ᠴᠧᠨ ᠢᠦᠢ ᠯᠢᠶᠠᠨ ᠤ ᠠᠷᠠᠳ ᠲᠤ ᠦᠢᠯᠡᠴᠢᠯᠡᠭᠰᠡᠨ 43 ᠬᠠᠪᠤᠷ ᠨᠠᠮᠤᠷ
ᠨᠡᠶᠢᠲᠡᠯᠡᠭᠰᠡᠨ ᠴᠠᠭ᠄
2021/8/26
     ᠵᠡᠷᠭᠡ ᠳᠡᠰ ᠦᠭᠡᠢ᠂ ᠮᠡᠷᠭᠡᠵᠢᠯ ᠤᠨ ᠴᠣᠯᠠ ᠦᠭᠡᠢ ᠨᠢᠭᠡ ᠪᠦᠯᠦᠭ ᠬᠥᠮᠦᠰ ᠢ ᠤᠯᠠᠨ ᠲᠦᠮᠡᠡ ︽ᠭᠠᠴᠠᠭᠠᠨ ᠤ ᠺᠠᠳ᠋ᠷ︾ ᠭᠡᠵᠦ ᠳᠠᠭᠤᠳᠠᠳᠠᠭ᠃ ᠲᠡᠳᠡ ᠬᠠᠷᠠᠮ ᠦᠭᠡᠢ ᠵᠣᠷᠢᠭᠤᠯᠵᠣ ᠶᠡᠷᠥ ᠠᠴᠠ ᠬᠠᠷᠠᠮᠰᠠᠳᠠᠭ ᠦᠭᠡᠢ᠂ ᠲᠡᠳᠡ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠮᠥᠷᠲᠡᠭᠡᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠎ᠠ᠃ ᠲᠡᠳᠡ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠵᠤ᠂ ᠰᠡᠴᠡᠨ ᠰᠡᠷᠭᠦᠯᠡᠩ ᠲᠠᠷᠢᠬᠢ ᠲᠣᠯᠣᠭᠠᠶ ᠪᠠᠷ ᠢᠶᠠᠨ ᠴᠢᠨᠡᠭᠡᠯᠢᠭᠵᠢᠯ ᠤᠨ ᠲᠥᠭᠡᠷᠢᠭᠳᠡᠯ ᠢ ᠵᠢᠭᠠᠵᠥ ᠥᠭᠬᠦᠨ᠎ᠡ᠃ ᠡᠭᠦᠨ ᠠᠴᠠ ᠡᠬᠢᠯᠡᠨ ᠲᠡᠳᠡ ᠲᠠᠴᠢᠷ ᠨᠢᠮᠭᠡᠨ ᠲᠣᠰᠬᠤᠨ ᠳᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠤᠶᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠪᠠᠶᠠᠷ ᠤᠨ ᠴᠢᠮᠡᠭᠡ ᠶᠢ ᠨᠤᠲᠤᠭ ᠤᠰᠤᠨ ᠳᠠᠭᠠᠨ ᠣᠯᠠᠮᠵᠢᠯᠠᠭᠰᠠᠠ ᠪᠠᠶᠢᠨ᠎ᠠ᠃ ᠴᠧᠨ ᠢᠦᠢ ᠯᠢᠶᠠᠨ ᠪᠣᠯ ᠯᠠᠪᠳᠠᠭᠤᠨ ᠪᠠᠲᠤᠲᠠᠢ ᠠᠵᠢᠯᠯᠠᠵᠤ᠂ ᠴᠢᠷᠮᠠᠶᠢᠨ ᠲᠡᠮᠡᠴᠡᠵᠦ ᠪᠠᠶᠢᠭ᠎ᠠ ᠲᠣᠰᠬᠤᠨ ᠤ ᠺᠠᠳ᠋ᠷᠴᠤᠳ ᠤᠨ ᠳᠤᠮᠳᠠᠬᠢ ᠬᠤᠷᠢᠶᠠᠩᠭᠤᠢ ᠲᠦᠷᠢ ᠪᠣᠯᠬᠤ ᠶᠣᠮ᠃
     1956 ᠣᠨ ᠳᠤ ᠲᠦᠷᠦᠭᠰᠡᠨ ᠴᠧᠨ ᠢᠦᠢ ᠯᠢᠶᠠᠨ ᠤᠷᠢᠳ ᠬᠤᠵᠢᠳ ᠲᠠᠯᠠᠳ ᠬᠤᠰᠢᠭᠤᠨ ᠤ ᠱᠠᠭᠵᠠᠮᠣᠨᠢ ᠪᠠᠯᠭᠠᠰᠤ ᠶᠢᠨ ᠡᠦ ᠭᠦ᠋ ᠳ᠋ᠢ ᠲᠣᠰᠬᠤᠨ ᠤ ᠲᠥᠯᠥᠪᠯᠡᠭᠡᠲᠦ ᠬᠥᠡᠭᠭᠡᠵᠢᠯ ᠤᠨ ᠲᠣᠰᠬᠤᠨ ᠤ ᠳᠠᠷᠤᠭ᠎ᠠ᠂ ᠡᠮᠡᠭᠲᠡᠢ ᠺᠠᠳ᠋ᠷ᠂ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠥᠩᠭᠡᠷᠡᠵᠡᠢ᠂ ᠤᠳᠤ ᠡᠦ ᠭᠦ᠋ ᠳ᠋ᠢ ᠲᠣᠰᠬᠤᠨ ᠤ ᠡ᠊ᠩ ᠤᠨ ᠨᠠᠮ ᠤᠨ ᠭᠡᠰᠢᠭᠦᠨ ᠢᠶᠠᠷ ᠠᠵᠢᠯᠯᠠᠵᠤ ᠪᠤᠢ᠃     ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠴᠢᠨᠡᠭᠡᠯᠢᠭᠵᠢᠭᠦᠯᠪᠡᠯ ᠰᠠᠶ᠋ᠢ ᠰᠠᠶᠢᠨ ᠨᠠᠮ ᠤᠨ ᠡᠭᠦᠷ ᠪᠣᠯᠵᠣ ᠴᠢᠳᠠᠨ᠎ᠠ      ︽ᠲᠣᠰᠬᠤᠨ ᠤ ᠠᠷᠠᠳ ᠤᠨ ᠴᠢᠨᠡᠭᠡᠯᠢᠭᠵᠢᠭᠰᠡᠡ ᠡᠰᠡᠬᠦ ᠶᠢ ᠦᠵᠡᠬᠦ ᠳᠤ ᠨᠠᠮ ᠤᠨ ᠡᠭᠦᠷ ᠢ ᠨᠢ ᠦᠵᠡᠬᠦ ᠬᠡᠷᠡᠭᠲᠡᠢ︾᠃ ᠴᠧᠨ ᠢᠦᠢ ᠯᠢᠶᠠᠨ ᠦ᠋ ᠭᠦ᠋ ᠳ᠋ᠢ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠭᠠᠰᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠠ ᠢ ᠪᠦᠳᠤᠬᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠣ᠂ ︽ᠠᠵᠤ ᠠᠬᠤᠢ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠬᠥᠭᠵᠢᠯᠲᠡ ᠶᠢ ᠠᠬᠢᠭᠤᠯᠬᠤ︾ ᠰᠡᠳᠬᠢᠴᠡ ᠶᠣᠰᠣᠭᠠᠷ ᠲᠣᠰᠬᠤᠨ ᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠲᠣᠰᠬᠤᠨ ᠤ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠠᠬᠢᠭᠤᠯᠣᠬᠰᠠᠠ ᠪᠠᠶᠢᠨ᠎ᠠ᠃      2006 ᠣᠨ ᠠᠴᠠ ᠨᠠᠭᠠᠰᠢ᠂ ᠲᠡᠷᠡ ᠪᠦᠬᠦ ᠲᠣᠰᠬᠤᠨ ᠳᠤ 2000 ᠭᠠᠷᠤᠶ ᠲᠦᠮᠡᠨ ᠲᠥᠭᠦᠷᠢᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠥᠢᠯ ᠢ ᠡᠷᠡᠮᠡᠯᠵᠡᠡ ᠣᠷᠣᠭᠤᠯᠵᠣ ᠠᠪᠴᠢᠷᠠᠭᠰᠠᠠ ᠪᠠᠶᠢᠨ᠎ᠠ᠃ 24.8 ᠺᠢᠯᠣᠮᠧᠲᠷ ᠤᠨ ᠴᠠᠷᠳᠠᠮᠠᠯ ᠵᠠᠮ᠂ 23.6 ᠺᠢᠯᠣᠮᠧᠲᠷ ᠤᠨ ᠬᠠᠶᠢᠷ ᠴᠢᠯᠠᠭᠤᠨ ᠵᠠᠮ ᠢ ᠲᠡᠪᠢᠰᠴᠤ ᠳᠠᠭᠤᠰᠬᠠᠵᠠᠢ︔ 6700 ᠮᠥ ᠤᠰᠤ ᠠᠷᠪᠢᠯᠠᠬᠤ ᠤᠰᠤᠯᠠᠯᠲᠠ ᠶᠢᠨ ᠲᠥᠷᠥᠯ ᠵᠦᠢᠯ ᠢ ᠪᠡᠶᠡᠯᠡᠭᠦᠯᠵᠡᠢ︔ 74.8 ᠺᠢᠯᠣᠮᠧᠲᠷ ᠤᠨ ᠳᠣᠣᠷ᠎ᠠ ᠬᠦᠴᠦᠳᠡᠯᠲᠦ ᠱᠤᠭᠤᠮ ᠢ ᠥᠭᠡᠷᠡᠴᠢᠯᠡᠵᠡᠢ︔ 150 ᠨᠠᠮᠤᠭ ᠤᠨ ᠬᠡᠢ ᠶᠢᠨ ᠲᠠᠭᠤᠷᠢᠶᠠᠯ ᠦᠵᠡᠭᠦᠯᠬᠦ ᠡᠷᠦᠬᠡ ᠶᠢ ᠪᠠᠶᠢᠭᠤᠯᠵᠡᠢ︔ 8 ᠰᠠᠭᠤᠷᠢ ᠨᠡᠷᠡᠨ ᠬᠡᠷᠡᠯ ᠤᠨ ᠬᠦᠯᠡᠮᠵᠢ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠵᠡᠢ︔ ᠭᠤᠸᠠ ᠵᠢᠮᠢᠰ᠂ ᠢᠳᠡᠰᠢᠨ ᠨᠠᠪᠴᠢ ᠨᠣᠭᠤᠭ᠎ᠠ᠂ ᠡᠷᠳᠡᠨᠢ ᠰᠢᠰᠢ ᠶᠢᠨ ᠪᠣᠷᠣᠯᠠᠭᠤᠯᠭ᠎ᠠ ᠶᠢᠨ ᠵᠠᠮ ᠮᠥᠷ ᠢ ᠰᠢᠯᠣᠭᠤᠳᠬᠠᠬᠤ ᠶᠢ ᠪᠡᠶᠡᠯᠡᠭᠦᠯᠵᠥ᠂ ᠮᠠᠯᠴᠢᠨ ᠲᠠᠷᠢᠶᠠᠴᠢᠳ ᠤᠨ ᠣᠷᠤᠯᠭ᠎ᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠡᠢ᠃      2009 ᠣᠨ ᠳᠤ ᠡᠦ ᠭᠦ᠋ ᠳ᠋ᠢ ᠲᠣᠰᠬᠤᠨ ᠨᠢ ᠡᠷᠡᠭᠦᠯ ᠬᠠᠮᠠᠭᠠᠯᠠᠯ ᠤᠨ ᠭᠠᠵᠠᠷ᠂ ᠬᠡᠳᠦ ᠳᠡᠯᠭᠡᠭᠦᠷ᠂ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠬᠤᠭᠤᠯᠠᠨ ᠭᠡᠷ᠂ ᠮᠠᠯ ᠲᠠᠷᠢᠶᠠᠯᠠᠩ ᠤᠨ ᠮᠠᠰᠢᠨ ᠪᠠᠭᠠᠵᠢ ᠶᠢ ᠰᠡᠯᠪᠢᠨ ᠵᠠᠰᠠᠬᠤ᠂ ᠮᠠᠰᠢᠨ ᠴᠠᠬᠢᠯᠭᠠᠨ ᠭᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ ᠵᠡᠷᠭᠡ ᠶᠢ ᠨᠢᠭᠡ ᠴᠤᠬᠴᠠᠵᠢᠭᠤᠯᠤᠬᠰᠠᠨ 1270 ᠲᠡᠭᠰᠢ ᠳᠥᠷᠪᠡᠯᠵᠢᠨ ᠮᠧᠲᠷ ᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠲᠦᠬᠦᠮ ᠦᠵᠡᠭᠦᠯᠵᠦ᠂ ᠢᠳᠡᠰᠢᠨ ᠨᠠᠪᠴᠢ ᠨᠣᠭᠤᠭ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ ᠣᠷᠤᠯᠭ᠎ᠠ ᠶᠢ ᠶᠡᠭᠡ ᠪᠠᠷ ᠨᠡᠮᠡᠭᠳᠡᠭᠦᠯᠪᠡ᠃ ᠲᠤᠬᠠᠢ ᠶᠢᠨ ᠵᠢᠯ ᠳᠤ ᠪᠦᠬᠦ ᠲᠣᠰᠬᠤᠨ ᠤ ᠮᠠᠯᠴᠢᠨ ᠲᠠᠷᠢᠶᠠᠴᠢᠳ ᠤᠨ ᠬᠥᠮᠦᠨ ᠳᠤᠮᠳᠠᠴᠢ ᠴᠡᠪᠡᠷ ᠣᠷᠣᠯᠭ᠎ᠠ ᠨᠢ 3 ᠲᠦᠮᠡᠨ ᠲᠥᠭᠦᠷᠢᠭ ᠲᠤ ᠬᠦᠷᠴᠡᠢ᠃ ᠤᠯᠠᠨ ᠲᠦᠮᠡᠨ ᠲᠡᠭᠦᠨ ᠤ ᠳᠠᠭᠠᠭᠤᠯᠤᠭᠰᠠᠨ ᠨᠠᠮ ᠤᠨ ᠡᠭᠦᠷ ᠤᠨ ᠪᠠᠭ ᠢ ᠮᠠᠭᠲᠠᠬᠤ ᠳᠠᠭᠠᠨ ︽ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠴᠢᠨᠡᠭᠡᠯᠢᠭᠵᠢᠭᠦᠯᠵᠥ ᠴᠢᠳᠠᠵᠠᠢ᠂ ᠦᠨᠡᠬᠡᠷ ᠰᠠᠶᠢᠨ ᠨᠠᠮ ᠤᠨ ᠡᠭᠦᠷ ᠰᠢᠥ︾ ᠬᠡᠵᠡᠭᠡᠵᠥ ᠪᠠᠶᠢᠯ᠎ᠠ᠃      2010 ᠣᠨ ᠳᠤ ᠴᠧᠨ ᠢᠦᠢ ᠯᠢᠶᠠᠨ ᠠᠷᠠᠳ ᠤᠨ ᠵᠠᠩ ᠦᠢᠯᠡ ᠶᠢᠨ ᠰᠣᠶᠣᠯ᠂ ᠨᠤᠲᠤᠭ ᠤᠨ ᠰᠣᠶᠣᠯ ᠢ ᠠᠰᠢᠭᠯᠠᠵᠤ ᠡᠦ ᠭᠦ᠋ ᠳ᠋ᠢ ᠲᠣᠰᠬᠤᠨ ᠢ ᠲᠣᠭᠤᠷᠢᠨ ᠵᠤᠭᠠᠴᠠᠵᠣ ᠠᠮᠠᠷᠠᠬᠤ᠂ ᠥᠨᠳᠥᠷ ᠥᠷ᠎ᠡ ᠠᠰᠢᠬᠳᠣ ᠲᠠᠷᠢᠶᠠᠯᠠᠩ ᠮᠠᠯ ᠠᠵᠤ ᠠᠬᠤᠢ ᠶᠢᠨ ᠲᠡᠯᠭᠡᠡ ᠦᠵᠡᠭᠦᠯᠭᠡ ᠵᠢᠴᠢ ᠮᠠᠯᠴᠢᠨ ᠲᠠᠷᠢᠶᠠᠴᠢᠳ ᠤᠨ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ ᠨᠢᠭᠡ ᠴᠤᠬᠴᠠᠵᠢᠭᠤᠯᠤᠬᠰᠠᠨ ᠠᠷᠠᠳ ᠤᠨ ᠵᠠᠩ ᠦᠢᠯᠡ ᠶᠢᠨ ᠰᠣᠶᠣᠯ ᠪᠣᠯᠤᠨ ᠲᠣᠭᠤᠷᠢᠨ ᠵᠤᠭᠠᠴᠠᠵᠥ ᠠᠮᠠᠷᠠᠬᠤ ᠲᠣᠰᠬᠤᠨ ᠪᠣᠯᠭᠠᠨ ᠪᠦᠳᠦᠭᠡᠨ ᠪᠠᠶᠢᠭᠤᠯᠣᠬᠰᠠᠠ ᠪᠠᠶᠢᠨ᠎ᠠ᠃     ᠬᠥᠮᠦᠨ ᠢ ᠰᠠᠶᠢᠲᠤᠷ ᠬᠠᠮᠢᠶᠠᠷᠴᠤ ᠴᠢᠳᠠᠪᠤᠷᠢᠲᠠᠨ ᠢ ᠰᠠᠶᠢᠲᠤᠷ ᠬᠡᠷᠡᠭᠯᠡᠪᠡᠯ ᠰᠠᠶ᠋ᠢ ᠰᠠᠶᠢᠨ ᠨᠠᠮ ᠤᠨ ᠡᠭᠦᠷ ᠤᠨ ᠱᠦᠵᠢ      ᠴᠸᠡ ᠢᠥᠢ ᠯᠢᠶᠡᠡ ᠥᠷᠬᠦᠯᠵᠢ ︽ᠡᠪ ᠬᠠᠮᠲᠤ ᠨᠠᠮ ᠤᠨ ᠭᠡᠰᠢᠭᠦᠨ ᠪᠣᠯ ᠨᠠᠮ ᠤᠨ ᠵᠣᠬᠢᠶᠠᠨ ᠪᠠᠶᠢᠭᠤᠯᠤᠯᠲᠠ ᠶᠢᠨ ᠲᠡᠶᠢᠴᠢᠠ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠬᠤ ᠶᠢᠨ ᠰᠠᠭᠤᠷᠢ ᠮᠥᠨ᠂ ᠮᠠᠨ ᠤ ᠨᠠᠮ ᠤᠨ ᠭᠡᠰᠢᠭᠦᠨ ᠤ ᠦᠵᠡᠯ ᠰᠠᠨᠠᠭ᠎ᠠ ᠰᠠᠳᠠᠷᠠᠵᠣ ᠪᠣᠯᠬᠤ ᠤᠢᠭᠡᠢ᠂ ᠥᠪᠡᠷ ᠤᠨ ᠦᠭᠡ ᠶᠠᠷᠢᠶ᠎ᠠ ᠤᠢᠢᠯᠠ ᠠᠵᠢᠯᠯᠠᠭ᠎ᠠ ᠪᠠᠷ ᠢᠶᠠᠨ ᠤᠯᠡᠠ ᠲᠦᠮᠡᠨ ᠢ ᠨᠥᠯᠥᠭᠡᠯᠡᠵᠥ ᠬᠥᠳᠥᠯᠥᠨ ᠵᠢᠯᠣᠭᠤᠳᠴᠤ᠂ ᠤᠯᠡᠠ ᠲᠦᠮᠡᠨ ᠢ ᠳᠠᠶᠢᠴᠢᠯᠠᠬᠤ ᠬᠡᠷᠡᠭᠲᠡᠶ︾ ᠭᠡᠵᠥ ᠪᠦᠬᠦ ᠲᠣᠰᠬᠤᠨ ᠤ ᠨᠠᠮ ᠤᠨ ᠭᠡᠰᠢᠭᠦᠳ ᠢ ᠰᠤᠷᠭᠠᠨ ᠬᠥᠮᠦᠵᠢᠭᠦᠯᠳᠡᠭ᠃      ︽ᠭᠤᠷᠪᠠᠨ ᠬᠤᠷᠠᠯ ᠨᠢᠭᠡ ᠬᠢᠴᠢᠶᠡᠯ︾᠎ ᠢ ᠭᠦᠢᠴᠡᠳ ᠠᠰᠢᠭᠯᠠᠨ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠨᠠᠮ ᠤᠨ ᠴᠢᠬᠤᠯᠠ ᠦᠵᠡᠯ ᠰᠠᠨᠠᠭ᠎ᠠ ᠵᠢᠴᠢ ᠨᠠᠮ ᠤᠨ ᠬᠥᠳᠡᠭᠡ ᠲᠣᠰᠬᠤᠨ ᠤ ᠲᠤᠬᠠᠶ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠷᠤᠯᠴᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠤ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠪᠠ ᠠᠷᠠᠳ ᠢᠷᠭᠡᠳ ᠢ ᠲᠠᠭᠠᠭᠤᠯᠣᠠ ᠴᠢᠨᠡᠭᠡᠯᠢᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠡᠢ᠃ ᠲᠡᠷᠡ ᠦᠷᠭᠦᠯᠵᠢ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠲᠣᠰᠬᠤᠨ ᠤ ᠠᠷᠠᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠳᠠᠭ᠃ ᠣᠨᠴᠠ ᠵᠠᠷᠢᠮ ᠶᠠᠳᠠᠭᠤ ᠬᠦᠴᠢᠷᠳᠡᠯᠲᠡᠢ ᠡᠷᠦᠬᠡ ᠬᠠᠪᠤᠷ ᠤᠨ ᠲᠠᠷᠢᠶᠠᠯᠠᠭ᠎ᠠ ᠪᠠᠨ ᠪᠡᠯᠡᠳᠬᠡᠵᠦ ᠳᠡᠶᠢᠯᠬᠦ ᠦᠭᠡᠢ ᠪᠠᠶᠢᠳᠠᠯ ᠳᠣᠣᠷ᠎ᠠ ᠲᠡᠷᠡ ᠢᠳᠡᠪᠬᠢᠲᠡᠢ ᠪᠠᠷ ᠲᠡᠳᠡᠡ ᠳᠤ ᠪᠡᠯᠡ ᠮᠥᠩᠭᠦ ᠴᠤᠭᠯᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠲᠤᠯᠭᠠᠮ ᠠᠰᠠᠭᠤᠳᠠᠯ ᠢ ᠨᠢ ᠰᠢᠢᠳᠪᠦᠷᠢᠯᠡᠵᠦ ᠥᠭᠳᠡᠭ ᠪᠠᠶᠢᠨ᠎ᠠ᠃ ᠡᠳᠦᠭᠡ ᠴᠧᠨ ᠢᠦᠢ ᠯᠢᠶᠠᠨ ᠤ ᠲᠠᠭᠠᠭᠤᠯᠭ᠎ᠠ ᠪᠠᠷ ᠡᠦ ᠭᠦ᠋ ᠳ᠋ᠢ ᠲᠣᠰᠬᠤᠨ ᠤ ᠠᠵᠤ ᠠᠬᠤᠢ ᠶᠢᠨ ᠬᠥᠭᠵᠢᠯᠳᠡ᠂ ᠲᠣᠰᠬᠤᠨ ᠤ ᠳᠦᠷᠰᠦ ᠪᠠᠶᠢᠳᠠᠯ᠂ ᠰᠤᠷᠭᠠᠨ ᠬᠥᠮᠦᠵᠢᠯ᠂ ᠨᠡᠶᠢᠭᠡᠮ ᠤᠨ ᠠᠮᠤᠷ ᠲᠦᠪᠰᠢᠨ ᠵᠡᠷᠭᠡ ᠡᠯ᠎ᠡ ᠵᠥᠢᠯ ᠤᠨ ᠦᠢᠯᠡᠰ ᠲᠤ ᠴᠥᠮ ᠯᠤᠳᠤ ᠶᠡᠭᠡ ᠬᠤᠪᠢᠷᠠᠯᠲᠠ ᠭᠠᠷᠭᠠᠭᠰᠠᠠ ᠪᠠᠶᠢᠨ᠎ᠠ᠃      ᠡᠭᠦᠨ ᠤ ᠬᠠᠮᠳᠣ ᠡᠦ ᠭᠦ᠋ ᠳ᠋ᠢ ᠲᠣᠰᠬᠤᠨ ᠤ ᠨᠠᠮ ᠤᠨ ᠡᠭᠦᠷ ᠨᠢ ︽ᠠᠷᠪᠠᠠ ᠵᠢᠷᠭᠤᠭᠠᠨ ᠦᠰᠦᠭᠳᠥ︾ ᠴᠢᠭᠯᠡᠯᠲᠡ ᠶᠢ ᠴᠢᠩᠭ᠎ᠠ ᠵᠢᠷᠤᠮᠯᠠᠨ ᠨᠠᠮ ᠤᠨ ᠭᠡᠰᠢᠭᠦᠨ ᠡᠯᠰᠡᠬᠦ ᠶᠢ ᠢᠯᠡ ᠨᠡᠶᠢᠲᠡᠯᠡᠬᠦ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠨᠠᠮ ᠤᠨ ᠭᠡᠰᠢᠭᠦᠨ ᠡᠯᠰᠡᠬᠦ ᠪᠣᠭᠤᠮᠲᠠ ᠶᠢ ᠴᠢᠩᠭ᠎ᠠ ᠠᠳᠬᠤᠭᠰᠠᠠ ᠪᠠᠶᠢᠨ᠎ᠠ᠃ ᠨᠠᠮ ᠤᠨ ᠭᠡᠰᠢᠭᠦᠳ ᠤᠨ ᠬᠠᠮᠢᠶᠠᠷᠣᠯᠳᠠ ᠶᠢᠨ ᠲᠠᠯ᠎ᠠ ᠪᠠᠷ᠂ ᠴᠧᠨ ᠢᠦᠶ ᠯᠢᠶᠠᠨ ᠢᠳᠡᠪᠬᠢᠲᠡᠶ ᠪᠠᠷ ᠠᠵᠢᠯ ᠤᠨ ᠪᠠᠶᠢᠷᠢ ᠪᠠᠷ ᠨᠢ ᠬᠠᠷᠢᠭᠤᠴᠠᠯᠭ᠎ᠠ ᠲᠣᠭᠲᠠᠭᠠᠬᠤ᠂ ᠠᠵᠢᠯ ᠶᠠᠪᠤᠳᠠᠯ ᠢᠶᠠᠷ ᠬᠥᠮᠦᠨ ᠢ ᠲᠣᠭᠲᠠᠭᠠᠬᠤ ᠠᠷᠭ᠎ᠠ ᠶᠢ ᠠᠪᠴᠥ᠂ ᠪᠦᠬᠦ ᠲᠣᠰᠬᠤᠨ ᠤ 35 ᠨᠠᠮ ᠤᠨ ᠭᠡᠰᠢᠭᠦᠨ ᠳᠤ ᠠᠵᠢᠯ ᠤᠨ ᠪᠠᠶᠢᠷᠢ ᠲᠤᠬᠢᠷᠠᠭᠤᠯᠵᠤ ᠬᠠᠷᠢᠭᠤᠴᠠᠯᠭ᠎ᠠ ᠲᠣᠭᠲᠠᠭᠠᠬᠤ ᠲᠦᠷᠢᠮ ᠢ ᠬᠡᠷᠡᠭᠵᠢᠭᠦᠯᠵᠦ᠂ ᠬᠠᠷᠢᠭᠤᠴᠠᠯᠭᠠᠲᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠠᠮ ᠤᠨ ᠭᠡᠰᠢᠭᠦᠨ ᠨᠢᠭᠡ ᠪᠦᠷᠢ ᠶᠢ ᠬᠠᠷᠢᠭᠤᠴᠠᠯᠭ᠎ᠠ ᠶᠢᠨ ᠪᠢᠴᠢᠭ ᠲᠡᠭᠡᠷ ᠎ᠡ ᠭᠠᠷ ᠤᠨ ᠥᠰᠥᠭ ᠵᠢᠷᠣᠭᠤᠯᠵᠣ᠂ ︽ᠤᠢᠢᠷ᠎ᠠ ᠬᠠᠪᠢ ᠳᠤᠨᠢ ᠪᠠᠶᠢᠬᠤ᠂ ᠲᠦᠬᠦᠮ ᠦᠵᠡᠭᠦᠯᠬᠦ︾ ᠵᠠᠷᠴᠢᠮ ᠢ ᠪᠠᠷᠢᠮᠲᠠᠯᠠᠵᠤ᠂ ᠲᠣᠰᠬᠤᠨ᠂ ᠬᠤᠷᠰᠢᠶ᠎ᠠ ᠶᠢᠨ ᠵᠠᠮ ᠤᠨ ᠭᠤᠣᠯ ᠱᠤᠭᠤᠮ ᠪᠣᠯᠤᠨ ᠡᠯ᠎ᠡ ᠬᠤᠷᠰᠢᠶ᠎ᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠠᠯ᠎ᠠ ᠪᠠᠷ ᠬᠡᠰᠡᠭ ᠬᠤᠪᠢᠶᠠᠵᠣ ᠨᠠᠮ ᠤᠨ ᠭᠡᠰᠢᠭᠦᠳ ᠲᠤ ᠬᠤᠪᠢᠶᠠᠨ ᠥᠭᠴᠦ ᠬᠠᠮᠢᠶᠠᠷᠤᠭᠤᠯᠣᠠ᠂ ᠲᠣᠰᠬᠤᠨ ᠤ ᠳᠦᠷᠰᠦ ᠪᠠᠶᠢᠳᠠᠯ ᠴᠡᠪᠡᠷ ᠲᠡᠭᠰᠢ ᠪᠠᠶᠢᠬᠤ᠂ ᠣᠷᠣᠰᠢᠨ ᠰᠠᠭᠤᠬᠤ ᠣᠷᠴᠢᠨ ᠲᠣᠭᠤᠷᠢᠨ ᠭᠤᠶᠣ ᠰᠠᠶᠢᠬᠠᠠ ᠪᠠᠶᠢᠬᠤ ᠶᠢ ᠪᠦᠲᠦᠮᠵᠢᠲᠡᠢ ᠬᠠᠮᠠᠭᠠᠯᠠᠬᠰᠠᠠ ᠪᠠᠶᠢᠨ᠎ᠠ᠃ ᠳᠡᠭᠡᠳᠦ ᠱᠠᠲᠤᠨ ᠤ ᠤᠳᠤᠷᠢᠳᠤᠯᠭ᠎ᠠ ᠨᠠᠷ ᠲᠡᠭᠦᠨ ᠢ ᠦᠨᠡᠯᠡᠬᠦ ᠦᠶ᠎ᠡ ᠳᠤ ᠬᠡᠯᠡᠬᠦ ᠳᠡᠭᠡᠨ᠂ ᠴᠧᠨ ᠢᠦᠢ ᠯᠢᠶᠠᠨ ᠰᠢᠭ ᠬᠥᠮᠦᠨ ᠢ ᠰᠠᠶᠢᠲᠤᠷ ᠬᠠᠮᠢᠶᠠᠷᠴᠤ ᠬᠥᠮᠦᠨ ᠢ ᠬᠡᠷᠡᠭᠯᠡᠵᠦ ᠴᠢᠳᠠᠪᠠᠯ ᠰᠠᠶ᠋ᠢ ᠰᠠᠶᠢᠨ ᠨᠠᠮ ᠤᠨ ᠡᠭᠦᠷ ᠤᠨ ᠱᠦᠵᠢ ᠪᠣᠯᠵᠣ ᠴᠢᠳᠠᠨ᠎ᠠ ᠬᠡᠰᠡᠡ ᠪᠠᠶᠢᠨ᠎ᠠ᠃     ᠭᠡᠷ ᠤᠨ ᠡᠵᠡᠨ ᠪᠣᠯᠵᠤ ᠴᠢᠳᠠᠪᠠᠯ ᠰᠠᠶ᠋ᠢ ᠰᠠᠶᠢᠨ ︽ᠭᠡᠷ ᠤᠨ ᠠᠬᠠᠮᠠᠳ︾᠎ ᠲᠤ ᠲᠣᠭᠠᠴᠠᠭᠳᠠᠨ᠎ᠠ      2006 ᠣᠨ ᠳᠤ ᠴᠧᠨ ᠢᠦᠢ ᠯᠢᠶᠠᠨ ᠤ ᠲᠠᠭᠠᠭᠤᠯᠭ᠎ᠠ ᠲᠣᠣᠷ᠎ᠠ᠂ ᠡᠥ ᠬᠥ᠋ ᠳ᠋ᠢ ᠲᠣᠰᠬᠤᠠ ᠢ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠤ ᠲᠤᠷᠰᠢᠯᠲᠠ ᠶᠢᠨ ᠲᠣᠰᠬᠤᠨ ᠢᠶᠠᠷ ᠲᠣᠭᠳᠠᠭᠠᠵᠠᠢ᠃ ᠡᠭᠦᠨ ᠠᠴᠠ ᠬᠤᠶᠢᠰᠢ ᠲᠡᠭᠦᠨ ᠤ ᠮᠥᠷᠥᠨ ᠳᠡᠭᠡᠷᠡᠬᠢ ᠡᠭᠦᠷᠭᠡ ᠤᠯᠠᠮ ᠬᠦᠨᠳᠦᠷᠡᠭᠰᠡᠡ ᠪᠠᠶᠢᠨ᠎ᠠ᠃ ᠰᠢᠨ᠎ᠡ ᠬᠥᠳᠡᠭᠡ ᠲᠣᠰᠬᠤᠨ ᠤ ᠲᠤᠷᠰᠢᠯᠲᠠ ᠶᠢᠨ ᠲᠣᠰᠬᠤᠠ ᠤ ᠠᠯᠢ ᠤᠯᠠᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠥᠢᠯ ᠪᠠ ᠲᠤᠬᠠᠶ ᠶᠢᠨ ᠦᠶ᠎ᠡ ᠳᠠᠬᠢ ᠲᠣᠰᠬᠤᠠ ᠤ ᠱᠠᠲᠤᠨ ᠤ ᠡᠳ᠋ ᠤᠨ ᠶᠠᠪᠤᠳᠠᠯ ᠢ ᠲᠥᠷᠢᠮᠵᠢᠭᠦᠯᠬᠦ ᠠᠵᠢᠯ ᠢ ᠶᠠᠭ ᠪᠦᠬᠦ ᠲᠠᠯ᠎ᠠ ᠪᠠᠷ ᠠᠬᠢᠭᠤᠯᠵᠤ ᠪᠠᠶᠢᠭᠰᠠᠨ ᠶᠡᠭᠡ ᠬᠡᠮᠵᠢᠶᠡᠨ ᠤ ᠠᠵᠢᠯ ᠤᠨ ᠡᠮᠦᠨ᠎ᠡ ᠡᠨᠡ ᠭᠡᠷ ᠢ ᠰᠠᠶᠢᠬᠠᠠ ᠠᠪᠴᠥ ᠶᠠᠪᠣᠬᠤ ᠨᠢ ᠦᠨᠡᠬᠡᠷ ᠠᠮᠠᠷ ᠦᠭᠡᠢ ᠭᠡᠳᠡᠭ ᠢ ᠲᠡᠷᠡ ᠭᠦᠨ ᠣᠶᠢᠯᠠᠭᠠᠵᠤ ᠪᠠᠶᠢᠪᠠ᠃      ᠡᠨᠡ ᠬᠦ ᠭᠡᠷ ᠤᠨ ᠠᠵᠢᠯ ᠢ ᠰᠠᠶᠢᠠ ᠬᠢᠬᠦ ᠶᠢᠨ ᠲᠥᠯᠥᠭᠡ᠂ ᠲᠡᠷᠡ ᠨᠠᠷᠢᠨ ᠨᠢᠮᠪᠠᠶ ᠵᠣᠬᠢᠶᠠᠨ ᠪᠠᠶᠢᠭᠤᠯᠬᠤ ᠪᠠᠷ ᠲᠠᠮᠵᠢᠭᠤᠯᠣᠠ 53 ᠲᠣᠰᠬᠤᠠ ᠤ ᠠᠷᠠᠳ ᠤᠨ ᠲᠥᠯᠦᠭᠡᠯᠡᠭᠴᠢ ᠶᠢᠨ ᠰᠣᠩᠭᠤᠭᠤᠯᠢ ᠪᠠᠷ ︽ᠲᠠᠪᠤᠨ ᠠᠬᠠᠮᠠᠳ ᠨᠠᠰᠤᠲᠠᠨ ᠤ ᠵᠥᠪᠯᠡᠯᠭᠡᠡ ᠤ ᠬᠤᠷᠠᠯ︾᠎ ᠤᠨ ᠭᠡᠰᠢᠭᠦᠨ ᠢ ᠰᠣᠩᠭᠤᠨ ᠭᠠᠷᠭᠠᠭᠰᠠᠨ ᠪᠥᠭᠡᠳ ︽ᠲᠠᠪᠣᠠ ᠠᠬᠠᠮᠠᠳ ᠨᠠᠰᠣᠳᠠᠠ ᠤ ᠵᠥᠪᠯᠡᠯᠭᠡᠡ ᠤ ᠬᠤᠷᠠᠯ︾᠎ ᠢ ᠪᠠᠶᠢᠭᠤᠯᠪᠠ᠃ ︽ᠲᠠᠪᠤᠨ ᠠᠬᠠᠮᠠᠳ ᠨᠠᠰᠤᠲᠠᠨ ᠤ ᠵᠥᠪᠯᠡᠯᠭᠡᠡ ᠤ ᠬᠤᠷᠠᠯ︾ ᠪᠣᠯ ᠮᠡᠳᠡᠯᠭᠡ ᠥᠷᠭᠡᠨ᠂ ᠲᠥᠪ ᠭᠤᠣᠯᠴᠢ᠂ ᠴᠢᠳᠠᠪᠤᠷᠢ ᠪᠠᠷ ᠲᠤᠪᠤᠶᠢᠮ᠎ᠠ ᠠᠬᠠᠮᠠᠳ ᠨᠠᠮ ᠤᠨ ᠭᠡᠰᠢᠭᠦᠨ᠂ ᠠᠬᠠᠮᠠᠳ ᠴᠡᠷᠢᠭ ᠠᠴᠠ ᠬᠠᠯᠠᠭᠳᠠᠭᠰᠠᠳ᠂ ᠠᠬᠠᠮᠠᠳ ᠺᠠᠳ᠋ᠷ᠂ ᠠᠬᠠᠮᠠᠳ ᠪᠠᠭᠰᠢ᠂ ᠨᠤᠲᠤᠭ ᠤᠨ ᠠᠬᠠᠮᠠᠳ ᠢᠶᠠᠷ ᠪᠦᠷᠢᠯᠳᠦᠵᠡᠢ᠂ ᠲᠡᠳᠡ ᠠᠷᠠᠳ ᠤᠨ ᠰᠠᠨᠠᠭ᠎ᠠ ᠶᠢ ᠪᠦᠷᠢᠮᠦᠰᠦᠨ ᠵᠢᠷᠤᠮᠯᠠᠵᠥ᠂ ᠲᠡᠷᠡᠴᠢᠯᠡᠡ ᠲᠣᠰᠬᠤᠠ ᠤ ︽ᠬᠤᠶᠠᠷ ᠵᠥᠪᠯᠡᠯ︾᠎ ᠤᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢ ᠲᠣᠭᠳᠠᠭᠠᠬᠤ ᠪᠦᠬᠦ ᠶᠠᠪᠤᠴᠠ ᠳᠤ ᠣᠷᠣᠯᠴᠠᠵᠤ᠂ ᠬᠠᠤᠯᠢ ᠲᠦᠷᠢᠮ ᠶᠣᠰᠣᠭᠠᠷ ᠤᠴᠢᠷ ᠶᠠᠪᠤᠳᠠᠯ ᠢ ᠰᠢᠢᠳᠪᠦᠷᠢᠯᠡᠬᠦ ᠶᠢ ᠪᠠᠷᠢᠮᠲᠠᠯᠠᠳᠠᠭ ᠪᠠᠶᠢᠨ᠎ᠠ᠃ ᠤᠴᠢᠷ ᠨᠢ ᠲᠡᠳᠡ ᠪᠣᠯ ᠶᠡᠷᠦ ᠠᠴᠠ ᠲᠣᠰᠬᠤᠠ ᠤ ᠠᠷᠠᠳ ᠤᠨ ᠨᠢᠳᠥᠨ ᠳᠠᠬᠢ ︽ᠲᠠᠭᠠᠭᠤᠯᠣᠭᠴᠢ︾ ᠪᠠ ︽ᠲᠥᠪ ᠭᠤᠣᠯᠴᠢ ᠬᠥᠮᠥᠰ︾ ᠪᠠᠶᠢᠵᠤ᠂ ᠲᠣᠰᠬᠤᠠ ᠤ ᠠᠷᠠᠳ ᠤᠨ ᠬᠦᠰᠡᠯ ᠰᠠᠨᠠᠭ᠎ᠠ ᠶᠢ ᠣᠨᠣᠪᠴᠢᠲᠠᠶ ᠲᠤᠰᠬᠠᠵᠤ᠂ ᠲᠣᠰᠬᠤᠠ ᠤ ︽ᠬᠤᠶᠠᠷ ᠵᠥᠪᠯᠡᠯ︾᠎ ᠤᠨ ᠰᠢᠢᠳᠪᠦᠷᠢᠲᠦ ᠪᠣᠳᠣᠯᠭ᠎ᠠ ᠨᠢᠭᠡ ᠪᠦᠷᠢ ᠶᠢ ᠣᠯᠠᠩᠬᠢ ᠲᠣᠭᠠᠨ ᠤ ᠣᠯᠠᠨ ᠲᠦᠮᠡᠨ ᠤ ᠠᠰᠢᠭ ᠲᠤᠰᠠ ᠳᠤ ᠨᠡᠩ ᠢᠯᠡᠭᠦᠦ ᠨᠡᠶᠢᠴᠡᠭᠦᠯᠵᠦ ᠴᠢᠳᠠᠳᠠᠭ᠃ ᠲᠡᠳᠡᠨ ᠢᠶᠠᠷ ᠳᠠᠮᠵᠢᠭᠤᠯᠣᠠ ᠲᠣᠰᠬᠤᠨ ᠤ ︽ᠬᠤᠶᠠᠷ ᠵᠥᠪᠯᠡᠯ︾᠎ ᠢ ᠣᠯᠠᠨ ᠲᠦᠮᠡᠨ ᠲᠠᠢ ᠨᠠᠩ ᠨᠢᠭᠲᠠ ᠬᠤᠯᠪᠣᠵᠤ᠂ ᠰᠢᠢᠳᠪᠦᠷᠢᠲᠦ ᠪᠣᠳᠣᠯᠭ᠎ᠠ ᠪᠣᠯᠤᠨ ᠠᠷᠠᠳ ᠤᠨ ᠰᠠᠨᠠᠭ᠎ᠠ ᠶᠢ ᠳᠡᠭᠡᠭᠰᠢ ᠳᠣᠷᠣᠭᠰᠢ ᠳᠠᠮᠵᠢᠭᠤᠯᠬᠤ ᠶᠢ ᠨᠠᠩ ᠰᠠᠭᠠᠳ ᠥᠬᠡᠶ ᠪᠣᠯᠭᠠᠭᠰᠠᠠ ᠪᠠᠶᠢᠨ᠎ᠠ᠃ ︽ᠲᠠᠪᠤᠨ ᠠᠬᠠᠮᠠᠳ ᠨᠠᠰᠤᠲᠠᠨ ᠤ ᠵᠥᠪᠯᠡᠯ︾᠎ ᠤᠨ ᠪᠠᠶᠢᠭᠤᠯᠤᠭᠳᠠᠭᠰᠠᠨ ᠨᠢ ᠲᠣᠰᠬᠤᠠ ᠤ ︽ᠬᠤᠶᠠᠷ ᠵᠥᠪᠯᠡᠯ︾ ᠵᠢᠴᠢ ᠡᠯ᠎ᠡ ᠵᠦᠢᠯ ᠤᠨ ᠠᠵᠢᠯ ᠳᠤ ᠠᠷᠠᠳᠴᠢᠯᠠᠯ ᠢᠶᠠᠷ ᠬᠢᠨᠠᠯᠳᠠ ᠲᠠᠯᠪᠢᠨ ᠬᠠᠮᠢᠶᠠᠷᠤᠯᠳᠠ ᠬᠢᠵᠥ᠂ ᠪᠦᠬᠦ ᠲᠣᠰᠬᠤᠠ ᠤ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢᠯᠠᠬᠤ᠂ ᠲᠥᠷᠢᠮᠵᠢᠭᠦᠯᠬᠦ ᠵᠠᠮ ᠳᠤ ᠣᠷᠣᠭᠤᠯᠵᠠᠢ᠃ ᠡᠨᠡ ᠬᠦ ᠠᠷᠭ᠎ᠠ ᠪᠠᠷᠢᠯ ᠨᠢ ᠬᠤᠲᠠ᠂ ᠬᠤᠰᠢᠭᠤᠨ ᠤ ᠤᠳᠤᠷᠢᠳᠤᠯᠭ᠎ᠠ ᠨᠡᠷ ᠤᠨ ᠳᠡᠭᠡᠳᠦ ᠬᠡᠮᠵᠢᠶᠡᠡ ᠤ ᠴᠢᠬᠤᠯᠠᠴᠢᠯᠠᠯ ᠪᠠ ᠵᠥᠪᠰᠢᠶᠡᠷᠡᠯ ᠢ ᠣᠯᠵᠣ᠂ ᠲᠡᠭᠦᠨ ᠤ ᠲᠤᠷᠰᠢᠯᠭ᠎ᠠ ᠶᠢ ᠣᠯᠠᠨ ᠭᠠᠵᠠᠷ ᠲᠤ ᠳᠡᠯᠭᠡᠷᠡᠭᠦᠯᠦᠨ ᠲᠦᠭᠡᠮᠡᠯᠵᠢᠭᠦᠯᠥᠭᠰᠡᠡ ᠪᠠᠶᠢᠨ᠎ᠠ᠃      ᠨᠠᠮ ᠤᠨ ᠪᠠᠶᠢᠭᠤᠯᠤᠯᠲᠠ ᠪᠣᠯᠤᠨ ᠠᠵᠤ ᠠᠬᠤᠢ ᠶᠢᠨ ᠬᠥᠭᠵᠢᠯᠲᠡ ᠶᠢ ᠰᠠᠶᠢᠲᠤᠷ ᠠᠳᠬᠤᠬᠤ ᠶᠢᠨ ᠬᠠᠮᠲᠤ ᠡᠦ ᠭᠦ᠋ ᠳ᠋ᠢ ᠲᠣᠰᠬᠤᠨ ᠨᠢ ᠪᠠᠰᠠ ᠰᠣᠶᠣᠯ ᠤᠨ ᠲᠤᠮᠤ ᠬᠦᠷᠢᠶᠡᠯᠡᠩ ᠪᠣᠯᠬᠤ ᠡᠨᠡ ᠬᠦ ᠠᠴᠢᠶᠠᠯᠠᠪᠤᠷᠢ ᠪᠠᠷ ᠳᠠᠮᠵᠢᠭᠤᠯᠣᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ︽ᠲᠦᠷᠪᠡ ᠶᠢ ᠠᠬᠢᠭᠤᠯᠬᠤ︾᠎ ᠶᠢ ᠪᠡᠶᠡᠯᠡᠭᠦᠯᠵᠡᠢ᠂ ᠲᠠᠷᠣᠢ ᠦᠨᠳᠦᠰᠦᠨ ᠱᠠᠲᠤᠨ ᠤ ᠵᠠᠰᠠᠭ ᠤᠨ ᠡᠷᠭᠡ ᠶᠢ ᠪᠠᠬᠢᠵᠢᠭᠦᠯᠬᠦ ᠶᠢ ᠠᠬᠢᠭᠤᠯᠵᠤ᠂ ᠲᠣᠰᠬᠤᠨ ᠤ ᠰᠤᠷᠲᠠᠯ ᠠᠷᠠᠳ ᠤᠨ ᠰᠤᠷᠲᠠᠯ ᠢ ᠰᠠᠶᠢᠵᠢᠷᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠠᠬᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦᠯᠬᠦ ᠶᠢ ᠠᠬᠢᠭᠤᠯᠤᠭᠰᠠᠨ ᠪᠠᠶᠢᠨ᠎ᠠ᠃      ᠡᠦ ᠭᠦ᠋ ᠳ᠋ᠢ ᠲᠣᠰᠬᠤᠨ ᠤ ᠨᠡᠷ᠎ᠡ ᠬᠦᠨᠳᠦ ᠶᠢᠨ ᠳᠠᠩᠰᠠ ᠶᠢ ᠰᠡᠬᠦᠪᠡᠯ᠂ ︽ᠪᠦᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠲᠠᠭᠤᠷᠢᠶᠠᠯ ᠦᠵᠡᠭᠦᠯᠬᠦ ᠲᠣᠰᠬᠤᠨ︾᠂ ︽ᠥᠪᠥᠷ ᠮᠣᠩᠭᠤᠯ ᠤᠨ ᠥᠪᠡᠷᠳᠡᠭᠡᠡ ᠵᠠᠰᠠᠬᠤ ᠣᠷᠣᠠ ᠤ ᠠᠮᠢ ᠠᠬᠤᠢ ᠶᠢᠨ ᠪᠣᠯᠪᠠᠰᠤᠨ ᠤ ᠲᠠᠭᠤᠷᠢᠶᠠᠯ ᠦᠵᠡᠭᠦᠯᠬᠦ ᠲᠣᠰᠬᠤᠡ︾᠂ ︽ᠤᠷᠳᠤᠰ ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠡᠷᠢᠭᠦᠨ ᠤ ᠲᠣᠰᠬᠤᠡ︾᠂ ︽ᠤᠷᠳᠤᠰ ᠬᠤᠳᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠡᠭᠦᠷ︾᠂ ︽ᠤᠷᠳᠤᠰ ᠬᠤᠳᠠ ᠶᠢᠨ ᠲᠦᠷᠦᠭᠦᠦ ᠪᠦᠯᠦᠭ ᠰᠢᠨ᠎ᠡ ᠬᠥᠳᠡᠭᠡ ᠲᠣᠰᠬᠤᠨ ᠤ ᠪᠥᠳᠥᠭᠡᠡ ᠪᠠᠶᠢᠭᠤᠯᠤᠯᠲᠠ ᠶᠢᠨ ᠲᠤᠷᠰᠢᠯᠲᠠ ᠶᠢᠨ ᠲᠣᠰᠬᠤᠨ︾ ᠁ ᠵᠡᠷᠭᠡ ᠬᠥᠮᠦᠰ ᠤᠨ ᠪᠠᠭ᠋ᠠᠷᠬᠠᠯ ᠪᠢᠰᠢᠷᠡᠯ ᠢ ᠲᠠᠲᠠᠭᠰᠠᠨ ᠢᠷᠠᠭᠤ ᠠᠯᠳᠠᠷ ᠤᠨ ᠴᠣᠯᠠ ᠨᠢ ᠴᠥᠮ ᠴᠧᠨ ᠢᠦᠢ ᠯᠢᠶᠠᠨ 2003 — 2015 ᠣᠨ ᠳᠤ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠬᠤ ᠳᠠᠭᠠᠨ ᠲᠣᠰᠬᠤᠨ ᠤ ︽ᠬᠤᠶᠠᠷ ᠵᠥᠪᠯᠡᠯ︾᠎ ᠤᠨ ᠪᠠᠭ ᠪᠣᠯᠤᠨ ᠪᠦᠬᠦ ᠲᠣᠰᠬᠤᠨ ᠤ ᠠᠷᠠᠳ ᠢ ᠳᠠᠭᠠᠭᠤᠯᠤᠨ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠤ ᠦᠷ᠎ᠡ ᠪᠦᠲᠦᠭᠡᠯ ᠪᠣᠯᠤᠨ᠎ᠠ᠃ ᠲᠡᠷᠡᠴᠢᠯᠡᠡ ᠴᠸᠡ ᠢᠥᠢ ᠯᠢᠶᠡᠡ ᠥᠪᠡᠷ ᠢᠶᠠᠨ ᠴᠦ ᠣᠷᠢᠳ ᠬᠤᠵᠢᠳ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ︾ ᠪᠣᠯᠤᠭᠰᠠᠨ ᠪᠥᠭᠡᠳ ︽ᠣᠷᠳᠣᠰ ᠬᠤᠲᠠ ᠶᠢᠨ ᠠᠷᠪᠠᠨ ᠰᠢᠯᠭᠠᠷᠠᠭᠰᠠᠨ ᠡᠵᠢ︾᠂ ︽ᠣᠷᠳᠣᠰ ᠬᠤᠲᠠ ᠶᠢᠨ ᠰᠢᠯᠢᠳᠡᠭ ᠡᠪ ᠬᠠᠮᠲᠤ ᠨᠠᠮ ᠤᠨ ᠭᠡᠰᠢᠭᠦᠡ︾᠂ ︽ᠣᠷᠳᠣᠰ ᠬᠤᠲᠠ ᠶᠢᠨ ᠨᠠᠮ ᠤᠨ ᠠᠵᠢᠯ ᠤᠨ ᠰᠢᠯᠢᠳᠡᠭ ᠠᠵᠢᠯᠲᠠᠠ︾ ᠵᠡᠷᠭᠡ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃      2015 ᠣᠨ ᠳᠤ᠂ ᠴᠧᠨ ᠢᠦᠶ ᠯᠢᠶᠠᠨ ᠨᠠᠰᠤᠨ ᠤ ᠰᠢᠯᠲᠠᠭᠠᠨ ᠠᠴᠠ ᠪᠣᠯᠵᠣ ᠠᠵᠢᠯ ᠤᠨ ᠪᠠᠶᠢᠷᠢ ᠠᠴᠠ ᠪᠠᠨ ᠪᠠᠭᠤᠵᠠᠢ᠃ ᠤᠳᠤ ᠲᠣᠰᠬᠤᠨ ᠤ ︽ᠬᠤᠶᠠᠷ ᠵᠥᠪᠯᠡᠯ︾᠎ ᠤᠨ ᠤᠳᠤᠷᠢᠳᠬᠤ ᠪᠠᠭ ᠨᠢ ᠰᠢᠢᠳᠪᠦᠷᠢᠯᠡᠵᠦ ᠳᠡᠶᠢᠯᠬᠦ ᠦᠭᠡᠢ ᠵᠥᠷᠢᠴᠡᠯ ᠲᠠᠢ ᠠᠰᠠᠭᠤᠳᠠᠯ ᠲᠣᠯᠭᠠᠷᠠᠬᠤ ᠥᠶ᠎ᠡ ᠳᠤ ᠮᠥᠨ ᠯᠠ ᠠᠬᠠᠮᠠᠳ ᠱᠦᠵᠢ ᠴᠧᠨ ᠢᠦᠢ ᠯᠢᠶᠠᠨ ᠢ ᠤᠷᠢᠵᠤ ᠲᠤᠬᠠᠢ ᠶᠢᠨ ᠲᠠᠯᠠᠪᠤᠷ ᠲᠤ ᠣᠴᠢᠭᠤᠯᠵᠤ ᠰᠢᠢᠳᠪᠦᠷᠢᠯᠡᠭᠦᠯᠵᠥ ᠪᠠᠶᠢᠨ᠎ᠠ᠃      ᠬᠥᠳᠡᠭᠡ ᠲᠣᠰᠬᠤᠨ ᠠᠴᠠ ᠰᠠᠯᠬᠤ ᠦᠭᠡᠢ᠂ ᠤᠯᠠᠨ ᠲᠦᠮᠡᠨ ᠠᠴᠠ ᠰᠠᠯᠬᠤ ᠦᠭᠡᠢ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠣᠰᠬᠤᠨ ᠤ ᠠᠷᠠᠳ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠵᠣ ᠴᠢᠨᠡᠭᠡᠯᠢᠭ ᠨᠡᠶᠢᠭᠡᠮ ᠲᠡᠶᠢᠰᠢ ᠤᠷᠤᠭᠰᠢᠯᠠᠭᠰᠠᠠ ᠬᠥᠮᠥᠨ ᠪᠣᠯ ᠳᠠᠷᠤᠢ ᠠᠬᠠᠮᠠᠳ ᠨᠠᠮ ᠤᠨ ᠭᠡᠰᠢᠭᠦᠨ ᠴᠧᠨ ᠢᠦᠢ ᠯᠢᠶᠠᠨ ᠪᠣᠯᠤᠨ᠎ᠠ᠂ 43 ᠵᠢᠯ ᠤᠨ ᠲᠤᠷᠰᠢ ᠲᠡᠷᠡ ᠰᠡᠳᠬᠢᠯ ᠵᠢᠷᠦᠬᠡᠨ ᠳᠡᠭᠡᠨ ᠢᠮᠠᠭᠳᠠ ᠠᠷᠠᠳ ᠢᠷᠭᠡᠳ ᠢ ᠪᠣᠳᠣᠭᠰᠠᠭᠠᠷ ᠢᠷᠡᠵᠤ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠶᠡᠷᠦ ᠮᠠᠷᠳᠠᠭ᠎ᠠ ᠦᠭᠡᠢ ᠪᠢᠯᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号