ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ ︽ᠪᠠᠩᠬᠢ᠂ ᠦᠨᠳᠦᠰᠦᠨ ᠱᠠᠲᠤᠨ ᠤ ᠲᠠᠪᠴᠠᠩ ᠵᠡᠷᠭᠡ | ᠬᠦᠴᠦᠨ ᠢ ᠠᠰᠢᠡᠡᠯᠠᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ︿ᠣᠶᠢᠷ᠎ᠠ ᠬᠠᠪᠢ ᠳᠠᠭᠠᠨ ᠭᠦᠢᠴᠡᠳᠬᠡᠬᠦ﹀ ᠶᠢ | ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠤᠨ ᠰᠦᠯᠵᠢᠶ᠎ᠠ ᠪᠠ ᠪᠤᠳᠠᠳᠤ ᠴᠤᠭᠴᠠ ᠳᠤ ᠪᠡᠶ᠎ᠡ ᠪᠠᠨ ᠳᠠᠭᠠᠭᠠᠵᠤ ᠦᠢᠯᠡᠴᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠭᠰᠡᠨ ᠤ | ᠰᠠᠭᠤᠷᠢᠨ ᠳᠡᠭᠡᠷ᠎ᠡ ᠪᠠᠩᠬᠢ᠂ ᠦᠨᠳᠦᠰᠦᠨ ᠱᠠᠲᠤᠨ ᠤ ᠲᠠᠪᠴᠠᠩ ᠵᠡᠷᠭᠡ ᠬᠦᠴᠦᠨ ᠢ ᠣᠷᠣᠭᠤᠯᠤᠨ ᠠᠪᠴᠢᠷᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠬᠠᠮᠲᠤᠷᠠᠨ ᠭᠦᠢᠴᠡᠳᠬᠡᠬᠦ ᠪᠤᠶᠤ ᠨᠠᠶᠢᠳᠠᠨ ᠬᠢᠯᠭᠡᠬᠦ ᠶᠢ ᠥᠷᠭᠡᠨ ᠢᠶᠠᠷ ᠥᠷᠨᠢᠭᠦᠯᠬᠦ ᠬᠡᠷᠡᠭᠲᠡᠶ ᠭᠡᠪᠡ᠃ | 2022 ᠣᠨ ᠤ ᠵᠢᠯ ᠤᠨ ᠡᠴᠤᠰ ᠠᠴᠠ ᠡᠮᠦᠨ᠎ᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠪᠡᠶ᠎ᠡ ᠪᠠᠨ | ᠳᠠᠭᠠᠭᠠᠵᠤ ᠭᠦᠢᠴᠡᠳᠬᠡᠬᠦ ᠦᠢᠯᠡᠴᠢᠯᠡᠭᠡ ᠪᠠᠷ ᠭᠤᠤᠯ ᠴᠣᠭᠴᠠ ᠪᠣᠯᠭᠠᠭᠰᠠᠨ᠂ ᠬᠠᠮᠢᠶ᠎ᠠ ᠪᠥᠬᠦᠶ ᠪᠠᠶᠢᠭᠤᠯᠤᠮᠵᠢ ᠬᠠᠮᠲᠤᠷᠠᠨ ᠭᠦᠢᠴᠡᠳᠬᠡᠬᠦ ᠦᠢᠯᠡᠴᠢᠯᠡᠭᠡ ᠪᠠᠷ | ᠨᠥᠬᠦᠪᠥᠷᠢ ᠪᠣᠯᠭᠠᠭᠰᠠᠨ ᠲᠤᠤᠷᠴᠢᠯᠠᠭᠰᠠᠨ ᠦᠢᠯᠡᠴᠢᠯᠡᠬᠡᠨ ᠤ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠬᠤᠲᠠ ᠶᠢᠨ ᠲᠣᠭᠤᠷᠢᠭ ᠲᠤ 15 ᠮᠢᠨᠦ᠋ᠲ | ᠠᠯᠬᠤᠪᠠᠯ ᠬᠦᠷᠴᠤ ᠳᠡᠶᠢᠯᠬᠦ᠂ ᠬᠥᠳᠡᠭᠡ ᠲᠣᠰᠬᠤᠨ ᠳᠤ 5 ᠺᠢᠯᠣᠮᠧᠲᠷ ᠤᠨ ᠵᠠᠶᠢᠳᠠᠢ ᠤᠷᠤᠨ ᠢ ᠬᠠᠮᠤᠷᠬᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠦᠢᠯᠡᠴᠢᠯᠡᠬᠡᠨ ᠤ ᠲᠣᠭᠤᠷᠢᠭ ᠢ ᠬᠦᠴᠦᠯᠡᠨ ᠪᠠᠶᠢᠭᠤᠯᠬᠤ ᠬᠡᠷᠡᠭᠳᠠᠢ ᠭᠡᠵᠤ ᠱᠠᠭᠠᠷᠳᠠᠪᠠ᠃ | ᠰᠠᠨᠠᠯ ᠳᠤ ᠪᠠᠰᠠ ᠠᠳᠠᠯᠢ ᠪᠤᠰᠤ ᠪᠠᠩᠬᠢ ᠶᠢᠨ ᠬᠤᠲᠠ ᠶᠢᠨ ᠲᠣᠭᠤᠷᠢᠭ ᠪᠠ ᠰᠢᠶᠠᠩ ᠪᠠᠯᠭᠠᠰᠤᠨ ᠤ ᠬᠤᠭᠤᠷᠣᠨᠳᠣᠬᠢ ᠵᠥᠷᠢᠶᠡᠲᠦ ᠴᠢᠨᠠᠷᠲᠠᠶ ᠪᠠᠶᠢᠷᠢ | ᠲᠣᠭᠲᠠᠭᠠᠯᠲᠠ ᠶᠢ ᠭᠦᠢᠴᠡᠳ ᠪᠣᠳᠣᠯᠬᠢᠯᠠᠵᠤ᠂ ᠬᠠᠮᠳᠤᠷᠠᠨ ᠠᠵᠢᠯᠯᠠᠬᠤ ᠪᠠᠩᠬᠢ ᠶᠢᠨ ᠨᠥᠬᠦᠴᠡᠯ ᠪᠠ ᠦᠢᠯᠡᠴᠢᠯᠡᠭᠡᠨ ᠤ ᠪᠠᠷᠢᠮᠵᠢᠶ᠎ᠠ ᠶᠢ ᠶᠡᠷᠦᠩᠬᠡᠶᠢᠯᠡᠨ ᠲᠣᠭᠲᠠᠭᠠᠵᠤ᠂ | ᠬᠦᠰᠡᠯ ᠲᠠᠢ ᠴᠢᠳᠠᠪᠤᠷᠢ ᠲᠠᠢ ᠪᠥᠭᠡᠳ ᠲᠣᠭᠲᠠᠭᠠᠯ ᠳᠤ ᠨᠡᠶᠢᠴᠡᠬᠦ ᠪᠠᠩᠬᠢ ᠶᠢ ᠬᠠᠮᠳᠤᠷᠠᠨ ᠠᠵᠢᠯᠯᠠᠬᠤ ᠬᠡᠪᠴᠢᠶᠡᠨ ᠳᠤ ᠣᠷᠣᠭᠤᠯᠵᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠢᠯᠡᠴᠢᠯᠡᠬᠡᠨ ᠤ ᠬᠡᠷᠡᠭᠴᠡᠭᠡ ᠶᠢ ᠪᠥᠬᠦ ᠲᠠᠯ᠎ᠠ ᠪᠠᠷ ᠬᠠᠩᠭᠠᠬᠤ ᠬᠡᠷᠡᠭᠲᠡᠶ᠃ ᠬᠠᠮᠲᠤᠷᠠᠨ ᠦᠢᠯᠡᠴᠢᠯᠡᠬᠦ ᠠᠷᠭ᠎ᠠ ᠬᠡᠯᠪᠡᠷᠢ ᠶᠢ ᠥᠷᠭᠡᠳᠬᠡᠵᠦ᠂ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠭᠡ ᠶᠢ ᠴᠢᠩᠭᠠᠳᠬᠠᠨ᠂ ᠪᠡᠶ᠎ᠡ ᠭᠠᠷᠤᠯ ᠢ ᠢᠯᠭᠠᠨ ᠲᠠᠨᠢᠬᠤ ᠴᠢᠳᠠᠮᠵᠢ ᠶᠢ ᠴᠢᠩᠭᠠᠷᠠᠭᠤᠯᠵᠤ᠂ ᠰᠦᠯᠵᠢᠶ᠎ᠠ ᠪᠠ | ᠪᠤᠳᠠᠳᠤ ᠴᠤᠭᠴᠠ ᠶᠢᠨ ︽ᠪᠦᠷᠢᠨ ᠴᠢᠳᠠᠮᠵᠢᠳᠤ ᠺᠠᠷᠲ︾ ᠤᠨ ᠦᠢᠯᠡᠴᠢᠯᠡᠭᠡ ᠬᠠᠩᠭᠠᠬᠤ ᠬᠡᠷᠡᠭᠳᠠᠢ᠃ ᠬᠠᠮᠳᠤᠷᠠᠨ ᠠᠵᠢᠯᠯᠠᠬᠤ ᠪᠠᠶᠢᠭᠤᠯᠤᠮᠵᠢ ᠶᠢᠨ | ᠦᠢᠯᠡᠴᠢᠯᠡᠭᠡᠨ ᠤ ᠭᠠᠵᠠᠷ ᠢ ᠠᠰᠢᠡᠡᠯᠠᠨ᠂ ︽ᠨᠢᠭᠡ ᠴᠤᠩᠬᠤ︾ ᠶᠢᠨ ᠦᠢᠯᠡᠴᠢᠯᠡᠭᠡ ᠬᠠᠩᠭᠠᠬᠤ ᠬᠡᠷᠡᠭᠳᠠᠢ᠃ ᠬᠠᠮᠳᠤᠷᠠᠨ ᠠᠵᠢᠯᠯᠠᠬᠤ ᠪᠠᠶᠢᠭᠤᠯᠤᠮᠵᠢ ᠳᠤ ᠠᠦ᠋ᠲ᠋ᠣ᠋ | ᠦᠢᠯᠡᠴᠢᠯᠡᠬᠡᠨ ᠤ ᠲᠥᠬᠦᠭᠡᠷᠦᠮᠵᠢ ᠲᠠᠯᠪᠢᠵᠤ᠂ ᠪᠠᠶᠢᠴᠠᠭᠠᠨ ᠯᠠᠪᠯᠠᠬᠤ᠂ ᠭᠦᠢᠴᠡᠳᠭᠡᠬᠦ ᠡᠬᠦᠷᠭᠡ ᠴᠢᠳᠠᠮᠵᠢ ᠲᠤᠬᠢᠷᠠᠭᠤᠯᠤᠨ᠂ ︽ᠨᠢᠭᠡ ᠴᠣᠭᠴᠠᠵᠢᠭᠤᠯᠤᠭᠰᠠᠨ︾ | ᠦᠢᠯᠡᠴᠢᠯᠡᠭᠡ ᠬᠠᠩᠭᠠᠬᠤ ᠬᠡᠷᠡᠭᠳᠠᠢ᠃ ᠪᠤᠶᠢᠳᠠ ᠪᠦᠭᠯᠡᠭᠦᠦ ᠠᠭᠤᠯᠠᠷᠬᠠᠭ ᠣᠷᠣᠨ ᠤ ᠠᠷᠠᠳ ᠲᠦᠮᠡᠨ ᠵᠢᠴᠢ ᠨᠠᠰᠤᠲᠠᠶᠢᠴᠤᠳ ᠵᠡᠷᠭᠡ ᠣᠨᠴᠠᠭᠠᠢ ᠬᠥᠮᠦᠰ ᠲᠤ | ᠲᠦᠭᠦᠮ ᠳᠦᠳᠡ ᠦᠢᠯᠡᠴᠢᠯᠡᠭᠡᠨ ᠤ ᠬᠡᠷᠡᠭᠯᠡᠭᠦᠷ ᠵᠡᠷᠭᠡ ᠶᠢ ᠠᠰᠢᠡᠡᠯᠠᠨ ᠭᠡᠷ ᠲᠤᠨᠢ ᠤᠴᠢᠵᠤ ᠦᠢᠯᠡᠴᠢᠯᠡᠬᠦ ᠬᠡᠷᠡᠭᠳᠠᠢ ᠭᠡᠵᠤ ᠳᠤᠷᠠᠳᠴᠠᠢ᠃ | | |