ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2021/8/26
    ᠨᠢᠭᠡ᠂ ᠭᠤᠣᠯ ᠳᠤᠰᠢᠶᠠᠯ ᠬᠠᠷᠢᠭᠤᠴᠠᠯᠭ᠎ᠠ     ︵ᠨᠢᠭᠡ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠤᠳᠤᠯᠭ᠎ᠠ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂  ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠠ  ᠤᠨ ᠤ ᠲᠥᠯᠦᠪᠯᠡᠯᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠨ ᠵᠣᠬᠢᠴᠠᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ᠂ ᠦᠨ᠎ᠡ ᠬᠠᠩᠰᠢ ᠶᠢᠨ ᠶᠡᠷᠦᠩᠬᠡᠢ ᠲᠦᠪᠰᠢᠨ ᠢ ᠲᠤᠬᠢᠷᠠᠭᠤᠯᠤᠨ ᠡᠵᠡᠮᠳᠡᠬᠦ ᠪᠠ  ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠴᠢᠬᠤᠯᠠ ᠶᠡᠭᠡ ᠬᠠᠷᠠᠯᠲᠠ᠂ ᠲᠦᠷᠦ ᠶᠢᠨ ᠪᠤᠳᠤᠯᠭ᠎ᠠ ᠶᠢ ᠳᠤᠷᠠᠳᠤᠨ᠎ᠠ︔ ᠡᠯ᠎ᠡ ᠵᠦᠢᠯ ᠤᠨ ᠠᠵᠤ ᠠᠬᠤᠢ ᠶᠢᠨ ᠠᠷᠭ᠎ᠠ ᠪᠠᠷᠢᠯ ᠪᠠ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠬᠦ ᠰᠠᠨᠠᠭᠤᠯᠭ᠎ᠠ ᠳᠤᠷᠠᠳᠤᠨ᠎ᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡᠨ ᠤ ᠮᠡᠳᠡᠬᠦᠯᠦᠯᠳᠡ ᠶᠢ ᠳᠡᠪᠰᠢᠬᠦᠯᠦᠨ᠎ᠡ᠃     ︵ᠬᠤᠶᠠᠷ︶ ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ ᠶᠢ ᠬᠠᠷᠢᠭᠤᠴᠠᠵᠤ᠂ ᠤᠷᠢᠳᠴᠢᠯᠠᠨ ᠳᠦᠰᠦᠭᠡᠯᠡᠵᠤ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠥᠬᠦ ᠬᠤᠲᠠ ᠶᠢᠨ ᠬᠤᠷᠸ᠎ᠠ ᠠᠵᠤ ᠠᠬᠤᠢ ᠎ ᠶᠢᠨ ᠡᠷᠬᠢᠯᠳᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ᠂ ᠠᠵᠤ ᠠᠬᠤᠶ ᠶᠢᠨ ᠠᠮᠦᠷ ᠳᠦᠪᠰᠢᠨ ᠪᠠ ᠠᠵᠤ ᠦᠢᠯᠡᠰ ᠤᠨ ᠶᠡᠷᠦᠩᠭᠡᠢ ᠠᠮᠦᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠬᠤ ᠶᠢᠨ ᠬᠠᠮᠲᠤ ᠬᠤᠷᠸ᠎ᠠ ᠳᠤᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠠᠵᠤ ᠠᠬᠤᠶ ᠶᠢᠨ ᠡᠷᠬᠢᠯᠳᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶ ᠶᠢᠨ ᠡᠷᠬᠢᠯᠳᠡ ᠶᠢ ᠲᠣᠬᠢᠷᠠᠭᠤᠯᠬᠤ ᠶᠢ ᠬᠠᠷᠢᠭᠤᠴᠠᠨ᠎ᠠ︔ ᠴᠢᠬᠤᠯᠠ ᠡᠳ᠋ ᠪᠤᠳᠠᠰ ᠢ ᠪᠠᠴᠢᠮ ᠲᠣᠬᠢᠷᠠᠭᠤᠯᠬᠤ ᠪᠠ ᠵᠠᠮ ᠲᠡᠭᠡᠭᠡᠪᠦᠷᠢ ᠶᠢᠨ ᠵᠣᠬᠢᠴᠠᠭᠤᠯᠭ᠎ᠠ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃     ︵ᠭᠤᠷᠪᠠ︶ ᠪᠥᠬᠦ ᠬᠤᠲᠠ ᠶᠢᠨ ᠡᠳ᠋ ᠤᠨ ᠵᠠᠰᠠᠭ᠂ ᠮᠥᠩᠭᠦᠨ ᠬᠦᠢᠯᠭᠡᠭᠡ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ ᠵᠠᠳᠠᠯᠬᠤ ᠶᠢ ᠬᠠᠷᠢᠭᠤᠴᠠᠵᠤ᠂ ᠪᠥᠬᠦ ᠬᠤᠲᠠ ᠶᠢᠨ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ᠂ ᠮᠥᠩᠭᠦᠨ  ᠭᠦᠢᠯᠭᠡᠭᠡ᠂ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠵᠠᠳᠠᠯᠤᠨ᠎ᠠ︔ ᠪᠥᠬᠦ ᠬᠤᠲᠠ ᠶᠢᠨ ᠪᠥᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃      ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠬᠦᠷ ᠤᠨ ᠦᠨ᠎ᠡ ᠬᠠᠩᠰᠢ ᠶᠢ ᠳᠣᠭᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠶᠢ ᠨᠠᠶᠢᠳᠠᠨ ᠬᠠᠮᠢᠶᠠᠷᠤᠭᠤᠯᠤᠭᠰᠠᠨ ᠲᠠᠸᠠᠷ ᠤᠨ ᠦᠢᠯᠡᠴᠢᠯᠡᠭᠡ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠳᠤᠭᠳᠠᠭᠠᠬᠤ ᠪᠤᠶᠤ ᠳᠤᠬᠢᠷᠠᠭᠤᠯᠤᠨ᠎ᠠ︔ ᠦᠨ᠎ᠡ ᠬᠠᠩᠰᠢ ᠶᠢᠨ ᠲᠥᠷᠦ ᠶᠢᠨ ᠪᠣᠳᠤᠯᠭ᠎ᠠ ᠶᠢᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠪᠥᠬᠦ ᠬᠤᠳᠠ ᠶᠢᠨ ᠦᠨ᠎ᠡ ᠬᠠᠩᠰᠢ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠪᠣᠯᠤᠨ ᠦᠨ᠎ᠡ ᠬᠠᠩᠰᠢ ᠶᠢ  ᠭᠠᠭᠴᠠᠭᠠᠷ ᠡᠵᠡᠮᠰᠢᠬᠦ ᠵᠡᠷᠭᠡ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃      ︵ᠲᠠᠪᠤ︶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠭᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠦᠭᠡᠳᠡᠢ ᠶᠠᠪᠤᠯᠴᠠᠬᠤ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠶᠡᠷᠦᠩᠭᠡᠢ ᠴᠢᠨᠠᠷᠲᠠᠶ ᠲᠥᠰᠦᠯ ᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠵᠤ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠤᠰᠬᠠᠶ ᠲᠥᠰᠦᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠠᠵᠤ ᠠᠬᠤᠶ ᠶᠢᠨ ᠪᠠᠶᠢᠭᠤᠯᠤᠯ ᠤᠨ ᠴᠢᠬᠤᠯᠠ ᠲᠤᠰᠬᠠᠶ ᠥᠭᠡᠷᠡᠴᠢᠯᠡᠯᠲᠡ ᠶᠢᠨ ᠬᠤᠭᠤᠷᠣᠨᠳᠣᠬᠢ ᠠᠪᠴᠠᠯᠳᠤᠭᠤᠯᠤᠯ ᠢ ᠰᠠᠶᠢᠲᠤᠷ ᠬᠢᠵᠦ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠪᠠ ᠲᠤᠷᠰᠢᠯᠲᠠ ᠶᠢᠨ ᠣᠷᠣᠨ ᠤ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠪᠥᠬᠦ ᠬᠤᠳᠠ ᠶᠢᠨ ᠴᠢᠬᠤᠯᠠ ᠶᠡᠭᠡ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠳᠠ ᠶᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠣᠯᠤᠨ ᠪᠡᠯᠡ ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ᠂ ᠲᠥᠷᠥ ᠶᠢᠨ ᠪᠤᠳᠤᠯᠭ᠎ᠠ ᠬᠢᠭᠡᠳ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠠᠴᠠ ᠪᠡᠯᠡ ᠤᠷᠤᠭᠤᠯᠬᠤ ᠴᠢᠬᠤᠯᠠ ᠲᠠᠢ ᠪᠠ ᠴᠢᠬᠤᠯᠠ ᠶᠡᠭᠡ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠬᠤ ᠲᠤᠰᠬᠠᠶ ᠲᠥᠯᠥᠪᠵᠢᠭᠦᠯᠭᠡ ᠶᠢ ᠠᠪᠴᠠᠯᠳᠤᠭᠤᠯᠤᠨ ᠲᠡᠩᠴᠡᠬᠦᠷᠢᠳᠡᠢ ᠪᠠᠶᠢᠯᠭᠠᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠎ ᠠᠴᠠ ᠬᠢᠨᠠᠨ ᠵᠥᠪᠰᠢᠶᠡᠷᠡᠭᠰᠡᠨ ︵ᠬᠠᠷᠭᠤᠭᠤᠯᠤᠨ ᠵᠥᠪᠰᠢᠶᠡᠷᠡᠭᠰᠡᠨ︶ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠬᠢᠨᠠᠨ ᠬᠠᠷᠭᠤᠭᠤᠯᠤᠨ ᠭᠤᠶᠤᠴᠢᠯᠠᠨ ᠮᠡᠳᠡᠭᠦᠯᠵᠦ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂  ᠭᠠᠳᠠᠭᠠᠳᠤ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠦᠢᠯ ᠪᠠ ᠶᠡᠭᠡ ᠲᠣᠭᠠᠨ ᠤ ᠭᠤᠪᠢᠭᠤᠯᠭ᠎ᠠ ᠬᠡᠷᠡᠭᠯᠡᠬᠦ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠦᠪᠰᠢᠶᠡᠷᠠᠵᠤ᠂ ᠬᠠᠷᠭᠤᠭᠤᠯᠤᠨ ᠵᠦᠪᠰᠢᠶᠡᠷᠡᠨ᠂ ᠬᠢᠨᠠᠨ ᠬᠠᠷᠭᠤᠭᠤᠯᠤᠨ᠎ᠠ︔ ᠪᠦᠬᠦ ᠬᠤᠳᠠ ᠶᠢᠨ ᠭᠠᠳᠠᠭᠠᠳᠤ ᠶᠢᠨ ᠵᠢᠭᠡᠯᠡᠯᠭᠡ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠵᠢᠯᠣᠭᠤᠳᠬᠤ ᠪᠠ ᠬᠢᠨᠠᠯᠲᠠ ᠲᠠᠯᠪᠢᠵᠤ᠂ ᠠᠷᠠᠳ ᠤᠨ ᠪᠡᠯᠡ ᠣᠷᠣᠭᠤᠯᠤᠯᠲᠠ ᠶᠢᠨ ᠴᠢᠭᠯᠡᠯ ᠢ ᠬᠥᠲᠥᠯᠥᠨ ᠵᠢᠯᠣᠭᠤᠳᠴᠤ᠂ ᠭᠠᠳᠠᠭᠠᠳᠤ ᠶᠢᠨ ᠪᠡᠯᠡ ᠮᠥᠩᠭᠦ ᠶᠢ ᠰᠢᠯᠢᠳᠡᠭᠵᠢᠭᠦᠯᠦᠨ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠶᠢᠨ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠢᠨᠵᠧᠨᠧᠷᠢᠩ ᠤᠨ ᠯᠠᠪᠯᠠᠯᠭ᠎ᠠ ᠥᠭᠬᠦ ᠦᠢᠯᠡᠰ ᠤᠨ ᠬᠥᠭᠵᠢᠯᠲᠡ ᠶᠢ ᠵᠢᠯᠤᠭᠤᠳᠤᠨ᠎ᠠ᠃      ︵ᠲᠤᠯᠤᠭ᠎ᠠ︶ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠲᠤᠬᠢᠷᠠᠭᠤᠯᠤᠯᠳᠠ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠦ ᠶᠢᠨ ᠪᠣᠳᠤᠯᠭ᠎ᠠ ᠶᠢ ᠵᠣᠬᠢᠶᠠᠨ ᠪᠠᠶᠢᠭᠤᠯᠤᠨ ᠳᠤᠭᠤᠷᠪᠢᠨ ᠳᠤᠭᠳᠠᠭᠠᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠠᠪᠴᠠᠯᠳᠤᠭᠤᠯᠵᠤ ᠲᠡᠩᠴᠡᠬᠦᠷᠢᠰᠢᠬᠦᠯᠬᠦ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠬᠦᠷᠢᠰᠢᠬᠦᠯᠬᠦ ᠠᠵᠢᠯ ᠢ ᠰᠠᠶᠢᠲᠤᠷ ᠬᠢᠨ᠎ᠡ︔ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ᠎ᠠ︔ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ᠂ ᠣᠲᠣ ᠦᠶ᠎ᠡ ᠶᠢᠨ ᠪᠠᠷᠠᠭᠠᠨ ᠬᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠠᠰᠠᠭᠤᠳᠠᠯ ᠢ ᠵᠤᠬᠢᠴᠠᠭᠤᠯᠤᠨ᠎ᠠ︔ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠦᠭᠵᠢᠯᠳᠡ᠂ ᠠᠵᠤ ᠦᠢᠯᠡᠰ ᠤᠨ ᠮᠡᠷᠭᠡᠵᠢᠯ ᠤᠨ ᠳᠠᠪᠰᠢᠯᠳᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ︵ᠨᠠᠢᠮᠠ︶ ᠪᠦᠬᠦ ᠬᠤᠳᠠ ᠶᠢᠨ ᠡᠨᠧᠷᠭᠢ ᠶᠢᠨ ᠨᠡᠭᠡᠭᠡᠯᠳᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ ᠶᠢᠨ ᠨᠡᠭᠡᠭᠡᠯᠳᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠡᠨᠧᠷᠭᠢ ᠶᠢᠨ ᠨᠡᠭᠡᠭᠡᠯᠳᠡ ᠶᠢᠨ ᠲᠤᠬᠠᠶ ᠲᠦᠷᠦ ᠶᠢᠨ ᠪᠤᠳᠤᠯᠭ᠎ᠠ ᠳᠦᠷᠢᠮ ᠲᠣᠭᠲᠠᠭᠠᠯ ᠢ ᠲᠤᠭᠤᠷᠪᠢᠨ ᠪᠢᠴᠢᠨ᠎ᠡ︔ ᠡᠨᠧᠷᠭᠢ ᠶᠢᠨ ᠨᠡᠭᠡᠭᠡᠯᠳᠡ ᠶᠢ ᠪᠦᠷᠢᠳᠬᠡᠨ ᠲᠣᠬᠢᠷᠠᠭᠤᠯᠬᠤ᠂ ᠤᠷᠢᠳᠴᠢᠯᠠᠨ ᠳᠦᠰᠦᠭᠡᠯᠡᠵᠤ ᠤᠷᠢᠳᠴᠢᠯᠠᠨ ᠰᠡᠷᠡᠮᠵᠢᠯᠡᠭᠦᠯᠬᠦ᠂ ᠡᠨᠧᠷᠭᠢ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ᠂ ᠡᠨᠧᠷᠭᠢ ᠶᠢᠨ ᠡᠷᠬᠢᠯᠳᠡ ᠶᠢ ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠤ ᠤᠷᠤᠯᠴᠠᠨ᠎ᠠ᠃ ᠪᠦᠬᠦ ᠬᠤᠳᠠ ᠶᠢᠨ ᠡᠨᠧᠷᠭᠢ ᠶᠢᠨ ᠨᠡᠭᠡᠭᠡᠯᠳᠡ ᠶᠢᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠰᠢᠨᠵᠢᠯᠡᠬᠦ ᠤᠬᠠᠭᠠᠨ  ᠮᠡᠷᠭᠡᠵᠢᠯ ᠤᠨ ᠳᠠᠪᠰᠢᠯᠳᠡ ᠪᠠ ᠢᠵᠢ ᠪᠦᠷᠢᠳᠦᠭᠰᠡᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠰᠢᠩᠭᠡᠭᠡᠨ ᠠᠪᠴᠤ ᠰᠢᠨ᠎ᠡ ᠶᠢ ᠡᠭᠦᠳᠬᠦ ᠶᠢ ᠵᠢᠯᠣᠭᠤᠳᠴᠤ᠂ ᠵᠢᠱᠢᠶ᠎ᠡ ᠦᠵᠡᠭᠦᠯᠬᠦ ᠬᠠᠮᠢᠶ᠎ᠠ ᠪᠦᠬᠦᠢ ᠴᠢᠬᠤᠯᠠ ᠶᠡᠭᠡ ᠪᠠᠷᠢᠯᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠨ᠎ᠡ᠃      ︵ᠶᠢᠰᠦ︶ ᠪᠥᠬᠦ ᠬᠤᠲᠠ ᠶᠢᠨ ᠨᠡᠭᠦᠷᠡᠰᠦ᠂ ᠴᠠᠬᠢᠯᠭᠠᠨ ᠬᠦᠴᠦᠨ ︵ᠴᠥᠮ᠎ᠡ ᠶᠢᠨ ᠴᠠᠬᠢᠯᠭᠠᠨ ᠢ ᠪᠠᠭᠲᠠᠨ᠎ᠠ︶᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ᠂ ᠰᠢᠨ᠎ᠡ ᠡᠨᠧᠷᠭᠢ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠬᠠᠮᠢᠶ᠎ᠠ ᠪᠥᠬᠦᠶ ᠬᠢᠨᠠᠨ ᠵᠥᠪᠰᠢᠶᠡᠷᠡᠵᠤ ᠬᠠᠮᠢᠶᠠᠷᠬᠤ ᠠᠵᠢᠯ ᠢ ᠬᠠᠷᠢᠭᠤᠴᠠᠨ᠎ᠠ︔ ᠡᠨᠧᠷᠭᠢ ᠶᠢᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠪᠠ ᠬᠠᠩᠭᠠᠯᠭ᠎ᠠ ᠬᠡᠷᠡᠭᠴᠡᠭᠡ ᠶᠢᠨ ᠳᠡᠩᠴᠡᠬᠦᠷᠢᠳᠡᠢ ᠪᠠᠶᠢᠬᠤ ᠶᠢ ᠠᠪᠴᠠᠯᠳᠤᠭᠤᠯᠤᠨ᠎ᠠ︔ ᠪᠥᠬᠦ ᠬᠤᠲᠠ ᠶᠢᠨ ᠡᠨᠧᠷᠭᠢ ᠶᠢᠨ ᠲᠣᠭᠲᠠᠮᠠᠯ ᠬᠥᠷᠦᠩᠭᠡ  ᠎ ᠶᠢᠨ ᠪᠠᠯᠠ ᠣᠷᠣᠭᠤᠯᠤᠯᠲᠠ ᠶᠢᠨ ︵ᠠᠵᠤ ᠦᠢᠯᠡᠰ ᠢ ᠲᠠᠰ ᠳᠡᠪᠰᠢᠬᠦᠯᠬᠦ︶ ᠲᠥᠷᠥᠯ ᠵᠦᠢᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠦᠨ᠎ᠡ︔ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠨᠡᠭᠡᠭᠡᠯᠳᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠴᠥᠮ᠎ᠡ ᠶᠢᠨ ᠴᠠᠬᠢᠯᠭᠠᠨ ᠤ ᠬᠤᠯᠪᠣᠭᠳᠠᠯ ᠪᠦᠬᠦᠢ ᠠᠵᠢᠯ ᠳᠤ  ᠬᠠᠪᠰᠤᠷᠤᠯᠴᠠᠨ᠎ᠠ᠃      ︵ᠠᠷᠪᠠ︶ ᠤᠯᠤᠰ ᠤᠨ ᠴᠢᠯᠠᠭᠤᠨ ᠲᠤᠰᠤ ᠨᠥᠭᠡᠴᠡᠯᠡᠬᠦ ᠲᠥᠯᠥᠪᠵᠢᠭᠦᠯᠭᠡ᠂ ᠲᠥᠯᠥᠪᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠳᠠ ᠶᠢᠨ ᠳᠤᠳᠤᠭᠠᠳᠤ ᠭᠠᠳᠠᠭᠠᠳᠤ ᠶᠢᠨ ᠴᠢᠯᠠᠭᠤᠨ ᠲᠤᠰᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠡᠵᠡᠮᠳᠡᠵᠦ᠂ ᠬᠤᠳᠠ ᠶᠢᠨ ᠳᠤᠳᠤᠭᠠᠳᠤ ᠎ ᠳᠠᠬᠢ ᠴᠢᠯᠠᠭᠤᠨ ᠲᠤᠰᠤᠨ ᠤ ᠨᠥᠭᠡᠴᠡᠯᠡᠯᠲᠡ ᠶᠢᠨ ᠪᠠᠷᠠᠭ᠎ᠠ ᠵᠠᠬᠢᠶᠠᠯᠠᠬᠤ᠂ ᠡᠭᠡᠯᠵᠢᠯᠡᠨ ᠰᠣᠯᠢᠬᠤ ᠪᠠ ᠬᠡᠷᠡᠭᠯᠡᠬᠦ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠴᠢᠯᠠᠭᠤᠨ ᠲᠣᠰᠣ ᠨᠥᠭᠡᠴᠡᠯᠡᠬᠦ ᠳᠦᠬᠦᠭᠡᠷᠡᠮᠵᠢ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠵᠤ᠂ ᠬᠤᠳᠠᠯᠳᠤᠭᠠᠨ ᠤ ᠴᠢᠯᠠᠭᠤᠨ ᠲᠣᠰᠣ ᠨᠥᠭᠡᠴᠡᠯᠡᠬᠦ ᠶᠢ ᠬᠢᠨᠠᠨ ᠬᠠᠮᠢᠶᠠᠷᠤᠨ᠎ᠠ᠃      ︵ᠠᠷᠪᠠᠨ ᠨᠢᠭᠡ︶ ᠪᠥᠬᠦ ᠬᠤᠲᠠ ᠶᠢᠨ ᠭᠤᠤᠯ ᠴᠣᠭᠴᠠ ᠶᠢᠨ ᠴᠢᠳᠠᠮᠵᠢᠳᠣ ᠣᠷᠣᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠬᠦ ᠪᠠ ᠬᠢᠨᠠᠨ ᠬᠡᠮᠵᠢᠵᠦ ᠦᠨᠡᠯᠡᠨ ᠵᠢᠱᠢᠬᠦ ᠶᠢ ᠡᠭᠦᠷᠭᠡᠯᠡᠨ᠎ᠡ︔ ᠪᠦᠬᠦ ᠬᠤᠳᠠ ᠶᠢᠨ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ ᠪᠠ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠵᠤ᠂ ᠬᠤᠳᠠ ᠪᠠᠯᠭᠠᠰᠤᠵᠢᠯᠳᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠪᠦᠬᠦ ᠬᠤᠳᠠ ᠶᠢᠨ ᠨᠡᠭᠡᠭᠡᠯᠳᠠ ᠶᠢᠨ ᠤᠷᠦᠠ ᠤ ᠲᠥᠯᠥᠪᠵᠢᠭᠦᠯᠭᠡ ᠪᠠ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃      ︵ᠠᠷᠪᠠᠨ ᠬᠤᠶᠠᠷ︶ ᠪᠥᠬᠦ ᠬᠤᠲᠠ ᠶᠢᠨ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠲᠣᠬᠢᠷᠠᠭᠤᠯᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ᠂ ᠠᠵᠤ ᠦᠢᠯᠡᠳᠪᠦᠷᠢ ᠶᠢᠨ ᠦᠢᠯᠡᠳᠬᠦᠨ ᠪᠠ ᠲᠦᠭᠦᠬᠡᠢ ᠮᠠᠲ᠋ᠧᠷᠢᠶᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠵᠤ ᠠᠬᠤᠶ ᠶᠢᠨ ᠡᠷᠬᠢᠯᠳᠡ ᠶᠢᠨ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ ᠲᠥᠯᠥᠪᠯᠡᠭᠡ ᠳᠤ ᠲᠣᠬᠢᠷᠠᠭᠤᠯᠤᠯᠲᠠ ᠬᠢᠵᠦ᠂ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠤᠨ ᠨᠥᠭᠡᠴᠡᠯᠡᠯᠲᠡ ᠶᠢᠨ ᠲᠥᠯᠥᠪᠵᠢᠭᠦᠯᠭᠡ ᠶᠢ ᠳᠤᠭᠤᠷᠪᠢᠨ ᠲᠣᠭᠲᠠᠭᠠᠨ᠎ᠠ︔ ᠪᠦᠬᠦ ᠬᠤᠳᠠ ᠶᠢᠨ ᠪᠠᠶᠢᠯᠳᠤᠬᠤ ᠪᠤᠳᠤᠯᠭ᠎ᠠ ᠶᠢᠨ ᠡᠳ᠋ ᠪᠣᠳᠠᠰ ᠢ ᠬᠤᠳᠠᠯᠳᠤᠨ ᠠᠪᠴᠤ ᠨᠥᠭᠡᠴᠡᠯᠡᠬᠦ᠂ ᠬᠡᠷᠡᠭᠯᠡᠬᠦ᠂ ᠡᠭᠡᠯᠵᠢᠯᠡᠨ ᠰᠣᠯᠢᠬᠤ ᠪᠠ ᠬᠠᠮᠢᠶᠠᠷᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠠᠮᠤ ᠪᠤᠳᠠᠭ᠎ᠠ ᠪᠠ ᠢᠳᠡᠰᠢᠨ ᠰᠢᠬᠢᠷ ᠵᠡᠷᠭᠡ ᠶᠢᠨ ᠨᠥᠭᠡᠴᠡ ᠶᠢ ᠬᠠᠮᠢᠶᠠᠷᠤᠨ᠎ᠠ᠃      ︵ᠠᠷᠪᠠᠨ ᠭᠤᠷᠪᠠ︶ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠠᠪᠴᠠᠯᠳᠤᠭᠤᠯᠬᠤ ᠶᠢ ᠬᠠᠷᠢᠭᠤᠴᠠᠵᠤ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠤᠨ ᠤ ᠲᠥᠯᠦᠪᠯᠡᠯᠭᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠨ᠎ᠠ︔ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠲᠣᠭᠲᠠᠭᠠᠯ ᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠪᠥᠬᠦ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ᠂ ᠣᠷᠤᠯᠭ᠎ᠠ ᠶᠢᠨ ᠬᠤᠪᠢᠶᠠᠷᠢᠯᠠᠯᠲᠠ ᠳᠤ ᠲᠣᠬᠢᠷᠠᠭᠤᠯᠤᠯᠲᠠ ᠬᠢᠬᠦ᠂ ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠦᠭᠵᠢᠬᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠨᠡᠶᠢᠭᠡᠮ ᠤᠨ ᠦᠢᠯᠡᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃      ︵ᠠᠷᠪᠠᠨ ᠳᠥᠷᠪᠡ︶ ᠪᠥᠬᠦ ᠬᠤᠲᠠ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠡᠷᠬᠢᠯᠳᠡᠳᠤ ᠠᠵᠤ ᠠᠬᠤᠶ ᠶᠢ ᠬᠥᠭᠵᠢᠭᠦᠯᠬᠦ᠂ ᠪᠥᠬᠦ ᠨᠡᠶᠢᠭᠡᠮ ᠤᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠠᠮᠢ ᠠᠬᠤᠶ ᠶᠢᠨ ᠪᠦᠳᠦᠭᠡᠨ ᠪᠠᠶᠢᠭᠤᠯᠤᠯᠲᠠ᠂ ᠣᠷᠴᠢᠨ ᠳᠤᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠎ ᠳᠤ ᠤᠷᠤᠯᠴᠠᠵᠤ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ᠂ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠪᠦᠬᠦ ᠬᠤᠳᠠ ᠶᠢᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠴᠡᠪᠡᠷ ᠦᠢᠯᠡᠳᠪᠦᠷᠢᠯᠡᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠬᠤᠯᠪᠣᠭᠳᠠᠯ ᠪᠦᠬᠦᠢ ᠠᠵᠢᠯ ᠢ ᠠᠬᠢᠭᠤᠯᠤᠨ᠎ᠠ᠃      ︵ᠠᠷᠪᠠᠨ ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠳᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃      ︵ᠠᠷᠪᠠᠨ ᠵᠢᠷᠭᠤᠭ᠎ᠠ︶ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠦᠭᠡᠳᠡᠢ ᠶᠠᠪᠤᠯᠴᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠳᠦᠷᠢᠮ ᠲᠣᠭᠲᠠᠭᠠᠯ ᠵᠢᠴᠢ ᠵᠢᠷᠤᠮᠵᠢᠯ ᠤᠨ ᠴᠢᠨᠠᠷᠳᠠᠢ ᠪᠤᠰᠤᠳ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ︔  ᠪᠦᠬᠦ ᠬᠤᠲᠠ ᠶᠢᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠠᠵᠢᠯ ᠢ ᠳᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ ᠶᠤᠰᠤᠭᠠᠷ ᠬᠠᠮᠢᠶᠠᠷᠤᠨ ᠵᠢᠯᠣᠭᠤᠳᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠᠨ ᠳᠣᠯᠤᠭ᠎ᠠ︶ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠥᠷᠳᠡᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶ᠎ᠠ ᠪᠥᠬᠦᠶ ᠠᠵᠢᠯ ᠲᠥᠷᠥᠯ ᠪᠠ ᠣᠷᠣᠨ ᠨᠤᠲᠤᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ︔ ᠲᠥᠪ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠪᠠᠯᠠ ᠣᠷᠣᠭᠤᠯᠤᠯᠲᠠ ᠶᠢᠨ ᠲᠣᠬᠢᠷᠠᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠳᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠨᠠᠢᠮᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃      ᠬᠤᠶᠠᠷ᠂ ᠳᠣᠲᠣᠭᠠᠳᠤ ᠶᠢᠨ ᠪᠠᠶᠢᠭᠤᠯᠤᠮᠵᠢ      ︵ᠨᠢᠭᠡ︶ ᠠᠯᠪᠡᠠ ᠭᠡᠷ᠄ ᠪᠠᠶᠢᠭᠤᠯᠭ᠎ᠠ ᠵᠢᠴᠢ ᠬᠠᠮᠢᠶᠠᠷᠴᠤ ᠪᠠᠶᠢᠭ᠎ᠠ ᠨᠢᠭᠡᠴᠡ ᠶᠢᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠰᠢᠢᠳᠪᠦᠷᠢᠯᠡᠬᠦ᠂ ᠬᠤᠷᠠᠯ ᠤᠨ ᠶᠠᠪᠤᠳᠠᠯ᠂ ᠨᠠᠷᠢᠨ ᠪᠢᠴᠢᠭᠡᠴᠢ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠵᠢᠴᠢ ᠬᠠᠮᠢᠶᠠᠷᠴᠤ ᠪᠠᠶᠢᠭ᠎ᠠ ᠨᠢᠭᠡᠴᠡ ᠶᠢᠨ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠵᠢᠴᠢ ᠬᠠᠮᠢᠶᠠᠷᠴᠤ ᠪᠠᠶᠢᠭ᠎ᠠ ᠨᠢᠭᠡᠴᠡ ᠶᠢᠨ ᠡᠳ᠋ ᠤᠨ ᠶᠠᠪᠤᠳᠠᠯ᠂ ᠡᠳ᠋ ᠬᠥᠷᠦᠩᠭᠡ ᠶᠢᠨ ᠬᠠᠮᠢᠶᠠᠷᠤᠯᠲᠠ᠂ ᠳᠣᠲᠤᠭᠠᠳᠤᠬᠢ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠰᠣᠨᠢᠨ ᠮᠡᠳᠡᠭᠡᠨ ᠤ ᠤᠬᠠᠭᠤᠯᠭ᠎ᠠ ᠪᠠ ᠮᠡᠳᠡᠭᠡ ᠵᠠᠩᠭᠢ ᠶᠢ ᠬᠥᠲᠥᠯᠥᠨ ᠵᠢᠯᠣᠭᠤᠳᠬᠤ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠵᠢᠴᠢ ᠬᠠᠮᠢᠶᠠᠷᠴᠤ ᠪᠠᠶᠢᠭ᠎ᠠ ᠨᠢᠭᠡᠴᠡ ᠶᠢᠨ ᠪᠠᠶᠢᠭᠤᠯᠤᠮᠵᠢ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ᠂ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃      ︵ᠬᠤᠶᠠᠷ︶ ᠬᠥᠭᠵᠢᠯᠲᠡ ᠲᠥᠯᠥᠪᠵᠢᠭᠦᠯᠭᠡ ᠶᠢᠨ ᠰᠠᠯᠠᠭ᠎ᠠ᠄ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠳᠠ ᠶᠢ ᠲᠥᠯᠥᠪᠵᠢᠭᠦᠯᠬᠦ ᠰᠠᠨᠠᠭᠤᠯᠭ᠎ᠠ ᠶᠢ ᠳᠤᠷᠠᠳᠤᠨ᠎ᠠ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠳᠤᠮᠳᠠ ᠤᠷᠳᠤ ᠬᠤᠭᠤᠴᠠᠭᠠᠨ ᠤ ᠬᠥᠭᠵᠢᠯᠲᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠵᠢᠴᠢ ᠪᠦᠲᠦᠴᠡ ᠶᠢ ᠲᠣᠬᠢᠷᠠᠭᠤᠯᠬᠤ ᠬᠠᠷᠠᠯᠲᠠ ᠪᠠ ᠲᠦᠷᠦ ᠶᠢᠨ ᠪᠤᠳᠤᠯᠭ᠎ᠠ ᠶᠢ ᠳᠤᠷᠠᠳᠤᠨ᠎ᠠ︔ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ᠂ ᠴᠢᠳᠠᠮᠵᠢᠳᠤ ᠣᠷᠣᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠳᠤᠭᠤᠷᠪᠢᠨ ᠳᠤᠭᠳᠠᠭᠠᠵᠤ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠨ ᠬᠡᠮᠵᠢᠯᠲᠡ ᠪᠠ ᠦᠨᠡᠯᠡᠯᠲᠡ ᠬᠢᠨ᠎ᠠ︔ ᠬᠤᠲᠠ ᠪᠠᠯᠭᠠᠰᠤᠵᠢᠯᠲᠠ ᠶᠢ ᠠᠬᠢᠭᠤᠯᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠴᠢᠬᠤᠯᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ᠎ᠠ︔ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠲᠤᠰᠬᠠᠶ ᠲᠥᠯᠥᠪᠵᠢᠭᠦᠯᠭᠡ ᠪᠠ ᠣᠷᠣᠨ ᠪᠦᠰᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃      ︵ᠭᠤᠷᠪᠠ︶ ᠤᠯᠤᠰ ᠠᠷᠠᠳ ᠤᠨ ᠠᠵᠤ ᠠᠬᠤᠶ ᠶᠢᠨ ᠶᠡᠷᠦᠩᠬᠡᠶ ᠰᠠᠯᠠᠭ᠎ᠠ᠄ ᠪᠦᠬᠦ ᠬᠤᠳᠠ ᠶᠢᠨ ᠠᠵᠤ ᠠᠬᠤᠢ ᠶᠢᠨ ᠪᠠᠶᠢᠳᠠᠯ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠶᠢᠨ ᠬᠥᠭᠵᠢᠯᠲᠡ ᠶᠢᠨ ᠬᠤᠪᠢᠷᠠᠯᠲᠠ ᠶᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠬᠦᠯᠦᠨ᠎ᠡ︔ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠶᠢ ᠰᠤᠳᠤᠯᠵᠤ᠂ ᠠᠵᠤ ᠠᠬᠤᠶ ᠶᠢ ᠲᠣᠬᠢᠷᠠᠭᠤᠯᠬᠤ ᠬᠠᠷᠠᠯᠲᠠ ᠵᠢᠴᠢ ᠡᠯ᠎ᠡ ᠵᠦᠢᠯ ᠤᠨ ᠠᠵᠤ ᠠᠬᠤᠢ ᠶᠢᠨ ᠠᠷᠭ᠎ᠠ ᠪᠠᠷᠢᠯ ᠪᠠ ᠲᠦᠷᠦ ᠶᠢᠨ ᠪᠤᠳᠤᠯᠭ᠎ᠠ ᠶᠢ ᠬᠡᠷᠡᠭᠯᠡᠬᠦ ᠰᠠᠨᠠᠭᠤᠯᠭ᠎ᠠ ᠶᠢ ᠳᠤᠷᠠᠳᠤᠨ᠎ᠠ︔ ᠬᠤᠷᠸ᠎ᠠ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠳᠤ ᠦᠨᠡᠯᠡᠨ ᠵᠢᠱᠢᠯᠲᠡ ᠬᠢᠨ᠎ᠠ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠵᠤ ᠳᠤᠭᠤᠷᠪᠢᠨ ᠲᠣᠭᠲᠠᠭᠠᠨ᠎ᠠ︔ ᠣᠨ ᠤ ᠴᠢᠬᠤᠯᠠ ᠲᠠᠸᠠᠷ ᠢ ᠲᠡᠩᠴᠡᠭᠦᠷᠢᠲᠡᠢ ᠪᠠᠶᠢᠯᠭᠠᠬᠤ ᠶᠡᠷᠦᠩᠬᠡᠢ ᠬᠡᠮᠵᠢᠶ᠎ᠡ ᠶᠢᠨ ᠬᠠᠷᠠᠯᠲᠠ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠪᠦᠬᠦ ᠬᠤᠳᠠ ᠶᠢᠨ ᠴᠢᠬᠤᠯᠠ ᠡᠳ᠋ ᠪᠣᠳᠠᠰ ᠢ ᠨᠥᠭᠡᠴᠡᠯᠡᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠪᠦᠬᠦ ᠬᠤᠳᠠ ᠶᠢᠨ ᠴᠢᠬᠤᠯᠠ ᠡᠳ᠋ ᠪᠣᠳᠠᠰ ᠢ ᠨᠥᠭᠡᠴᠡᠯᠡᠬᠦ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠎ ᠶᠢᠨ ᠬᠠᠮᠳᠤ ᠵᠣᠬᠢᠴᠠᠭᠤᠯᠤᠨ᠎ᠠ︔ ᠪᠥᠬᠦ ᠬᠤᠲᠠ ᠶᠢᠨ ᠠᠵᠤ ᠠᠬᠤᠶ ᠶᠢᠨ ᠠᠮᠦᠷ ᠲᠦᠪᠰᠢᠨ ᠪᠠ ᠠᠵᠤ ᠦᠢᠯᠡᠰ ᠤᠨ ᠶᠡᠷᠦᠩᠬᠡᠶ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠰᠤᠳᠤᠯᠬᠤ ᠪᠠ ᠳᠤᠷᠠᠳᠤᠨ᠎ᠠ︔ ᠪᠦᠬᠦ ᠬᠤᠳᠠ ᠶᠢᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠤᠭᠡᠳᠡᠢ ᠶᠠᠪᠤᠯᠴᠠᠬᠤ ᠴᠢᠬᠤᠯᠠ ᠠᠰᠠᠭᠤᠳᠠᠯ ᠢ ᠰᠤᠳᠤᠯᠤᠨ᠎ᠠ︔ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠤᠨ᠎ᠠ︔ ᠪᠦᠬᠦ ᠬᠤᠳᠠ ᠶᠢᠨ ᠠᠵᠤ ᠠᠬᠤᠶ ᠶᠢᠨ ᠪᠠᠶᠢᠭᠤᠯᠤᠯ ᠤᠨ ᠶᠡᠷᠦᠩᠬᠡᠶᠢᠯᠡᠭᠰᠡᠨ ᠴᠢᠨᠠᠷᠲᠠᠶ ᠥᠭᠡᠷᠡᠴᠢᠯᠡᠯᠲᠡ ᠶᠢᠨ ᠲᠥᠰᠦᠯ ᠢ ᠵᠤᠬᠢᠶᠠᠨ ᠪᠠᠶᠢᠭᠤᠯᠤᠨ ᠳᠤᠭᠤᠷᠪᠢᠨ ᠳᠤᠭᠳᠠᠭᠠᠨ᠎ᠠ︔ ᠠᠵᠤ ᠠᠬᠤᠶ ᠶᠢᠨ ᠪᠠᠶᠢᠭᠤᠯᠤᠯ ᠤᠨ ᠲᠤᠰᠬᠠᠶ ᠥᠭᠡᠷᠡᠴᠢᠯᠡᠯᠲᠡ ᠶᠢ ᠵᠤᠬᠢᠴᠠᠭᠤᠯᠤᠨ ᠠᠬᠢᠭᠤᠯᠤᠨ᠎ᠠ︔ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠪᠠ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠠᠵᠢᠯ ᠢ ᠵᠢᠯᠤᠭᠤᠳᠤᠨ᠎ᠠ︔ ᠠᠵᠤ ᠠᠬᠤᠢ ᠶᠢᠨ ᠪᠠᠶᠢᠭᠤᠯᠤᠯ᠂ ᠨᠡᠶᠢᠭᠡᠮ ᠤᠨ ᠠᠵᠢᠯ ᠦᠢᠯᠡᠰ ᠤᠨ ᠥᠭᠡᠷᠡᠴᠢᠯᠡᠯᠲᠡ ᠶᠢᠨ ᠠᠬᠢᠴᠠ ᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ︵ᠲᠥᠷᠪᠡ︶ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ ᠰᠠᠯᠠᠭ᠎ᠠ ︵ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠠᠯᠪᠡᠠ ᠭᠡᠷ︶᠄ ᠪᠦᠬᠦ ᠬᠤᠳᠠ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠪᠦᠬᠦ ᠬᠤᠳᠠ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠳᠤᠭᠳᠠᠭᠠᠨ᠎ᠠ᠃ ᠪᠦᠬᠦ ᠬᠤᠳᠠ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠤᠭᠤᠯᠤᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ᠎ᠠ︔ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠳᠣᠭᠢᠷᠠᠭᠤᠯᠵᠤ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠤᠰᠤᠭᠠᠷ ᠬᠢᠨᠠᠨ ᠬᠠᠷᠭᠤᠭᠤᠯᠤᠨ᠎ᠠ︔ ᠪᠦᠬᠦ ᠬᠤᠲᠠ ᠶᠢᠨ ᠢᠨᠵᠧᠨᠧᠷᠢᠩ ᠤᠨ ᠯᠠᠪᠯᠠᠯᠭ᠎ᠠ ᠶᠢᠨ ᠦᠢᠯᠡᠰ ᠤᠨ ᠬᠦᠭᠵᠢᠯᠳᠡ ᠶᠢ ᠵᠢᠯᠤᠭᠤᠳᠤᠨ᠎ᠠ︔ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠲᠥᠯᠥᠪᠵᠢᠭᠦᠯᠭᠡ᠂ ᠲᠥᠯᠥᠪᠯᠡᠭᠡ ᠶᠢ ᠵᠣᠬᠢᠶᠠᠨ ᠪᠠᠶᠢᠭᠤᠯᠵᠤ ᠳᠤᠭᠤᠷᠪᠢᠨ ᠳᠤᠭᠳᠠᠭᠠᠨ᠎ᠠ︔ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠬᠢᠭᠡᠳ ᠤᠯᠤᠰ ᠠᠷᠠᠳ ᠤᠨ ᠠᠵᠤ ᠠᠬᠤᠶ᠂ ᠤᠯᠤᠰ ᠤᠨ ᠪᠠᠳᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠳᠠ ᠯᠤᠭ᠎ᠠ ᠶᠢᠨ ᠬᠠᠷᠢᠴᠠᠭ᠎ᠠ ᠶᠢ ᠰᠤᠳᠤᠯᠵᠤ᠂ ᠬᠠᠮᠢᠶ᠎ᠠ ᠪᠦᠬᠦᠢ ᠴᠢᠬᠤᠯᠠ ᠠᠰᠠᠭᠤᠳᠠᠯ ᠢ ᠵᠣᠬᠢᠴᠠᠭᠤᠯᠤᠨ᠎ᠠ︔ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠭᠡᠷᠡᠭᠵᠢᠬᠦᠯᠤᠨ᠎ᠠ︔ ᠤᠯᠤᠰ ᠠᠷᠠᠳ ᠤᠨ ᠠᠵᠤ ᠠᠬᠤᠶ ᠶᠢ ᠡᠩ ᠤᠨ ᠦᠶ᠎ᠡ ᠠᠴᠠ ᠲᠠᠶᠢᠨ ᠤ ᠦᠶ᠎ᠡ ᠲᠡᠰᠢ ᠬᠤᠪᠢᠷᠠᠭᠤᠯᠬᠤ ᠴᠢᠳᠠᠪᠤᠷᠢ ᠶᠢᠨ ᠪᠠᠶᠢᠭᠤᠯᠤᠯᠳᠠ ᠶᠢ ᠵᠤᠬᠢᠴᠠᠭᠤᠯᠤᠨ᠎ᠠ︔ ᠪᠥᠬᠦ ᠬᠤᠲᠠ ᠶᠢᠨ ᠠᠵᠤ ᠠᠬᠤᠶ ᠶᠢᠨ ᠡᠷᠬᠢᠯᠳᠡ ᠶᠢᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ︵ᠲᠠᠪᠤ︶ ᠭᠠᠳᠠᠭᠠᠳᠤ ᠪᠡᠯᠡ ᠮᠥᠩᠭᠦ ᠶᠢ ᠠᠰᠢᠭᠯᠠᠬᠤ ᠰᠠᠯᠠᠭ᠎ᠠ᠄ ᠪᠦᠬᠦ ᠬᠤᠳᠠ ᠶᠢᠨ ᠭᠠᠳᠠᠭᠠᠳᠤ ᠪᠡᠯᠡ ᠮᠦᠩᠬᠦ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠶᠢᠨ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ ᠲᠦᠷᠦ ᠶᠢᠨ ᠪᠤᠳᠤᠯᠭ᠎ᠠ ᠶᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠴᠢᠬᠤᠯᠠ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ᠎ᠠ︔ ᠪᠥᠬᠦ ᠬᠤᠲᠠ ᠶᠢᠨ ᠪᠥᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠵᠢᠭᠡᠯᠡᠯᠭᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠳᠤ ᠰᠤᠩᠭᠤᠬᠤ ᠪᠡᠯᠡᠳᠭᠡᠯ ᠴᠢᠬᠤᠯᠠ ᠶᠡᠭᠡ ᠵᠦᠢᠯᠡᠰ ᠢ ᠳᠤᠷᠠᠳᠤᠨ᠎ᠠ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠵᠦᠢᠯᠡᠰ᠂ ᠭᠠᠳᠠᠭᠠᠳᠤ ᠶᠢᠨ ᠵᠢᠭᠡᠯᠡᠯᠭᠡ ᠶᠢᠨ ᠪᠡᠯᠡ ᠣᠷᠣᠭᠤᠯᠤᠯᠲᠠ ᠶᠢᠨ ᠵᠦᠢᠯᠡᠰ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠷᠦᠯ ᠤᠨ ᠪᠡᠯᠡ ᠣᠷᠣᠭᠤᠯᠤᠯᠲᠠ ᠶᠢᠨ ᠵᠦᠢᠯᠡᠰ ᠪᠠ ᠶᠡᠭᠡ ᠲᠣᠭᠠᠨ ᠤ ᠭᠤᠪᠢᠭᠤᠯᠭ᠎ᠠ ᠬᠡᠷᠡᠭᠯᠡᠬᠦ ᠪᠡᠯᠡ ᠣᠷᠣᠭᠤᠯᠤᠯᠲᠠ ᠶᠢᠨ ᠵᠦᠢᠯᠡᠰ ᠢ ᠳᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠬᠠᠷᠭᠤᠭᠤᠯᠤᠨ᠎ᠠ᠃      ︵ᠵᠢᠷᠭᠤᠭ᠎ᠠ︶ ᠭᠠᠵᠠᠷ ᠣᠷᠤᠨ ᠤ ᠠᠵᠤ ᠠᠬᠤᠢ ᠶᠢᠨ ᠰᠠᠯᠠᠭ᠎ᠠ᠄ ᠪᠦᠬᠦ ᠬᠤᠳᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠵᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠤᠯᠤᠰ ᠤᠨ ᠭᠠᠵᠠᠷ ᠰᠢᠷᠤᠢ ᠶᠢ ᠴᠡᠭᠴᠡᠯᠡᠨ ᠵᠠᠰᠠᠬᠤ᠂ ᠨᠡᠭᠡᠭᠡᠯᠳᠡ ᠬᠢᠵᠤ ᠠᠰᠢᠭᠯᠠᠬᠤ ᠪᠠ ᠬᠠᠮᠠᠭᠠᠯᠠᠬᠤ ᠶᠢ ᠵᠣᠬᠢᠴᠠᠭᠤᠯᠵᠤ᠂ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠤᠰᠤᠨ ᠤ ᠰᠤᠷᠪᠤᠯᠵᠢ ᠶᠢ ᠲᠡᠩᠴᠡᠭᠦᠷᠢᠲᠡᠶ ᠪᠠᠶᠢᠯᠭᠠᠬᠤ ᠪᠠ ᠠᠷᠪᠢᠯᠠᠨ ᠭᠠᠮᠨᠠᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠂ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠪᠠ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ︔ ᠴᠢᠳᠠᠮᠵᠢᠳᠤ ᠣᠷᠣᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠶᠠᠳᠠᠭᠤ ᠬᠦᠴᠢᠷᠳᠡᠯ ᠲᠠᠢ ᠭᠠᠵᠠᠷ ᠣᠷᠤᠨ ᠤ ᠠᠵᠤ ᠠᠬᠤᠢ ᠶᠢ ᠨᠡᠭᠡᠭᠡᠨ ᠬᠥᠭᠵᠢᠭᠦᠯᠬᠦ ᠲᠥᠯᠥᠪᠯᠡᠭᠡ ᠪᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠦᠢᠯᠡᠰ ᠤᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠪᠦᠬᠦ ᠬᠤᠳᠠ ᠶᠢᠨ ᠨᠡᠭᠡᠭᠡᠯᠳᠠ ᠶᠢᠨ ᠤᠷᠦᠠ ᠤ ᠲᠥᠯᠥᠪᠵᠢᠭᠦᠯᠭᠡ ᠪᠠ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃      ︵ᠲᠤᠯᠤᠭ᠎ᠠ︶ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠰᠠᠯᠠᠭ᠎ᠠ᠄ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠠᠰᠠᠭᠤᠳᠠᠯ ᠢ ᠵᠣᠬᠢᠴᠠᠭᠤᠯᠤᠨ᠎ᠠ︔ ᠲᠠᠷᠢᠶᠠᠯᠠᠩ ᠠᠵᠤ ᠠᠬᠤᠢ᠂ ᠮᠠᠯ ᠠᠵᠤ ᠠᠬᠤᠶ᠂ ᠣᠶ ᠰᠢᠭᠤᠶ᠂ ᠤᠰᠤᠨ ᠠᠰᠢᠭᠯᠠᠯᠲᠠ᠂ ᠴᠠᠭ ᠠᠭᠤᠷ᠂ ᠠᠮᠢ ᠠᠬᠤᠶ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠯᠲᠡ ᠵᠡᠷᠭᠡ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠠᠪᠴᠠᠯᠳᠤᠭᠤᠯᠤᠨ ᠲᠡᠩᠴᠡᠭᠦᠷᠢᠰᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠵᠣᠬᠢᠴᠠᠭᠤᠯᠵᠤ ᠬᠡᠷᠡᠭᠵᠢᠭᠦᠯᠦᠨ᠎ᠡ᠃      ︵ᠨᠠᠢᠮᠠ︶ ᠰᠠᠭᠤᠷᠢ ᠠᠵᠤ ᠦᠢᠯᠡᠰ ᠤᠨ ᠰᠠᠯᠠᠭ᠎ᠠ᠄ ᠪᠥᠬᠦ ᠬᠤᠲᠠ ᠶᠢᠨ ᠵᠠᠮ ᠲᠡᠭᠡᠭᠡᠪᠦᠷᠢ ᠶᠢᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠯᠦᠭᠡ ᠠᠪᠴᠠᠯᠳᠤᠭᠤᠯᠵᠤ ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠥᠯᠥᠪᠯᠡᠵᠦ᠂ ᠪᠥᠬᠦ ᠬᠤᠲᠠ ᠶᠢᠨ ᠵᠠᠮ ᠲᠡᠭᠡᠭᠡᠪᠦᠷᠢ ᠶᠢᠨ ᠣᠳᠣᠬᠢ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠠᠮᠢᠶ᠎ᠠ ᠪᠥᠬᠦᠶ ᠴᠢᠬᠤᠯᠠ ᠠᠰᠠᠭᠤᠳᠠᠯ ᠢ ᠵᠣᠬᠢᠴᠠᠭᠤᠯᠤᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠳᠤᠰᠬᠠᠢ ᠰᠠᠭᠤᠷᠢ ᠮᠥᠩᠭᠦ ᠪᠠ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠰᠠᠨᠠᠯ ᠢ ᠳᠤᠷᠠᠳᠤᠨ᠎ᠠ᠃      ︵ᠶᠢᠰᠦ︶ ᠨᠡᠭᠦᠷᠡᠰᠦ ᠪᠠᠷ ᠦᠢᠯᠡᠳᠤᠭ᠍ᠰᠡᠨ ᠲᠦᠯᠡᠰᠢ ᠶᠢᠨ ᠰᠠᠯᠠᠭ᠎ᠠ ︵ᠤᠤᠯ ᠤᠨ ᠲᠦᠯᠦᠪᠵᠢᠬᠦᠯᠭᠡ ᠲᠣᠨᠣᠭᠯᠠᠯ ᠪᠠ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢᠨ ᠰᠠᠯᠠᠭ᠎ᠠ︶ ᠡᠨᠧᠷᠭᠢ ᠶᠢᠨ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠳᠡ ᠪᠠ ᠲᠣᠨᠣᠭᠯᠠᠯ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠨᠡᠭᠦᠷᠡᠰᠦ ᠪᠠᠷ ᠦᠢᠯᠡᠳᠤᠭ᠍ᠰᠡᠨ ᠲᠦᠯᠡᠰᠢ ᠶᠢ ᠨᠡᠭᠡᠭᠡᠨ ᠠᠰᠢᠭᠯᠠᠬᠤ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ︔ ᠨᠡᠭᠦᠷᠡᠰᠦ ᠪᠠᠷ ᠦᠢᠯᠡᠳᠤᠭ᠍ᠰᠡᠨ ᠲᠦᠯᠡᠰᠢ᠂ ᠲᠦᠯᠡᠰᠢᠨ ᠡᠲ᠋ᠢᠯ ᠠᠯᠺᠣᠣᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠨᠡᠭᠦᠷᠡᠰᠦ ᠪᠠᠷ ᠦᠢᠯᠡᠳᠤᠭ᠍ᠰᠡᠨ ᠲᠦᠯᠡᠰᠢ᠂ ᠲᠦᠯᠡᠰᠢᠨ ᠡᠲ᠋ᠢᠯ ᠠᠯᠺᠣᠣᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠨᠡᠭᠦᠷᠡᠰᠦ ᠪᠠᠷ ᠦᠢᠯᠡᠳᠤᠭ᠍ᠰᠡᠨ ᠲᠦᠯᠡᠰᠢ᠂  ᠳᠦᠯᠡᠰᠢᠨ ᠡᠲ᠋ᠢᠯ ᠠᠯᠺᠣᠣᠯ ᠵᠡᠷᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠦᠨ᠎ᠡ︔ ᠤᠯᠤᠰ ᠤᠨ ᠠᠵᠤ ᠦᠢᠯᠡᠰ ᠤᠨ ᠬᠠᠮᠢᠶ᠎ᠠ ᠪᠦᠬᠦᠢ ᠲᠥᠷᠦ ᠶᠢᠨ ᠪᠣᠳᠤᠯᠭ᠎ᠠ ᠪᠠ ᠠᠵᠢᠯ ᠲᠦᠷᠦᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠠᠷᠪᠠ︶ ᠨᠡᠭᠦᠷᠡᠰᠦᠨ ᠤ ᠰᠠᠯᠠᠭ᠎ᠠ᠄ ᠪᠥᠬᠦ ᠬᠤᠲᠠ ᠶᠢᠨ ᠨᠡᠭᠦᠷᠡᠰᠦᠨ ᠤ ᠨᠡᠭᠡᠭᠡᠯᠳᠡ ᠬᠢᠬᠦ᠂ ᠨᠡᠬᠦᠷᠡᠰᠦᠠ ᠲᠡᠪᠬᠤᠷᠭ᠎ᠠ ᠶᠢᠨ ᠭᠡᠢ᠂ ᠨᠡᠬᠦᠷᠡᠰᠤ ᠶᠢ ᠪᠤᠯᠪᠠᠰᠤᠷᠠᠭᠤᠯᠤᠨ ᠴᠡᠪᠡᠷ ᠡᠨᠧᠷᠭᠢ ᠶᠢᠨ  ᠦᠢᠯᠡᠳᠬᠦᠨ ᠪᠣᠯᠭᠠᠨ ᠬᠤᠪᠢᠷᠠᠭᠤᠯᠬᠤ ᠲᠥᠷᠥᠯ ᠵᠦᠢᠯ ᠪᠠᠶᠢᠭᠤᠯᠬᠤ ᠶᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ︔ ᠨᠡᠭᠦᠷᠡᠰᠦᠨ ᠤ ᠲᠥᠷᠥᠯ ᠵᠦᠢᠯ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠵᠦ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠢ ᠵᠣᠬᠢᠴᠠᠭᠤᠯᠤᠨ ᠨᠡᠬᠦᠷᠡᠰᠦᠠ ᠲᠡᠪᠬᠤᠷᠭ᠎ᠠ ᠶᠢᠨ ᠭᠡᠢ ᠶᠢ ᠨᠡᠭᠡᠭᠡᠨ ᠬᠦᠭᠵᠢᠬᠦᠯᠬᠦ᠂ ᠨᠡᠭᠦᠷᠡᠰᠦᠨ ᠤ ᠬᠤᠴᠣᠷᠤᠩᠭᠤᠶ  ᠦᠢᠯᠡᠳᠪᠤᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ᠂ ᠨᠡᠭᠦᠷᠡᠰᠦᠨ ᠤ ᠠᠢ ᠰᠠᠪᠠ ︵ᠨᠡᠭᠦᠷᠡᠰᠦᠨ ᠠᠭᠤᠷᠬᠠᠶ︶᠎ ᠶᠢᠨ ᠭᠠᠯ ᠤᠨᠲᠠᠷᠠᠭᠠᠬᠤ᠂ ᠨᠡᠭᠦᠷᠡᠰᠦᠨ ᠠᠭᠤᠷᠬᠠᠶ ᠶᠢᠨ ᠭᠠᠰ ᠢ ᠰᠡᠷᠭᠡᠶᠢᠯᠡᠨ ᠵᠠᠰᠠᠬᠤ ᠪᠠ ᠠᠰᠢᠭᠯᠠᠬᠤ ᠵᠡᠷᠭᠡ ᠠᠵᠢᠯ ᠢ ᠥᠷᠨᠢᠭᠦᠯᠦᠨ᠎ᠡ᠃      ︵ᠠᠷᠪᠠᠨ ᠨᠢᠭᠡ︶ ᠴᠠᠬᠢᠯᠭᠠᠨ ᠬᠦᠴᠦᠨ ᠤ ᠰᠠᠯᠠᠭ᠎ᠠ᠄ ᠪᠦᠬᠦ ᠬᠤᠲᠠ ᠶᠢᠨ ᠴᠠᠬᠢᠯᠭᠠᠨ ᠬᠦᠴᠦᠨ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠡᠬᠦᠷᠭᠡᠯᠡᠨ᠎ᠡ︔ ᠢᠯᠴᠢ ᠶᠢᠨ ᠴᠠᠬᠢᠯᠭᠠᠨ ︵ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ᠂ ᠨᠡᠬᠦᠷᠡᠰᠦᠠ ᠴᠢᠯᠡᠭᠤ ᠵᠡᠷᠭᠡ ᠶᠢ ᠶᠡᠷᠦᠩᠬᠡᠶᠢᠯᠡᠨ ᠠᠰᠢᠭᠯᠠᠬᠤ ᠴᠠᠬᠢᠯᠭᠠᠨ ᠦᠷᠳᠡᠭᠡ ᠪᠠᠭᠲᠠᠨ᠎ᠠ︶᠂ ᠴᠥᠮ᠎ᠡ ᠶᠢᠨ ᠴᠠᠬᠢᠯᠭᠠᠨ᠂ ᠴᠠᠬᠢᠯᠭᠠᠨ ᠲᠣᠣᠷ ᠵᠡᠷᠭᠡ ᠶᠢ ᠬᠥᠭᠵᠢᠭᠦᠯᠵᠦ ᠨᠡᠭᠡᠭᠡᠨ ᠠᠰᠢᠭᠯᠠᠬᠤ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠴᠠᠬᠢᠯᠭᠠᠨ ᠬᠦᠴᠦᠨ ᠤ ᠪᠦᠳᠦᠭᠡᠨ ᠪᠠᠶᠢᠭᠤᠯᠤᠯᠳᠠ ᠶᠢᠨ ᠴᠢᠬᠤᠯᠠ ᠶᠡᠭᠡ ᠲᠥᠷᠥᠯ ᠵᠦᠢᠯ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠦᠨ᠎ᠡ︔ ᠴᠥᠮ᠎ᠡ ᠶᠢᠨ ᠴᠠᠬᠢᠯᠭᠠᠨ ᠤ ᠬᠤᠯᠪᠣᠭᠳᠠᠯ ᠪᠦᠬᠦᠢ ᠠᠵᠢᠯ ᠳᠤ ᠬᠠᠮᠵᠢᠯᠴᠠᠨ᠎ᠠ᠃ ᠪᠦᠬᠦ ᠬᠤᠲᠠ ᠶᠢᠨ ᠰᠢᠨ᠎ᠡ ᠡᠨᠧᠷᠭᠢ ᠪᠠ ᠳᠠᠬᠢᠨ ᠡᠭᠦᠰᠴᠦ ᠪᠣᠯᠬᠤ ᠡᠨᠧᠷᠭᠢ ᠶᠢ ᠬᠥᠭᠵᠢᠭᠦᠯᠵᠦ ᠨᠡᠭᠡᠭᠡᠨ ᠠᠰᠢᠭᠯᠠᠬᠤ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠡᠬᠦᠷᠭᠡᠯᠡᠨ᠎ᠡ︔ ᠰᠢᠨ᠎ᠡ ᠡᠨᠧᠷᠭᠢ᠂ ᠳᠠᠬᠢᠨ ᠡᠭᠦᠰᠴᠦ ᠪᠣᠯᠬᠤ ᠡᠨᠧᠷᠭᠢ ᠪᠠ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ︔ ᠰᠢᠨ᠎ᠡ ᠡᠨᠧᠷᠭᠢ᠂ ᠤᠰᠤᠨ ᠡᠨᠧᠷᠭᠢ᠂ ᠠᠮᠢᠳᠤ ᠪᠣᠳᠠᠰ ᠤᠨ ᠮᠠᠰ ᠡᠨᠧᠷᠭᠢ ᠪᠠ ᠲᠠᠬᠢᠨ ᠡᠭᠦᠰᠴᠦ ᠪᠣᠯᠬᠤ ᠪᠤᠰᠤᠳ ᠡᠨᠧᠷᠭᠢ ᠶᠢ ᠬᠥᠭᠵᠢᠭᠦᠯᠬᠦ ᠲᠥᠯᠥᠪᠵᠢᠭᠦᠯᠭᠡ᠂ ᠲᠥᠯᠥᠪᠯᠡᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠰᠢᠨ᠎ᠡ ᠡᠨᠧᠷᠭᠢ ᠪᠠ ᠲᠠᠬᠢᠨ ᠡᠭᠦᠰᠴᠦ ᠪᠣᠯᠬᠤ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠵᠦᠢᠯᠡᠰ ᠢ ᠬᠢᠨᠠᠨ ᠬᠠᠷᠭᠤᠭᠤᠯᠤᠨ ᠭᠤᠶᠤᠴᠢᠯᠠᠨ ᠮᠡᠳᠡᠬᠦᠯᠤᠨ᠎ᠡ᠃      ︵ᠠᠷᠪᠠᠨ ᠬᠤᠶᠠᠷ︶ ᠠᠵᠤ  ᠦᠢᠯᠡᠰ ᠢ ᠵᠣᠬᠢᠴᠠᠭᠤᠯᠬᠤ ᠰᠠᠯᠠᠭ᠎ᠠ᠄ ᠪᠥᠬᠦ ᠬᠤᠲᠠ ᠶᠢᠨ ᠠᠵᠤ  ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠬᠤᠯᠠ ᠠᠰᠠᠭᠤᠳᠠᠯ ᠢ ᠵᠠᠳᠠᠯᠤᠨ ᠰᠤᠳᠤᠯᠬᠤ ᠪᠠ ᠵᠣᠬᠢᠴᠠᠭᠤᠯᠤᠨ ᠰᠢᠢᠳᠪᠦᠷᠢᠯᠡᠵᠦ᠂ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠦ ᠶᠢᠨ ᠪᠣᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠪᠥᠬᠦ ᠬᠤᠲᠠ ᠶᠢᠨ ᠠᠵᠤ ᠦᠢᠯᠡᠳᠪᠦᠷᠢ᠂  ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠥᠯᠥᠪᠯᠡᠨ᠎ᠡ︔ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠪᠠ ᠴᠢᠬᠤᠯᠠ ᠶᠡᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃     ︵ᠠᠷᠪᠠᠨ ᠭᠤᠷᠪᠠ︶ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠯᠠᠭ᠎ᠠ᠄ ᠪᠥᠬᠦ ᠬᠤᠲᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠵᠢᠴᠢ ᠠᠵᠤ ᠦᠢᠯᠡᠰ ᠤᠨ ᠮᠡᠷᠭᠡᠵᠢᠯ ᠤᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠪᠥᠬᠦ ᠬᠤᠲᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ᠂ ᠠᠵᠤ ᠦᠢᠯᠡᠰ ᠤᠨ ᠮᠡᠷᠭᠡᠵᠢᠯ ᠤᠨ ᠳᠠᠪᠰᠢᠯᠳᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ︔ ᠠᠵᠤ ᠦᠶᠯᠡᠰᠵᠢᠯᠲᠡ ᠶᠢᠨ ᠵᠢᠱᠢᠶ᠎ᠡ ᠦᠵᠡᠭᠦᠯᠬᠦ ᠴᠢᠬᠤᠯᠠ ᠶᠡᠭᠡ ᠪᠠᠷᠢᠯᠭ᠎ᠠ᠂ ᠪᠠᠷᠢᠯᠭ᠎ᠠ ᠶᠢᠨ ᠰᠤᠳᠤᠯᠭᠠᠨ ᠤ ᠲᠥᠪ᠂ ᠪᠠᠷᠢᠯᠭ᠎ᠠ ᠶᠢᠨ ᠲᠤᠷᠰᠢᠯᠲᠠ ᠶᠢᠨ ᠲᠠᠰᠤᠭ᠂ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠢ ᠨᠡᠭᠡᠭᠡᠨ ᠠᠰᠢᠭᠯᠠᠬᠤ ᠵᠡᠷᠭᠡ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠴᠠᠭᠤᠯᠤᠨ ᠬᠡᠷᠡᠭᠵᠢᠭᠦᠯᠦᠨ᠎ᠡ︔ ᠪᠥᠬᠦ ᠬᠤᠲᠠ ᠶᠢᠨ ᠮᠡᠳᠡᠭᠡ ᠵᠠᠩᠬᠢᠴᠢᠯᠠᠯᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠥᠯᠥᠪᠯᠡᠨ᠎ᠡ︔ ᠳᠡᠭᠡᠳᠦ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠮᠡᠷᠭᠡᠵᠢᠯ ᠤᠨ ᠪᠠᠶᠢᠴᠠᠭᠠᠨ ᠬᠡᠮᠵᠢᠯᠲᠡ ᠪᠠ ᠠᠵᠤ ᠦᠢᠯᠡᠰ ᠰᠤᠷᠭᠠᠭᠤᠯᠢ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ ᠬᠤᠯᠪᠣᠭᠠᠯᠠᠯ ᠢ ᠵᠣᠬᠢᠶᠠᠨ ᠪᠠᠶᠢᠭᠤᠯᠤᠨ ᠠᠬᠢᠭᠤᠯᠤᠨ᠎ᠠ︔ ᠤᠯᠤᠰ ᠠᠷᠠᠳ ᠤᠨ ᠠᠵᠤ ᠠᠬᠤᠶ ᠶᠢᠨ ᠰᠢᠨ᠎ᠡ ᠠᠵᠤ ᠦᠢᠯᠡᠰ ᠤᠨ ᠪᠦᠷᠢᠯᠳᠤᠯ ᠢ ᠠᠬᠢᠭᠤᠯᠤᠨ᠎ᠠ᠃ ᠠᠵᠤ ᠠᠬᠤᠶ ᠮᠡᠷᠭᠡᠵᠢᠯ ᠤᠨ ᠨᠡᠭᠡᠭᠡᠯᠳᠡ ᠶᠢᠨ ᠣᠷᠣᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠵᠢᠴᠢ ᠠᠵᠤ ᠦᠢᠯᠡᠰ ᠤᠨ ᠪᠠᠶᠢᠷᠢᠯᠠᠭᠤᠯᠤᠯᠳᠠ ᠳᠤ ᠲᠤᠬᠢᠷᠠᠭᠤᠯᠤᠯᠳᠡ ᠬᠢᠬᠦ ᠳᠤ ᠣᠷᠣᠯᠴᠠᠨ᠎ᠠ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠮᠠᠭᠠᠳᠯᠠᠨ ᠳᠤᠭᠳᠠᠭᠠᠬᠤ ᠪᠠ ᠬᠠᠮᠢᠶᠠᠷᠬᠤ ᠳᠤ ᠣᠷᠣᠯᠴᠠᠨ᠎ᠠ᠃      ︵ᠠᠷᠪᠠᠨ ᠲᠦᠷᠪᠡ︶ ᠡᠬᠢ ᠪᠠᠶᠠᠯᠢᠭ ᠢ ᠠᠷᠪᠢᠯᠠᠬᠤ ᠪᠠ ᠣᠷᠴᠢᠨ ᠳᠤᠭᠤᠷᠢᠨ ᠢ ᠬᠠᠮᠠᠭᠠᠯᠠᠬᠤ ᠰᠠᠯᠠᠭ᠎ᠠ᠄ ᠪᠥᠬᠦ ᠬᠤᠲᠠ ᠶᠢᠨ ᠠᠵᠤ ᠠᠬᠤᠶ ᠨᠡᠶᠢᠭᠡᠮ ᠬᠢᠭᠡᠳ ᠡᠬᠢ ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠶ ᠬᠥᠭᠵᠢᠯᠲᠡ ᠶᠢᠨ ᠠᠰᠠᠭᠤᠳᠠᠯ ᠢ ᠵᠠᠳᠠᠯᠤᠨ ᠰᠤᠳᠤᠯᠤᠨ᠎ᠠ︔ ᠪᠦᠬᠦ ᠨᠡᠶᠢᠭᠡᠮ ᠤᠨ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠡᠷᠬᠢᠯᠳᠡᠳᠤ ᠠᠵᠤ ᠠᠬᠤᠶ ᠶᠢ ᠬᠥᠭᠵᠢᠭᠦᠯᠬᠦ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠤᠷᠤᠯᠴᠠᠨ᠎ᠠ︔ ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠴᠡᠪᠡᠷ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠵᠢᠯ ᠢ ᠠᠬᠢᠭᠤᠯᠬᠤ ᠶᠢ ᠵᠤᠬᠢᠴᠠᠭᠤᠯᠤᠨ᠎ᠠ︔ ᠪᠦᠬᠦ ᠬᠤᠳᠠ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠱᠢᠶ᠎ᠡ ᠦᠵᠡᠭᠦᠯᠬᠦ ᠴᠢᠬᠤᠯᠠ ᠶᠡᠭᠡ ᠪᠠᠷᠢᠯᠭ᠎ᠠ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠶᠡᠷᠦᠩᠬᠡᠶᠢᠯᠡᠨ ᠵᠠᠳᠠᠯᠵᠤ᠂ ᠪᠥᠬᠦ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠨ᠎ᠠ︔ ᠴᠡᠪᠡᠷ ᠬᠥᠭᠵᠢᠯᠲᠡ ᠶᠢᠨ ᠲᠣᠭᠲᠠᠴᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠᠨ ᠲᠠᠪᠤ︶ ᠨᠡᠶᠢᠭᠡᠮ ᠤᠨ ᠬᠥᠭᠵᠢᠯᠲᠡ ᠶᠢᠨ ᠰᠠᠯᠠᠭ᠎ᠠ᠄ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠤᠨ ᠤ ᠲᠥᠯᠦᠪᠯᠡᠯᠭᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠬᠤ ᠪᠠ ᠵᠣᠬᠢᠴᠠᠭᠤᠯᠤᠨ᠎ᠠ︔ ᠬᠥᠮᠦᠨ ᠠᠮᠠ ᠪᠠ ᠲᠥᠯᠥᠪᠯᠡᠭᠡᠲᠦ ᠦᠷᠡᠵᠢᠯ᠂ ᠰᠣᠶᠣᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠷᠠᠳᠢᠣ᠋ ᠺᠢᠨᠣ᠋ ᠲᠧᠯᠸᠢᠰ᠂ ᠵᠤᠭᠠᠴᠠᠯ᠂ ᠤᠯᠤᠰ ᠲᠥᠷᠥ ᠬᠠᠤᠯᠢ ᠴᠠᠭᠠᠵᠠ᠂ ᠠᠷᠠᠳ ᠤᠨ ᠶᠠᠪᠤᠳᠠᠯ ᠵᠡᠷᠭᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ᠎ᠠ︔ ᠪᠥᠬᠦ ᠬᠤᠲᠠ ᠶᠢᠨ ᠨᠡᠶᠢᠭᠡᠮ ᠤᠨ ᠠᠵᠢᠯ ᠦᠢᠯᠡᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ  ᠶᠣᠰᠣᠭᠠᠷ ᠬᠢᠨᠠᠨ ᠬᠠᠷᠭᠤᠭᠤᠯᠤᠨ᠎ᠠ᠃ ᠪᠦᠬᠦ ᠬᠤᠳᠠ ᠶᠢᠨ ᠠᠵᠢᠯ ᠣᠯᠭᠤᠯᠲᠠ ᠬᠢᠭᠡᠳ ᠬᠥᠮᠦᠨ ᠤ ᠬᠦᠴᠦᠨ ᠤ ᠡᠬᠢ ᠪᠠᠶᠠᠯᠢᠭ᠂ ᠣᠷᠤᠯᠭ᠎ᠠ ᠎ ᠶᠢᠨ ᠬᠤᠪᠢᠶᠠᠷᠢᠯᠠᠯᠲᠠ ᠬᠢᠭᠡᠳ ᠨᠡᠶᠢᠭᠡᠮ ᠤᠨ ᠪᠠᠲᠤᠯᠠᠭ᠎ᠠ ᠶᠢᠨ ᠪᠠᠶᠢᠳᠠᠯ ᠢ ᠰᠤᠳᠤᠯᠤᠨ ᠵᠠᠳᠠᠯᠵᠤ᠂ ᠠᠵᠢᠯ ᠣᠯᠭᠤᠯᠲᠠ ᠶᠢ ᠠᠬᠢᠭᠤᠯᠬᠤ᠂ ᠣᠷᠤᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠪᠠ ᠲᠥᠷᠥ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃      ︵ᠠᠷᠪᠠᠨ ᠵᠢᠷᠭᠤᠭ᠎ᠠ︶ ᠠᠵᠤ ᠠᠬᠤᠶ ᠠᠷᠠᠯᠵᠢᠶᠠᠨ ᠤ ᠰᠠᠯᠠᠭ᠎ᠠ᠄ ᠬᠤᠳᠠ ᠶᠢᠨ ᠳᠤᠳᠤᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠪᠠᠶᠢᠳᠠᠯ ᠢ ᠬᠢᠨᠠᠨ ᠬᠡᠮᠵᠢᠬᠦ ᠪᠠ ᠵᠠᠳᠠᠯᠵᠤ᠂ ᠪᠦᠬᠦ ᠬᠤᠳᠠ ᠶᠢᠨ ᠴᠢᠬᠤᠯᠠ ᠲᠠᠸᠠᠷ ᠤᠨ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠬᠤᠷᠸ᠎ᠠ ᠲᠣᠬᠢᠷᠠᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠠᠮᠤ ᠪᠤᠳᠠᠭ᠎ᠠ᠂ ᠬᠥᠪᠥᠩ᠂  ᠢᠳᠡᠰᠢᠨ ᠰᠢᠬᠢᠷ᠂ ᠢᠳᠡᠰᠢᠨ ᠳᠠᠪᠤᠰᠤ᠂ ᠬᠢᠮᠢ ᠶᠢᠨ ᠪᠤᠷᠳᠤᠭᠤᠷ ᠵᠡᠷᠭᠡ ᠶᠢᠨ ᠨᠥᠭᠡᠴᠡ ᠶᠢ ᠬᠠᠮᠢᠶᠠᠷᠤᠨ᠎ᠠ︔ ᠪᠦᠬᠦ ᠬᠤᠳᠠ ᠶᠢᠨ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠯᠦᠪᠵᠢᠬᠦᠯᠭᠡ ᠶᠢ ᠳᠤᠭᠤᠷᠪᠢᠨ ᠳᠤᠭᠳᠠᠭᠠᠨ᠎ᠠ᠃ ᠪᠥᠬᠦ ᠬᠤᠲᠠ ᠶᠢᠨ ᠪᠥᠬᠦ ᠨᠡᠶᠢᠭᠡᠮ ᠤᠨ ᠪᠠᠯᠠ ᠮᠥᠩᠭᠦ ᠶᠢᠨ ᠲᠡᠩᠴᠡᠬᠦᠷᠢᠰᠢᠯ ᠢ ᠰᠤᠳᠤᠯᠤᠨ ᠵᠠᠳᠠᠯᠵᠤ᠂ ᠬᠥᠭᠵᠢᠯᠲᠡ ᠶᠢᠨ ᠲᠥᠯᠥᠪᠵᠢᠭᠦᠯᠭᠡ ᠪᠠ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠲᠥᠷᠦ ᠶᠢᠨ ᠪᠣᠳᠤᠯᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠨ᠎ᠠ︔ ᠡᠳ᠋ ᠤᠨ ᠵᠠᠰᠠᠭ ᠤᠨ ᠲᠥᠷᠦ ᠶᠢᠨ ᠪᠣᠳᠤᠯᠭ᠎ᠠ ᠪᠣᠯᠤᠨ ᠮᠥᠩᠭᠦᠨ ᠭᠦᠢᠯᠭᠡᠭᠡᠨ ᠤ ᠲᠥᠷᠦ ᠶᠢᠨ ᠪᠣᠳᠤᠯᠭ᠎ᠠ ᠶᠢᠨ ᠬᠡᠷᠡᠭᠵᠢᠬᠦᠯᠦᠯᠳᠡ ᠶᠢᠨ ᠪᠠᠶᠢᠳᠠᠯ ᠢ ᠵᠠᠳᠠᠯᠤᠨ ᠰᠢᠨᠵᠢᠯᠡᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ ᠰᠢᠭᠤᠳ ᠪᠡᠯᠡ ᠮᠦᠩᠬᠦ ᠴᠤᠭᠯᠠᠭᠤᠯᠬᠤ ᠲᠦᠷᠦ ᠶᠢᠨ ᠪᠤᠲᠤᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠠᠵᠢᠯ ᠤᠨ ᠬᠤᠪᠢᠶᠠᠷᠢᠯᠠᠯ ᠶᠣᠰᠣᠭᠠᠷ ᠵᠠᠬ᠎ᠠ ᠳᠡᠯᠭᠡᠭᠦᠷ ᠲᠤ ᠭᠠᠷᠤᠭᠰᠠᠨ ᠪᠤᠰᠤ ᠺᠣᠮᠫᠠᠨᠢ ᠶᠢᠨ  ᠲᠠᠷᠬᠠᠭᠠᠬᠤ ᠠᠵᠤ ᠠᠬᠤᠶᠢᠯᠠᠯ ︵ᠺᠣᠮᠫᠠᠨᠢ︶᠎ ᠤᠨ ᠵᠢᠭᠡᠯᠡᠯᠭᠡ ᠶᠢᠨ ᠲᠡᠮᠳᠡᠭᠲᠦ ᠶᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠵᠦ᠂ ᠣᠷᠤᠨ ᠨᠤᠲᠤᠭ ᠤᠨ ᠵᠠᠰᠠᠭ ᠤᠨ ᠣᠷᠳᠤᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠪᠦᠬᠦ ᠬᠤᠲᠠ ᠶᠢᠨ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠪᠣᠯᠤᠨ ᠦᠢᠯᠡᠰ ᠪᠤᠰᠬᠠᠬᠤ ᠪᠡᠯᠡ ᠣᠷᠣᠭᠤᠯᠤᠯᠲᠠ ᠶᠢᠨ ᠬᠥᠭᠵᠢᠯᠲᠡ ᠵᠢᠴᠢ ᠲᠦᠷᠢᠮ ᠤᠨ ᠪᠠᠶᠢᠭᠤᠯᠤᠯᠲᠠ ᠶᠢ ᠲᠦᠷᠦᠭᠦᠯᠡᠨ ᠠᠬᠢᠭᠤᠯᠤᠨ᠎ᠠ︔ ᠵᠠᠬ᠎ᠠ ᠳᠡᠯᠭᠡᠭᠦᠷ ᠲᠤ ᠭᠠᠷᠬᠤ ᠠᠵᠤ ᠠᠬᠤᠶᠢᠯᠠᠯ ᠢ ᠲᠠᠨᠢᠯᠴᠠᠭᠤᠯᠬᠤ ᠬᠢᠨᠠᠨ ᠬᠠᠷᠭᠤᠭᠤᠯᠬᠤ ᠳᠤ ᠣᠷᠣᠯᠴᠠᠨ᠎ᠠ᠃      ︵ᠠᠷᠪᠠᠨ ᠲᠤᠯᠤᠭ᠎ᠠ︶ ᠦᠨ᠎ᠡ ᠬᠠᠩᠰᠢ ᠶᠢᠨ ᠰᠠᠯᠠᠭ᠎ᠠ᠄ ᠦᠨ᠎ᠡ ᠬᠠᠩᠰᠢ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠪᠥᠬᠦ ᠬᠤᠲᠠ ᠶᠢᠨ ᠣᠨ ᠤ ᠦᠨ᠎ᠡ ᠬᠠᠩᠰᠢ ᠶᠢᠨ ᠶᠡᠷᠦᠩᠬᠡᠶ ᠬᠢᠷᠢ ᠬᠡᠮᠵᠢᠶ᠎ᠡ ᠶᠢ ᠳᠣᠭᠢᠷᠠᠭᠤᠯᠤᠨ ᠡᠵᠡᠮᠳᠡᠬᠦ ᠬᠠᠷᠠᠯᠲᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠪᠥᠬᠦ ᠬᠤᠲᠠ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠭᠠᠷᠴᠠᠭ ᠲᠤ ᠵᠠᠰᠠᠪᠤᠷᠢ ᠣᠷᠣᠭᠤᠯᠬᠤ᠂ ᠦᠨ᠎ᠡ ᠬᠠᠩᠰᠢ ᠶᠢ ᠤᠷᠢᠳᠴᠢᠯᠠᠨ ᠰᠡᠷᠡᠮᠵᠢᠯᠡᠭᠦᠯᠬᠦ᠂ ᠦᠨ᠎ᠡ ᠬᠠᠩᠰᠢ ᠶᠢ ᠤᠬᠠᠭᠤᠯᠬᠤ ᠵᠡᠷᠭᠡ ᠠᠵᠢᠯ ᠢ ᠬᠠᠷᠢᠭᠤᠴᠠᠨ᠎ᠠ︔ ᠬᠤᠳᠠ ᠶᠢᠨ ᠬᠠᠮᠢᠶᠠᠷᠤᠯᠲᠠ ᠶᠢᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠣᠭᠲᠠᠭᠠᠬᠤ ᠪᠠ ᠲᠣᠬᠢᠷᠠᠭᠤᠯᠬᠤ ᠠᠵᠢᠯ ᠢ ᠬᠠᠷᠢᠭᠤᠴᠠᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠤᠳᠠ ᠶᠢᠨ ᠦᠨ᠎ᠡ ᠬᠠᠩᠰᠢ ᠶᠢᠨ ᠲᠥᠷᠦ ᠶᠢᠨ ᠪᠣᠳᠤᠯᠭ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠢᠬᠤᠯᠠ ᠲᠠᠸᠠᠷ ᠤᠨ ᠥᠪᠡᠷ ᠤᠨ ᠦᠷᠳᠡᠭ ᠪᠠ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ︔ ᠪᠥᠬᠦ ᠬᠤᠲᠠ ᠶᠢᠨ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ᠂ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠢ ᠡᠰᠡᠷᠭᠦᠴᠡᠬᠦ᠂ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠦᠨ᠎ᠡ ᠬᠠᠩᠰᠢ ᠶᠢᠨ ᠭᠡᠷᠡᠴᠢᠯᠡᠯ ᠤᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃      ︵ᠠᠷᠪᠠᠨ ᠨᠠᠢᠮᠠ︶ ᠰᠦᠢᠳᠬᠡᠯ ᠬᠤᠷᠢᠶᠠᠯᠳᠠ ᠶᠢᠨ ᠬᠠᠮᠢᠶᠠᠷᠤᠯᠲᠠ ᠶᠢᠨ ᠰᠠᠯᠠᠭ᠎ᠠ᠄ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠴᠢᠨᠠᠷᠳᠠᠢ ᠦᠨ᠎ᠡ ᠬᠠᠩᠰᠢ ︵ᠰᠦᠢᠳᠬᠡᠯ ᠬᠤᠷᠢᠶᠠᠬᠤ︶᠎ ᠶᠢᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠤᠯᠤᠰ ᠤᠨ ᠰᠦᠢᠳᠬᠡᠯ ᠬᠤᠷᠢᠶᠠᠬᠤ ᠥᠭᠡᠷᠡᠴᠢᠯᠡᠯᠲᠡ ᠶᠢᠨ ᠲᠤᠬᠠᠶ ᠲᠥᠰᠦᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠥᠬᠦ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠪᠠ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠦᠨ᠎ᠡ ᠬᠠᠩᠰᠢ ︵ᠰᠦᠢᠳᠬᠡᠯ ᠬᠤᠷᠢᠶᠠᠬᠤ︶᠎ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠠᠴᠠ ᠨᠠᠶᠢᠳᠠᠭᠰᠠᠨ ᠬᠤᠲᠠ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠰᠦᠢᠳᠬᠡᠯ ᠬᠤᠷᠢᠶᠠᠬᠤ ᠪᠠᠷᠢᠮᠵᠢᠶ᠎ᠠ ᠪᠠ ᠠᠷᠭ᠎ᠠ ᠶᠢ ᠲᠤᠭᠤᠷᠪᠢᠨ ᠲᠣᠭᠲᠠᠭᠠᠨ᠎ᠠ︔ ᠳᠤᠷ᠎ᠠ ᠪᠠᠷ ᠰᠦᠢᠳᠬᠡᠯ ᠬᠤᠷᠢᠶᠠᠬᠤ ᠶᠢ ᠵᠠᠰᠠᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠳᠤ ᠬᠡᠷᠡᠭᠵᠢᠭᠦᠯᠦᠨ᠎ᠡ᠃      ︵ᠠᠷᠪᠠ ᠶᠢᠰᠦ︶ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠰᠠᠯᠠᠭ᠎ᠠ᠄ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠪᠦᠬᠦ ᠬᠤᠳᠠ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠶ ᠣᠷᠴᠢᠨ ᠳᠤᠭᠤᠷᠢᠨ ᠤ ᠪᠦᠳᠦᠭᠡᠨ ᠪᠠᠶᠢᠭᠤᠯᠤᠯᠲᠠ᠂ ᠴᠢᠬᠤᠯᠠ ᠶᠡᠭᠡ ᠵᠦᠢᠯᠡᠰ ᠤᠨ ᠪᠠᠶᠢᠷᠢᠯᠠᠭᠤᠯᠤᠯᠲᠠ ᠶᠢ ᠠᠬᠢᠭᠤᠯᠬᠤ ᠰᠠᠨᠠᠭᠤᠯᠭ᠎ᠠ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠬᠦᠯᠤᠨ᠎ᠡ᠃      ︵ᠬᠤᠷᠢ︶ ᠴᠢᠬᠤᠯᠠ ᠶᠡᠭᠡ ᠲᠦᠷᠦᠯ ᠵᠦᠢᠯ ᠤᠨ ᠳᠤᠰᠬᠠᠢ ᠳᠤᠮᠢᠯᠠᠭᠰᠠᠨ ᠪᠠᠶᠢᠴᠠᠭᠠᠭᠴᠢ ᠶᠢᠨ ᠠᠯᠪᠡᠠ ᠭᠡᠷ᠄ ᠪᠥᠬᠦ ᠬᠤᠲᠠ ᠶᠢᠨ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠬᠠᠮᠢᠶ᠎ᠠ ᠪᠥᠬᠦᠶ ᠠᠵᠢᠯ ᠲᠥᠷᠥᠯ ᠪᠠ ᠣᠷᠣᠨ ᠨᠤᠲᠤᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠣᠷᠳᠣᠰ ᠬᠤᠲᠠ ᠶᠢᠨ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠳᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ︔ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠬᠦ ᠰᠠᠨᠠᠯ ᠳᠤᠷᠠᠳᠤᠨ᠎ᠠ᠃      ︵ᠬᠤᠷᠢᠨ ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠠᠯᠪᠡᠠ ᠭᠡᠷ᠄ ᠪᠥᠬᠦ ᠬᠤᠲᠠ ᠶᠢ ᠵᠢᠯᠣᠭᠤᠳᠬᠤ ᠶᠢᠨ ᠬᠠᠮᠲᠤ ᠬᠤᠲᠠ ᠶᠢᠨ ᠲᠣᠰ ᠱᠠᠲᠤᠨ ᠤ ᠲᠣᠭᠲᠠᠮᠠᠯ ᠬᠥᠷᠦᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠢ ᠵᠣᠬᠢᠴᠠᠭᠤᠯᠤᠨ ᠬᠠᠮᠢᠶᠠᠷᠬᠤ ᠪᠠ ᠬᠡᠷᠡᠭᠯᠡᠬᠦ ᠶᠢ ᠬᠠᠷᠢᠭᠤᠴᠠᠨ᠎ᠠ︔ ᠬᠤᠲᠠ ᠶᠢᠨ ᠲᠣᠰ ᠱᠠᠲᠤᠨ ᠤ ᠬᠦᠷᠢᠶᠡᠯᠡᠩ ᠲᠣᠭᠤᠷᠢᠭ ᠵᠢᠴᠢ ᠬᠤᠰᠢᠭᠤ ᠲᠣᠭᠤᠷᠢᠭ ᠠᠯᠤᠰᠯᠠᠭᠰᠠᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠳᠠᠩᠰᠠᠯᠠᠬᠤ ᠶᠢ ᠬᠠᠷᠢᠭᠤᠴᠠᠨ᠎ᠠ︔ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠤᠩᠬᠤᠪᠴᠢ ᠶᠢᠨ ᠡᠳᠦᠷ ᠳᠤᠳᠤᠮ ᠤᠨ ᠠᠵᠢᠯ ᠢ ᠬᠠᠷᠢᠭᠤᠴᠠᠨ᠎ᠠ᠃      ︵ᠬᠤᠷᠢᠨ ᠬᠤᠶᠠᠷ︶ ᠦᠨ᠎ᠡ ᠬᠠᠩᠰᠢ ᠶᠢ ᠬᠢᠨᠠᠨ ᠬᠡᠮᠵᠢᠬᠦ ᠲᠥᠪ ︵12358 ᠢᠯᠡᠴᠢᠯᠡᠨ ᠮᠡᠳᠡᠭᠦᠯᠬᠦ ᠲᠥᠪ︶᠄      12358 ᠠᠵᠢᠯ ᠤᠨ ᠳᠤᠰᠢᠶᠠᠯ ᠬᠠᠷᠢᠭᠤᠴᠠᠯᠭ᠎ᠠ᠄ ᠨᠢᠭᠡ ᠳᠤ ᠪᠥᠬᠦ ᠬᠤᠳᠠ ᠶᠢᠨ ᠬᠡᠪᠴᠢᠶᠡᠨ ᠳᠠᠬᠢ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠦᠨ᠎ᠡ ᠬᠠᠩᠰᠢ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢᠨ ᠵᠠᠭᠠᠯᠳᠤᠯᠭ᠎ᠠ᠂ ᠦᠨ᠎ᠡ ᠬᠠᠩᠰᠢ ᠶᠢᠨ ᠢᠯᠡᠴᠢᠯᠡᠨ ᠮᠡᠳᠡᠭᠦᠯᠦᠯᠲᠡ ᠶᠢ ᠰᠠᠯᠭᠠᠨ ᠭᠦᠢᠴᠡᠳᠬᠡᠬᠦ᠂ ᠱᠠᠭᠠᠷᠳᠠᠨ ᠭᠦᠢᠴᠡᠳᠬᠡᠬᠦ᠂ ᠬᠠᠮᠵᠢᠯᠴᠠᠨ ᠭᠦᠢᠴᠡᠳᠬᠡᠬᠦ ᠶᠢ ᠬᠠᠷᠢᠭᠤᠴᠠᠵᠤ᠂ ᠢᠯᠡᠴᠢᠯᠡᠨ ᠮᠡᠳᠡᠭᠦᠯᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠬᠤᠶᠠᠷ ᠲᠤ ᠲᠤᠰ ᠱᠠᠲᠤᠨ ᠤ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠢᠭᠤᠳ ᠬᠦᠯᠢᠶᠡᠨ ᠠᠪᠴᠤ ᠰᠢᠢᠳᠪᠦᠷᠢᠯᠡᠭᠰᠡᠨ᠂ ᠳᠡᠭᠡᠳᠦ ᠱᠠᠲᠤᠨ ᠤ ᠪᠠᠶᠢᠭᠤᠯᠭ᠎ᠠ ᠠᠴᠠ ᠲᠤᠰᠢᠶᠠᠨ  ᠰᠢᠢᠳᠪᠦᠷᠢᠯᠡᠭᠦᠯᠦᠭᠰᠡᠨ ᠪᠤᠶᠤ ᠪᠤᠰᠤᠳ ᠰᠠᠯᠠᠭ᠎ᠠ ᠮᠥᠴᠢᠷ ᠠᠴᠠ ᠰᠢᠯᠵᠢᠭᠦᠯᠦᠨ ᠰᠢᠢᠳᠪᠦᠷᠢᠯᠡᠭᠦᠯᠦᠭᠰᠡᠨ ᠦᠨ᠎ᠡ ᠬᠠᠩᠰᠢ ᠶᠢᠨ ᠢᠯᠡᠴᠢᠯᠡᠨ ᠮᠡᠳᠡᠭᠦᠯᠦᠯᠲᠡ ᠶᠢᠨ ᠬᠡᠷᠡᠭ ᠢ ᠰᠢᠢᠳᠪᠦᠷᠢᠯᠡᠨ᠎ᠡ᠃ ᠭᠤᠷᠪᠠ ᠳᠤ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢ ᠬᠢᠨᠠᠨ ᠪᠠᠶᠢᠴᠠᠭᠠᠵᠤ᠂ ᠲᠦᠷᠦᠯ ᠬᠤᠪᠢᠶᠠᠨ ᠰᠢᠢᠳᠪᠦᠷᠢᠯᠡᠬᠦ ᠰᠠᠨᠠᠯ ᠳᠤᠷᠠᠳᠤᠨ᠎ᠠ᠃ ᠳᠥᠷᠪᠡ ᠳᠤ ᠪᠥᠬᠦ ᠬᠤᠲᠠ ᠵᠢᠴᠢ ᠡᠯ᠎ᠡ ᠬᠤᠰᠢᠭᠤ ᠰᠢᠶᠠᠨ ᠤ ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ ᠠᠵᠢᠯ ᠢ ᠵᠢᠯᠣᠭᠤᠳᠤᠨ ᠵᠢᠷᠤᠮᠵᠢᠭᠤᠯᠵᠤ ᠵᠣᠬᠢᠴᠠᠭᠤᠯᠬᠤ ᠶᠢ ᠬᠠᠷᠢᠭᠤᠴᠠᠵᠤ᠂ ᠪᠥᠬᠦ ᠬᠤᠲᠠ ᠶᠢᠨ ᠦᠨ᠎ᠡ ᠬᠠᠩᠰᠢ ᠶᠢᠨ ᠵᠠᠭᠠᠯᠳᠤᠯᠭ᠎ᠠ ᠶᠢᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠳᠤᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ ᠲᠠᠪᠤ ᠳᠤ 12358 ᠡᠯᠧᠺᠲᠷᠣᠨ ᠲᠠᠪᠴᠠᠩ ᠤᠨ ᠲᠥᠬᠦᠭᠡᠷᠦᠮᠵᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠦᠨ᠎ᠡ ᠬᠠᠩᠰᠢ ᠶᠢᠨ ᠢᠯᠡᠴᠢᠯᠡᠨ ᠮᠡᠳᠡᠭᠦᠯᠦᠯᠲᠡ ᠶᠢᠨ ᠬᠡᠷᠡᠭ ᠤᠨ ᠮᠠᠲ᠋ᠧᠷᠢᠶᠠᠯ ᠴᠤᠭᠯᠠᠭᠤᠯᠬᠤ᠂ ᠡᠮᠬᠢᠳᠬᠡᠬᠦ᠂ ᠪᠦᠷᠢᠳᠬᠡᠬᠦ᠂ ᠵᠠᠳᠠᠯᠬᠤ᠂ ᠳᠠᠩᠰᠠᠨ ᠳᠤ ᠤᠷᠤᠯᠠᠭᠤᠯᠬᠤ ᠠᠵᠢᠯ ᠢ ᠬᠠᠷᠢᠭᠤᠴᠠᠨ᠎ᠠ᠃ ᠵᠢᠷᠭᠤᠭ᠎ᠠ ᠳᠤ ᠢᠯᠡᠴᠢᠯᠡᠨ ᠮᠡᠳᠡᠭᠦᠯᠦᠭᠴᠢ ᠳᠤ ᠦᠨ᠎ᠡ ᠬᠠᠩᠰᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠤᠬᠠᠭᠤᠯᠤᠨ᠎ᠠ︔ ᠦᠨ᠎ᠡ ᠬᠠᠩᠰᠢ ᠶᠢᠨ ᠵᠢᠭᠤᠷᠠᠯᠳᠤᠭᠠᠨ ᠢ ᠴᠠᠭ ᠲᠤᠬᠠᠶ ᠳᠤᠨᠢ ᠡᠶᠡᠳᠡᠭᠦᠯᠵᠦ᠂ ᠦᠨ᠎ᠡ ᠬᠠᠩᠰᠢ ᠶᠢᠨ ᠵᠥᠷᠢᠴᠡᠯ ᠢ ᠠᠷᠢᠯᠭᠠᠵᠤ᠂ ᠤᠯᠠᠨ ᠲᠦᠮᠡᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃      12358 ᠦᠨ᠎ᠡ ᠬᠠᠩᠰᠢ ᠶᠢ ᠢᠯᠡᠴᠢᠯᠡᠨ ᠮᠡᠳᠡᠭᠦᠯᠬᠦ ᠲᠥᠪ ᠨᠢ ᠦᠨ᠎ᠡ ᠬᠠᠩᠰᠢ ᠶᠢ ᠬᠢᠨᠠᠨ ᠬᠡᠮᠵᠢᠬᠦ ᠴᠢᠳᠠᠪᠬᠢ ᠲᠠᠢ      ᠦᠨ᠎ᠡ ᠬᠠᠩᠰᠢ ᠶᠢ ᠬᠢᠨᠠᠨ ᠬᠡᠮᠵᠢᠬᠦ ᠲᠥᠪ ᠤᠨ ᠳᠤᠰᠢᠶᠠᠯ ᠬᠠᠷᠢᠭᠤᠴᠠᠯᠭ᠎ᠠ᠄ ᠡᠯ᠎ᠡ ᠬᠤᠰᠢᠭᠤ ᠳᠤᠭᠤᠷᠢᠭ ᠤᠨ ᠲᠣᠪᠴᠢᠶ᠎ᠠ ᠶᠢᠨ ᠮᠡᠳᠡᠭᠦᠯᠦᠨ ᠬᠦᠷᠭᠡᠭᠰᠡᠨ ᠲᠤᠭ᠎ᠠ ᠪᠠᠷᠢᠮᠲᠠ ᠵᠢᠴᠢ ᠮᠠᠲ᠋ᠧᠷᠢᠶᠠᠯ ᠢ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠢᠨᠠᠨ ᠬᠡᠮᠵᠢᠬᠦ‍ ᠴᠢᠭ ᠤᠨ ᠮᠡᠳᠡᠭᠦᠯᠦᠨ ᠬᠦᠷᠭᠡᠭᠰᠡᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠢ ᠬᠠᠷᠢᠭᠤᠴᠠᠬᠤ ᠶᠢᠨ ᠬᠠᠮᠲᠤ ᠴᠤᠭᠯᠠᠭᠤᠯᠤᠭᠰᠠᠨ ᠲᠤᠭ᠎ᠠ ᠪᠠᠷᠢᠮᠲᠠ ᠶᠢ ᠬᠠᠷᠢᠴᠠᠭᠤᠯᠬᠤ᠂ ᠵᠠᠳᠠᠯᠬᠤ᠂ ᠬᠤᠷᠢᠶᠠᠩᠭᠤᠶᠢᠯᠠᠬᠤ ᠠᠵᠢᠯ ᠢ ᠬᠠᠷᠢᠭᠤᠴᠠᠨ᠎ᠠ︔ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢ ᠬᠢᠨᠠᠨ ᠬᠡᠮᠵᠢᠬᠦ ᠲᠥᠪ ᠬᠢᠭᠡᠳ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠠᠷᠠᠳ ᠤᠨ ᠠᠮᠢᠳᠤᠷᠠᠯ ᠤᠨ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠦᠯᠬᠦ ᠶᠢ ᠬᠠᠷᠢᠭᠤᠴᠠᠨ᠎ᠠ᠃      ︵ᠬᠤᠷᠢᠨ ᠭᠤᠷᠪᠠ︶ ᠬᠢᠩᠭᠠᠨ ᠠᠶᠢᠮᠠᠭ ᠢ ᠳᠤᠰᠠᠯᠠᠬᠤ ᠠᠯᠪᠡᠨ ᠭᠡᠷ ᠤᠨ ᠲᠥᠷᠥᠯ ᠵᠦᠢᠯ ᠢ ᠠᠬᠢᠭᠤᠯᠬᠤ ᠰᠠᠯᠠᠭ᠎ᠠ᠄ ᠠᠵᠢᠯ ᠳᠤᠷᠤᠯ ᠢᠶᠠᠷ ᠲᠤᠰᠠᠯᠠᠨ ᠪᠠᠶᠢᠭᠤᠯᠬᠤ ᠲᠥᠷᠥᠯ ᠵᠦᠢᠯ ︵ᠵᠠᠰᠠᠭ ᠤᠨ ᠣᠷᠳᠣᠨ ᠤ ᠲᠤᠰᠠᠯᠠᠨ ᠪᠠᠶᠢᠭᠤᠯᠬᠤ ᠪᠠ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠪᠠᠭᠲᠠᠨ᠎ᠠ︶᠎ ᠤᠨ ᠡᠳᠦᠷ ᠲᠤᠲᠤᠮ ᠤᠨ ᠪᠦᠷᠢᠳᠬᠡᠬᠦ᠂ ᠬᠠᠮᠢᠶᠠᠷᠬᠤ ᠪᠠ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠢ ᠶᠡᠷᠦᠩᠬᠡᠶ ᠳᠤᠨᠢ ᠬᠠᠷᠢᠭᠤᠴᠠᠨ᠎ᠠ᠃ ᠠᠵᠢᠯ ᠳᠤᠷᠤᠯ ᠢᠶᠠᠷ ᠳᠤᠰᠠᠯᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠰᠦᠪᠯᠡᠬᠦ᠂ ᠪᠣᠭᠤᠳᠠᠯᠯᠠᠬᠤ᠂ ᠲᠠᠨᠢᠯᠴᠠᠭᠤᠯᠬᠤ᠂ ᠨᠡᠶᠢᠲᠡᠯᠡᠬᠦ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ᠎ᠠ︔ ᠠᠵᠢᠯ ᠳᠤᠷᠤᠯ ᠢᠶᠠᠷ ᠳᠤᠰᠠᠯᠠᠬᠤ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠤᠨ ᠮᠥᠷᠳᠡᠨ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠠᠵᠤ ᠠᠬᠤᠶᠢᠯᠠᠯ ᠢ ᠬᠠᠮᠵᠢᠨ ᠪᠤᠯᠤᠮᠵᠢᠳᠤ ᠰᠤᠳᠤᠯᠤᠯ ᠤᠨ ᠮᠡᠳᠡᠬᠦᠯᠤᠯᠳᠡ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠪᠠ ᠴᠤᠬᠤᠯᠠᠪᠤᠷᠢᠯᠠᠬᠤ ᠠᠵᠢᠯ ᠢ ᠥᠷᠨᠢᠭᠦᠯᠦᠨ᠎ᠡ︔ ᠨᠤᠳᠤᠭᠰᠢᠯᠠᠭᠤᠯᠤᠭᠰᠠᠨ ᠲᠥᠷᠥᠯ ᠵᠦᠢᠯ ᠤᠨ ᠠᠵᠢᠯ ᠡᠬᠢᠯᠡᠭᠦᠯᠬᠦ ᠨᠥᠬᠦᠴᠡᠯ ᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠵᠤ᠂ ᠠᠵᠤ ᠠᠬᠤᠶᠢᠯᠠᠯ ᠢ ᠬᠠᠪᠰᠤᠷᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠤᠰᠤ᠂ ᠴᠠᠬᠢᠯᠭᠠᠨ᠂ ᠭᠠᠵᠠᠷ᠂ ᠰᠢᠲᠠᠮᠠᠬᠠᠶ ᠬᠡᠶ ᠬᠡᠷᠡᠭᠯᠡᠬᠦ᠂ ᠲᠡᠮᠦᠷ ᠵᠠᠮ ᠵᠢᠴᠢ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠴᠠᠭ ᠲᠤᠬᠠᠶ ᠳᠤᠨᠢ ᠡᠬᠢᠯᠡᠬᠦᠯᠵᠤ᠂ ᠤᠷᠤᠭᠰᠢᠲᠠᠶ ᠪᠠᠷ ᠪᠥᠲᠥᠭᠡᠨ ᠪᠠᠶᠢᠭᠤᠯᠬᠤ ᠶᠢ ᠪᠠᠲᠤᠯᠠᠨ᠎ᠠ᠃      ︵ᠬᠤᠷᠢᠨ ᠲᠥᠷᠪᠡ︶ ᠬᠢᠩᠭᠠᠨ ᠠᠶᠢᠮᠠᠭ ᠢ ᠳᠤᠰᠠᠯᠠᠬᠤ ᠠᠯᠪᠡᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ ᠰᠠᠯᠠᠭ᠎ᠠ᠄ ᠠᠵᠢᠯ ᠳᠤᠷᠤᠯ ᠢᠶᠠᠷ ᠳᠤᠰᠠᠯᠠᠬᠤ ᠠᠯᠪᠡᠨ ᠭᠡᠷ ᠤᠨ ᠡᠳᠦᠷ ᠲᠤᠳᠤᠮ ᠤᠨ ᠠᠵᠢᠯ ᠢ ᠶᠡᠷᠦᠩᠬᠡᠶ ᠳᠤᠨᠢ ᠬᠠᠷᠢᠭᠤᠴᠠᠨ᠎ᠠ᠃ ᠠᠵᠢᠯ ᠳᠤᠷᠤᠯ ᠢᠶᠠᠷ ᠳᠤᠰᠠᠯᠠᠬᠤ ᠠᠵᠢᠯ ᠤᠨ ᠲᠥᠷᠢᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠠᠵᠢᠯ ᠳᠤᠷᠤᠯ ᠢᠶᠠᠷ ᠳᠤᠰᠠᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠤᠢ ᠪᠣᠯᠭᠠᠨ᠎ᠠ︔ ᠤᠷᠳᠤᠰ ᠬᠤᠳᠠ᠂ ᠬᠢᠩᠭᠠᠨ ᠠᠶᠢᠮᠠᠭ ᠤᠨ ᠠᠵᠢᠯ ᠳᠤᠷᠤᠯ ᠢᠶᠠᠷ ᠳᠤᠰᠠᠯᠠᠬᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠳᠦᠷ ᠲᠤᠳᠤᠮ ᠤᠨ ᠬᠠᠷᠢᠯᠴᠠᠬᠤ ᠠᠵᠢᠯ ᠢ ᠬᠠᠷᠢᠭᠤᠴᠠᠨ᠎ᠠ︔ ᠠᠵᠢᠯ ᠳᠤᠷᠤᠯ ᠢᠶᠠᠷ ᠳᠤᠰᠠᠯᠠᠬᠤ ᠠᠵᠢᠯ ᠤᠨ ᠭᠠᠳᠠᠭᠠᠳᠤ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠵᠢᠴᠢ ᠵᠠᠷᠯᠠᠬᠤ ᠠᠵᠢᠯ ᠢ ᠬᠠᠷᠢᠭᠤᠴᠠᠨ᠎ᠠ︔ ᠠᠵᠢᠯ ᠳᠤᠷᠤᠯ ᠢᠶᠠᠷ ᠳᠤᠰᠠᠯᠠᠬᠤ ᠲᠥᠯᠥᠪᠵᠢᠭᠦᠯᠭᠡ᠂ ᠲᠥᠰᠦᠯ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠪᠠᠶᠢᠴᠠᠭᠠᠨ ᠰᠤᠳᠤᠯᠤᠯᠳᠠ ᠬᠢᠬᠦ ᠶᠢ ᠥᠷᠨᠢᠭᠦᠯᠬᠦ ᠶᠢᠨ ᠬᠠᠮᠲᠤ᠂ ᠬᠤᠲᠠ ᠶᠢᠨ ᠠᠵᠢᠯ ᠳᠤᠷᠤᠯ ᠢᠶᠠᠷ ᠳᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠪᠣᠯᠤᠮᠵᠢᠲᠤ ᠰᠠᠨᠠᠯ ᠰᠠᠨᠠᠭᠤᠯᠭ᠎ᠠ ᠶᠢ ᠴᠠᠭ ᠳᠤᠬᠠᠢ ᠳᠤᠨᠢ ᠳᠤᠷᠠᠳᠤᠨ᠎ᠠ︔ ᠠᠵᠢᠯ ᠳᠤᠷᠤᠯ ᠢᠶᠠᠷ ᠳᠤᠰᠠᠯᠠᠬᠤ ᠶᠢᠨ ᠲᠤᠰᠠᠯᠠᠨ ᠪᠠᠶᠢᠭᠤᠯᠬᠤ ᠪᠡᠯᠡ ᠮᠥᠩᠭᠦ ᠶᠢ ᠨᠢᠭᠡᠳᠦᠯᠲᠡᠶ ᠲᠦᠯᠦᠪᠯᠡᠨ ᠲᠣᠬᠢᠷᠠᠭᠤᠯᠬᠤ ᠶᠢ ᠬᠠᠷᠢᠭᠤᠴᠠᠵᠤ᠂ ᠲᠤᠰᠠᠯᠠᠨ ᠪᠠᠶᠢᠭᠤᠯᠬᠤ ᠲᠥᠷᠥᠯ ᠵᠦᠢᠯ ᠤᠨ ᠪᠡᠯᠡ ᠮᠥᠩᠭᠦ ᠶᠢ ᠴᠠᠭ ᠲᠤᠬᠠᠶ ᠎ ᠳᠤᠨᠢ᠂ ᠭᠦᠢᠴᠡᠳ ᠲᠤᠭ᠎ᠠ ᠪᠠᠷ ᠰᠠᠯᠭᠠᠨ ᠥᠭᠴᠦ ᠤᠷᠤᠨᠵᠢᠭᠤᠯᠬᠤ ᠶᠢ ᠦᠨᠡᠨᠬᠦ ᠪᠠᠲᠤᠯᠠᠨ᠎ᠠ᠃      ︵ᠬᠤᠷᠢᠨ ᠲᠠᠪᠤ︶ ᠲᠥᠷᠥ ᠶᠢᠨ ᠪᠣᠳᠣᠯᠭ᠎ᠠ  ᠬᠠᠤᠯᠢ ᠲᠣᠭᠲᠠᠭᠠᠯ ᠤᠨ ᠰᠠᠯᠠᠭ᠎ᠠ᠄ ᠪᠦᠬᠦ ᠬᠤᠳᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ᠂ ᠥᠭᠡᠷᠡᠴᠢᠯᠡᠯᠲᠡ ᠨᠡᠭᠡᠭᠡᠯᠳᠠ ᠪᠠ ᠤᠯᠤᠰ ᠠᠷᠠᠳ ᠤᠨ ᠠᠵᠤ ᠠᠬᠤᠶ ᠶᠢᠨ ᠴᠢᠬᠤᠯᠠ ᠠᠰᠠᠭᠤᠳᠠᠯ ᠢ ᠵᠣᠬᠢᠶᠠᠨ ᠪᠠᠶᠢᠭᠤᠯᠤᠨ ᠰᠤᠳᠤᠯᠤᠨ᠎ᠠ︔ ᠬᠠᠮᠢᠶ᠎ᠠ ᠪᠦᠬᠦᠢ ᠬᠠᠤᠯᠢ ᠲᠣᠭᠲᠠᠭᠠᠯ᠂  ᠲᠣᠭᠲᠠᠭᠠᠯ ᠳᠦᠷᠢᠮ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ᠎ᠠ︔ ᠪᠠᠶᠢᠭᠤᠯᠭ᠎ᠠ ᠶᠢᠨ ᠬᠠᠮᠢᠶ᠎ᠠ ᠪᠦᠬᠦᠢ ᠵᠢᠷᠤᠮᠵᠢᠯ ᠤᠨ ᠴᠢᠨᠠᠷ ᠲᠠᠢ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠡᠭᠦᠷᠭᠡᠯᠡᠨ᠎ᠡ︔ ᠵᠠᠰᠠᠭ ᠵᠠᠬᠢᠷᠭᠠᠨ ᠤ ᠬᠠᠮᠢᠶ᠎ᠠ ᠪᠥᠬᠦᠶ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ︔᠂ ᠪᠥᠬᠦ ᠬᠤᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠳᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠢᠯᠣᠭᠤᠳᠤᠨ ᠵᠣᠬᠢᠴᠠᠭᠤᠯᠤᠨ᠎ᠠ᠃      ︵ᠬᠤᠷᠢᠨ ᠵᠢᠷᠭᠤᠭ᠎ᠠ︶ ᠬᠥᠭᠵᠢᠭᠦᠯᠦᠯᠲᠡ ᠶᠢᠨ ᠰᠤᠳᠤᠯᠤᠯ ᠤᠨ ᠲᠥᠪ᠄ ᠪᠦᠬᠦ ᠬᠤᠲᠠ ᠶᠢᠨ ᠨᠡᠶᠢᠭᠡᠮ ᠤᠨ  ᠪᠠᠶᠢᠯᠳᠤᠬᠤ ᠪᠣᠳᠣᠯᠭ᠎ᠠ᠂ ᠬᠤᠷᠸ᠎ᠠ ᠠᠵᠤ ᠠᠬᠤᠢ ᠶᠢᠨ ᠰᠤᠳᠤᠯᠤᠯ ᠪᠠ ᠯᠠᠪᠯᠠᠯᠭ᠎ᠠ ᠶᠢ ᠬᠠᠷᠢᠭᠤᠴᠠᠨ᠎ᠠ᠃ ᠪᠦᠬᠦ ᠬᠤᠳᠠ ᠶᠢᠨ ᠨᠡᠶᠢᠭᠡᠮ᠂ ᠠᠵᠤ ᠠᠬᠤᠢ ᠶᠢᠨ ᠬᠥᠭᠵᠢᠯᠲᠡ ᠲᠠᠢ ᠨᠢᠭᠲᠠ ᠬᠤᠯᠪᠤᠭᠳᠠᠯ ᠲᠠᠢ ᠬᠠᠯᠠᠮᠰᠢᠯ᠂ ᠭᠤᠤᠯᠳᠠᠯᠭ᠎ᠠ ᠲᠠᠢ᠂ ᠬᠦᠴᠢᠷ ᠲᠠᠢ ᠠᠰᠠᠭᠤᠳᠠᠯ ᠢ ᠰᠤᠳᠤᠯᠤᠨ᠎ᠠ︔ ᠲᠤᠰᠬᠠᠶ ᠰᠡᠳᠦᠪ᠂ ᠲᠥᠯᠥᠪᠵᠢᠭᠦᠯᠭᠡ ᠶᠢᠨ ᠯᠠᠪᠯᠠᠯᠭ᠎ᠠ︔ ᠵᠠᠰᠠᠭ ᠤᠨ ᠣᠷᠳᠣᠨ ᠢ ᠬᠠᠮᠵᠢᠨ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ᠂ ᠯᠠᠪᠯᠠᠨ ᠨᠤᠲᠠᠯᠠᠬᠤ᠂ ᠰᠡᠭᠦᠯᠴᠢ ᠶᠢᠨ ᠬᠤᠭᠤᠴᠠᠭᠠᠨ ᠤ ᠨᠤᠲᠠᠯᠠᠯᠲᠠ ᠬᠢᠵᠦ ᠦᠨᠡᠯᠡᠨ ᠵᠢᠱᠢᠬᠦ ᠠᠵᠢᠯ ᠢ ᠬᠢᠨ᠎ᠡ︔ ᠬᠤᠷᠸ᠎ᠠ ᠠᠵᠤ ᠠᠬᠤᠢ᠂ ᠲᠤᠰᠬᠠᠶ ᠰᠡᠳᠦᠪ᠂ ᠲᠥᠯᠥᠪᠵᠢᠭᠦᠯᠭᠡ ᠵᠡᠷᠭᠡ ᠮᠡᠳᠡᠭᠡ ᠵᠠᠩᠭᠢ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠎ᠠ᠃      ︵ᠬᠤᠷᠢᠨ ᠲᠤᠯᠤᠭ᠎ᠠ︶ ᠮᠡᠳᠡᠭᠡ ᠵᠠᠩᠭᠢ ᠶᠢᠨ ᠲᠥᠪ᠄ ᠪᠥᠬᠦ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠤᠨ ᠮᠡᠳᠡᠭᠡ ᠵᠠᠩᠬᠢᠴᠢᠯᠠᠯᠳᠠ ᠎ ᠶᠢᠨ ᠪᠠᠶᠢᠭᠤᠯᠤᠯᠳᠠ᠂ ᠮᠡᠳᠡᠭᠡ ᠵᠠᠩᠬᠢᠴᠢᠯᠠᠯᠳᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠮᠡᠳᠡᠭᠡ ᠵᠠᠩᠭᠢᠴᠢᠯᠠᠭᠰᠠᠨ ᠦᠢᠯᠡᠳᠬᠦᠨ ᠢ ᠰᠤᠳᠤᠯᠤᠨ ᠦᠢᠯᠡᠳᠴᠦ ᠨᠡᠭᠡᠭᠡᠯᠳᠡ ᠬᠢᠬᠦ ᠶᠢ ᠬᠠᠷᠢᠭᠤᠴᠠᠨ᠎ᠠ︔ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠢ ᠤᠬᠠᠭᠤᠯᠤᠨ᠎ᠠ᠃      ︵ᠬᠤᠷᠢᠨ ᠨᠠᠢᠮᠠ︶ ᠣᠷᠳᠣᠰ ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠥᠪ᠄ ᠨᠡᠶᠢᠭᠡᠮ ᠤᠨ ᠢᠲᠡᠭᠡᠮᠵᠢ ᠶᠢᠨ ᠳᠤᠭᠳᠠᠯᠴᠠᠭ᠎ᠠ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ︔ ᠨᠡᠶᠢᠭᠡᠮ ᠤᠨ ᠢᠲᠡᠭᠡᠮᠵᠢ ᠶᠢᠨ ᠳᠤᠭᠳᠠᠯᠴᠠᠭ᠎ᠠ ᠶᠢᠨ ᠪᠠᠶᠢᠭᠤᠯᠤᠯᠲᠠ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠠᠵᠢᠯ ᠢ ᠲᠤᠭᠤᠷᠪᠢᠨ ᠪᠢᠴᠢᠬᠦ ᠳᠤ ᠣᠷᠣᠯᠴᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠤᠨ᠎ᠠ︔ ᠬᠤᠰᠢᠭᠤ ᠳᠤᠭᠤᠷᠢᠭ᠂ ᠠᠵᠢᠯ ᠲᠥᠷᠥᠯ ᠢ ᠵᠢᠯᠤᠭᠤᠳᠤᠨ ᠨᠡᠶᠢᠭᠡᠮ ᠤᠨ ᠢᠲᠡᠭᠡᠮᠵᠢ ᠶᠢᠨ ᠳᠤᠭᠳᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠦᠷᠨᠢᠬᠦᠯᠦᠨ᠎ᠡ︔ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠵᠢᠴᠢ ᠳ᠋ᠠᠶᠢᠲ᠋ᠠ ᠶᠢᠨ ᠬᠥᠮᠥᠷᠭᠡ ᠶᠢᠨ ᠪᠠᠶᠢᠭᠤᠯᠤᠯᠲᠠ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠬᠤᠯᠪᠣᠭᠳᠠᠯ ᠪᠥᠬᠦᠢ ᠰᠠᠯᠠᠭ᠎ᠠ ᠮᠥᠴᠢᠷ ᠬᠢᠭᠡᠳ ᠨᠡᠶᠢᠭᠡᠮ ᠳᠤ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠢᠭᠡᠳ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠎ᠠ᠃      ︵ᠬᠤᠷᠢ ᠶᠢᠰᠦ︶ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠬᠤ ᠲᠥᠪ᠄ ᠲᠤᠰᠬᠠᠶ ᠮᠡᠷᠭᠡᠵᠢᠯᠳᠡᠨ ᠢ ᠵᠣᠬᠢᠶᠠᠨ ᠪᠠᠶᠢᠭᠤᠯᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨᠠᠨ ᠵᠥᠪᠰᠢᠶᠡᠷᠡᠬᠦ ᠪᠤᠶᠤ ᠰᠢᠯᠵᠢᠭᠦᠯᠦᠨ ᠵᠥᠪᠰᠢᠶᠡᠷᠡᠭᠦᠯᠬᠦ ᠲᠦᠷᠦᠯ ᠵᠦᠢᠯ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠪᠠ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠵᠤ᠂ ᠴᠤᠬᠤᠯᠠᠪᠤᠷᠢᠯᠠᠨ ᠬᠠᠷᠢᠭᠤᠯᠬᠤ ᠵᠢᠴᠢ ᠰᠢᠯᠵᠢᠭᠦᠯᠦᠨ ᠮᠡᠳᠡᠭᠦᠯᠬᠦ ᠲᠦᠷᠦᠯ ᠵᠦᠢᠯ ᠤᠨ ᠪᠣᠯᠤᠮᠵᠢᠲᠤ ᠴᠢᠨᠠᠷ᠂ ᠪᠠᠯᠠ ᠣᠷᠣᠭᠤᠯᠤᠯᠲᠠ ᠶᠢᠨ ᠲᠦᠢᠮᠣ ᠲᠥᠰᠦᠪ ᠲᠤ ᠠᠩᠬ᠎ᠠ ᠠᠯᠬᠤᠮ ᠬᠢᠨᠠᠨ ᠲᠣᠭᠲᠠᠭᠠᠬᠤ ᠰᠠᠨᠠᠯ ᠳᠤᠷᠠᠳᠴᠤ ᠯᠠᠪᠯᠠᠯᠲᠠ ᠪᠣᠯᠭᠠᠨ᠎ᠠ︔ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠰᠡᠭᠦᠯᠴᠢ ᠶᠢᠨ ᠦᠨᠡᠯᠡᠯᠳᠡ ᠶᠢᠨ ᠠᠵᠢᠯ ᠢ ᠡᠬᠦᠷᠭᠡᠯᠡᠨ᠎ᠡ᠃      ︵ᠭᠤᠴᠢ︶ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠲᠣᠪᠴᠢᠶ᠎ᠠ᠄ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠶᠢᠨ ᠳᠤᠬᠠᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠡᠯ᠎ᠡ ᠵᠦᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ  ᠳᠤᠤᠱᠯᠠᠭᠤᠯᠤᠨ᠎ᠠ︔ ᠬᠤᠷᠸ᠎ᠠ ᠲᠣᠬᠢᠷᠠᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ︔ ᠦᠨ᠎ᠡ ᠬᠠᠩᠰᠢ ᠳᠤ ᠬᠢᠨᠠᠯᠲᠠ ᠳᠠᠯᠪᠢᠬᠤ ᠶᠢ ᠬᠡᠷᠡᠭᠵᠢᠭᠦᠯᠦᠨ᠎ᠡ︔ ᠵᠤᠭᠤᠰᠤᠨ ᠤ ᠬᠠᠩᠰᠢ ᠮᠠᠭᠤᠳᠠᠬᠤ ᠶᠢ ᠬᠤᠷᠢᠭᠯᠠᠵᠤ᠂ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠤᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠦᠨ᠎ᠡ ᠬᠠᠩᠰᠢ ᠶᠢᠨ ᠡᠮᠬᠢ ᠵᠢᠷᠤᠮ ᠢ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠲᠣᠭᠲᠠᠭᠤᠨ ᠢ ᠪᠠᠲᠤᠯᠠᠵᠤ᠂ ᠤᠯᠤᠰ ᠠᠷᠠᠳ ᠤᠨ ᠠᠵᠤ ᠠᠬᠤᠶ ᠶᠢᠨ ᠦᠷᠬᠦᠯᠵᠢᠬᠦᠶᠢᠴᠡ᠂ ᠲᠦᠷᠭᠡᠨ᠂ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ︔ ᠪᠥᠬᠦ ᠬᠤᠲᠠ ᠶᠢᠨ ᠦᠨ᠎ᠡ ᠬᠠᠩᠰᠢ ᠶᠢᠨ ᠬᠢᠨᠠᠯᠳᠠ ᠪᠠᠶᠢᠴᠠᠭᠠᠯᠲᠠ ᠶᠢᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠰᠤᠳᠤᠯᠤᠨ ᠲᠣᠭᠲᠠᠭᠠᠨ᠎ᠠ︔ ᠦᠨᠳᠦᠰᠦᠨ ᠱᠠᠲᠤᠨ ᠤ ᠦᠨ᠎ᠡ ᠬᠠᠩᠰᠢ ᠶᠢ ᠬᠢᠨᠠᠯᠳᠠ ᠳᠠᠯᠪᠢᠵᠤ ᠪᠠᠶᠢᠴᠠᠭᠠᠬᠤ ᠪᠠᠶᠢᠭᠤᠯᠤᠮᠵᠢ ᠶᠢᠨ ᠪᠠᠶᠢᠴᠠᠭᠠᠬᠤ ᠠᠵᠢᠯ ᠥᠷᠨᠢᠭᠦᠯᠬᠦ ᠶᠢ ᠵᠢᠯᠣᠭᠤᠳᠬᠤ ᠶᠢᠨ ᠬᠠᠮᠲᠤ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠦᠨ᠎ᠡ ᠬᠠᠩᠰᠢ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠤᠯᠤᠰ ᠣᠷᠣᠨ᠂ ᠬᠠᠮᠲᠤ ᠨᠡᠶᠢᠳᠡ ᠬᠢᠭᠡᠳ ᠬᠡᠷᠡᠭᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃      ︵ᠭᠤᠴᠢᠨ ᠨᠢᠭᠡ︶ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠬᠤ ᠬᠢᠨᠠᠨ ᠪᠠᠶᠢᠴᠠᠭᠠᠬᠤ ᠲᠣᠪᠴᠢᠶ᠎ᠠ᠄ ᠪᠥᠬᠦ ᠬᠤᠲᠠ ᠶᠢᠨ ᠦᠨ᠎ᠡ ᠬᠠᠩᠰᠢ ᠶᠢᠨ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠠᠵᠢᠯ ᠤᠨ ᠲᠦᠷᠢᠮ᠂ ᠲᠥᠯᠥᠪᠯᠡᠭᠡ᠂ ᠲᠥᠰᠦᠯ ᠪᠠ ᠬᠠᠮᠢᠶ᠎ᠠ ᠪᠥᠬᠦᠶ ᠲᠣᠭᠲᠠᠭᠠᠯ ᠢ ᠬᠠᠷᠢᠭᠤᠴᠠᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠥᠬᠦ ᠬᠤᠲᠠ ᠶᠢᠨ ᠴᠢᠬᠤᠯᠠ ᠲᠠᠸᠠᠷ ᠪᠠ  ᠦᠢᠯᠡᠴᠢᠯᠡᠭᠡᠨ ᠤ ᠦᠨ᠎ᠡ ᠬᠠᠩᠰᠢ ᠶᠢᠨ ᠥᠪᠡᠷ ᠤᠨ ᠥᠷᠲᠡᠭ ᠤᠨ ᠬᠢᠨᠠᠨ ᠪᠠᠶᠢᠴᠠᠭᠠᠬᠤ ᠭᠠᠷᠴᠠᠭ ᠢ ᠲᠣᠭᠲᠠᠭᠠᠨ᠎ᠠ︔ ᠬᠤᠲᠠ ᠶᠢᠨ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠪᠠ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠡᠷᠬᠡ ᠣᠯᠭᠤᠵᠤ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠶᠢ ᠬᠡᠷᠡᠭᠵᠢᠬᠦᠯᠬᠦ ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ ᠳᠤ᠂ ᠦᠨ᠎ᠡ ᠬᠠᠩᠰᠢ ᠶᠢ ᠲᠣᠭᠲᠠᠭᠠᠨ ᠳᠣᠭᠢᠷᠠᠭᠤᠯᠬᠤ ᠠᠴᠠ ᠡᠮᠦᠨᠡᠬᠢ ᠬᠤᠭᠤᠴᠠᠭᠠᠨ ᠤ ᠬᠢᠨᠠᠨ ᠪᠠᠶᠢᠴᠠᠭᠠᠬᠤ ᠠᠵᠢᠯ ᠢ ᠦᠷᠨᠢᠬᠦᠯᠦᠨ᠎ᠡ︔ ᠪᠥᠬᠦ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠪᠥᠬᠦ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠥᠪᠡᠷ ᠤᠨ ᠥᠷᠲᠡᠭ ᠤᠨ ᠪᠠᠶᠢᠩᠭᠤ ᠶᠢᠨ ᠪᠠᠶᠢᠴᠠᠭᠠᠯᠲᠠ᠂ ᠲᠤᠰᠬᠠᠶ ᠪᠠᠶᠢᠴᠠᠭᠠᠯᠲᠠ ᠪᠠ ᠰᠢᠭᠤᠳ ᠮᠡᠳᠡᠭᠦᠯᠬᠦ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠬᠦᠯᠤᠨ᠎ᠡ︔ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ᠂ ᠴᠢᠬᠤᠯᠠ ᠲᠠᠸᠠᠷ᠂ ᠦᠢᠯᠡᠴᠢᠯᠡᠭᠡ ᠪᠠ ᠰᠦᠢᠳᠬᠡᠯ ᠬᠤᠷᠢᠶᠠᠬᠤ ᠦᠨ᠎ᠡ ᠬᠠᠩᠰᠢ ᠶᠢᠨ ᠥᠪᠡᠷ ᠤᠨ ᠦᠷᠳᠡᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠥᠪᠡᠷ ᠤᠨ ᠦᠷᠳᠡᠭ ᠤᠨ ᠵᠠᠷᠤᠳᠠᠯ ᠤᠨ ᠪᠦᠷᠢᠯᠳᠦᠯ ᠢ ᠰᠤᠳᠤᠯᠵᠤ᠂ ᠥᠪᠡᠷ ᠤᠨ ᠦᠷᠳᠡᠭ ᠤᠨ ᠵᠠᠷᠤᠳᠠᠯ ᠤᠨ ᠬᠤᠪᠢᠷᠠᠯᠲᠠ ᠶᠢᠨ ᠬᠠᠨᠳᠤᠰᠢ ᠶᠢ ᠵᠠᠳᠠᠯᠵᠤ᠂ ᠵᠠᠰᠠᠭ ᠤᠨ ᠣᠷᠳᠣᠨ ᠤ ᠦᠨ᠎ᠡ ᠬᠠᠩᠰᠢ ᠶᠢᠨ ᠲᠥᠷᠦ ᠶᠢᠨ ᠪᠣᠳᠤᠯᠭ᠎ᠠ ᠲᠣᠭᠲᠠᠭᠠᠬᠤ ᠪᠠ ᠲᠤᠬᠢᠷᠠᠭᠤᠯᠤᠯᠳᠠ ᠬᠢᠬᠦ ᠳᠤ  ᠰᠢᠢᠳᠪᠦᠷᠢᠲᠦ ᠪᠤᠳᠤᠯᠭ᠎ᠠ ᠲᠣᠭᠲᠠᠭᠠᠬᠤ ᠦᠨᠳᠦᠰᠦᠯᠡᠯ ᠬᠠᠩᠭᠠᠨ᠎ᠠ᠃      ︵ᠭᠤᠴᠢᠨ ᠬᠤᠶᠠᠷ︶ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠲᠣᠪᠴᠢᠶ᠎ᠠ᠄ ᠨᠠᠶᠢᠳᠠᠭᠰᠠᠨ ᠲᠠᠯ᠎ᠠ ᠳᠤ ᠰᠢᠨᠵᠢᠯᠡᠬᠦ ᠤᠬᠠᠭᠠᠨᠴᠢ᠂ ᠵᠦᠢ ᠵᠣᠬᠢᠰᠲᠠᠶ᠂ ᠡᠷᠭᠡ ᠳᠡᠭᠰᠢ᠂ ᠲᠥᠪ ᠭᠤᠣᠯᠴᠢ ᠦᠨ᠎ᠡ ᠬᠠᠩᠰᠢ ᠶᠢᠨ ᠰᠢᠯᠭᠠᠨ ᠭᠡᠷᠡᠴᠢᠯᠡᠯᠲᠡ ᠬᠠᠩᠭᠠᠨ᠎ᠠ᠃ ᠬᠠᠤᠯᠢ ᠴᠠᠭᠠᠵᠠ ᠶᠢᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠨᠠᠶᠢᠳᠠᠯᠭ᠎ᠠ ᠶᠢ ᠬᠦᠯᠢᠶᠡᠵᠦ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠠᠵᠤ ᠠᠬᠤᠶ᠂ ᠵᠠᠰᠠᠭ ᠵᠠᠬᠢᠷᠭᠠᠨ ᠵᠢᠴᠢ ᠬᠥᠨᠳᠡᠯᠡᠨ ᠠᠴᠠ ᠲᠠᠰᠤᠯᠬᠤ ᠬᠡᠷᠡᠭ ᠲᠤ ᠬᠤᠯᠪᠣᠭᠳᠠᠭᠰᠠᠨ ᠡᠯ᠎ᠡ ᠲᠥᠷᠥᠯ ᠤᠨ ᠬᠡᠯᠪᠡᠷᠢᠳᠤ ᠡᠳ᠋ ᠬᠥᠷᠦᠩᠭᠡ᠂ ᠳᠠᠯᠳᠠ ᠬᠥᠷᠦᠩᠭᠡ ᠳᠤ ᠦᠨ᠎ᠡ ᠬᠠᠩᠰᠢ ᠶᠢᠨ ᠬᠢᠨᠠᠨ ᠲᠣᠭᠲᠠᠭᠠᠯᠲᠠ ᠬᠢᠨ᠎ᠡ︔ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠠᠷᠠᠳ ᠢᠷᠭᠡᠳ ᠤᠨ ᠨᠠᠶᠢᠳᠠᠯᠭ᠎ᠠ ᠶᠢ ᠭᠥᠯᠢᠶᠡᠨ᠂ ᠬᠡᠯᠪᠡᠷᠢᠳᠤ ᠡᠳ᠋ ᠬᠥᠷᠦᠩᠭᠡ᠂ ᠳᠠᠯᠳᠠ ᠬᠥᠷᠦᠩᠭᠡ ᠪᠤᠶᠤ  ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠭᠡᠷᠡᠴᠢᠯᠡᠭᠡ ᠬᠢᠬᠦ ᠪᠠ ᠦᠨ᠎ᠡ ᠬᠠᠩᠰᠢ ᠶᠢ ᠳᠣᠭᠢᠷᠠᠭᠤᠯᠤᠨ ᠲᠣᠭᠲᠠᠭᠠᠬᠤ ᠠᠴᠠ ᠡᠮᠦᠨᠡᠬᠢ ᠪᠣᠯᠤᠮᠵᠢᠲᠤ ᠴᠢᠨᠠᠷ ᠤᠨ ᠨᠤᠲᠠᠯᠠᠯᠲᠠ ᠬᠢᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠬᠡᠷᠡᠭᠵᠢᠭᠦᠯᠦᠨ᠎ᠡ᠃      ︵ᠭᠤᠴᠢᠨ ᠭᠤᠷᠪᠠ︶ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠯᠪᠡᠠ ᠭᠡᠷ᠄ ᠪᠥᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠰᠤᠳᠤᠯᠤᠨ ᠵᠠᠳᠠᠯᠬᠤ ᠶᠢᠨ ᠬᠠᠮᠲᠤ ᠣᠷᠣᠭᠤᠯᠤᠨ ᠠᠪᠴᠢᠷᠠᠬᠤ ᠭᠤᠤᠯᠳᠠᠯᠭ᠎ᠠ ᠲᠠᠢ ᠲᠥᠷᠥᠯ ᠵᠦᠢᠯ ᠤᠨ ᠲᠥᠷᠥᠯ ᠬᠡᠯᠪᠡᠷᠢ ᠵᠢᠴᠢ ᠲᠥᠰᠦᠯ ᠢ ᠳᠤᠷᠠᠳᠤᠨ ᠭᠠᠷᠭᠠᠵᠤ᠂ ᠰᠣᠩᠭᠤᠬᠤ ᠪᠠᠷ ᠪᠡᠯᠡᠳᠬᠡᠭᠰᠡᠨ ᠲᠥᠷᠥᠯ ᠵᠦᠢᠯ ᠢ ᠬᠠᠷᠢᠴᠠᠭᠤᠯᠤᠨ ᠰᠢᠯᠢᠨ ᠰᠣᠩᠭᠤᠵᠤ᠂ ᠭᠤᠤᠯᠳᠠᠯᠭ᠎ᠠ ᠲᠠᠢ ᠲᠡᠳᠬᠦᠬᠦ ᠲᠥᠷᠥᠯ ᠵᠦᠢᠯ ᠢ ᠲᠣᠭᠲᠠᠭᠠᠨ᠂ ᠡᠯ᠎ᠡ ᠰᠠᠯᠠᠭ᠎ᠠ ᠮᠥᠴᠢᠷ ᠢ ᠵᠤᠬᠢᠴᠠᠭᠤᠯᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠥᠮᠴᠢᠲᠡᠨ ᠢ ᠱᠠᠭᠠᠷᠳᠠᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠨᠥᠬᠦᠴᠡᠯ ᠲᠠᠢ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ︵ᠭᠤᠴᠢᠨ ᠳᠥᠷᠪᠡ︶ ᠬᠥᠬᠡᠬᠤᠲᠠ ᠪᠤᠭᠤᠲᠤ ᠣᠷᠳᠣᠰ ᠤᠨ ᠬᠠᠮᠵᠢᠯᠴᠠᠨ ᠬᠦᠭᠵᠢᠬᠦ ᠶᠢ ᠠᠬᠢᠭᠤᠯᠬᠤ ᠰᠠᠯᠠᠭ᠎ᠠ᠄  ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠬᠢᠭᠡᠳ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ︔ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠪᠠᠯᠠ ᠮᠥᠩᠭᠦ ᠪᠠ ᠲᠥᠷᠥᠯ ᠵᠦᠢᠯ ᠤᠨ ᠳᠡᠮᠵᠢᠯᠭᠡ ᠶᠢ ᠲᠡᠮᠡᠴᠡᠨ ᠤᠯᠬᠤ ᠠᠵᠢᠯ ᠢ ᠵᠣᠬᠢᠶᠠᠨ ᠪᠠᠶᠢᠭᠤᠯᠤᠨ᠎ᠠ︔ ᠬᠠᠮᠵᠢᠯᠴᠠᠨ ᠬᠥᠭᠵᠢᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠤᠨ᠎ᠠ︔ ᠤᠳᠤᠷᠢᠳᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠵᠦᠢᠯᠡᠰ ᠢ ᠱᠠᠭᠠᠷᠳᠠᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠬᠠᠮᠵᠢᠯᠴᠠᠨ ᠬᠥᠭᠵᠢᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠠ︔ ᠲᠤᠰᠬᠠᠶ ᠰᠢᠯᠭᠠᠨ ᠬᠢᠨᠠᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ︔ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠳᠠᠭᠠᠭᠠᠨ ᠭᠦᠢᠴᠡᠳᠬᠡᠨ᠎ᠡ᠃      ︵ᠭᠤᠴᠢᠨ ᠲᠠᠪᠤ︶ ᠡᠨᠧᠷᠭᠢ ᠶᠢᠨ ᠲᠥᠯᠥᠪᠵᠢᠭᠦᠯᠭᠡ ᠶᠢ ᠵᠣᠬᠢᠴᠠᠭᠤᠯᠬᠤ ᠰᠠᠯᠠᠭ᠎ᠠ ︵ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠳᠠᠭᠠᠳᠤ ᠶᠠᠪᠤᠳᠠᠯ ᠤᠨ ᠶᠡᠷᠦᠩᠬᠡᠶᠢᠯᠡᠨ ᠵᠣᠬᠢᠴᠠᠭᠤᠯᠬᠤ ᠰᠠᠯᠠᠭ᠎ᠠ︶᠄ ᠪᠦᠬᠦ ᠬᠤᠳᠠ ᠶᠢᠨ ᠡᠨᠧᠷᠭᠢ ᠶᠢᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ ᠪᠠ ᠣᠨ ᠤ ᠲᠥᠯᠦᠪᠯᠡᠯᠭᠡ ᠶᠢ ᠰᠤᠳᠤᠯᠤᠨ ᠳᠤᠭᠤᠷᠪᠢᠨ ᠲᠣᠭᠲᠠᠭᠠᠨ᠎ᠠ︔ ᠡᠯ᠎ᠡ ᠲᠥᠷᠥᠯ ᠤᠨ ᠡᠨᠧᠷᠭᠢ ᠶᠢᠨ ᠲᠥᠯᠥᠪᠵᠢᠭᠦᠯᠭᠡ ᠶᠢ ᠬᠠᠮᠢᠶ᠎ᠠ ᠪᠥᠬᠦᠶ ᠲᠥᠯᠥᠪᠵᠢᠭᠦᠯᠭᠡ ᠲᠠᠢ ᠠᠪᠴᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ ᠬᠠᠷᠢᠭᠤᠴᠠᠨ᠎ᠠ︔ ᠪᠥᠬᠦ ᠬᠤᠲᠠ ᠶᠢᠨ ᠡᠨᠧᠷᠭᠢ ᠶᠢᠨ ᠨᠡᠭᠡᠭᠡᠯᠳᠡ ᠶᠢ ᠪᠦᠷᠢᠳᠭᠡᠬᠦ ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ︔ ᠡᠨᠧᠷᠭᠢ ᠶᠢᠨ ᠳᠦᠰᠦᠭᠡᠯᠡᠬᠦ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠴᠢᠬᠤᠯᠠ ᠠᠰᠠᠭᠤᠳᠠᠯ ᠤᠨ ᠲᠤᠬᠠᠶ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠳᠠ ᠶᠢᠨ ᠡᠨᠧᠷᠭᠢ ᠎ ᠶᠢᠨ ᠨᠡᠭᠡᠭᠡᠯᠳᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠡᠨᠧᠷᠭᠢ ᠶᠢᠨ ᠬᠠᠤᠯᠢ ᠲᠦᠷᠢᠮ ᠤᠨ ᠠᠵᠢᠯ ᠢ ᠵᠢᠯᠣᠭᠤᠳᠴᠤ᠂ ᠡᠨᠧᠷᠬᠢ ᠶᠢᠨ ᠶᠡᠷᠦᠩᠬᠡᠶᠢᠯᠡᠭᠰᠡᠨ ᠴᠢᠨᠠᠷᠲᠠᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ ᠲᠦᠷᠢᠮ ᠢ ᠵᠤᠬᠢᠶᠠᠨ ᠪᠠᠶᠢᠭᠤᠯᠤᠨ ᠳᠤᠭᠤᠷᠪᠢᠵᠤ᠂ ᠡᠨᠧᠷᠭᠢ ᠶᠢᠨ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠬᠠᠤᠯᠢ ᠲᠣᠭᠲᠠᠭᠠᠯ ᠢ ᠲᠤᠭᠤᠷᠪᠢᠨ ᠲᠣᠭᠲᠠᠭᠠᠨ᠎ᠠ︔ ᠡᠨᠧᠷᠭᠢ ᠶᠢᠨ ᠪᠠᠶᠢᠭᠤᠯᠤᠯ ᠎ ᠤᠨ ᠶᠡᠷᠦᠩᠬᠡᠶᠢᠯᠡᠭᠰᠡᠨ ᠴᠢᠨᠠᠷᠲᠠᠶ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠨᠡᠭᠦᠷᠡᠰᠦ᠂ ᠴᠠᠬᠢᠯᠭᠠᠨ ᠬᠦᠴᠦ᠂ ᠰᠢᠨ᠎ᠡ ᠡᠨᠧᠷᠭᠢ᠂ ᠴᠢᠯᠠᠭᠤᠨ ᠲᠤᠰᠤ ᠰᠢᠲᠠᠮᠠᠬᠠᠶ ᠬᠡᠢ ᠵᠡᠷᠭᠡ ᠶᠢᠨ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠲᠦᠯᠦᠪᠯᠡᠨ ᠠᠬᠢᠭᠤᠯᠤᠨ᠎ᠠ︔ ᠡᠨᠧᠷᠭᠢ ᠶᠢᠨ ᠦᠢᠯᠡᠳᠬᠦᠨ ᠤ ᠦᠨ᠎ᠡ ᠬᠠᠩᠰᠢ ᠶᠢᠨ ᠬᠠᠮᠢᠶᠠᠷᠤᠯᠳᠠ ᠶᠢᠨ ᠠᠵᠢᠯ ᠳᠤ ᠤᠷᠤᠯᠴᠠᠨ᠎ᠠ︔ ᠡᠨᠧᠷᠭᠢ ᠶᠢᠨ ᠭᠠᠳᠠᠭᠰᠢ ᠨᠡᠭᠡᠭᠡᠬᠦ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠢᠯᠢ ᠶᠢᠨ ᠭᠠᠳᠠᠨᠠᠬᠢ ᠡᠨᠧᠷᠭᠢ ᠶᠢ ᠨᠡᠭᠡᠭᠡᠨ ᠠᠰᠢᠭᠯᠠᠬᠤ ᠪᠠ ᠬᠠᠮᠲᠤᠷᠠᠨ ᠠᠵᠢᠯᠯᠠᠬᠤ  ᠎ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃      ︵ᠭᠤᠴᠢᠨ ᠵᠢᠷᠭᠤᠭ᠎ᠠ︶ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢ ᠨᠡᠭᠡᠭᠡᠨ ᠠᠰᠢᠭᠯᠠᠬᠤ ᠰᠠᠯᠠᠭ᠎ᠠ᠄ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠠᠵᠤ ᠦᠢᠯᠡᠰ ᠤᠨ ᠬᠥᠭᠵᠢᠯᠲᠡ ᠶᠢᠨ ᠳᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠨ᠎ᠠ︔ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠤᠳᠤᠯᠭ᠎ᠠ ᠳᠦᠷᠢᠮ ᠳᠤᠭᠳᠠᠭᠠᠯ ᠢ ᠳᠤᠭᠤᠷᠪᠢᠨ᠎ᠠ︔ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︵ᠰᠢᠲᠠᠮᠠᠬᠠᠶ ᠬᠡᠶ ᠶᠢᠨ ᠬᠤᠭᠤᠯᠠᠶ ᠪᠠᠭᠲᠠᠨ᠎ᠠ︶᠎ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠦᠨ᠎ᠡ︔ ᠪᠠᠶᠢᠭᠠᠯᠢ ᠶᠢᠨ ᠰᠢᠲᠠᠮᠠᠬᠠᠶ ᠬᠡᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠶ ᠶᠢᠨ ᠢᠷᠡᠯᠲᠡ ᠶᠢᠨ ᠭᠦᠢᠴᠡᠳᠭᠡᠯ ᠲᠤᠭ᠎ᠠ ᠶᠢ ᠳᠣᠭᠢᠷᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠤᠨ᠎ᠠ︔ ᠪᠥᠬᠦ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠡᠬᠢ ᠪᠠᠶᠠᠯᠢᠭ ᠤᠨ ᠨᠡᠭᠡᠭᠡᠯᠳᠡ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠡᠭᠦᠷᠭᠡᠯᠡᠨ᠎ᠡ︔ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠰᠤᠳᠤᠯᠤᠨ᠎ᠠ︔ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠲᠠ ᠶᠢᠨ ᠴᠢᠯᠠᠭᠤᠨ ᠲᠣᠰᠣ ᠨᠥᠭᠡᠴᠡᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ︔ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠣᠷᠳᠣᠰ ᠤᠨ ᠭᠡᠶᠢᠵᠢᠬᠦᠯᠦᠯᠳᠡ ᠶᠢᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ︔ ᠪᠥᠬᠦ ᠬᠤᠲᠠ ᠶᠢᠨ ᠭᠡᠪ ᠤᠨ ᠪᠤᠰᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠡᠬᠢ ᠪᠠᠶᠠᠯᠢᠭ ᠤᠨ ᠨᠡᠭᠡᠭᠡᠯᠳᠡ ᠶᠢᠨ ᠡᠮᠦᠨᠡᠬᠢ ᠬᠤᠭᠤᠴᠠᠭᠠᠨ ᠤ ᠠᠵᠢᠯ ᠢ ᠬᠠᠷᠢᠭᠤᠴᠠᠨ᠎ᠠ︔ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ ᠶᠢ ᠪᠠᠲᠤᠯᠠᠬᠤ ᠵᠢᠴᠢ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠶᠠᠰᠤ ᠴᠢᠨᠠᠷ ᠢ ᠲᠠᠰ ᠳᠡᠪᠰᠢᠭᠦᠯᠬᠦ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃      ︵ᠭᠤᠴᠢᠨ ᠲᠤᠯᠤᠭ᠎ᠠ︶ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠠᠮᠤᠷ ᠲᠦᠪᠰᠢᠨ ᠢ ᠬᠢᠨᠠᠨ ᠬᠠᠮᠢᠶᠠᠷᠬᠤ ᠰᠠᠯᠠᠭ᠎ᠠ᠄ ᠪᠥᠬᠦ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠳᠠᠮᠵᠢᠭᠤᠯᠬᠤ ᠬᠤᠭᠤᠯᠠᠶ ᠶᠢᠨ ᠬᠠᠮᠠᠭᠠᠯᠠᠯᠲᠠ ᠶᠢᠨ ᠠᠵᠢᠯ ︵ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠬᠤᠭᠤᠯᠠᠶ ᠪᠠ ᠲᠣᠰᠣ ᠬᠡᠶ ᠶᠢᠨ ᠠᠭᠤᠷᠬᠠᠶ ᠶᠢᠨ ᠲᠥᠪᠯᠡᠷᠡᠭᠦᠯᠦᠨ ᠳᠠᠮᠵᠢᠭᠤᠯᠬᠤ ᠬᠤᠭᠤᠯᠠᠶ ᠶᠢᠨ ᠳᠤᠤᠷ᠂ ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠲᠠᠬᠢ ᠬᠤᠭᠤᠯᠠᠶ ᠶᠢᠨ ᠬᠠᠮᠠᠭᠠᠯᠠᠯᠲᠠ ᠪᠠᠭᠲᠠᠬᠤ ᠥᠬᠡᠶ︶᠎ ᠢ ᠭᠤᠤᠯᠴᠢᠯᠠᠨ ᠬᠠᠮᠢᠶᠠᠷᠤᠨ᠎ᠠ ︔ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢᠨ ᠳᠠᠮᠵᠢᠭᠤᠯᠬᠤ ᠬᠤᠭᠤᠯᠠᠶ ᠶᠢᠨ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ ᠨᠢᠭᠡᠴᠡ ᠶᠢᠨ ᠳᠠᠮᠵᠢᠭᠤᠯᠬᠤ ᠬᠤᠭᠤᠯᠠᠶ ᠶᠢᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ︔ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠦᠷᠨᠢᠬᠦᠯᠦᠨ᠎ᠡ︔ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠭᠡᠨ᠎ᠡ︔ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢᠨ ᠳᠠᠮᠵᠢᠭᠤᠯᠬᠤ ᠬᠤᠭᠤᠯᠠᠶ ᠶᠢᠨ ᠡ᠊ᠨᠳᠡᠯ ᠢ ᠪᠠᠶᠢᠴᠠᠭᠠᠬᠤ ᠠᠵᠢᠯ ᠳᠤ ᠤᠷᠤᠯᠴᠠᠨ᠎ᠠ︔ ᠤᠯᠤᠰ ᠤᠨ ᠠᠵᠤ ᠦᠢᠯᠡᠰ ᠤᠨ ᠬᠠᠮᠢᠶ᠎ᠠ ᠪᠦᠬᠦᠢ ᠲᠥᠷᠦ ᠶᠢᠨ ᠪᠣᠳᠤᠯᠭ᠎ᠠ ᠪᠠ ᠠᠵᠢᠯ ᠲᠦᠷᠦᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠠᠵᠢᠯᠯᠠᠬᠤ ᠬᠠᠶ᠋ᠢᠭ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ B ᠰᠠᠭᠤᠳᠠᠯ ᠤᠨ 10 ᠳ᠋ᠤᠭᠠᠷ ᠳᠠᠪᠬᠤᠷᠭ᠎ᠠ      ᠠᠵᠢᠯᠯᠠᠬᠤ ᠤᠲᠠᠰᠤ᠄ 0477 ︱ 8588066      ᠠᠵᠢᠯᠯᠠᠬᠤ ᠴᠠᠭ᠄ 9᠄ 00 ︱ 12᠄ 00 14᠄ 00 ︱ 17᠄ 30      ᠰᠢᠦᠳᠠᠨ ᠳ᠋ᠤᠭᠠᠷ᠄ 017010      ᠰᠦᠯᠵᠢᠶᠡᠨ ᠬᠠᠶ᠋ᠢᠭ᠄ http://fgw.or dos
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ