ᠴᠡᠷᠢᠭ ᠡᠷ᠎ᠠ ᠶᠢᠨ ᠴᠢᠮᠪᠠᠢ ᠠᠯᠬᠤᠭ᠎ᠠ
ᠨᠡᠶᠢᠲᠡᠯᠡᠭᠰᠡᠨ ᠴᠠᠭ᠄
2021/8/19
     ᠴᠡᠷᠢᠭ ᠡᠷ᠎ᠠ ᠶᠢᠨ ᠬᠥᠳᠡᠷ ᠴᠢᠬᠢᠷᠠᠭ ᠪᠡᠶ᠎ᠠ ᠲᠠᠢ᠂ ᠨᠠᠮ ᠤᠨ ᠬᠡᠰᠢᠬᠦᠨ ᠤ ᠪᠠᠳᠤ ᠡᠬᠦᠷᠬᠡᠯᠡᠯ ᠲᠠᠢ᠂ 1990 ᠤᠨ ᠳᠤ ᠳᠦᠷᠦᠭᠰᠡᠡ ᠡᠨᠡ ᠵᠠᠯᠠᠭᠤ ᠭᠠᠴᠠᠭᠠᠨ ᠲᠠᠷᠤᠭ᠎ᠠ ᠶᠢ ᠵᠥᠡᠭᠨᠡᠯᠳᠤ ᠬᠡᠳᠡᠭ᠃ ᠲᠡᠷᠡ ᠥᠥᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠰᠠᠷᠠᠭᠤᠯᠨᠤᠳᠤᠭ ᠭᠠᠴᠠᠭᠠᠨ ᠤ ᠤᠳᠤᠷᠢᠳᠤᠯᠭ᠎ᠠ ᠶᠢᠨ ᠠᠵᠢᠯ ᠢ ᠬᠢᠭᠰᠡᠡ 4 ᠵᠢᠯ ᠤᠨ ᠳᠤᠷᠰᠢ᠂ ᠮᠠᠯᠴᠢᠨ ᠲᠥᠮᠡᠨ ᠳᠤ ᠪᠠᠶᠠᠨ ᠴᠢᠨᠡᠬᠡᠯᠢᠭ ᠠᠮᠢᠳᠤᠷᠠᠯ ᠢ ᠡᠳ᠋ᠯᠡᠬᠦᠯᠬᠦ ᠪᠠᠷ ᠴᠢᠷᠮᠠᠶᠢᠭᠰᠠᠭᠠᠷ ᠢᠷᠡᠭᠰᠡᠡ ᠪᠠᠶᠢᠨ᠎ᠠ᠃      ᠵᠥᠡᠭᠨᠡᠯᠳᠤ 2009 ᠤᠨ ᠤ 12 ᠰᠠᠷ᠎ᠠ ᠳᠤ ᠴᠡᠷᠢᠭ ᠲᠤ ᠡᠯᠰᠡᠭᠳᠡᠡ᠂ ᠬᠥᠯᠥᠨ ᠪᠤᠶᠢᠷ ᠬᠤᠳᠠ ᠶᠢᠨ ᠬᠠᠶᠢᠯᠠᠷ ᠲᠤᠭᠤᠷᠢᠭ ᠲᠤ ᠴᠡᠷᠢᠭ ᠤᠨ ᠠᠯᠪᠠ ᠬᠠᠭᠠᠵᠥ ᠶᠠᠪᠤᠵᠠᠢ᠃ ᠴᠡᠷᠢᠭ ᠤᠨ ᠬᠤᠸᠠᠷᠠᠨ ᠳᠤ ᠪᠠᠶᠢᠬᠤ ᠳᠠᠭᠠᠨ ᠲᠡᠷᠡ ︽ᠭᠤᠷᠪᠠᠳᠤᠭᠠᠷ ᠲᠡᠰ ᠤᠨ ᠭᠠᠪᠢᠶᠠᠨ ᠲᠡᠮᠳᠡᠭ︾᠎ ᠤᠨ ᠢᠷᠠᠭᠤ ᠠᠯᠳᠠᠷ ᠢ ᠬᠥᠷᠳᠡᠵᠤ ᠦᠡᠭᠭᠡᠷᠡᠭᠰᠡᠨ ᠪᠠᠶᠢᠨ᠎ᠠ᠃ ᠲᠠᠷᠠᠭ᠎ᠠ ᠵᠢᠯ ᠨᠢ ᠵᠦᠩᠨᠡᠯᠳᠤ ᠠᠷᠥ ᠬᠡᠷ ᠤᠨ ᠠᠳᠠᠯ ᠭᠢᠳᠠᠯ ᠠᠴᠠ ᠪᠤᠯᠵᠥ ᠠᠷᠭ᠎ᠠ ᠪᠤᠰᠤ ᠴᠡᠷᠢᠭ ᠠᠴᠠ ᠬᠠᠯᠠᠭᠳᠠᠵᠥ ᠂ ᠥᠡᠭᠬᠡ ᠬᠡᠷᠡᠯᠳᠤ ᠴᠡᠷᠢᠭ ᠤᠨ ᠠᠮᠢᠳᠤᠷᠠᠯ ᠢᠶᠠᠨ ᠲᠡᠭᠦᠰᠭᠡᠪᠡ᠃      ᠵᠥᠡᠭᠨᠡᠯᠳᠤ ᠨᠤᠳᠤᠭ ᠲᠠᠭᠠᠨ ᠪᠤᠴᠠᠭᠰᠠᠨ ᠤ ᠲᠠᠷᠠᠭ᠎ᠠ ᠥᠥᠰᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷ ᠲᠤ ᠬᠡᠳᠤᠨ ᠵᠢᠯ ᠠᠵᠢᠯᠯᠠᠵᠥ᠂ 2017 ᠤᠨ ᠳᠤ ᠥᠥᠰᠢᠨ ᠬᠤᠰᠢᠭᠤᠨ ᠤ ᠪᠥᠳᠥᠬᠡᠨ ᠪᠠᠶᠢᠭᠤᠯᠤᠯᠳᠡ ᠶᠢᠨ ᠲᠤᠪᠴᠢᠶ᠎ᠠ ᠳᠤ ᠠᠵᠢᠯ ᠰᠢᠯᠵᠢᠨ᠂ ᠪᠠᠶᠢᠭᠤᠯᠭ᠎ᠠ ᠶᠢᠨ ᠢᠶᠠᠨ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠵᠠᠢ᠃ 2018 ᠤᠨ ᠳᠤ ᠥᠥᠰᠢᠨ ᠬᠤᠰᠢᠭᠤ ᠠᠯᠪᠠᠨ ᠠᠵᠢᠯᠳᠠᠨ ᠭᠠᠴᠠᠭ᠎ᠠ ᠲᠤᠰᠬᠤᠨ ᠤ ᠰᠤᠩᠭᠤᠭᠤᠯᠢ ᠳᠤ ᠤᠷᠤᠯᠴᠠᠵᠥ ᠪᠤᠯᠬᠤ ᠪᠢᠴᠢᠭ ᠮᠠᠲ᠋ᠧᠷᠢᠶᠠᠯ ᠢ ᠪᠠᠭᠤᠯᠭᠠᠭᠰᠠᠨ ᠠᠴᠠ ᠵᠥᠡᠭᠨᠡᠯᠳᠤ ᠭᠠᠴᠠᠭᠠᠨ ᠳᠠᠭᠠᠨ ᠬᠠᠷᠢᠵᠥ ᠮᠠᠯᠴᠢᠨ ᠲᠥᠮᠡᠨ ᠳᠡᠭᠡᠨ ᠤᠢᠢᠯᠡᠴᠢᠯᠡᠬᠦ ᠬᠥᠰᠡᠯ ᠢ ᠡᠪᠤᠷᠯᠡᠨ᠂ ᠰᠢᠯᠭᠠᠯᠳᠡ ᠪᠠᠷ ᠳᠠᠮᠵᠢᠭᠠᠳ ᠰᠤᠩᠭᠤᠭᠤᠯᠢ ᠳᠤ ᠤᠷᠤᠵᠥ ᠪᠤᠯᠬᠤ ᠮᠡᠳᠡᠭᠳᠡᠯ ᠢ ᠲᠤᠰᠴᠥ᠂ ᠲᠤᠰ ᠵᠢᠯ ᠤᠨ 3 ᠰᠠᠷ᠎ᠠ ᠳᠤ ᠭᠠᠯᠠᠭᠤᠳᠤ ᠪᠠᠯᠭᠠᠰᠤᠨ ᠤ ᠰᠠᠷᠠᠭᠤᠯᠨᠤᠳᠤᠭ ᠭᠠᠴᠠᠭᠠᠨ ᠤ ᠨᠠᠮ ᠤᠨ ᠡᠬᠦᠷ ᠤᠨ ᠲᠡᠳ᠋ ᠱᠥᠵᠢ᠂ ᠲᠡᠳ᠋ ᠭᠠᠴᠠᠭᠠᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠠᠢ᠃ 2020 ᠤᠨ ᠤ ᠡᠬᠢ ᠪᠠᠷ ᠰᠢᠨ᠎ᠠ ᠲᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠪᠠᠶᠢᠳᠠᠯ ᠬᠡᠴᠡᠭᠦᠳᠡᠭᠰᠡᠨ ᠢᠶᠠᠷ᠂ ᠲᠡᠷᠡ ᠭᠠᠴᠠᠭᠠᠨ ᠤ ᠪᠠᠨ ᠨᠠᠮ ᠤᠨ ᠬᠡᠰᠢᠬᠦᠳ ᠪᠠ 18 ᠴᠡᠷᠢᠭ ᠠᠴᠠ ᠬᠠᠯᠠᠭᠳᠠᠭᠰᠠᠳ ᠢᠶᠠᠨ ᠲᠠᠶᠢᠴᠢᠯᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠰᠠᠶᠢᠨ ᠲᠤᠷ᠎ᠠ ᠶᠢᠨ ᠤᠢᠢᠯᠡᠴᠢᠯᠡᠭᠡ ᠳᠤ ᠤᠷᠤᠯᠴᠠᠨ᠂ ᠭᠠᠴᠠᠭᠠᠨ ᠳᠠᠭᠠᠨ 24 ᠴᠠᠭ ᠢᠶᠠᠷ ᠵᠢᠵᠢᠭᠦᠷᠯᠡᠵᠦ᠂ ᠠᠶᠢᠯ ᠡᠷᠥᠬᠡ ᠳᠤ ᠤᠷᠤᠵᠥ ᠪᠥᠷᠢᠳᠬᠡᠯ ᠬᠢᠬᠦ᠂ ᠠᠷᠢᠭᠤᠳᠬᠠᠯ ᠬᠢᠬᠦ ᠵᠡᠷᠭᠡ ᠡᠯ᠎ᠠ ᠲᠥᠷᠥᠯ ᠤᠨ ᠠᠵᠢᠯ ᠢ ᠠᠮᠵᠢᠯᠳᠠ ᠲᠠᠢ ᠪᠡᠶᠡᠯᠡᠬᠦᠯᠥᠭᠰᠡᠨ ᠪᠠᠶᠢᠨ᠎ᠠ᠃ ᠡᠬᠦᠨ ᠠᠴᠠ ᠭᠠᠳᠠᠨ᠎ᠠ ᠲᠡᠷᠡ ᠪᠠᠰᠠ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠲᠤᠭᠤᠢᠢᠯᠠᠩ ᠤᠨ ᠰᠠᠶᠢᠨ ᠲᠤᠷᠠᠴᠤᠤᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠥ᠂ ᠭᠠᠴᠠᠭᠠᠨ ᠤ ᠵᠠᠮ ᠤᠨ ᠬᠠᠵᠠᠭᠤ ᠶᠢᠨ ᠤᠷᠴᠢᠨ ᠲᠤᠭᠤᠷᠢᠨ ᠤ ᠴᠡᠭᠴᠡᠯᠡᠯᠳᠡ ᠴᠡᠪᠡᠷᠯᠡᠯᠳᠡ ᠶᠢᠨ ᠠᠵᠢᠯ ᠢ ᠰᠠᠶᠢᠳᠤᠷ ᠬᠢᠵᠥ᠂ 2020 ᠤᠨ ᠤ ︽ᠬᠠᠮᠤᠭ ᠤᠨ ᠭᠤᠶᠤ ᠴᠡᠷᠢᠭ ᠠᠴᠠ ᠬᠠᠯᠠᠭᠳᠠᠭᠰᠠᠳ︾᠎ ᠤᠨ ᠱᠠᠩᠨᠠᠯ ᠬᠥᠬᠢᠬᠦᠯᠤᠯ ᠢ ᠬᠥᠷᠳᠡᠵᠠᠢ᠃ ᠵᠥᠡᠭᠨᠡᠯᠳᠤ᠄ ︽ᠴᠡᠷᠢᠭ ᠬᠡᠪᠡᠯ ᠶᠠᠭᠤᠨ ᠤ ᠡᠮᠤᠨ᠎ᠠ ᠲᠥᠪ ᠭᠤᠤᠯᠴᠢ᠂ ᠠᠯᠢᠪᠠ ᠪᠠᠨ ᠪᠤᠰᠤᠳ ᠲᠤ ᠵᠤᠷᠢᠭᠤᠯᠵᠥ᠂ ᠤᠯᠤᠰ ᠤᠷᠤᠨ᠂ ᠠᠷᠠᠳ ᠲᠥᠮᠡᠨ ᠳᠡᠭᠡᠨ ᠤᠢᠢᠯᠡᠴᠢᠯᠡᠳᠡᠭ ᠬᠥᠮᠤᠨ ᠬᠡᠵᠥ ᠪᠢ ᠤᠢᠢᠯᠠᠭᠠᠳᠠᠭ᠃ ᠥᠪᠡᠷ ᠢᠶᠠᠨ ᠴᠡᠷᠢᠭ ᠤᠨ ᠠᠯᠪᠠ ᠬᠠᠭᠠᠵᠥ ᠪᠠᠶᠢᠭᠰᠠᠨ ᠬᠥᠮᠤᠨ ᠪᠤᠯᠬᠤᠷ ᠭᠠᠴᠠᠭᠠᠨ ᠤ ᠪᠠᠨ ᠴᠡᠷᠢᠭ ᠠᠴᠠ ᠬᠠᠯᠠᠭᠳᠠᠭᠰᠠᠳ ᠢᠶᠠᠨ ᠲᠠᠶᠢᠴᠢᠯᠠᠵᠥ᠂ ᠡᠯ᠎ᠡ ᠲᠥᠷᠥᠯ ᠤᠨ ᠠᠵᠢᠯ ᠢᠶᠠᠨ ᠢᠳᠡᠪᠬᠢᠯᠡᠨ ᠬᠢᠬᠦ ᠨᠢ ᠮᠢᠨᠥ ᠡᠬᠦᠷᠬᠡ ᠬᠠᠷᠢᠭᠤᠴᠠᠯᠭ᠎ᠠ ᠶᠤᠮ︾ ᠬᠡᠯ᠎ᠠ᠃      ᠵᠥᠡᠭᠨᠡᠯᠳᠤ 2011 ᠤᠨ ᠤ 7 ᠰᠠᠷ᠎ᠠ ᠳᠤ ᠨᠠᠮ ᠳᠤ ᠤᠷᠤᠵᠥ᠂ ᠶᠠᠮᠠᠷᠪᠠ ᠠᠵᠢᠯ ᠤᠨ ᠪᠠᠶᠢᠷᠢᠨ ᠳᠤ ᠴᠥ ᠬᠡᠰᠡᠨ ᠥᠷᠬᠦᠯᠵᠢ ᠶᠢᠨ ᠴᠢᠨᠠᠷ ᠲᠠᠢ ᠪᠠᠷ ᠪᠡᠶ᠎ᠠ ᠪᠠᠨ ᠴᠢᠩᠭ᠎ᠠ ᠱᠠᠭᠠᠷᠳᠠᠨ᠂ ᠴᠡᠷᠢᠭ ᠬᠦᠮᠦᠨ ᠤ ᠥᠡᠭᠬᠡ ᠬᠡᠷᠡᠯᠳᠤ ᠤᠳᠤᠮᠰᠢᠯ ᠢᠶᠠᠨ ᠪᠠᠳᠠᠷᠠᠭᠤᠯᠤᠨ ᠶᠠᠪᠤᠳᠠᠭ᠃ ᠲᠡᠷᠡ ᠭᠠᠴᠠᠭᠠᠨ ᠤ ᠠᠵᠢᠯ ᠢ ᠬᠠᠷᠢᠭᠤᠴᠠᠭᠰᠠᠨ ᠠᠴᠠ ᠡᠬᠢᠯᠡᠨ ᠠᠷᠠᠳ ᠲᠥᠮᠡᠨ ᠳᠡᠭᠡᠨ ᠰᠠᠶᠢᠳᠤᠷ ᠤᠢᠢᠯᠡᠴᠢᠯᠡᠬᠦ ᠪᠠᠷ ᠤᠭ ᠵᠤᠷᠢᠯᠳᠠ ᠪᠠᠨ ᠪᠤᠯᠭᠠᠨ ᠴᠢᠷᠮᠠᠶᠢᠵᠥ ᠠᠵᠢᠯᠯᠠᠭᠰᠠᠨ ᠠᠴᠠ ᠤᠯᠠᠨ ᠤ ᠬᠥᠷᠢᠶᠠᠯᠠᠯ ᠢ ᠤᠯᠵᠥ᠂ ᠡᠨᠡ ᠵᠢᠯ ᠤᠨ ᠰᠤᠩᠭᠤᠭᠤᠯᠢ ᠪᠠᠷ ᠲᠠᠮᠵᠢᠭᠠᠳ ᠭᠠᠴᠠᠭᠠᠨ ᠤ ᠨᠠᠮ ᠤᠨ ᠡᠬᠦᠷ ᠤᠨ ᠱᠥᠵᠢ᠂ ᠭᠠᠴᠠᠭᠠᠨ ᠲᠠᠷᠤᠭ᠎ᠠ ᠶᠢᠨ ᠲᠤᠰᠢᠶᠠᠯ ᠢ ᠡᠬᠦᠷᠬᠡᠯᠡᠭᠰᠡᠨ ᠪᠠᠶᠢᠨ᠎ᠠ᠃ ᠲᠡᠷᠡ ᠭᠠᠴᠠᠭᠠᠨ ᠤ ᠠᠵᠢᠯ ᠢ ᠬᠠᠷᠢᠭᠤᠴᠠᠭᠰᠠᠨ ᠬᠤᠭᠤᠴᠠᠭᠠᠨ ᠳᠠᠭᠠᠨ ᠴᠡᠷᠢᠭ ᠠᠴᠠ ᠬᠠᠯᠠᠭᠳᠠᠭᠰᠠᠨ ᠠᠬᠠᠮᠠᠳ ᠪᠠᠶᠢᠯᠳᠤᠭᠴᠢᠳ ᠢᠶᠠᠨ ᠬᠠᠷᠠᠭᠠᠯᠵᠠᠬᠤ ᠠᠵᠢᠯ ᠢ ᠭᠠᠷᠳᠠᠨ ᠬᠢᠵᠥ᠂ ᠴᠡᠷᠢᠭ ᠠᠴᠠ ᠬᠠᠯᠠᠭᠳᠠᠭᠰᠠᠳ ᠤᠨ ᠬᠡᠷ ᠪᠥᠯᠢ ᠶᠢ ᠪᠤᠯᠭᠤᠭᠠᠨ ᠲᠤᠬᠤᠨᠢᠭᠤᠯᠵᠥ᠂ ᠭᠠᠴᠠᠭᠠᠨ ᠤ ᠪᠠᠨ ᠠᠮᠢᠳᠤᠷᠠᠯ ᠨᠢ ᠬᠥᠴᠢᠷᠳᠡᠯᠳᠠᠢ ᠡᠷᠥᠬᠡ ᠶᠢ ᠲᠡᠮᠵᠢᠵᠥ ᠲᠤᠰᠠᠯᠠᠨ᠂ ᠥᠵᠡᠯ ᠰᠠᠨᠠᠭᠠᠨ ᠤ ᠲᠠᠯ᠎ᠠ ᠪᠠᠷ ᠤᠬᠠᠭᠤᠯᠭ᠎ᠠ ᠬᠢᠵᠥ᠂ ᠠᠮᠢᠳᠤᠷᠠᠯ ᠳᠠᠭᠠᠨ ᠤᠯᠠᠮ ᠢᠯᠡᠬᠦᠥ ᠴᠢᠷᠮᠠᠶᠢᠵᠥ ᠶᠠᠪᠤᠬᠤ ᠶᠢ ᠵᠤᠷᠢᠭᠵᠢᠭᠤᠯᠤᠭᠰᠠᠭᠠᠷ ᠢᠷᠡᠪᠡ᠃ ᠲᠡᠷᠡᠴᠢᠯᠡᠨ ᠭᠠᠴᠠᠭᠠᠨ ᠤ ᠪᠠᠨ ᠬᠠᠮᠳᠤ ᠶᠢᠨ ᠠᠵᠤ ᠠᠬᠤᠢ ᠶᠢ ᠬᠥᠭᠵᠢᠬᠦᠯᠬᠦ ᠪᠠᠷ ᠢᠮᠠᠭᠳᠠ ᠰᠢᠨ᠎ᠠ ᠠᠷᠭ᠎ᠠ ᠵᠠᠮ ᠢ ᠰᠥᠪᠡᠭᠴᠢᠯᠡᠨ᠂ ᠭᠠᠴᠠᠭᠠᠨ ᠤ ᠤᠯᠠᠮᠵᠢᠯᠠᠯᠳᠤ ᠰᠠᠭᠠᠯᠢ ᠶᠢᠨ ᠤᠢᠢᠯᠡᠳᠪᠤᠷᠢ ᠪᠠ ︽ᠬᠤᠯᠪᠤᠭᠠᠯᠵᠢ︾ ᠬᠤᠵᠢᠷ ᠤᠨ ᠨᠠᠭᠤᠷ ᠢᠶᠠᠨ ᠭᠤᠷᠪᠠᠳᠤᠭᠠᠷ ᠡᠳᠡᠬᠡᠳ ᠲᠤ ᠲᠠᠭᠠᠭᠠᠴᠢᠯᠠᠭᠤᠯᠤᠨ ᠡᠵᠡᠩᠨᠡᠬᠦᠯᠵᠥ᠂ ᠲᠥᠷᠢᠶᠠᠰᠤᠨ ᠮᠥᠡᠭᠬᠦ ᠪᠠᠷ ᠢᠶᠠᠨ ᠬᠠᠮᠳᠤ ᠶᠢᠨ ᠠᠵᠤ ᠠᠬᠤᠢ ᠶᠢ ᠤᠯᠠᠮ ᠴᠢᠨᠠᠭᠰᠢᠳᠡ ᠪᠤᠵᠠᠭᠠᠢᠢᠷᠠᠭᠤᠯᠤᠨ᠂ ᠭᠠᠴᠠᠭᠠᠨ ᠤ ᠢᠳᠡᠰᠢᠨ ᠨᠤᠭᠤᠭᠠᠨ ᠤ ᠬᠥᠯᠡᠮᠵᠢ ᠶᠢᠨ ᠲᠥᠷᠥᠯ ᠵᠦᠢᠯ ᠢ ᠠᠵᠤ ᠠᠬᠤᠢᠢᠯᠠᠯ ᠲᠠᠢ ᠬᠠᠮᠳᠤᠷᠠᠨ ᠪᠠᠶᠢᠭᠤᠯᠵᠥ᠂ 700 ᠰᠠᠭᠤᠷᠢ ᠲᠤᠭᠤᠷ ᠤᠨ ᠮᠤᠳᠤ ᠲᠠᠷᠢᠵᠠᠢ᠃ ᠡᠬᠦᠨ ᠠᠴᠠ ᠭᠠᠳᠠᠨ᠎ᠠ᠂ ᠲᠡᠷᠡ ᠭᠠᠴᠠᠭ᠎ᠠ ᠲᠤᠰᠬᠤᠨ ᠢ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠤᠨ᠂ ᠭᠠᠴᠠᠭᠠᠨ ᠤ ᠵᠠᠮ ᠬᠠᠷᠢᠯᠴᠠᠭ᠎ᠠ᠂ ᠴᠠᠬᠢᠯᠭᠠᠨ ᠵᠡᠷᠬᠡ ᠰᠠᠭᠤᠷᠢ ᠪᠥᠳᠥᠬᠡᠨ ᠪᠠᠶᠢᠭᠤᠯᠤᠯᠳᠡ ᠶᠢ ᠴᠢᠩᠭᠠᠳᠬᠠᠵᠥ᠂ ᠮᠠᠯᠴᠢᠳ ᠤᠨ ᠠᠮᠢᠳᠤᠷᠠᠯ ᠤᠨ ᠬᠢᠷᠢ ᠲᠥᠪᠰᠢᠨ ᠢ ᠲᠡᠭᠡᠭᠰᠢᠯᠡᠬᠦᠯᠬᠦ ᠪᠠᠷ ᠴᠢᠷᠮᠠᠶᠢᠭᠰᠠᠨ ᠪᠠᠶᠢᠨ᠎ᠠ᠃ ᠵᠥᠡᠭᠨᠡᠯᠳᠤ᠄ ︽ᠮᠠᠨ ᠤ ᠭᠠᠴᠠᠭᠠᠨ ᠤ ᠨᠠᠮ ᠤᠨ ᠡᠬᠦᠷ ᠤᠨ ᠬᠡᠰᠢᠬᠦᠳ ᠵᠠᠯᠠᠭᠤᠴᠤᠳ ᠢᠶᠠᠷ ᠭᠤᠤᠯᠳᠠᠵᠤ᠂ ᠰᠢᠨᠡᠷᠬᠦᠥ ᠶᠠᠭᠤᠮ᠎ᠠ ᠶᠢ ᠪᠤᠳᠤᠵᠥ ᠰᠡᠳᠬᠢᠬᠦ ᠳᠡᠭᠡᠨ ᠰᠠᠶᠢᠨ ᠃  ᠭᠠᠴᠠᠭᠠᠨ ᠤ ᠠᠵᠢᠯ ᠢ ᠬᠢᠬᠦ ᠳᠤ ᠠᠬᠠᠮᠠᠳ ᠺᠠᠳ᠋ᠷ ᠤᠨ ᠲᠤᠷᠰᠢᠯᠭ᠎ᠠ ᠪᠠ ᠰᠢᠨ᠎ᠠ ᠶᠢ ᠡᠬᠦᠳᠬᠦ ᠶᠢ ᠤᠶᠠᠯᠳᠤᠭᠤᠯᠬᠤ ᠠᠷᠭ᠎ᠠ ᠮᠠᠶ᠋ᠢᠭ ᠱᠠᠭᠠᠷᠳᠠᠭᠳᠠᠨ᠎ᠠ᠃ ᠬᠤᠶᠢᠰᠢᠳᠡ ᠪᠢ ᠠᠵᠢᠯ ᠤᠨ ᠲᠤᠬᠢᠷᠠᠭᠤᠯᠤᠯᠳᠡ ᠪᠠᠨ ᠰᠢᠯᠢᠳᠡᠭᠵᠢᠬᠦᠯᠵᠥ᠂ ᠭᠠᠴᠠᠭᠠᠨ ᠤ ᠠᠵᠢᠯ ᠢ ᠰᠠᠶᠢᠳᠤᠷ ᠬᠢᠵᠥ ᠮᠠᠯᠴᠢᠨ ᠲᠥᠮᠡᠨ ᠳᠡᠭᠡᠨ ᠨᠡᠩ ᠰᠠᠶᠢᠨ ᠤᠢᠢᠯᠡᠴᠢᠯᠡᠵᠤ᠂ ᠮᠠᠯᠴᠢᠨ ᠲᠥᠮᠡᠨ ᠤ ᠨᠢᠳᠤᠨ ᠳᠤ ᠥᠵᠡᠭᠳᠡᠵᠥ ᠭᠠᠷ ᠲᠤ ᠪᠠᠷᠢᠭᠳᠠᠮ᠎ᠠ ᠪᠤᠳᠠᠳᠤ ᠶᠠᠪᠤᠳᠠᠯ ᠢ ᠤᠯᠠᠨ ᠬᠢᠬᠦ ᠪᠠᠷ ᠴᠢᠷᠮᠠᠶᠢᠨ᠎ᠠ︾ ᠬᠡᠵᠥ ᠢᠳᠡᠬᠡᠯ ᠳᠡᠭᠦᠯᠳᠡᠷ ᠶᠠᠷᠢᠵᠤ ᠪᠠᠶᠢᠯ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号