ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠭᠤᠤ ᠵᠠᠨ ᠱᠸᠡᠭ ᠤᠳᠤᠭ ᠤᠨ ᠡᠮᠦᠨᠡᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠦᠯᠳᠡ ᠭᠢᠪᠡ
ᠨᠡᠶᠢᠲᠡᠯᠡᠭᠰᠡᠨ ᠴᠠᠭ᠄
2021/8/25
     ᠭᠢᠶ᠎ᠡ ᠪᠠᠭᠰᠢ ᠶᠢᠨ ᠮᠡᠳᠡᠭᠡ ᠤᠢᠢᠷ᠎ᠡ ᠶᠢᠨ ᠡᠳᠦᠷ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠭᠤᠤ ᠵᠠᠨ ᠱᠸᠡᠭ ᠤᠳᠤᠭ ᠤᠨ ᠡᠮᠦᠨᠡᠳᠤ ᠬᠤᠰᠢᠭᠤᠨ ᠳᠤ ᠭᠦᠨᠵᠡᠭᠡᠶᠢᠷᠡᠨ᠂ ᠭᠤᠤᠯᠳᠠᠯᠭ᠎ᠠ ᠲᠠᠢ ᠠᠵᠢᠯ ᠪᠡ ᠭᠤᠤᠯᠳᠠᠯᠭ᠎ᠠ ᠲᠠᠢ ᠲᠦᠷᠦᠯ ᠵᠦᠢᠯ ᠢ ᠠᠭᠢᠭᠤᠯᠤᠬᠰᠡᠨ ᠪᠠᠶᠢᠳᠡᠯ ᠢ ᠪᠠᠶᠢᠴᠠᠭᠠᠨ ᠰᠤᠳᠤᠯᠪᠡ᠃ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠮ᠊ ᠭᠠᠷᠤᠳᠢ᠂ ᠭᠤᠤ ᡁᠢ ᠬᠤᠸᠠ᠂ ᠯᠢ ᠮᠸᠢ ᠷᠦᠡᠭ᠂ ᠨᠠᠷᠢᠨ ᠪᠢᠴᠢᠭ ᠤᠨ ᠲᠠᠷᠤᠭ᠎ᠠ ᠴᠧᠨ ᠵᠢᠩ ᠪᠠᠶᠢᠴᠠᠭᠠᠨ ᠰᠤᠳᠤᠯᠦᠯᠳᠡ ᠳᠤ ᠤᠷᠤᠯᠴᠡᠪᠡ᠃      ᠭᠤᠤ ᠵᠠᠨ ᠱᠸᠡᠭ ᠨᠡᠷ ᠤᠷᠢᠳ ᠬᠤᠵᠢᠳ ᠤᠳᠤᠭ ᠤᠨ ᠡᠮᠦᠨᠡᠳᠤ ᠬᠤᠰᠢᠭᠤᠨ ᠤ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ᠂ ᠶᠢᠨ ᠨᠢᠦ ᠰᠤᠶᠤᠭ᠎ᠠ ᠪᠤᠶᠢᠵᠢᠭᠤᠯᠬᠤ ᠰᠠᠭᠤᠷᠢᠨ ᠭᠠᠵᠠᠷ᠂ ᠮᠤᠭᠠᠢᠢᠳᠤ ᠭᠠᠴᠠᠭᠠᠨ ᠤ ᠤᠯᠠᠭᠠᠨ ᠴᠢᠪᠠᠭ᠎ᠠ ᠶᠢᠨ ᠰᠠᠭᠤᠷᠢᠨ ᠭᠠᠵᠠᠷ ᠵᠡᠷᠭᠡ ᠭᠠᠵᠠᠷ ᠤᠳ ᠢᠶᠠᠷ ᠭᠦᠨᠵᠡᠭᠡᠶᠢᠷᠡᠨ᠂ ᠤᠯᠤᠰ ᠲᠦᠷᠦ ᠶᠢᠨ ᠵᠦᠪᠯᠡᠯᠭᠡ ᠭᠢᠭᠦ ᠶᠢ ᠦᠨᠳᠦᠰᠦᠨ ᠱᠠᠳᠤᠨ ᠳᠤ ᠤᠷᠳᠤᠳᠬᠠᠬᠤ᠂ ᠠᠵᠤ ᠦᠢᠯᠡᠳᠪᠤᠷᠢ ᠶᠢᠨ ᠠᠵᠤ ᠠᠬᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠭᠦᠭᠵᠢᠯᠳᠡ ᠶᠢᠨ ᠭᠡᠯᠪᠡᠷᠢ ᠪᠠᠨ ᠬᠤᠪᠢᠷᠠᠭᠤᠯᠤᠨ ᠭᠦᠭᠵᠢᠭᠦᠯᠭᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠡ ᠶᠢᠨ ᠤᠬᠠᠮᠰᠠᠷ ᠢ ᠪᠠᠳᠤ ᠴᠤᠬᠴᠠᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠠᠭᠢᠭᠤᠯᠤᠬᠰᠡᠨ ᠪᠠᠶᠢᠳᠡᠯ ᠢ ᠭᠦᠨᠵᠡᠭᠡᠢ ᠤᠢᠢᠯᠠᠭᠠᠪᠡ᠃      ᠭᠤᠤ ᠵᠠᠨ ᠱᠸᠡᠭ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠰᠢᠨ᠎ᠡ ᠤᠷᠤᠨ ᠪᠠᠶᠢᠷᠢᠰᠢᠯ᠂ ᠰᠢᠨ᠎ᠡ ᠲᠡᠤᠭᠡᠳᠤ ᠡᠭᠦᠷᠭᠡ᠂ ᠰᠢᠨ᠎ᠡ ᠱᠠᠭᠠᠷᠳᠠᠯᠭ᠎ᠠ ᠶᠢ ᠪᠠᠳᠤ ᠡᠵᠡᠮᠳᠡᠵᠤ᠂ ᠨᠡᠶᠢᠭᠡᠮ ᠤᠨ ᠪᠠᠶᠢᠳᠡᠯ ᠠᠷᠠᠳ ᠤᠨ ᠰᠠᠨᠠᠭ᠎ᠠ ᠶᠢ ᠲᠤᠰᠬᠠᠬᠤ᠂ ᠠᠷᠠᠳ ᠤᠨ ᠠᠮᠢᠳᠤᠷᠡᠯ ᠤᠨ ᠲᠦᠭᠡᠮᠡᠯ ᠠᠰᠠᠭᠤᠳᠡᠯ ᠢ ᠰᠢᠢᠳᠪᠤᠷᠢᠯᠡᠭᠦ ᠵᠡᠷᠭᠡ ᠲᠡᠯ᠎ᠡ ᠪᠠᠷ ᠦᠷᠭᠦᠯᠵᠢᠯᠡᠨ ᠰᠡᠳᠭᠢᠨ ᠪᠤᠳᠤᠯᠭᠢᠯᠡᠵᠤ ᠬᠠᠶᠢᠨ ᠰᠦᠪᠡᠭᠴᠢᠯᠡᠯᠳᠡ ᠭᠢᠵᠤ᠂ ᠦᠨᠳᠦᠰᠦᠨ ᠱᠠᠳᠤᠨ ᠤ ᠵᠦᠪᠯᠡᠬᠦ ᠠᠷᠠᠳᠴᠢᠯᠡᠯ ᠤᠨ ᠰᠢᠨ᠎ᠡ ᠲᠠᠪᠴᠠᠩ ᠢ ᠰᠢᠨᠵᠢᠯᠡᠭᠦ ᠤᠬᠠᠭᠠᠨᠴᠢ ᠪᠠᠷ ᠪᠠᠶᠢᠭᠤᠯᠵᠤ᠂ ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠡ ᠶᠢᠨ ᠴᠢᠳᠠᠪᠤᠷᠢ ᠪᠡ ᠭᠢᠷᠢ ᠲᠦᠪᠰᠢᠨ ᠢ ᠲᠦᠷᠭᠡᠳᠭᠡᠨ ᠲᠡᠭᠡᠭᠰᠢᠯᠡᠭᠦᠯᠭᠦ ᠭᠡᠷᠡᠭᠳᠡᠢ᠃ ︽ᠭᠡᠰᠢᠭᠦᠳ ᠤᠨ ᠭᠡᠷ ᠪᠦᠯᠢ︾᠎ ᠶᠢᠨ ᠦᠢᠯᠡᠳᠦᠯ ᠴᠢᠳᠡᠪᠭᠢ ᠶᠢᠨ ᠲᠤᠭᠢᠷᠠᠭᠤᠯᠤᠯᠳᠡ ᠶᠢ ᠴᠢᠨᠠᠬᠰᠢᠳᠡ ᠲᠡᠭᠦᠯᠳᠡᠷᠵᠢᠭᠦᠯᠦᠨ᠂ ᠤᠯᠡᠨ ᠲᠦᠮᠡᠨ ᠤ ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠡ ᠳᠤ ᠤᠷᠤᠯᠴᠠᠬᠤ ᠲᠦᠷᠢᠮᠵᠢᠯᠳᠡ ᠶᠢᠨ ᠵᠠᠮ ᠮᠦᠷ ᠢ ᠲᠠᠰᠤᠷᠡᠯᠳᠡ ᠦᠭᠡᠢ ᠦᠷᠭᠡᠳᠭᠡᠨ᠂ ᠵᠦᠪᠯᠡᠯᠭᠡ ᠭᠢᠭᠦ ᠤᠨᠤᠴᠡᠳᠤ ᠴᠢᠨᠡᠷ᠂ ᠠᠰᠢᠬᠯᠠᠮᠵᠢᠳᠤ ᠴᠢᠨᠡᠷ ᠢ ᠦᠨᠡᠨ ᠭᠦ ᠲᠡᠭᠡᠭᠰᠢᠯᠡᠭᠦᠯᠵᠤ᠂ ᠵᠦᠪᠯᠡᠬᠦ ᠠᠷᠠᠳᠴᠢᠯᠡᠯ ᠤᠨ ᠠᠵᠢᠯ ᠤᠨ ᠭᠦᠨᠵᠡᠭᠡᠶᠢᠷᠡᠨ ᠭᠦᠭᠵᠢᠭᠦ ᠶᠢ ᠪᠦᠭᠦ ᠭᠦᠴᠦᠨ ᠢᠶᠠᠷ ᠢᠶᠠᠨ ᠠᠭᠢᠭᠤᠯᠬᠤ ᠭᠡᠷᠡᠭᠳᠡᠢ ᠭᠡᠵᠤ ᠴᠢᠬᠤᠯᠡᠴᠢᠯᠡᠪᠡ᠃      ᠭᠤᠤ ᠵᠠᠨ ᠱᠸᠡᠭ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢ ᠤᠬᠳᠤ ᠰᠤᠯᠠᠷᠠᠭᠤᠯᠤᠯ ᠦᠭᠡᠢ ᠠᠳᠬᠤᠵᠤ᠂ ᠬᠤᠳᠠᠯᠳᠤᠭ᠎ᠠ ᠡᠷᠭᠢᠯᠡᠭᠦ ᠤᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠦᠨ᠂ ᠴᠢᠬᠤᠯᠡ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢᠨ ᠠᠭᠢᠴᠡ ᠶᠢ ᠲᠦᠷᠭᠡᠳᠭᠡᠵᠤ ᠦᠷ᠎ᠡ ᠠᠰᠢᠭ ᠢ ᠨᠡᠮᠡᠭᠳᠡᠭᠦᠯᠭᠦ ᠶᠢ ᠪᠦᠭᠦ ᠭᠦᠴᠦᠨ ᠢᠶᠠᠷ ᠠᠭᠢᠭᠤᠯᠬᠤ ᠭᠡᠷᠡᠭᠳᠡᠢ᠃ ᠠᠵᠤ ᠠᠬᠤᠢᠢᠯᠡᠯ ᠤᠨ ᠰᠢᠨ᠎ᠡ ᠶᠢ ᠡᠭᠦᠳᠭᠦ ᠭᠤᠤᠯ ᠴᠤᠬᠴᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠭᠡᠯᠭᠢᠶ᠎ᠡ ᠶᠢ ᠴᠢᠨᠠᠬᠰᠢᠳᠡ ᠤᠷᠳᠤᠳᠬᠠᠨ᠂ ᠡᠨᠧᠷᠭᠢ ᠶᠢᠨ ᠠᠵᠤ ᠦᠢᠯᠡᠰ ᠤᠨ ᠪᠤᠭᠢᠷᠳᠦᠯ ᠦᠭᠡᠢ᠂ ᠲᠤᠤᠷ᠎ᠡ ᠨᠡᠭᠦᠷᠡᠰᠦᠳᠦ᠋ᠷᠦᠭᠴᠢᠳᠤ᠂ ᠤᠶᠤᠨᠴᠢᠯᠠᠬᠰᠡᠨ ᠲᠡᠶᠢᠰᠢ ᠭᠦᠭᠵᠢᠭᠦᠯᠭᠦ ᠶᠢ ᠠᠭᠢᠭᠤᠯᠬᠤ ᠭᠡᠷᠡᠭᠳᠡᠢ᠃ ᠠᠮᠢ ᠠᠬᠤᠢ ᠶᠢ ᠤᠷᠢᠳ ᠢᠶᠠᠷ ᠪᠤᠳᠤᠯᠭᠢᠯᠡᠨ᠂ ᠪᠤᠭᠢᠷᠳᠦᠯ ᠦᠭᠡᠢ ᠭᠦᠭᠵᠢᠭᠦᠯᠭᠦ ᠵᠡᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠤᠷᠴᠢᠨ ᠲᠤᠭᠤᠷᠢᠨ ᠤ ᠵᠠᠰᠠᠯᠳᠡ ᠶᠢᠨ ᠦᠷ᠎ᠡ ᠪᠦᠳᠦᠭᠡᠯ ᠢ ᠦᠷᠭᠦᠯᠵᠢᠯᠡᠨ ᠪᠠᠭᠢᠵᠢᠭᠦᠯᠦᠨ᠂ ᠡᠨᠧᠷᠭᠢ ᠶᠢᠨ ᠬᠤᠷᠤᠬᠳᠡᠯ ᠤᠨ ︽ᠬᠤᠤᠰ ᠡᠵᠡᠮᠳᠡᠯ︾᠎ ᠤᠨ ᠬᠠᠮᠢᠶᠠᠷᠤᠯᠳᠡ ᠶᠢ ᠤᠯᠡᠨ ᠠᠷᠭ᠎ᠠ ᠠᠪᠴᠡᠯ ᠢᠶᠠᠷ ᠲᠡᠮᠵᠢᠭᠤᠯᠦᠨ ᠰᠠᠶᠢᠳᠤᠷ ᠠᠳᠬᠤᠵᠤ᠂ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠴᠢᠨᠡᠷ ᠰᠠᠶᠢᠳᠡᠢ ᠭᠦᠭᠵᠢᠯᠳᠡ ᠶᠢ ᠴᠢᠷᠮᠠᠶᠢᠨ ᠠᠭᠢᠭᠤᠯᠬᠤ ᠭᠡᠷᠡᠭᠳᠡᠢ᠃ ᠭᠦᠳᠡᠭᠡ ᠲᠤᠰᠬᠤᠨ ᠢ ᠭᠦᠭᠵᠢᠭᠦᠯᠬᠦ᠂ ᠭᠠᠴᠠᠭ᠎ᠠ ᠲᠤᠰᠬᠤᠨ ᠢ ᠬᠤᠯᠪᠤᠭᠠᠯᠡᠨ ᠲᠠᠭᠠᠭᠠᠴᠢᠯᠡᠵᠤ ᠭᠠᠴᠠᠭ᠎ᠠ ᠲᠤᠰᠬᠤᠨ ᠳᠤ ᠰᠠᠭᠤᠬᠤ ᠠᠵᠢᠯ ᠢ ᠯᠠᠪᠳᠠᠭᠤᠨ ᠪᠠᠳᠤᠳᠡᠢ ᠰᠠᠶᠢᠳᠤᠷ ᠠᠳᠬᠤᠵᠤ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠲᠠᠰᠤᠷᠡᠯᠳᠡ ᠦᠭᠡᠢ ᠭᠦᠭᠵᠢᠭᠦᠯᠦᠨ᠂ ᠤᠯᠡᠨ ᠲᠦᠮᠡᠨ ᠤ ᠤᠷᠤᠯᠭ᠎ᠠ ᠶᠢ ᠲᠤᠬᠳᠠᠪᠤᠷᠢᠵᠢᠭᠤᠯᠦᠨ ᠴᠢᠨᠡᠭᠡᠯᠢᠭᠵᠢᠭᠦᠯᠭᠦ ᠶᠢ ᠦᠷᠭᠦᠯᠵᠢᠯᠡᠨ ᠲᠠᠶᠢᠴᠢᠯᠠᠬᠤ ᠭᠡᠷᠡᠭᠳᠡᠢ᠃ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠡ ᠶᠢᠨ ᠤᠬᠠᠮᠰᠠᠷ ᠢ ᠪᠠᠳᠤ ᠴᠤᠬᠴᠠᠯᠠᠬᠤ ᠶᠢ ᠭᠦᠨᠵᠡᠭᠡᠢ ᠦᠷᠨᠢᠭᠦᠯᠭᠦ ᠶᠢ ᠯᠠᠪᠳᠠᠭᠤᠨ ᠪᠠᠳᠤᠳᠡᠢ ᠠᠭᠢᠭᠤᠯᠵᠤ᠂ ᠦᠷᠭᠡᠨ ᠤᠯᠡᠨ ᠺᠠᠳ᠋ᠷ ᠤᠯᠡᠨ ᠲᠦᠮᠡᠨ ᠢ ᠭᠦᠳᠦᠯᠦᠨ ᠵᠢᠯᠤᠭᠤᠳᠴᠤ ᠪᠠᠶᠢᠭᠠᠳ ᠵᠦᠪ ᠤᠨᠤᠪᠴᠢᠳᠡᠢ ᠤᠯᠤᠰ ᠤᠨ ᠦᠵᠡᠯᠳᠡ᠂ ᠲᠡᠤᠭᠡ ᠶᠢᠨ ᠦᠵᠡᠯᠳᠡ᠂ ᠦᠨᠳᠦᠰᠦᠳᠡᠨ ᠤ ᠦᠵᠡᠯᠳᠡ᠂ ᠰᠤᠶᠤᠯ ᠤᠨ ᠦᠵᠡᠯᠳᠡ ᠶᠢ ᠪᠤᠢ ᠪᠤᠯᠭᠠᠬᠤ ᠭᠡᠷᠡᠭᠳᠡᠢ ᠭᠡᠵᠤ ᠱᠠᠭᠠᠷᠳᠡᠪᠡ᠃      ᠪᠠᠶᠢᠴᠠᠭᠠᠨ ᠰᠤᠳᠤᠯᠦᠯᠳᠡ ᠶᠢᠨ ᠬᠤᠭᠤᠴᠠᠭᠠᠨ ᠳᠤ᠂ ᠭᠤᠤ ᠵᠠᠨ ᠱᠸᠡᠭ ᠬᠤᠯᠪᠤᠭᠠᠯᠡᠨ ᠲᠠᠭᠠᠭᠠᠴᠢᠯᠡᠵᠤ ᠪᠠᠶᠢᠭ᠎ᠠ ᠤᠯᠵᠡᠴᠢ ᠪᠠᠯᠭᠠᠰᠤᠨ ᠤ ᠮᠠ ᠴᠠᠩ ᠵᠢᠩ ᠲᠤᠰᠬᠤᠨ ᠤ ᠶᠠᠳᠠᠭᠤ ᠠᠴᠠ ᠠᠩᠭᠢᠵᠢᠷᠠᠬᠰᠡᠨ ᠡᠷᠦᠭᠡ ᠲᠦᠡᠭ ᠵᠢᠶᠦ᠋ᠨ ᠤ ᠭᠡᠷ ᠲᠤ ᠭᠦᠷᠴᠤ ᠪᠤᠯᠭᠤᠭᠠᠨ ᠲᠤᠬᠤᠨᠢᠭᠤᠯᠭ᠎ᠠ ᠭᠢᠪᠡ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号