︽ᠰᠢᠨ᠎ᠠ ᠮᠠᠯᠵᠢᠯ︾ ᠮᠠᠯ ᠠᠵᠦ ᠠᠬᠤᠢ ᠶᠢᠨ ᠮᠡᠷᠬᠡᠵᠢᠯᠳᠡᠨ ᠤ ᠦᠨᠳᠦᠰᠦᠨ ᠱᠠᠳᠤᠨ ᠳᠤ ᠦᠢᠯᠡᠴᠢᠯᠡᠬᠦ ᠪᠥᠯᠬᠦᠮ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2021/8/23
     ᠤᠢᠢᠷ᠎ᠠ ᠳᠤ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠤᠶᠤᠳᠠᠠ ᠪᠠ ᠰᠦᠵᠢ ᠭᠠᠴᠠᠭᠠᠨ ᠤ ᠮᠠᠯ ᠤᠨ ᠡᠮᠴᠢ ᠪᠠᠷ ᠪᠦᠷᠢᠯᠳᠦᠭᠰᠡᠨ ︽ᠰᠢᠨ᠎ᠠ ᠮᠠᠯᠵᠢᠯ︾ ᠬᠡᠬᠦ ᠮᠠᠯ ᠠᠵᠦ ᠠᠬᠤᠢ ᠶᠢᠨ ᠮᠡᠷᠬᠡᠵᠢᠯᠳᠡᠨ ᠤ ᠦᠨᠳᠦᠰᠦᠨ ᠱᠠᠳᠤᠨ ᠳᠤ ᠦᠢᠯᠡᠴᠢᠯᠡᠬᠦ ᠪᠠ ᠮᠤᠩᠭᠤᠯ ᠦᠬᠡᠷ ᠦᠷᠡᠵᠢᠬᠦᠯᠵᠦ᠂ ᠡᠪᠡᠳᠴᠢᠨ ᠡᠮᠬᠡᠭ ᠢ ᠰᠡᠷᠬᠡᠶᠢᠯᠡᠨ ᠵᠠᠰᠠᠬᠤ ᠮᠡᠷᠬᠡᠵᠢᠯ ᠤᠨ ᠦᠢᠯᠡᠴᠢᠯᠡᠬᠡᠨ ᠤ ᠪᠦᠯᠬᠦᠮ ᠤᠯᠠᠭᠠᠨᠪᠠᠯᠭᠠᠰᠤᠨ ᠤ ᠰᠦᠵᠢ ᠭᠠᠴᠠᠭᠠᠨ ᠳᠤ ᠪᠠᠶᠢᠭᠤᠯᠤᠭᠳᠠᠵᠦ᠂ ᠮᠠᠯᠴᠢᠳ ᠤᠨ ᠭᠡᠷ ᠲᠤ ᠬᠦᠷᠴᠦ ᠮᠠᠯ ᠤᠨ ᠠᠭᠤᠰᠬᠢᠨ ᠤ ᠡᠪᠡᠳᠴᠢᠨ ᠵᠡᠷᠬᠡ ᠡᠮᠨᠡᠬᠦ ᠳᠤ ᠲᠦᠪᠡᠭ ᠲᠠᠢ ᠡᠪᠡᠳᠴᠢᠨ ᠢ ᠡᠮᠨᠡᠨ ᠵᠠᠰᠠᠵᠦ᠂ ᠮᠠᠯᠴᠢᠳ ᠲᠤ ᠪᠤᠳᠡᠳᠦ ᠦᠢᠯᠡᠴᠢᠯᠡᠭᠡ ᠬᠠᠨᠭ᠍ᠭᠠᠵᠦ ᠪᠤᠢ᠃      ᠮᠤᠩᠭᠤᠯ ᠦᠬᠡᠷ ᠪᠤᠯ ᠲᠤᠮᠳᠠᠳᠦ ᠤᠯᠤᠰ ᠤᠨ ᠰᠢᠷ᠎ᠠ ᠦᠬᠡᠷ ᠤᠨ ᠲᠤᠳᠤᠷ᠎ᠠ ᠲᠠᠷᠬᠠᠯᠳᠡ ᠪᠠᠷ ᠬᠠᠮᠤᠭ ᠤᠨ ᠦᠷᠬᠡᠨ᠂ ᠲᠤᠭ᠎ᠠ ᠬᠡᠮᠵᠢᠶ᠎ᠠ ᠪᠠᠷ ᠬᠠᠮᠤᠭ ᠤᠨ ᠤᠯᠠᠨ ᠡᠬᠦᠯᠳᠡᠷ ᠪᠤᠯᠤᠨ᠎ᠠ᠃ ᠶᠠᠭ ᠡᠶᠢᠮᠦ ᠶᠢᠨ ᠲᠤᠰᠠᠳᠠ ᠲᠤᠰ ᠦᠢᠯᠡᠴᠢᠯᠡᠬᠡᠨ ᠤ ᠠᠵᠢᠯ ᠢᠶᠠᠨ ᠬᠢᠬᠦ ᠶᠢᠨ ᠲᠠᠭᠠᠦ ᠮᠤᠩᠭᠤᠯ ᠦᠬᠡᠷ ᠤᠨ ᠢᠶᠠᠨ ᠡᠬᠦᠯᠳᠡᠷ ᠢ ᠬᠠᠮᠠᠭᠠᠯᠠᠨ ᠰᠠᠶᠢᠵᠢᠷᠠᠭᠤᠯᠬᠤ ᠶᠢᠨ ᠲᠦᠯᠦᠬᠡ ᠲᠤᠰᠬᠠᠢᠢᠯᠠᠨ ᠮᠤᠩᠭᠤᠯ ᠦᠬᠡᠷ ᠤᠨ ᠡᠬᠦᠯᠳᠡᠷ ᠪᠤᠶᠢᠵᠢᠯᠳᠡ᠂ ᠡᠪᠡᠳᠴᠢᠨ ᠰᠡᠷᠬᠡᠶᠢᠯᠡᠭᠡ ᠶᠢᠨ ᠲᠠᠯ᠎ᠠ ᠪᠠᠷ ᠰᠤᠳᠤᠯᠵᠦ᠂ ᠮᠤᠩᠭᠤᠯ ᠦᠬᠡᠷ ᠤᠨ ᠬᠠᠮᠠᠭᠠᠯᠠᠯᠳᠡ ᠶᠢᠨ ᠴᠡᠭ ᠢ ᠪᠠᠶᠢᠭᠤᠯᠵᠡᠢ᠃      ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳ᠋ᠤᠺᠲ᠋ᠤᠷ᠂ ᠠᠰᠫᠢᠷᠠᠨᠲ ᠤᠨ ᠵᠢᠯᠤᠭᠤᠳᠤᠭᠴᠢ᠂ ᠫᠷᠤᠹᠧᠰᠰᠤᠷ ᠬᠦᠭᠵᠢᠯᠳᠦ᠄ ︽ᠮᠠᠨᠤᠰ ᠵᠠᠯᠠᠭᠤ ᠤᠶᠤᠳᠠᠨ ᠤ ᠡ᠊ᠡᠭᠨᠡᠭᠡ ᠪᠠ ᠵᠠᠯᠠᠭᠤ ᠮᠡᠷᠬᠡᠵᠢᠯᠳᠡᠨ ᠤ ᠡ᠊ᠡᠭᠨᠡᠭᠡ ᠪᠠᠷ ᠭᠤᠤᠯ ᠪᠤᠯᠭᠠᠵᠦ᠂ ᠨᠢᠬᠡ ᠪᠦᠯᠦᠭ ᠮᠠᠯᠴᠢᠳ ᠢ ᠪᠠᠰᠠ ᠡᠨᠡ ᠡ᠊ᠡᠭᠨᠡᠬᠡᠨ ᠳᠡᠭᠡᠨ ᠤᠷᠤᠭᠤᠯᠵᠦ᠂ ᠡᠶᠢᠮᠦ ᠨᠢᠬᠡ ᠦᠨᠳᠦᠰᠦᠨ ᠱᠠᠳᠤᠨ ᠤ ᠮᠠᠯ ᠡᠮᠨᠡᠯᠬᠡ᠂ ᠮᠠᠯ ᠠᠵᠦ ᠠᠬᠤᠢ ᠶᠢᠨ ᠪᠦᠯᠬᠦᠮ ᠢ ᠪᠠᠶᠢᠭᠤᠯᠬᠤ ᠪᠠᠷ ᠲᠦᠯᠦᠪᠯᠡᠵᠦ ᠪᠠᠶᠢᠵᠡᠢ᠂ ᠡᠳᠦᠬᠡ ᠶᠠᠭ ᠰᠠᠶᠢᠬᠠᠨ ᠪᠠᠶᠢᠭᠤᠯᠤᠭᠳᠠᠯ᠎ᠠ᠂ ᠶᠡᠭᠡ ᠪᠠᠶᠠᠷᠯᠠᠭᠤᠰᠢᠳᠡᠢ ᠤᠴᠢᠷ ᠪᠤᠯᠤᠨ᠎ᠠ᠂ ᠮᠤᠩᠭᠤᠯ ᠦᠬᠡᠷ ᠤᠨ ᠦᠷᠡᠵᠢᠬᠦᠯᠬᠡ᠂ ᠡᠪᠡᠳᠴᠢᠨ ᠰᠡᠷᠬᠡᠶᠢᠯᠡᠭᠡ ᠶᠢᠨ ᠲᠠᠯ᠎ᠠ ᠳᠤ ᠦᠢᠯᠡᠴᠢᠯᠡᠭᠡ ᠬᠠᠨᠭ᠍ᠭᠠᠬᠤ ᠶᠢᠨ ᠲᠠᠭᠠᠦ ᠳᠤ ᠪᠠᠰᠠ ᠪᠤᠰᠤᠳ ᠬᠡᠭᠡᠯᠳᠦᠬᠦᠯᠬᠡ ᠡᠰᠡᠬᠦᠯ᠎ᠠ ᠬᠤᠷᠤᠬᠠᠢ ᠲᠠᠭᠤᠬᠤ᠂ ᠡᠮ ᠴᠢᠳᠬᠤᠬᠤ᠂ ᠬᠤᠷᠤᠭ᠎ᠠ ᠬᠠᠰᠢᠶ᠎ᠠ ᠶᠢ ᠠᠷᠢᠭᠤᠤᠬᠠᠠᠬᠤ ᠵᠡᠷᠬᠡ ᠦᠨᠳᠦᠰᠦᠨ ᠱᠠᠳᠤᠨ ᠤ ᠠᠵᠢᠯ ᠳᠤ ᠵᠠᠯᠠᠭᠤᠴᠤᠳ ᠢ ᠬᠦᠮᠦᠵᠢᠬᠦᠯᠵᠦ ᠂ ᠨᠦᠬᠦᠬᠡ ᠲᠠᠯ᠎ᠠ ᠪᠠᠷ ᠮᠠᠯᠴᠢᠳ ᠲᠤ ᠨᠡᠩ ᠰᠠᠶᠢᠨ ᠦᠢᠯᠡᠴᠢᠯᠡᠭᠡ ᠬᠠᠨᠭ᠍ᠭᠠᠬᠤ ᠶᠢᠨ ᠲᠦᠯᠦᠬᠡ ᠶᠤᠮ᠃ ᠬᠤᠶᠢᠰᠢᠳᠡ ᠪᠢᠳᠡᠨ ᠤ ᠮᠡᠷᠬᠡᠵᠢᠯ ᠤᠨ ᠬᠢᠷᠢ ᠲᠦᠪᠰᠢᠨ ᠪᠠᠰᠠ ᠤᠯᠠᠮ ᠠᠴᠠ ᠤᠯᠠᠮ ᠪᠤᠳᠡᠳᠡᠢ ᠪᠤᠯᠵᠦ ᠮᠡᠷᠬᠡᠰᠢᠨ ᠦᠢᠯᠡᠴᠢᠯᠡᠭᠡ ᠪᠠᠰᠠ ᠤᠯᠠᠮ ᠰᠠᠶᠢᠨ ᠪᠤᠯᠤᠨ᠎ᠠ᠂ ᠢᠡᠭᠬᠢᠬᠡᠳ ᠮᠤᠩᠭᠤᠯ ᠦᠬᠡᠷ ᠤᠨ ᠰᠦᠷᠦᠭ ᠢ ᠨᠠᠩ ᠲᠡᠬᠦᠯᠳᠡᠷ᠂ ᠨᠠᠩ ᠰᠢᠨᠵᠢᠯᠡᠬᠦ ᠤᠬᠠᠭᠠᠨᠴᠢ ᠪᠠᠷ ᠤᠬᠤᠷᠬᠠᠨ ᠵᠢᠯ ᠤᠨ ᠲᠤᠳᠤᠷ᠎ᠠ ᠠᠪᠴᠦ ᠶᠠᠪᠤᠬᠤ ᠡᠶᠢᠮᠦ ᠪᠤᠯᠤᠮᠵᠢ ᠶᠢ ᠪᠦᠷᠢᠯᠳᠦᠬᠦᠯᠵᠦ ᠴᠢᠳᠠᠨ᠎ᠠ ᠬᠡᠵᠦ ᠪᠤᠳᠤᠵᠦ ᠪᠠᠶᠢᠨ᠎ᠠ︾ ᠬᠡᠵᠦ ᠪᠠᠶᠢᠯ᠎ᠠ᠃      ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠶᠤᠳᠠᠨ ᠴᠤᠪᠤᠭ᠎ᠠ᠄ ︽ᠲᠠᠳᠤᠯᠭ᠎ᠠ ᠶᠢᠨ ᠬᠤᠭᠤᠴᠠᠭᠠᠨ ᠳᠠᠭᠠᠨ ᠡ᠊ᠨᠳᠡ ᠢᠷᠡᠬᠡᠳ ᠠᠷᠪᠢᠨ ᠶᠠᠭᠤᠮ᠎ᠠ ᠤᠯᠵᠦ ᠰᠤᠷᠤᠯ᠎ᠠ᠂ ᠬᠠᠮᠤᠭ ᠢᠯᠡᠬᠦᠦ ᠰᠠᠭᠤᠭᠳᠠᠯ ᠲᠠᠢ ᠨᠢ ᠮᠠᠯ ᠲᠠᠢ ᠢᠯᠡᠬᠦᠦ ᠤᠢᠢᠷᠠᠳᠤᠵᠦ᠂ ᠮᠠᠯ ᠢ ᠶᠠᠭᠠᠬᠢᠵᠦ ᠡᠮᠨᠡᠨ ᠵᠠᠰᠠᠬᠤ ᠶᠢ ᠶᠡᠭᠡ ᠰᠤᠷᠤᠭᠰᠠᠨ᠂ ᠨᠢᠬᠡ ᠰᠠᠷ᠎ᠠ ᠶᠢᠨ ᠬᠤᠭᠤᠴᠠᠭᠠᠨ ᠳᠤ ᠮᠠᠯ ᠤᠨ ᠪᠡᠷᠬᠡ ᠬᠦᠡᠭᠬᠡᠵᠢᠯᠳᠡ᠂ ᠡᠯ᠎ᠠ ᠵᠦᠢᠯ ᠤᠨ ᠡᠮ ᠤᠨ ᠦᠢᠯᠡᠳᠦᠯ᠂ ᠡᠮ ᠢ ᠶᠠᠭᠠᠬᠢᠵᠦ ᠬᠤᠭᠤᠷᠤᠨᠳᠦ ᠨᠢ ᠨᠡᠶᠢᠯᠡᠬᠦᠯᠦᠨ ᠵᠠᠷᠤᠬᠤ ᠵᠡᠷᠬᠡ ᠶᠢ ᠢᠯᠡᠬᠦᠦ ᠤᠢᠢᠯᠠᠭᠠᠭᠰᠠᠨ᠂ ᠡᠶᠢᠮᠦ ᠦᠢᠯᠡᠳᠦᠯᠬᠡ ᠶᠢᠨ ᠬᠢᠴᠢᠶᠡᠯ ᠢ ᠪᠢᠳᠡ ᠬᠢᠴᠢᠶᠡᠯ ᠤᠨ ᠭᠡᠷ ᠠᠴᠠ ᠲᠡᠶᠢᠮᠦ ᠰᠠᠶᠢᠬᠠᠨ ᠪᠤᠳᠡᠳᠡᠢ ᠰᠤᠷᠴᠦ ᠲᠡᠶᠢᠯᠬᠦ ᠦᠬᠡᠢ᠂ ᠦᠨᠳᠦᠰᠤᠨ ᠱᠠᠳᠤᠨ ᠳᠤ ᠪᠠᠭᠤᠵᠦ᠂ ᠦᠪᠡᠷ ᠢᠶᠠᠨ ᠤᠷᠤᠯᠳᠤᠵᠦ ᠦᠵᠡᠪᠡᠯ ᠨᠡᠩ ᠪᠠᠶᠢᠨ᠎ᠠ︾ ᠬᠡᠵᠦ ᠪᠠᠶᠢᠯ᠎ᠠ᠃      ᠤᠲᠤᠭ ᠬᠤᠰᠢᠭᠤᠨ ᠤ ᠤᠯᠠᠭᠠᠨᠪᠠᠯᠭᠠᠰᠤᠨ ᠤ ᠰᠦᠵᠢ ᠭᠠᠴᠠᠭᠠᠨ ᠤ ᠵᠥᠪᠯᠡᠯ ᠤᠨ ᠲᠡᠳ᠋ ᠡᠷᠬᠢᠯᠡᠭᠴᠢ ᠪᠠᠭᠠᠳᠤᠷ᠄ ︽ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠵᠢᠯᠴᠠᠭᠰᠠᠨ ᠠᠴᠠ ᠪᠤᠯᠤᠭᠠᠳ ᠮᠠᠨ ᠤ ᠨᠤᠲᠤᠭ ᠤᠨ ᠮᠠᠯᠴᠢᠳ ᠤᠤᠯ ᠳᠠᠭᠠᠨ ᠡᠮᠨᠡᠵᠦ ᠲᠡᠶᠢᠯᠬᠦ ᠦᠬᠡᠢ ᠮᠠᠯ ᠤᠨ ᠡᠪᠡᠳᠴᠢᠨ ᠠᠷᠪᠢᠨ ᠪᠠᠶᠢᠵᠡᠢ᠂ ᠡᠨᠡ ᠤᠳᠠᠭ᠎ᠠ ᠡᠶᠢᠮᠦ ᠠᠷᠪᠢᠨ ᠪᠠᠭᠰᠢ ᠰᠤᠷᠤᠭᠴᠢ ᠲᠠᠢ ᠬᠠᠮᠳᠤᠷᠠᠨ ᠠᠵᠢᠯᠯᠠᠭᠰᠠᠨ ᠠᠴᠠ ᠠᠷᠪᠢᠨ ᠵᠦᠢᠯ ᠤᠨ ᠡᠪᠡᠳᠴᠢᠨ ᠢ ᠡᠮᠨᠡᠵᠦ ᠴᠢᠳᠠᠭᠰᠠᠨ ᠪᠠᠶᠢᠨ᠎ᠠ᠃ ᠲᠡᠭᠡᠪᠡᠯ ᠭᠠᠴᠠᠭᠠᠨ ᠤ ᠬᠠᠮᠳᠦ ᠶᠢᠨ ᠠᠵᠦ ᠠᠬᠤᠢ ᠳᠤ ᠶᠡᠭᠡ ᠠᠰᠢᠭ ᠬᠦᠷᠳᠡᠬᠡᠭᠰᠡᠨ ᠪᠠᠶᠢᠨ᠎ᠠ᠃ ᠬᠠᠮᠳᠦ ᠶᠢᠨ ᠠᠵᠦ ᠠᠬᠤᠢ ᠶᠢᠨ ᠨᠢᠬᠡ ᠪᠦᠯᠦᠭ ᠠᠭᠤᠰᠬᠢᠨ ᠡᠪᠡᠳᠴᠢᠨ ᠲᠠᠢ ᠬᠤᠨᠢᠳ ᠢ ᠭᠤᠷᠪᠠ ᠠᠴᠠ ᠲᠦᠷᠪᠡ ᠤᠳᠠᠭᠠᠨ ᠤ ᠵᠠᠰᠠᠯᠳᠡ ᠪᠠᠷ ᠲᠠᠮᠵᠢᠵᠦ ᠪᠦᠷᠢᠮᠦᠰᠦᠨ ᠡᠳᠡᠬᠡᠬᠡᠭᠰᠡᠨ ᠪᠠᠶᠢᠨ᠎ᠠ᠃ ᠡᠶᠢᠮᠦ ᠠᠴᠠ ᠪᠢᠳᠡᠨ ᠤ ᠬᠠᠮᠳᠤᠷᠠᠨ ᠠᠵᠢᠯᠯᠠᠭᠰᠠᠨ ᠦᠷ᠎ᠠ ᠠᠰᠢᠭ ᠶᠡᠭᠡ ᠰᠠᠶᠢᠨ ᠪᠠᠶᠢᠨ᠎ᠠ︾ ᠬᠡᠵᠦ ᠪᠠᠶᠠᠷᠳᠡᠶᠢᠬᠠᠨ ᠶᠠᠷᠢᠨ᠎ᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号