦ | ᠪᠠᠶᠢᠭᠤᠯᠤᠮᠵᠢ᠂ ᠰᠦᠯᠵᠢᠶᠡᠨ ᠤ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠵᠡᠷᠭᠡ ᠶᠢ ᠵᠣᠭᠤᠰ ᠤᠬᠢᠶᠠᠬᠤ ᠶᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠳᠤ | ᠣᠷᠣᠭᠤᠯᠤᠨ᠎ᠠ᠃ | · ᠲᠣᠭᠲᠠᠭᠠᠯ ᠠᠴᠠ ᠵᠥᠷᠢᠴᠡᠨ ᠬᠥᠮᠦᠨ ᠤ ᠵᠢᠰᠦ ᠶᠢ ᠢᠯᠭᠠᠨ ᠲᠠᠨᠢᠬᠤ ᠨᠢ ᠡᠷᠬᠡ ᠳᠤ ᠬᠠᠯᠳᠠᠭᠰᠠᠨ ᠠᠵᠢᠯᠯᠠᠭ᠎ᠠ ᠳᠤ ᠲᠤᠭᠠᠴᠠᠬᠳᠠᠨᠡ | | ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ᠂ 8 ᠰᠠᠷ᠎ᠠ ᠶᠢᠨ 1 ᠤ ᠡᠳᠦᠷ ᠠᠴᠠ ᠡᠬᠢᠯᠡᠨ᠂ ᠡᠵᠡᠩᠨᠡᠯᠲᠡ ᠶᠢᠨ ᠲᠠᠯᠠᠪᠤᠷ ᠭᠠᠵᠠᠷ᠂ ᠣᠯᠠᠨ ᠨᠡᠶᠢᠲᠡ ᠶᠢᠨ | ᠲᠠᠯᠠᠪᠤᠷ ᠭᠠᠵᠠᠷ ᠲᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠨ ᠬᠥᠮᠦᠨ ᠤ ᠵᠢᠰᠦ ᠶᠢ ᠢᠯᠭᠠᠨ ᠲᠠᠨᠢᠬᠤ | ᠮᠡᠷᠭᠡᠵᠢᠯ ᠢᠶᠠᠷ ᠬᠥᠮᠦᠨ ᠤ ᠵᠢᠰᠦ ᠶᠢ ᠰᠢᠯᠭᠠᠨ ᠨᠤᠲᠠᠯᠠᠬᠤ᠂ ᠢᠯᠭᠠᠨ ᠲᠠᠨᠢᠬᠤ ᠪᠤᠶᠤ ᠵᠠᠳᠠᠯᠬᠤ ᠪᠣᠯ ᠪᠠᠶᠢᠭᠠᠯᠢ ᠬᠥᠮᠦᠨ ᠤ ᠨᠡᠷ᠎ᠡ ᠬᠦᠨᠳᠦ ᠶᠢᠨ ᠡᠷᠬᠡ ᠠᠰᠢᠭ ᠲᠤ | ᠬᠠᠯᠳᠠᠭᠰᠠᠨ ᠦᠢᠯᠡ ᠠᠵᠢᠯᠯᠠᠭ᠎ᠠ ᠳᠤ ᠲᠣᠭᠠᠴᠠᠭᠳᠠᠬᠤ ᠶᠣᠰᠣᠲᠠᠶ ᠭᠡᠵᠤ ᠲᠤᠳᠤᠷᠬᠠᠢ ᠲᠤᠭᠳᠠᠭᠠᠪᠡ᠃ | · ᠰᠦᠯᠵᠢᠶᠡᠨ ᠳᠠᠬᠢ ᠵᠠᠷᠭᠤ ᠶᠢᠨ ᠡᠯᠧᠺᠲᠷᠣᠨᠴᠢᠯᠠᠭᠰᠠᠨ ᠮᠠᠲ᠋ᠧᠷᠢᠶᠠᠯ ᠢ ︽ᠤᠭ ᠮᠠᠲ᠋ᠧᠷᠢᠶᠠᠯ︾ ᠲᠠᠢ ᠠᠳᠠᠯᠢ ᠪᠠᠷ ᠦᠵᠡᠨ᠎ᠡ | ︽ᠠᠷᠠᠳ ᠤᠨ ᠰᠢᠭᠦᠬᠦ ᠬᠤᠷᠢᠶᠠᠨ ᠤ ᠰᠦᠯᠵᠢᠶᠡᠨ ᠳᠠᠬᠢ ᠵᠠᠷᠭᠤ ᠶᠢᠨ ᠲᠦᠷᠢᠮ︾ ᠢ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠠᠮᠤᠷ | ᠲᠦᠪᠰᠢᠨ ᠨᠠᠶᠢᠳᠠᠪᠤᠷᠢᠲᠠᠢ ᠪᠠᠶᠢᠬᠤ ᠤᠷᠢᠲᠠᠯ ᠳᠣᠣᠷ᠎ᠠ᠂ ᠡᠯᠧᠺᠲᠷᠤᠨᠴᠢᠯᠠᠭᠰᠠᠨ ᠮᠠᠲ᠋ᠧᠷᠢᠶᠠᠯ ᠢ ︽ᠤᠭ ᠮᠠᠲ᠋ᠧᠷᠢᠶᠠᠯ︾ ᠲᠠᠢ ᠠᠳᠠᠯᠢ ᠬᠦ᠋ᠴᠦᠨ ᠲᠠᠢ ᠪᠠᠷ ᠦᠵᠡᠵᠦ᠂ | ᠠᠷᠠᠳ ᠤᠨ ᠰᠢᠭᠦᠬᠦ ᠬᠤᠷᠢᠶᠠᠨ ᠤ ᠬᠢᠨᠠᠨ ᠬᠠᠷᠭᠤᠭᠤᠯᠤᠭᠠᠳ ᠪᠠᠲᠤᠯᠠᠭᠰᠠᠨ ᠡᠯᠧᠺᠲᠷᠤᠨᠴᠢᠯᠠᠭᠰᠠᠨ ᠮᠠᠲ᠋ᠧᠷᠢᠶᠠᠯ ᠢ ᠵᠠᠷᠭᠤ ᠶᠢᠨ ᠳᠤᠮᠳᠠ ᠰᠢᠭᠤᠳ ᠬᠡᠷᠡᠭᠯᠡᠵᠦ | ᠪᠣᠯᠤᠨ᠎ᠠ ᠭᠡᠵᠦ ᠲᠣᠳᠣᠷᠬᠠᠶᠢᠯᠠᠪᠠ᠃ | · ᠭᠠᠶᠢᠯᠢ ᠲᠤᠰᠢᠶᠠᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠨ᠎ᠠ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ 8 ᠰᠠᠷ᠎ᠠ ᠶᠢᠨ 1 ᠤ ᠡᠳᠦᠷ ᠠᠴᠠ ᠡᠬᠢᠯᠡᠨ ᠭᠠᠶᠢᠯᠢ ᠶᠢᠨ ᠶᠠᠪᠤᠳᠠᠯ ᠤᠨ ᠴᠢᠬᠤᠯᠠ ᠶᠡᠭᠡ | ᠬᠡᠷᠡᠭ ᠤᠨ ᠰᠢᠭᠦᠯᠲᠡ ᠳᠤ ᠣᠷᠣᠯᠴᠠᠬᠤ ᠬᠥᠮᠦᠰ ᠬᠠᠤᠯᠢ ᠶᠣᠰᠣᠭᠠᠷ ᠭᠠᠶᠢᠯᠢ ᠲᠤᠰᠢᠶᠠᠭᠴᠢ ᠶᠢᠨ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠮᠡᠳᠡᠭᠡ | ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ ᠭᠡᠵᠤ ᠲᠤᠳᠤᠷᠬᠠᠢ ᠲᠤᠭᠳᠠᠭᠠᠪᠡ᠃ | · ᠨᠡᠮᠡᠭᠳᠡᠯ ᠥᠷᠲᠡᠭ ᠤᠨ ᠭᠠᠶᠢᠯᠢ᠂ ᠭᠡᠷᠡᠭᠯᠡᠭᠡᠨ ᠤ ᠭᠠᠶᠢᠯᠢ ᠪᠠ ᠨᠡᠮᠡᠯᠲᠡ ᠭᠠᠶᠢᠯᠢ ᠶᠢᠨ ᠵᠠᠷᠤᠳᠡᠯ ᠢ ᠮᠡᠳᠡᠭᠦᠯᠬᠦ ᠬᠦᠰᠦᠨᠦᠭᠲᠦ ᠶᠢ ᠨᠡᠶᠢᠳᠭᠡᠨᠡ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ ᠢ ᠦᠨᠳᠦᠰᠦᠯᠡᠪᠡᠯ᠂ ᠡᠨᠡᠵᠢᠯ ᠤᠨ 8 ᠰᠠᠷ᠎ᠠ ᠶᠢᠨ 1 ᠤ ᠡᠳᠦᠷ ᠠᠴᠠ ᠡᠬᠢᠯᠡᠨ᠂ | ᠭᠠᠶᠢᠯᠢ ᠲᠤᠰᠢᠶᠠᠭᠴᠢ ᠨᠡᠮᠡᠭᠳᠡᠯ ᠥᠷᠲᠡᠭ ᠤᠨ ᠭᠠᠶᠢᠯᠢ᠂ ᠭᠡᠷᠡᠭᠯᠡᠭᠡᠨ ᠤ ᠭᠠᠶᠢᠯᠢ ᠶᠢ ᠮᠡᠳᠡᠭᠦᠯᠬᠦ ᠳᠡᠭᠡᠨ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ | ᠭᠠᠶᠢᠯᠢ᠂ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠪᠠ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠵᠡᠷᠭᠡ ᠨᠡᠮᠡᠯᠲᠡ ᠭᠠᠶᠢᠯᠢ ᠶᠢᠨ | ᠰᠦᠢᠳᠭᠡᠯ ᠢ ᠬᠠᠮᠲᠤ ᠳᠤᠨᠢ ᠭᠤᠶᠤᠴᠢᠯᠠᠨ ᠮᠡᠳᠡᠭᠦᠯᠬᠦ ᠬᠡᠷᠡᠭᠲᠡᠶ᠃ | · ᠥᠨᠳᠥᠷ ᠳᠤᠮᠳᠠᠳᠤ ᠶᠢᠨ ᠴᠡᠷᠢᠭ ᠤᠨ ᠪᠣᠯᠪᠠᠰᠤᠷᠠᠯ 7 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ | ︽ᠥᠨᠳᠥᠷ ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠵᠢᠭᠠᠨ ᠰᠤᠷᠭᠠᠯᠲᠠ ᠶᠢᠨ ᠬᠥᠲᠥᠯᠪᠦᠷᠢ︾ ᠶᠢ 8 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠡᠷᠢᠭ ᠤᠨ ᠪᠣᠯᠪᠠᠰᠤᠷᠠᠯ ᠤᠨ ᠵᠢᠭᠠᠨ | ᠰᠤᠷᠭᠠᠯᠲᠠ ᠳᠤ ᠴᠡᠷᠢᠭ ᠤᠨ ᠶᠠᠪᠤᠳᠠᠯ ᠤᠨ ᠦᠨᠳᠦᠰᠦᠨ ᠮᠡᠳᠡᠯᠭᠡ ᠪᠠ ᠴᠡᠷᠢᠭ ᠤᠨ ᠶᠠᠪᠤᠳᠠᠯ ᠤᠨ ᠦᠨᠳᠦᠰᠦᠨ ᠤᠷ᠎ᠠ ᠴᠢᠳᠠᠪᠤᠷᠢ ᠭᠡᠬᠦ ᠬᠤᠶᠠᠷ ᠬᠡᠰᠡᠭ ᠢ | ᠪᠠᠭᠲᠠᠭᠠᠵᠤ᠂ ᠵᠢᠭᠠᠨ ᠰᠤᠷᠭᠠᠯᠲᠠ ᠶᠢᠨ ᠴᠠᠭ ᠨᠢ 7 ᠠᠴᠠ 14 ᠡᠳᠦᠷ ᠪᠠᠶᠢᠵᠤ᠂ ᠨᠡᠶᠢᠲᠡ 7 ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠃ | | · ᠦᠪᠤᠷ ᠮᠤᠩᠭᠤᠯ᠄ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠪᠠᠷ ᠬᠡᠷ ᠪᠦᠯᠢ ᠶᠢᠨ ᠬᠢᠨ ᠤ | ᠡᠪᠡᠳᠴᠢᠨ ᠦᠵᠡᠬᠦᠯᠬᠦ ᠵᠠᠷᠤᠳᠠᠯ ᠢ ᠲᠦᠯᠦᠵᠦ ᠪᠤᠯᠤᠨ᠎ᠠ | 8 ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ | ᠲᠠᠩᠰᠠᠨ ᠡᠷᠦᠬᠡ ᠶᠢ ᠬᠡᠷ ᠪᠦᠯᠢ ᠶᠢᠨ ᠪᠦᠷᠢᠯᠳᠦᠬᠦᠨ ᠨᠢ ᠵᠡᠷᠭᠡᠪᠡᠷ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠨ ᠲᠣᠰ ᠬᠥᠮᠦᠨ ᠵᠢᠴᠢ ᠲᠡᠭᠦᠨ ᠤ ᠬᠤᠯᠪᠣᠰᠤ | ᠂ ᠡᠴᠢᠭᠡ ᠡᠬᠡ᠂ ᠦᠷ᠎ᠡ ᠬᠡᠦᠬᠡᠳ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠳᠤ ᠡᠭᠦᠰᠦᠭᠰᠡᠨ ᠬᠤᠪᠢ ᠬᠥᠮᠦᠨ ᠤ | ᠡᠭᠦᠷᠭᠡᠯᠡᠬᠦ ᠡᠮᠴᠢᠯᠡᠭᠡᠨ ᠤ ᠵᠠᠷᠤᠳᠠᠯ ᠵᠡᠷᠭᠡ ᠶᠢ ᠳᠥᠯᠥᠵᠦ ᠪᠣᠯᠤᠨ᠎ᠠ᠃ | |