ᠡᠳ᠋ ᠤᠨ ᠵᠠᠰᠠᠭ ᠤᠨ ᠳᠤᠪᠴᠢᠶ᠎ᠠ
ᠨᠡᠶᠢᠲᠡᠯᠡᠭᠰᠡᠨ ᠴᠠᠭ᠄
2021/8/26
   ᠨᠢᠭᠡ᠂ ᠤᠳᠤᠷᠢᠳᠬᠤ ᠪᠠᠭ    ᠭᠤᠤ ᠢ ᠳ᠋ᠦᠩ᠄ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠃ ᠬᠤᠲᠠ ᠶᠢᠨ ᠡᠳ᠋ ᠤᠨ ᠵᠠᠰᠠᠭ  ᠤᠨ ᠲᠣᠪᠴᠢᠶᠠᠨ ᠤ ᠪᠦᠬᠦ ᠲᠠᠯ᠎ᠠ ᠶᠢᠨ ᠠᠵᠢᠯ ᠢ  ᠡᠷᠬᠢᠯᠡᠨ᠎ᠡ᠃ ᠲᠥᠰᠦᠪ ᠤᠨ ᠰᠠᠯᠠᠭ᠎ᠠ᠂ ᠲᠥᠰᠦᠪ ᠢ ᠨᠠᠶᠢᠷᠠᠭᠤᠯᠤᠨ ᠬᠢᠨᠠᠬᠤ ᠲᠥᠪ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢ  ᠬᠤᠪᠢᠶᠠᠨ ᠬᠠᠮᠢᠶᠠᠷᠤᠨ᠎ᠠ᠃    ᠵᠠᠩ ᠢᠦᠢ ᠯᠠᠨ᠄ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠎ ᠤᠨ ᠰᠠᠯᠠᠭ᠎ᠠ᠂ ᠠᠵᠤ ᠠᠬᠤᠶ ᠠᠷᠠᠯᠵᠢᠶᠠᠨ ᠤ ᠰᠠᠯᠠᠭ᠎ᠠ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠪᠡᠯᠡ ᠴᠤᠭᠯᠠᠭᠤᠯᠭ᠎ᠠ ᠶᠢᠨ ᠳᠠᠭᠠᠭᠠᠯᠳᠠ ᠎ ᠶᠢᠨ ᠬᠢᠵᠠᠭᠠᠷᠲᠤ ᠺᠣᠮᠫᠠᠨᠢ ᠶᠢ  ᠬᠤᠪᠢᠶᠠᠨ ᠬᠠᠮᠢᠶᠠᠷᠤᠨ᠎ᠠ᠃    ᠶᠠᠩ ᠶᠢᠩ ᠰᠢᠨ᠄ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ᠃ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠣᠪᠴᠢᠶᠠᠨ ᠳᠠᠷᠤᠭ᠎ᠠ  ᠶᠢ ᠬᠠᠮᠵᠢᠵᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢ  ᠬᠤᠪᠢᠶᠠᠨ ᠬᠠᠮᠢᠶᠠᠷᠤᠨ᠎ᠠ  ︵ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠪᠠᠭᠲᠠᠨ᠎ᠠ  ︶︔  ᠠᠯᠪᠠᠨ ᠬᠡᠷ᠂  ᠶᠡᠷᠦᠩᠬᠡᠶᠢᠯᠡᠭᠰᠡᠨ ᠰᠤᠳᠤᠯᠬᠤ ᠲᠠᠰᠤᠭ᠂ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠰᠠᠯᠠᠭ᠎ᠠ᠂ ᠠᠵᠤ ᠦᠶᠯᠡᠳᠪᠦᠷᠢ ᠡᠨᠧᠷᠭᠢ ᠶᠢᠨ ᠰᠠᠯᠠᠭ᠎ᠠ᠂ ᠪᠠᠶᠢᠭᠠᠯᠢ ᠎ ᠶᠢᠨ ᠡᠬᠢ ᠪᠠᠶᠠᠯᠢᠭ ᠪᠠ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭ᠎ᠠ᠂ ᠶᠡᠷᠦᠩᠬᠡᠶᠢᠯᠡᠭᠰᠡᠨ ᠪᠠᠲᠤᠯᠠᠭ᠎ᠠ ᠎ ᠶᠢᠨ ᠲᠥᠪ ᠢ ᠬᠤᠪᠢᠶᠠᠨ ᠬᠠᠮᠢᠶᠠᠷᠤᠨ᠎ᠠ︔ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ᠂ ᠠᠵᠤ ᠠᠬᠤᠶ ᠠᠷᠠᠯᠵᠢᠶᠠᠨ ᠤ ᠰᠠᠯᠠᠭ᠎ᠠ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠪᠡᠯᠡ ᠴᠤᠭᠯᠠᠭᠤᠯᠭ᠎ᠠ ᠶᠢᠨ ᠳᠠᠭᠠᠭᠠᠯᠳᠠ ᠶᠢᠨ ᠬᠢᠵᠠᠭᠠᠷᠲᠤ ᠺᠣᠮᠫᠠᠨᠢ ᠶᠢ  ᠣᠷᠣᠯᠠᠨ ᠬᠠᠮᠢᠶᠠᠷᠤᠨ᠎ᠠ᠃    ᠯᠢᠦ ᠸᠧᠨ ᠴᠢᠩ᠄ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ᠃ ᠤᠯᠤᠰ ᠤᠨ ᠰᠠᠩ ᠤᠨ ᠰᠠᠯᠠᠭ᠎ᠠ᠂  ᠬᠠᠤᠯᠢ  ᠳᠦᠷᠢᠮ ᠭᠠᠶᠢᠯᠢ ᠶᠢᠨ ᠶᠠᠪᠤᠳᠠᠯ ᠤᠨ ᠰᠠᠯᠠᠭ᠎ᠠ᠂ ᠥᠷᠢ ᠥᠭᠴᠡᠭᠡ ᠶᠢᠨ ᠬᠠᠮᠢᠶᠠᠷᠤᠯᠲᠠ ᠶᠢᠨ ᠰᠠᠯᠠᠭ᠎ᠠ᠂ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ᠂ ᠮᠥᠩᠭᠦᠨ ᠬᠦᠢᠯᠭᠡᠭᠡ ᠭᠠᠳᠠᠭᠠᠳᠣ ᠠᠵᠤ ᠠᠬᠤᠶ ᠶᠢᠨ ᠰᠠᠯᠠᠭ᠎ᠠ᠂ ᠤᠯᠤᠰ ᠤᠨ ᠰᠠᠩ  ᠤᠨ ᠬᠤᠷᠢᠶᠠᠵᠤ ᠦᠭᠬᠦ ᠲᠥᠪ᠂ ᠤᠯᠤᠰ ᠤᠨ ᠥᠮᠴᠢᠯᠡᠯᠲᠦ ᠮᠥᠩᠭᠦᠨ ᠭᠦᠶᠯᠭᠡᠭᠡᠨ ᠤ ᠬᠥᠷᠥᠩᠭᠡ ᠶᠢᠨ ᠡᠷᠬᠢᠯᠳᠡ ᠡᠵᠡᠩᠨᠡᠯᠲᠡ ᠶᠢᠨ ᠪᠠᠲᠤᠯᠠᠭ᠎ᠠ ᠶᠢᠨ ᠲᠥᠪ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠪ᠂ ᠡᠳ᠋ ᠤᠨ ᠢᠷᠡᠯᠲᠡ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠲᠥᠪ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠪ᠂ ᠣᠷᠳᠣᠰ ᠬᠤᠲᠠ ᠶᠢᠨ ᠮᠥᠩᠭᠦᠨ ᠭᠦᠶᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠢᠩ ᠰᠢᠨ ᠪᠠᠯᠠ ᠴᠤᠭᠯᠠᠭᠤᠯᠭ᠎ᠠ ᠳᠠᠭᠠᠭᠠᠯᠳᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠷᠳᠣᠰ ᠲᠠᠬᠢ ᠬᠤᠪᠢᠶᠠᠷᠢ ᠺᠣᠮᠫᠠᠨᠢ ᠶᠢ  ᠬᠤᠪᠢᠶᠠᠨ ᠬᠠᠮᠢᠶᠠᠷᠤᠨ᠎ᠠ᠃   ᠫᠧᠩ ᠵᠢᠶᠠᠨ ᠮᠢᠨ᠄ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ᠃ ᠲᠣᠪᠴᠢᠶᠠᠨ ᠳᠠᠷᠤᠭ᠎ᠠ ᠶᠢ ᠬᠠᠮᠵᠢᠨ ᠲᠥᠰᠦᠪ ᠤᠨ ᠰᠠᠯᠠᠭ᠎ᠠ᠂ ᠲᠥᠰᠦᠪ ᠢ ᠨᠠᠶᠢᠷᠠᠭᠤᠯᠤᠨ ᠬᠢᠨᠠᠬᠤ ᠲᠥᠪ ᠢ ᠬᠤᠪᠢᠶᠠᠨ ᠬᠠᠮᠢᠶᠠᠷᠤᠨ᠎ᠠ︔ ᠵᠠᠰᠠᠭ ᠵᠠᠬᠢᠷᠭᠠᠨ ᠤ ᠰᠠᠯᠠᠭ᠎ᠠ᠂ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ᠂  ᠦᠷ᠎ᠡ ᠪᠥᠳᠥᠮᠵᠢ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠰᠠᠯᠠᠭ᠎ᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ᠂ ᠨᠢᠭᠲᠠᠯᠠᠨ ᠪᠤᠳᠤᠬᠤ ᠰᠠᠯᠠᠭ᠎ᠠ᠂ ᠦᠷ᠎ᠡ ᠪᠥᠳᠥᠮᠵᠢ ᠶᠢᠨ ᠦᠨᠡᠯᠡᠯᠲᠡ ᠶᠢᠨ ᠲᠥᠪ᠂ ᠵᠠᠰᠠᠭ ᠵᠠᠬᠢᠷᠭᠠᠨ ᠤ ᠤᠯᠤᠰ ᠎ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠡᠮᠵᠢᠬᠦ ᠲᠥᠪ ᠢ ᠬᠤᠪᠢᠶᠠᠨ ᠬᠠᠮᠢᠶᠠᠷᠤᠨ᠎ᠠ︔ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭ᠎ᠠ ᠶᠢ ᠣᠷᠣᠯᠠᠨ ᠬᠠᠮᠢᠶᠠᠷᠤᠨ᠎ᠠ᠃    ᠬᠤᠶᠠᠷ᠂ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ  ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠣᠭᠠᠨ ᠤ ᠲᠣᠭᠲᠠᠭᠠᠯ   ᠨᠢᠭᠡᠳᠦᠭᠡᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ  ︾᠎ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃   ᠬᠤᠶᠠᠳᠤᠭᠠᠷ ᠵᠦᠢᠯ    ᠣᠷᠳᠣᠰ ᠬᠤᠲᠠ ᠶᠢᠨ  ᠡᠳ᠋  ᠎ ᠤᠨ ᠵᠠᠰᠠᠭ ᠤᠨ ᠲᠣᠪᠴᠢᠶ᠎ᠠ ᠪᠣᠯ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠎ ᠤᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠰᠢᠶᠠᠨ ᠤ ᠳᠡᠰ ᠤᠨ ᠪᠠᠶᠢᠭᠤᠯᠭ᠎ᠠ  ᠪᠣᠯᠤᠨ᠎ᠠ᠃   ᠭᠤᠷᠪᠠᠳᠤᠭᠠᠷ ᠵᠦᠢᠯ    ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠡᠳ᠋ ᠤᠨ ᠵᠠᠰᠠᠭ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ  ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃   ᠭᠤᠣᠯ ᠲᠤᠰᠢᠶᠠᠯ ᠬᠠᠷᠢᠭᠤᠴᠠᠯᠭ᠎ᠠ ᠪᠣᠯ  ᠄   ︵ᠨᠢᠭᠡ︶ ᠪᠦᠬᠦ ᠬᠤᠲᠠ ᠶᠢᠨ ᠡᠳ᠋ ᠤᠨ ᠵᠠᠰᠠᠭ  ᠤᠨ ᠬᠥᠭᠵᠢᠯᠲᠡ ᠶᠢᠨ ᠲᠦᠯᠦᠪᠵᠢᠭᠦᠯᠭᠡ  ᠂ ᠲᠥᠷᠦ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠳᠦᠰᠦᠭᠡᠯᠡᠵᠤ᠂ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠳᠤ ᠣᠷᠣᠯᠴᠠᠵᠤ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ ᠲᠤᠬᠢᠷᠠᠭᠤᠯᠭ᠎ᠠ ᠡᠵᠡᠮᠰᠢᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠬᠦᠷᠢᠰᠢᠭᠦᠯᠬᠦ ᠲᠤᠬᠠᠢ ᠰᠠᠨᠠᠭᠤᠯᠭ᠎ᠠ ᠳᠤᠷᠠᠳᠤᠨ᠎ᠠ᠃ ᠬᠤᠲᠠ ᠪᠠ ᠬᠤᠰᠢᠭᠤ ᠲᠣᠭᠤᠷᠢᠭ᠂ ᠵᠠᠰᠠᠭ  ᠤᠨ ᠣᠷᠳᠣᠨ ᠪᠠ ᠠᠵᠤ ᠠᠬᠤᠶᠢᠯᠠᠯ ᠤᠨ ᠬᠤᠪᠢᠶᠠᠷᠢᠯᠠᠯᠲᠠ ᠶᠢᠨ ᠲᠥᠷᠦ ᠶᠢᠨ ᠪᠣᠳᠣᠯᠭ᠎ᠠ ᠪᠠ ᠠᠷᠭ᠎ᠠ ᠎ ᠶᠢ ᠲᠤᠭᠤᠷᠪᠢᠨ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ  ᠤᠨ ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠣᠷᠳᠣᠰ ᠬᠤᠲᠠ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ  ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃   ︵ᠬᠤᠶᠠᠷ︶ ᠪᠦᠬᠦ ᠬᠤᠲᠠ ᠶᠢᠨ ᠡᠳ᠋ ᠤᠨ ᠵᠠᠰᠠᠭ᠂  ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ  ᠎ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃   ︵ᠭᠤᠷᠪᠠ︶ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠡᠯ᠎ᠡ ᠲᠥᠷᠥᠯ ᠤᠨ ᠣᠷᠣᠯᠭ᠎ᠠ ᠵᠠᠷᠤᠯᠭ᠎ᠠ ᠶᠢ ᠬᠠᠷᠢᠭᠤᠴᠠᠨ ᠬᠠᠮᠢᠶᠠᠷᠤᠨ᠎ᠠ᠃ ᠬᠤᠲᠠ ᠶᠢᠨ ᠲᠣᠰ ᠱᠠᠲᠤᠨ ᠤ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠤᠭᠳᠠᠭᠰᠡᠨ ᠲᠤᠭ᠎ᠠ ᠶᠢ ᠵᠤᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ︵ᠨᠢᠭᠡᠴᠡ︶ ᠎ ᠤᠨ ᠣᠨ ᠤ ᠲᠥᠰᠦᠪ ᠪᠠ ᠲᠥᠰᠦᠪ ᠤᠨ ᠭᠦᠶᠴᠡᠳᠬᠡᠯ ᠢ ᠬᠢᠨᠠᠨ ᠬᠠᠷᠭᠤᠭᠤᠯᠵᠤ ᠴᠣᠬᠤᠯᠠᠪᠤᠷᠢᠯᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ  ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ ᠭᠦᠢᠴᠡᠳᠬᠡᠬᠦ ᠪᠠ ᠲᠥᠰᠦᠪ ᠤᠨ ᠭᠦᠢᠴᠡᠳᠬᠡᠯ ᠵᠡᠷᠭᠡ  ᠪᠠᠶᠢᠳᠠᠯ ᠢ ᠮᠡᠳᠡᠭᠦᠯᠦᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ  ᠂ ᠬᠤᠲᠠ ᠶᠢᠨ  ᠡᠳ᠋ ᠤᠨ ᠵᠠᠰᠠᠭ ᠠᠴᠠ ᠭᠠᠷᠭᠠᠭᠰᠠᠨ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠲᠣᠰ ᠱᠠᠲᠤᠨ ᠤ ᠲᠥᠰᠦᠪ ᠪᠠ ᠲᠥᠰᠦᠪ ᠎ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠬᠤᠲᠠ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠵᠢᠯ ᠤᠨ ᠡᠴᠦᠰ ᠤᠨ ᠲᠥᠰᠦᠪ ᠤᠨ ᠭᠦᠶᠴᠡᠳᠬᠡᠯ ᠢ ᠭᠦᠶᠴᠡᠳᠬᠡᠨ᠎ᠡ᠃   ︵ᠳᠥᠷᠪᠡ  ︶ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭ᠎ᠠ᠂ ᠠᠵᠢᠯ ᠦᠶᠯᠡᠰ ᠤᠨ ᠴᠢᠨᠠᠷᠲᠠᠶ ᠰᠦᠶᠳᠬᠡᠯ ᠬᠤᠷᠢᠶᠠᠬᠤ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ  ᠬᠠᠮᠢᠶᠠᠷᠤᠨ᠎ᠠ᠃ ᠰᠤᠭᠤᠯᠠᠭ᠎ᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠷᠭ᠎ᠠ ᠶᠢ ᠲᠤᠭᠤᠷᠪᠢᠨ ᠲᠣᠭᠲᠠᠭᠠᠵᠤ᠂ ᠰᠤᠭᠤᠯᠠᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠰᠤᠭᠤᠯᠠᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃    ︵ᠲᠠᠪᠤ︶ ᠪᠦᠬᠦ ᠬᠤᠲᠠ ᠶᠢᠨ ᠤᠯᠤᠰ ᠤᠨ ᠰᠠᠩ ᠤᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠬᠤᠪᠢᠶᠠᠬᠤ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠪᠦᠬᠦ ᠬᠤᠲᠠ ᠶᠢᠨ ᠤᠯᠤᠰ ᠤᠨ ᠰᠠᠩ ᠤᠨ ᠲᠤᠬᠠᠶᠢᠯᠠᠭᠰᠠᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠳᠣ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠤᠨ᠎ᠠ᠃   ︵ᠵᠢᠷᠭᠤᠭ᠎ᠠ︶ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠶ ᠤᠯᠤᠰ ᠤᠨ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠠᠷᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠵᠠᠰᠠᠭ  ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠬᠠᠤᠯᠢ ᠶᠣᠰᠣᠭᠠᠷ  ᠲᠤᠭᠤᠷᠪᠢᠨ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠲᠤᠭ᠎ᠠ ᠶᠢ ᠬᠢᠵᠠᠭᠠᠷᠯᠠᠨ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ  ᠦᠷᠢ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠎ ᠶᠢ ᠬᠠᠷᠢᠭᠤᠴᠠᠨ᠎ᠠ᠃   ︵ᠳᠣᠯᠤᠭ᠎ᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ ᠃ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠬᠤᠲᠠ ᠶᠢᠨ ᠲᠣᠰ ᠱᠠᠲᠤᠨ ᠤ ᠤᠯᠤᠰ ᠤᠨ  ᠥᠮᠴᠢᠯᠠᠯᠳᠤ ᠮᠥᠩᠭᠦᠨ ᠭᠦᠢᠯᠭᠡᠭᠡᠨ ᠤ ᠬᠥᠷᠥᠩᠭᠡ ᠶᠢᠨ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠢ  ᠭᠦᠢᠴᠡᠳᠬᠡᠵᠦ᠂ ᠤᠯᠤᠰ ᠤᠨ ᠥᠮᠴᠢᠯᠠᠯᠳᠤ ᠮᠥᠩᠭᠦᠨ ᠭᠦᠢᠯᠭᠡᠭᠡᠨ ᠤ ᠬᠥᠷᠥᠩᠭᠡ ᠶᠢᠨ ᠮᠡᠳᠡᠭᠦᠯᠦᠯᠲᠡ ᠶᠢᠨ ᠳᠦᠷᠢᠮ  ᠢ ᠪᠠᠶᠢᠭᠤᠯᠤᠨ᠎ᠠ᠃ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠯᠳᠤᠨ ᠬᠠᠮᠵᠢᠯᠴᠠᠬᠤ  ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ  ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠠᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ  ᠎ ᠤᠨ ᠥᠮᠴᠢᠯᠠᠯᠳᠤ  ᠡᠳ᠋ ᠬᠥᠷᠥᠩᠭᠡ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃   ︵ᠨᠠᠶᠮᠠ︶ ᠪᠦᠬᠦ ᠬᠤᠲᠠ ᠶᠢᠨ ᠤᠯᠤᠰ  ᠤᠨ ᠥᠮᠴᠢᠯᠠᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠵᠤ  ᠬᠤᠷᠢᠶᠠᠩᠭᠤᠶᠢᠯᠠᠨ ᠨᠠᠶᠢᠷᠠᠭᠤᠯᠤᠨ ᠵᠤᠬᠢᠶᠠᠬᠤ ᠶᠢ ᠬᠠᠷᠢᠭᠤᠴᠠᠨ᠎ᠠ᠃ ᠤᠯᠤᠰ ‍ᠤᠨ‌ᠥᠮᠴᠢᠯᠠᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠎ ᠤᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ᠠᠵᠤ  ᠠᠬᠤᠶᠢᠯᠠᠯ ᠤᠨ ᠤᠯᠤᠰ ᠤᠨ ᠥᠮᠴᠢᠯᠠᠯᠳᠤ ᠬᠥᠷᠥᠩᠭᠡ ᠶᠢᠨ ᠠᠰᠢᠭ ᠣᠷᠣᠯᠭ᠎ᠠ ᠶᠢ ᠬᠤᠷᠢᠶᠠᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃   ︵ᠶᠢᠰᠦ︶ ᠪᠦᠬᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠵᠤᠬᠢᠶᠠᠨ ᠨᠠᠶᠢᠷᠠᠭᠤᠯᠬᠤ ᠶᠢ ᠬᠠᠷᠢᠭᠤᠴᠠᠵᠤ  ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠪᠡᠯᠡ ᠮᠥᠩᠭᠦ  ︵ᠰᠠᠭᠤᠷᠢ ᠮᠥᠩᠭᠦ︶᠎ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ  ᠢ ᠲᠤᠭᠤᠷᠪᠢᠨ ᠲᠣᠭᠲᠠᠭᠠᠵᠤ᠂  ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃   ︵ᠠᠷᠪᠠ︶ ᠬᠤᠲᠠ ᠶᠢᠨ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠎ ᠶᠢᠨ ᠲᠣᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠵᠣᠭᠤᠰ ᠎ ᠢ ᠭᠦᠢᠴᠡᠳᠭᠡᠭᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠪᠦᠬᠦ ᠬᠤᠲᠠ ᠶᠢᠨ ᠦᠨᠳᠦᠰᠦᠨ ᠪᠦᠲᠦᠭᠡᠨ ᠪᠠᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠶᠢ  ᠲᠤᠭᠤᠷᠪᠢᠨ ᠳᠤᠭᠳᠠᠭᠠᠬᠤ ᠳᠤ ᠣᠷᠣᠯᠴᠠᠵᠤ᠂ ᠦᠨᠳᠦᠰᠦᠨ ᠪᠦᠲᠦᠭᠡᠨ ᠪᠠᠶᠢᠭᠤᠯᠤᠯᠳᠠ ᠶᠢᠨ ᠡᠳ᠋ ᠤᠨ ᠶᠠᠪᠤᠳᠠᠯ ᠤᠨ ᠳᠦᠷᠢᠮ ᠢ  ᠲᠤᠭᠤᠷᠪᠢᠨ ᠲᠣᠭᠲᠠᠭᠠᠨ᠎ᠠ᠃   ︵ᠠᠷᠪᠠᠨ ᠨᠢᠭᠡ︶ ᠪᠦᠬᠦ ᠬᠤᠲᠠ ᠶᠢᠨ ᠨᠢᠭᠲᠠᠯᠠᠨ ᠪᠣᠳᠣᠬᠤ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠣᠳᠣᠬᠤ ᠠᠵᠢᠯᠯᠠᠭ᠎ᠠ  ᠶᠢ  ᠬᠢᠨᠠᠯᠳᠠ ᠳᠠᠯᠪᠢᠵᠤ ᠵᠢᠷᠤᠮᠵᠢᠭᠤᠯᠤᠨ᠎ᠠ᠃ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ  ᠬᠢᠨᠠᠯᠲᠠ ᠲᠠᠯᠪᠢᠨ᠎ᠠ᠃   ︵ᠠᠷᠪᠠᠨ ᠬᠤᠶᠠᠷ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠶᠢᠨ ᠡᠵᠡᠮᠳᠡᠯ ᠢ ᠬᠢᠨᠠᠨ ᠵᠢᠯᠣᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠳᠤᠷᠠᠳᠤᠨ᠎ᠠ᠃   ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ  ᠤᠨ  ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃   ︵ᠠᠷᠪᠠᠨ ᠳᠥᠷᠪᠡ  ︶  ᠴᠢᠳᠠᠪᠬᠢ ᠶᠢᠨ ᠬᠤᠪᠢᠷᠠᠯᠳᠠ   1. ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠲᠣᠬᠢᠷᠠᠭᠤᠯᠭ᠎ᠠ ᠡᠵᠡᠮᠰᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠂ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ ᠮᠥᠩᠭᠦᠨ ᠬᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶ ᠶᠢ ᠬᠢᠨᠠᠨ ᠬᠡᠮᠵᠢᠵᠤ ᠲᠥᠰᠦᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠷᠠᠭᠤᠯᠤᠨ᠂ ᠴᠢᠬᠤᠯᠠ ᠶᠡᠭᠡ ᠠᠰᠠᠭᠤᠳᠠᠯ ᠢ ᠰᠤᠳᠤᠯᠬᠤ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ  ᠠᠯᠤᠰ ᠬᠡᠳᠦ ᠶᠢᠨ ᠴᠢᠨᠠᠷ᠂ ᠴᠢᠭᠯᠡᠭᠦᠯᠦᠯᠲᠦ ᠴᠢᠨᠠᠷ᠂ ᠬᠠᠮᠵᠢᠯᠴᠠᠬᠤ ᠴᠢᠨᠠᠷ ᠢ ᠴᠢᠩᠭᠠᠷᠠᠭᠤᠯᠤᠨ᠎ᠠ᠃   2.ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠳᠤᠬᠢᠴᠢᠯᠠᠭᠰᠠᠨ ᠡᠳ᠋ ᠤᠨ ᠵᠠᠰᠠᠭ ᠤᠨ ᠲᠦᠷᠢᠮ ᠢ ᠲᠦᠷᠭᠡᠳᠬᠡᠨ ᠪᠠᠶᠢᠭᠤᠯᠵᠤ᠂ ᠡᠳ᠋ ᠤᠨ ᠵᠠᠰᠠᠭ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠤᠨ᠂ ᠬᠤᠲᠠ  ᠂ ᠬᠤᠰᠢᠭᠤ ᠲᠣᠭᠤᠷᠢᠭ ᠤᠨ ᠣᠷᠣᠯᠭ᠎ᠠ ᠶᠢᠨ ᠬᠤᠪᠢᠶᠠᠷᠢᠯᠠᠯᠲᠠ ᠶᠢ ᠰᠢᠯᠤᠭᠤᠳᠬᠠᠵᠤ᠂ ᠡᠷᠬᠡ ᠬᠠᠷᠢᠭᠤᠴᠠᠯᠭ᠎ᠠ  ᠎ ᠨᠢ ᠲᠣᠳᠣᠷᠬᠠᠶ᠂ ᠡᠳ᠋ ᠤᠨ ᠬᠦᠴᠦᠨ ᠨᠢ ᠵᠣᠬᠢᠴᠠᠩᠭᠤᠶ᠂ ᠣᠷᠣᠨ ᠪᠦᠰᠡ ᠨᠢ ᠲᠡᠩᠴᠡᠭᠦᠷᠢᠲᠡᠶ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠤᠨ᠎ᠠ᠃ ᠰᠢᠯᠵᠢᠭᠦᠯᠦᠨ ᠥᠭᠬᠦ ᠲᠦᠷᠢᠮ ᠢ ᠲᠡᠭᠦᠯᠳᠡᠷᠵᠢᠭᠦᠯᠵᠦ᠂ ᠰᠢᠯᠵᠢᠭᠦᠯᠦᠨ ᠥᠭᠬᠦ ᠲᠦᠷᠦᠯ ᠠᠩᠭᠢᠯᠠᠯ ᠢ ᠰᠢᠯᠢᠳᠡᠭᠵᠢᠭᠦᠯᠦᠨ᠂ ᠰᠢᠯᠵᠢᠭᠦᠯᠦᠨ ᠥᠭᠬᠦ ᠵᠦᠢᠯᠡᠰ ᠢ ᠵᠢᠷᠤᠮᠵᠢᠭᠤᠯᠵᠤ᠂ ᠣᠷᠣᠨ ᠨᠤᠲᠤᠭ ᠤᠨ ᠨᠢᠭᠡᠳᠦᠯᠲᠡᠢ ᠲᠥᠯᠥᠪᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠲᠥᠰᠦᠪ ᠤᠨ ᠬᠤᠪᠢᠶᠠᠷᠢᠯᠠᠯᠲᠠ ᠶᠢ ᠠᠯᠬᠤᠮ ᠠᠯᠬᠤᠮ ᠢᠶᠠᠷ ᠨᠢᠭᠡᠳᠦᠯᠲᠡᠶ ᠪᠣᠯᠭᠠᠵᠤ᠂ ᠦᠷ᠎ᠡ ᠪᠥᠳᠥᠮᠵᠢ ᠶᠢᠨ  ᠬᠠᠮᠢᠶᠠᠷᠤᠯᠲᠠ ᠶᠢ ᠪᠦᠬᠦ ᠲᠠᠯ᠎ᠠ ᠪᠠᠷ  ᠬᠡᠷᠡᠭᠵᠢᠬᠦᠯᠵᠦ᠂ ᠪᠦᠬᠦ ᠲᠠᠯ᠎ᠠ ᠪᠠᠷ ᠵᠢᠷᠤᠮᠵᠢᠭᠰᠠᠨ᠂ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠎ ᠨᠢ ᠬᠦᠴᠦᠲᠡᠶ ᠲᠥᠰᠦᠪ ᠤᠨ ᠳᠦᠷᠢᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠨᠠᠷᠢᠨ ᠳᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠦᠨ᠎ᠡ᠃   3. ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠢᠭᠡᠯᠡᠯᠭᠡ ᠠᠪᠴᠤ ᠪᠠᠯᠠ ᠴᠤᠭᠯᠠᠭᠤᠯᠬᠤ ᠲᠣᠭᠲᠠᠴᠠ ᠶᠢ ᠵᠢᠷᠤᠮᠵᠢᠭᠤᠯᠵᠤ᠂ ︽ᠪᠢᠳᠡᠬᠦᠮᠵᠢᠯᠡᠭᠰᠡᠨ ᠡᠷᠬᠢᠯᠳᠡᠳᠦ︾ ᠬᠠᠮᠢᠶᠠᠷᠤᠯᠲᠠ ᠶᠢᠨ ᠲᠦᠷᠢᠮ ᠤᠨ ᠲᠤᠭᠳᠠᠯᠴᠠᠭ᠎ᠠ ᠶᠢ ᠪᠠᠶᠢᠭᠤᠯᠵᠤ᠂ ᠬᠠᠤᠯᠢ ᠪᠠᠷ ᠲᠣᠭᠲᠠᠭᠠᠭᠰᠠᠨ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠡᠵᠡᠮᠳᠡᠵᠦ᠂ ᠳᠠᠯᠳᠠ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ  ᠬᠦᠴᠦᠳᠡᠢ ᠰᠡᠷᠭᠡᠶᠢᠯᠡᠨ ᠡᠵᠡᠮᠳᠡᠵᠦ᠂  ᠰᠢᠰᠲ᠋ᠧᠮᠴᠢ  ᠴᠢᠨᠠᠷᠲᠠᠶ ᠲᠦᠭᠰᠢᠭᠦᠷᠢ ᠡᠭᠦᠰᠬᠦ ᠦᠬᠡᠢ ᠪᠠᠶᠢᠬᠤ ᠬᠤᠷᠢᠭ᠎ᠠ ᠱᠤᠭᠤᠮ ᠢ  ᠴᠢᠩᠭ᠎ᠠ  ᠰᠠᠬᠢᠨ᠎ᠠ᠃    ︵ᠠᠷᠪᠠᠨ ᠲᠠᠪᠤ  ︶ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃    1. ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠷᠳᠣᠰ ᠪᠣᠭᠤᠮᠲᠠ ᠲᠠᠢ ᠬᠠᠮᠵᠢᠯᠴᠠᠨ ᠪᠣᠭᠤᠮᠲᠠ ᠶᠢᠨ ᠭᠠᠶᠢᠯᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠣᠭᠤᠮᠲᠠ ᠶᠢᠨ ᠭᠠᠶᠢᠯᠢ ᠶᠢᠨ ᠲᠦᠷᠦᠯ ᠵᠦᠢᠯ ᠲᠠᠢ  ᠬᠤᠯᠪᠤᠭᠳᠠᠬᠤ ᠮᠡᠳᠡᠭᠡ ᠵᠠᠩᠭᠢ ᠶᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠴᠠᠭ ᠲᠤᠬᠠᠶ ᠳᠤᠨᠢ  ᠬᠠᠮᠳᠣ ᠪᠠᠷ ᠡᠳ᠋ᠯᠡᠨ᠎ᠡ᠃   2. ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠰᠠᠩ ᠠᠴᠠ ᠲᠥᠪᠯᠡᠷᠡᠭᠦᠯᠦᠨ ᠬᠤᠷᠢᠶᠠᠬᠤ ᠳᠦᠷᠢᠮ  ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢᠨ ᠲᠠᠩᠰᠠᠯᠠᠭᠰᠠᠨ ᠡᠷᠦᠬᠡ᠂ ᠬᠤᠷᠢᠶᠠᠨ ᠠᠪᠬᠤ ᠠᠷᠭ᠎ᠠ ᠬᠡᠯᠪᠡᠷᠢ᠂ ᠪᠤᠴᠠᠭᠠᠨ ᠥᠭᠴᠦ ᠰᠠᠩ ᠠᠴᠠ ᠪᠤᠴᠠᠭᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ  ᠰᠠᠩ ᠠᠴᠠ ᠲᠥᠪᠯᠡᠷᠡᠭᠦᠯᠦᠨ ᠬᠤᠷᠢᠶᠠᠬᠤ ᠵᠡᠷᠭᠡ  ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ  ᠳᠠᠳᠠᠪᠤᠷᠢᠯᠠᠬᠤ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠶᠯ ᠢ ᠭᠤᠶᠤᠴᠢᠯᠠᠨ  ᠮᠡᠳᠡᠭᠦᠯᠵᠤ ᠲᠠᠲᠠᠪᠤᠷᠢᠯᠠᠬᠤ᠂ ᠨᠢᠭᠳᠠᠯᠠᠨ ᠪᠤᠳᠣᠵᠣ ᠪᠦᠷᠢᠳᠭᠡᠨ ᠲᠣᠭᠠᠴᠠᠭ᠎ᠠ ᠬᠢᠬᠦ᠂ ᠰᠦᠶᠳᠬᠡᠯ ᠲᠤᠰᠢᠶᠠᠬᠤ ᠶᠢ ᠪᠠᠶᠢᠴᠠᠭᠠᠬᠤ᠂ ᠥᠷᠢᠲᠦᠭᠰᠡᠨ ᠰᠦᠶᠳᠬᠡᠯ ᠢ ᠨᠡᠬᠡᠮᠵᠢᠯᠡᠨ ᠬᠤᠷᠢᠶᠠᠬᠤ ᠪᠠ ᠬᠠᠤᠯᠢ ᠠᠴᠠ ᠵᠥᠷᠢᠴᠡᠭᠰᠡᠨ ᠢ ᠲᠣᠷᠭᠠᠬᠤ ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠨ᠎ᠠ᠃ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠭᠰᠠᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠲᠠ ᠶᠢᠨ ᠡᠳ᠋ ᠤᠨ ᠵᠠᠰᠠᠭ  ᠤᠨ ᠲᠣᠪᠴᠢᠶ᠎ᠠ ᠲᠠᠢ ᠴᠠᠭ ᠲᠤᠬᠠᠢ ᠳᠤᠨᠢ ᠬᠠᠮᠲᠤᠪᠠᠷ ᠡᠳ᠋ᠯᠡᠨ᠎ᠡ  ᠃   3. ᠬᠤᠲᠠ ᠶᠢᠨ ᠤᠯᠤᠰ ᠤᠨ ᠥᠮᠴᠢᠯᠠᠯᠳᠤ ᠡᠳ᠋ ᠬᠥᠷᠥᠩᠭᠡ ᠶᠢᠨ ᠵᠥᠪᠯᠡᠯ ᠯᠦᠭᠡ ᠶᠢᠨ ᠤᠯᠤᠰ ᠤᠨ ᠥᠮᠴᠢᠯᠠᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠠᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠬᠦ ᠵᠢᠴᠢ ᠤᠯᠤᠰ ᠤᠨ ᠥᠮᠴᠢᠯᠠᠯᠳᠤ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠪᠠ ᠪᠣᠳᠠᠲᠠᠢ ᠬᠡᠷᠡᠭᠵᠢᠭᠦᠯᠬᠦ ᠲᠠᠯ᠎ᠠ ᠪᠠᠷ ᠬᠢ ᠲᠣᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠬᠤᠲᠠ ᠶᠢᠨ ᠡᠳ᠋ ᠤᠨ ᠵᠠᠰᠠᠭ  ᠤᠨ ᠲᠣᠪᠴᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠠᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠳᠣᠭᠳᠠᠭᠠᠬᠤ ᠶᠢ ᠬᠠᠷᠢᠭᠤᠴᠠᠵᠤ᠂ ᠤᠯᠤᠰ ᠤᠨ ᠥᠮᠴᠢᠯᠠᠯᠳᠤ ᠠᠵᠤ ᠠᠬᠤᠶᠢᠯᠠᠯ ᠢ ᠨᠡᠶᠢᠯᠡᠭᠦᠯᠬᠦ᠂ ᠲᠠᠬᠢᠨ  ᠪᠦᠯᠦᠭᠯᠡᠬᠦ᠂ ᠥᠭᠡᠷᠡᠴᠢᠯᠡᠯᠲᠡ ᠬᠢᠬᠦ ᠶᠢ ᠳᠡᠮᠵᠢᠬᠦ ᠡᠳ᠋ ᠤᠨ ᠵᠠᠰᠠᠭ  ᠤᠨ ᠲᠥᠷᠦ ᠶᠢᠨ ᠪᠣᠳᠣᠯᠭ᠎ᠠ ᠶᠢ ᠰᠤᠳᠤᠯᠤᠨ᠂  ᠮᠥᠩᠭᠦᠨ ᠭᠦᠢᠯᠭᠡᠭᠡᠨ ᠎ ᠤ ᠲᠥᠷᠥᠯ ᠤᠨ ᠠᠵᠤ ᠠᠬᠤᠶᠢᠯᠠᠯ  ᠎ ᠤᠨ ᠤᠯᠤᠰ ᠤᠨ ᠥᠮᠴᠢᠯᠠᠯᠳᠤ  ᠡᠳ᠋ ᠬᠥᠷᠥᠩᠭᠡ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠪᠦᠬᠦ ᠬᠤᠲᠠ ᠶᠢᠨ ᠤᠯᠤᠰ  ᠎ ᠤᠨ ᠥᠮᠴᠢᠯᠠᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠬᠠᠷᠢᠭᠤᠴᠠᠨ  ᠲᠤᠭᠤᠷᠪᠢᠨ ᠲᠤᠭᠳᠠᠭᠠᠵᠤ᠂ ᠪᠦᠬᠦ ᠬᠤᠲᠠ ᠶᠢᠨ ᠤᠯᠤᠰ ᠤᠨ ᠥᠮᠴᠢᠯᠠᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠲᠣᠰ ᠱᠠᠲᠤᠨ ᠤ ᠰᠢᠭᠤᠳ ᠬᠠᠷᠢᠶ᠎ᠠ ᠤᠯᠤᠰ ᠤᠨ ᠥᠮᠴᠢᠯᠠᠯᠳᠤ ᠠᠵᠤ  ᠠᠬᠤᠶᠢᠯᠠᠯ  ᠎ ᠤᠨ ᠤᠯᠤᠰ ᠤᠨ ᠥᠮᠴᠢᠯᠠᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ  ᠢ  ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠯᠤᠰ ᠤᠨ ᠥᠮᠴᠢᠯᠠᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ ᠢ  ᠨᠠᠶᠢᠷᠠᠭᠤᠯᠤᠨ  ᠮᠡᠳᠡᠭᠦᠯᠬᠦ᠂ ᠤᠯᠤᠰ ᠤᠨ ᠥᠮᠴᠢᠯᠠᠯᠳᠤ ᠬᠥᠷᠥᠩᠭᠡ ᠶᠢᠨ ᠠᠰᠢᠭ ᠣᠯᠵᠠᠪᠤᠷᠢ ᠶᠢ ᠬᠢᠨᠠᠨ ᠲᠤᠰᠢᠶᠠᠯᠭᠠᠬᠤ ᠶᠢ ᠬᠠᠷᠢᠭᠤᠴᠠᠨ᠎ᠠ᠃   ᠳᠥᠷᠪᠡᠳᠦᠭᠡᠷ ᠵᠦᠢᠯ  ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠳᠣᠣᠷᠠᠬᠢ ᠮᠡᠳᠣ  ᠳᠣᠲᠣᠭᠠᠳᠤ ᠶᠢᠨ ᠪᠠᠶᠢᠭᠤᠯᠤᠮᠵᠢ ᠶᠢ ᠲᠤᠬᠢᠷᠠᠭᠤᠯᠤᠨ᠎ᠠ    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ  ᠎ ᠢ ᠬᠠᠷᠢᠭᠤᠴᠠᠵᠤ᠂ ᠮᠡᠳᠡᠭᠡ ᠵᠠᠩᠭᠢ᠂ ᠰᠣᠨᠢᠨ ᠮᠡᠳᠡᠭᠡᠨ ᠤ ᠤᠬᠠᠭᠤᠯᠭ᠎ᠠ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ  ᠰᠤᠷᠪᠤᠯᠵᠢᠯᠠᠭ᠎ᠠ  ᠂ ᠲᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ  ᠵᠠᠩᠬᠢᠴᠢᠯᠡᠯᠳᠡ ᠎ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ   ᠵᠤᠬᠢᠴᠠᠭᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠦᠷᠦᠭᠦᠯᠡᠨ ᠵᠤᠬᠢᠶᠠᠨ ᠪᠠᠶᠢᠭᠤᠯᠤᠨ᠎ᠠ᠃  ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ  ᠡᠳ᠋  ᠬᠥᠷᠥᠩᠭᠡ ᠶᠢᠨ ᠬᠠᠮᠢᠶᠠᠷᠤᠯᠲᠠ᠂ ᠠᠵᠢᠯ ᠠᠴᠠ ᠪᠠᠨ ᠰᠠᠯᠵᠤ ᠠᠮᠠᠷᠠᠭᠰᠠᠳ  ᠎ ᠤᠨ ᠠᠵᠢᠯ  ᠂ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠣᠷᠣᠨ ᠲᠤᠭ᠎ᠠ᠂ ᠬᠥᠳᠡᠯᠮᠦᠷᠢ ᠴᠠᠯᠢᠩ᠂ ᠬᠥᠮᠦᠵᠢᠯ ᠪᠣᠯᠪᠠᠰᠤᠷᠠᠭᠤᠯᠤᠯ᠂ ᠴᠢᠳᠠᠪᠤᠷᠢᠲᠠᠨ ᠤ ᠡᠩᠨᠡᠭᠡᠨ ᠎ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ  ᠲᠤᠰᠬᠠᠶ ᠮᠡᠷᠭᠡᠵᠢᠯ ᠤᠨ ᠲᠤᠰᠢᠶᠠᠯ ᠢ ᠲᠤᠭᠳᠠᠭᠠᠬᠤ ᠤᠷᠢᠬᠤ ᠪᠠ ᠠᠵᠢᠯᠴᠢᠨ ᠤ ᠮᠡᠷᠭᠡᠵᠢᠯ ᠤᠨ ᠵᠡᠷᠭᠡ ᠳᠡᠰ ᠢ  ᠰᠢᠯᠭᠠᠨ ᠬᠢᠨᠠᠬᠤ ᠠᠵᠢᠯ ᠢ ᠬᠠᠷᠢᠭᠤᠴᠠᠨ  ᠬᠦᠢᠴᠡᠳᠭᠡᠨ᠎ᠠ  ᠃   ︵ᠬᠤᠶᠠᠷ︶ ᠶᠡᠷᠦᠩᠬᠡᠶᠢᠯᠡᠭᠰᠡᠨ ᠰᠤᠳᠤᠯᠬᠤ ᠲᠠᠰᠤᠭ᠃ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠲᠥᠰᠦᠭᠡᠯᠡᠬᠦ ᠶᠢᠨ ᠬᠠᠮᠲᠤ ᠬᠤᠷᠸ᠎ᠠ ᠲᠤᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂  ᠲᠤᠮᠳᠠ ᠤᠷᠳᠤ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠤᠨ᠎ᠠ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠬᠢᠭᠡᠳ ᠥᠭᠡᠷᠡᠴᠢᠯᠡᠯᠲᠡ ᠶᠢᠨ ᠲᠥᠰᠦᠯ ᠢ  ᠳᠤᠷᠠᠳᠤᠨ᠎ᠠ᠃ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠲᠦᠷᠢᠮ ᠪᠠ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃  ᠰᠣᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠠᠯᠪᠠᠲᠠᠨ ᠤ ᠨᠡᠮᠡᠭᠦᠷᠢ ᠨᠥᠬᠦᠪᠥᠷᠢ ᠶᠢ ᠢᠯᠭᠠᠷᠠᠭᠤᠯᠤᠨ ᠵᠢᠷᠤᠮᠵᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠡᠳ᠋ ᠤᠨ ᠵᠠᠰᠠᠭ  ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ ᠲᠤᠰ ᠰᠠᠯᠠᠭ᠎ᠠ ᠮᠥᠴᠢᠷ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠳᠠ  ᠎ ᠶᠢ  ᠲᠤᠤᠱᠯᠠᠭᠤᠯᠬᠤ ᠳᠤ ᠪᠣᠳᠠᠲᠠᠢ ᠰᠠᠨᠠᠭᠤᠯᠭ᠎ᠠ ᠳᠤᠷᠠᠳᠬᠤ ᠶᠢᠨ ᠬᠠᠮᠲᠤ ᠱᠠᠭᠠᠷᠳᠠᠨ ᠨᠠᠶᠢᠳᠠᠪᠤᠷᠢᠵᠢᠭᠤᠯᠵᠤ᠂ ᠠᠵᠤ ᠠᠬᠤᠢ  ᠨᠡᠶᠢᠭᠡᠮ᠂ ᠡᠳ᠋ ᠎ ᠤᠨ ᠵᠠᠰᠠᠭ  ᠤᠨ  ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠡᠳ᠋ ᠤᠨ ᠵᠠᠰᠠᠭ ᠤᠨ ᠥᠭᠡᠷᠡᠴᠢᠯᠡᠯᠲᠡ ᠪᠠ  ᠡᠳ᠋ ᠤᠨ ᠵᠠᠰᠠᠭ  ᠤᠨ ᠴᠢᠬᠤᠯᠠ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠵᠢᠴᠢ ᠡᠳ᠋ ᠤᠨ ᠵᠠᠰᠠᠭ ᠠᠴᠠ ᠬᠠᠮᠢᠶ᠎ᠠ ᠪᠦᠬᠦᠢ  ᠬᠦᠷᠢᠶ᠎ᠡ ᠴᠠᠷᠠᠭᠠᠨ ᠤ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠰᠠᠨᠠᠭᠤᠯᠭ᠎ᠠ  ᠶᠢ ᠳᠤᠷᠠᠳᠤᠨ᠎ᠠ᠃ ᠣᠷᠣᠨ ᠪᠦᠰᠡ ᠶᠢᠨ ᠬᠥᠭᠵᠢᠯᠲᠡ ᠳᠠᠬᠢ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠭᠰᠡᠨ ᠴᠢᠨᠠᠷᠲᠠᠶ  ᠪᠢᠴᠢᠭ  ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ᠃     ︵ᠭᠤᠷᠪᠠ︶ ᠬᠠᠤᠯᠢ ᠳᠦᠷᠢᠮ ᠭᠠᠶᠢᠯᠢ ᠶᠢᠨ ᠶᠠᠪᠤᠳᠠᠯ ᠤᠨ ᠰᠠᠯᠠᠭ᠎ᠠ᠃ ᠡᠳ᠋ ᠤᠨ ᠵᠠᠰᠠᠭ ᠤᠨ ᠰᠢᠰᠲ᠋ᠧᠮ ᠤᠨ ᠬᠠᠤᠯᠢᠵᠢᠯ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠳᠤ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠰᠠᠨᠠᠭᠤᠯᠭ᠎ᠠ ᠎ ᠶᠢ ᠰᠤᠳᠤᠯᠤᠨ ᠳᠤᠷᠠᠳᠤᠨ᠎ᠠ᠃ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠳᠠᠩᠰᠠᠯᠠᠬᠤ ᠠᠵᠢᠯ ᠢ ᠡᠭᠦᠷᠭᠡᠯᠡᠨ᠎ᠡ᠃ ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ  ᠪᠠ ᠭᠤᠤᠯᠴᠢ ᠥᠷᠢᠰᠥᠯᠳᠦᠭᠡᠨ  ᠎ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠡᠳ᠋ ᠤᠨ ᠵᠠᠰᠠᠭ ᠤᠨ ᠬᠠᠤᠯᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠦᠨᠳᠦ ᠶᠡᠭᠡ ᠰᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃  ᠭᠠᠶᠢᠯᠢ ᠶᠢᠨ ᠪᠤᠰᠤ ᠣᠷᠣᠯᠭ᠎ᠠ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠲᠠ ᠶᠢᠨ ᠲᠣᠰ ᠱᠠᠲᠤᠨ ᠤ  ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠡᠭᠦᠷᠭᠡᠯᠡᠨ᠎ᠡ᠃ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠬᠤ ᠶᠢ ᠬᠠᠷᠢᠭᠤᠴᠠᠨ᠎ᠠ᠃ ᠠᠰᠢᠭ ᠬᠤᠨᠵᠢᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠶᠢᠨ ᠭᠠᠶᠢᠯᠢ ᠶᠢ ᠬᠡᠯᠲᠦᠷᠢᠭᠦᠯᠬᠦ ᠠᠵᠢᠯ ᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃     ︵ᠳᠥᠷᠪᠡ︶ ᠲᠥᠰᠦᠪ ᠤᠨ ᠰᠠᠯᠠᠭ᠎ᠠ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ᠂ ᠡᠳ᠋ ᠤᠨ ᠵᠠᠰᠠᠭ ᠤᠨ ᠪᠠᠶᠢᠭᠤᠯᠤᠯ᠂ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠵᠤ᠂  ᠳᠤᠮᠳᠠ ᠤᠷᠲᠤ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃  ᠬᠤᠲᠠ ᠶᠢᠨ ᠲᠣᠰ ᠱᠠᠲᠤᠨ ᠤ ᠣᠨ ᠤ ᠲᠥᠰᠦᠪ ᠲᠥᠰᠦᠪ ᠤᠨ ᠭᠦᠢᠴᠡᠳᠬᠡᠯ ᠤᠨ ᠲᠥᠰᠦᠯ ᠪᠠ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠪᠦᠬᠦ ᠬᠤᠲᠠ ᠶᠢᠨ ᠡᠳ᠋ ᠤᠨ ᠵᠠᠰᠠᠭ ᠤᠨ ᠣᠨ ᠤ  ᠲᠥᠰᠦᠪ ᠢ ᠬᠤᠷᠢᠶᠠᠩᠭᠤᠶᠢᠯᠠᠨ᠎ᠠ᠃ ᠬᠤᠲᠠ ᠎ ᠶᠢᠨ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ᠂ ᠤᠯᠤᠰ  ᠤᠨ ᠥᠮᠴᠢᠯᠠᠯᠲᠤ ᠬᠥᠷᠥᠩᠭᠡ ᠶᠢᠨ ᠡᠵᠡᠩᠨᠡᠯᠲᠡ ᠶᠢᠨ ᠲᠥᠰᠦᠪ᠂  ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠢ  ᠨᠠᠶᠢᠷᠠᠭᠤᠯᠤᠨ᠂ ᠬᠢᠨᠠᠨ ᠬᠠᠷᠭᠤᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠵᠠᠷᠤᠯᠭ᠎ᠠ ᠶᠢᠨ ᠪᠠᠷᠢᠮᠵᠢᠶ᠎ᠠ ᠶᠢᠨ ᠲᠤᠭᠳᠠᠯᠴᠠᠭ᠎ᠠ ᠎ ᠶᠢᠨ ᠪᠠᠶᠢᠭᠤᠯᠤᠯᠲᠠ ᠵᠢᠴᠢ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃  ᠡᠳ᠋  ᠎ ᠤᠨ ᠵᠠᠰᠠᠭ ᠤᠨ ᠰᠢᠯᠵᠢᠭᠦᠯᠦᠨ ᠥᠭᠬᠦ ᠪᠠ ᠵᠢᠯ ᠤᠨ ᠡᠴᠦᠰ ᠤᠨ ᠳ᠋ᠦᠩᠨᠡᠨ ᠪᠣᠳᠣᠬᠤ ᠠᠵᠢᠯ ᠢ ᠡᠭᠦᠷᠭᠡᠯᠡᠨ᠎ᠡ᠃ ᠰᠢᠶᠠᠩ ᠪᠠᠯᠭᠠᠰᠤᠨ ᠤ  ᠡᠳ᠋  ᠎ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠡᠳ᠋ ᠎ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ  ᠠᠷᠭ᠎ᠠ ᠶᠢ ᠰᠤᠳᠤᠯᠤᠨ ᠲᠡᠭᠦᠯᠳᠡᠷᠵᠢᠭᠦᠯᠵᠦ᠂ ᠰᠢᠶᠠᠩ ᠪᠠᠯᠭᠠᠰᠤᠨ ᠤ  ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠵᠢᠴᠢ ᠲᠥᠰᠦᠪ ᠤᠨ ᠭᠦᠢᠴᠡᠳᠬᠡᠯ ᠤᠨ ᠠᠵᠢᠯ ᠢ  ᠵᠢᠯᠤᠭᠤᠳᠤᠨ᠎ᠠ  ᠃     ︵ᠲᠠᠪᠤ︶ ᠤᠯᠤᠰ ᠤᠨ ᠰᠠᠩ ᠤᠨ ᠰᠠᠯᠠᠭ᠎ᠠ᠃ ᠲᠥᠰᠦᠪ ᠢ ᠭᠦᠢᠴᠡᠳᠬᠡᠬᠦ᠂ ᠬᠢᠨᠠᠨ ᠡᠵᠡᠮᠳᠡᠬᠦ ᠵᠢᠴᠢ ᠵᠠᠳᠠᠯᠤᠨ ᠳᠦᠰᠦᠭᠡᠯᠡᠬᠦ ᠶᠢ ᠵᠣᠬᠢᠶᠠᠨ ᠪᠠᠶᠢᠭᠤᠯᠵᠤ᠂ ᠲᠥᠰᠦᠪ ᠤᠨ ᠵᠠᠷᠤᠯᠭ᠎ᠠ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ  ᠰᠢᠯᠭᠠᠨ ᠬᠢᠨᠠᠵᠤ᠂ ᠵᠠᠷᠯᠠᠨ ᠮᠡᠳᠡᠭᠳᠡᠨ᠎ᠡ᠃ ᠡᠳ᠋ ᠤᠨ ᠵᠠᠰᠠᠭ ᠤᠨ ᠶᠡᠷᠦᠩᠬᠡᠢ ᠲᠥᠰᠦᠪ ᠤᠨ ᠨᠢᠭᠲᠠᠯᠠᠨ ᠪᠤᠳᠦᠬᠤ ᠲᠦᠷᠢᠮ ᠢ ᠲᠣᠭᠲᠠᠭᠠᠨ᠎ᠠ᠃ ᠤᠯᠤᠰ ᠤᠨ ᠰᠠᠩ ᠤᠨ ᠬᠠᠮᠢᠶᠠᠷᠤᠯᠲᠠ ᠤᠯᠤᠰ ᠤᠨ ᠰᠠᠩ ᠤᠨ ᠲᠥᠪᠯᠡᠷᠡᠭᠦᠯᠦᠨ ᠬᠤᠷᠢᠶᠠᠬᠤ ᠥᠭᠬᠦ ᠲᠦᠷᠢᠮ ᠢ ᠵᠣᠬᠢᠶᠠᠨ ᠪᠠᠶᠢᠭᠤᠯᠵᠤ  ᠲᠤᠭᠤᠷᠪᠢᠨ ᠲᠣᠭᠲᠠᠭᠠᠨ᠎ᠠ᠃ ᠬᠤᠲᠠ ᠶᠢᠨ ᠲᠣᠰ ᠱᠠᠲᠤᠨ ᠤ ᠲᠥᠰᠦᠪ ᠤᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ  ᠎ ᠶᠢ ᠶᠡᠷᠤᠩᠭᠡᠶᠢᠯᠡᠨ ᠨᠢᠭᠲᠠᠯᠠᠨ ᠪᠤᠳᠣᠵᠣ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠡᠳ᠋ ᠤᠨ ᠵᠠᠰᠠᠭ ᠪᠠ ᠲᠥᠰᠦᠪ ᠤᠨ  ᠨᠢᠭᠡᠴᠡ ᠶᠢᠨ ᠳᠠᠩᠰᠠᠨ ᠡᠷᠦᠬᠡ ᠶᠢ ᠬᠠᠮᠢᠶᠠᠷᠴᠤ᠂ ᠬᠤᠲᠠ ᠶᠢᠨ ᠲᠣᠰ ᠱᠠᠲᠤᠨ ᠤ ᠬᠢ ᠨᠠᠶᠢᠷᠠᠭᠤᠯᠤᠨ  ᠵᠣᠬᠢᠶᠠᠬᠤ ᠶᠢᠨ ᠬᠠᠮᠲᠤ ᠪᠦᠬᠦ ᠬᠤᠲᠠ ᠶᠢᠨ ᠵᠠᠰᠠᠭ  ᠤᠨ ᠣᠷᠳᠣᠨ ᠤ ᠶᠡᠷᠦᠩᠬᠡᠶᠢᠯᠡᠭᠰᠡᠨ  ᠡᠳ᠋ ᠎ ᠤᠨ ᠶᠠᠪᠤᠳᠠᠯ ᠤᠨ ᠮᠡᠳᠡᠭᠦᠯᠦᠯᠲᠡ᠂ ᠡᠳ᠋ ᠤᠨ ᠵᠠᠰᠠᠭ  ᠤᠨ ᠶᠡᠷᠦᠩᠬᠡᠢ ᠲᠥᠰᠦᠪ ᠤᠨ ᠭᠦᠢᠴᠡᠳᠬᠡᠯ ᠵᠢᠴᠢ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠢ ᠬᠤᠷᠢᠶᠠᠩᠭᠤᠶᠢᠯᠠᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠰᠠᠩ ᠠᠴᠠ ᠲᠥᠪᠯᠡᠷᠡᠭᠦᠯᠦᠨ ᠬᠤᠷᠢᠶᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠵᠢᠷᠭᠤᠭ᠎ᠠ︶ ᠥᠷᠢ ᠦᠭᠴᠡᠭᠡ ᠶᠢᠨ ᠬᠠᠮᠢᠶᠠᠷᠤᠯᠲᠠ ᠶᠢᠨ ᠰᠠᠯᠠᠭ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠦᠷᠢ ᠥᠭᠴᠡᠭᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠢ ᠲᠥᠷᠢᠮ ᠢ ᠬᠠᠤᠯᠢ ᠶᠣᠰᠣᠭᠠᠷ ᠲᠤᠭᠤᠷᠪᠢᠨ ᠲᠣᠭᠲᠠᠭᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠦᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠦᠷᠢ ᠥᠭᠴᠡᠭᠡ᠂ ᠥᠷᠢ   ᠦᠭᠴᠡᠭᠡ ᠶᠢ ᠲᠥᠯᠥᠬᠦ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠪᠠ ᠳᠠᠯᠳᠠ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠎ ᠶᠢᠨ  ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠲᠣᠭᠤᠷᠢᠭ ᠤᠨ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃    ︵ᠲᠤᠯᠤᠭ᠎ᠠ︶ ᠵᠠᠰᠠᠭ ᠵᠠᠬᠢᠷᠭᠠᠨ ᠤ ᠰᠠᠯᠠᠭ᠎ᠠ᠃ ᠵᠠᠰᠠᠭ ᠵᠠᠬᠢᠷᠭᠠᠨ ᠤ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠎ ᠶᠢᠨ ᠲᠥᠰᠦᠪ ᠤᠨ ᠵᠠᠷᠤᠯᠭ᠎ᠠ᠂ ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠦᠷ᠎ᠡ ᠪᠥᠳᠥᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠪᠠ  ᠦᠷ᠎ᠡ  ᠪᠦᠲᠦᠮᠵᠢ ᠶᠢ ᠥᠪᠡᠰᠦᠪᠡᠨ ᠦᠨᠡᠯᠡᠵᠤ ᠠᠩᠬ᠎ᠠ ᠬᠢᠨᠠᠬᠤ ᠶᠢ ᠥᠷᠨᠢᠭᠦᠯᠦᠨ᠂ ᠡᠳ᠋ ᠤᠨ ᠵᠠᠰᠠᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠠᠯᠪᠠᠨ ᠶᠠᠪᠤᠳᠠᠯ ᠤᠨ ᠵᠠᠷᠤᠯᠭ᠎ᠠ ᠶᠢᠨ ᠳᠦᠷᠢᠮ ᠤᠨ ᠲᠤᠭᠳᠠᠯᠴᠠᠭ᠎ᠠ ᠶᠢᠨ  ᠪᠠᠶᠢᠭᠤᠯᠤᠯᠲᠠ ᠶᠢ ᠬᠠᠷᠢᠭᠤᠴᠠᠨ᠎ᠠ᠃ ᠲᠤᠰᠬᠠᠢ ᠪᠡᠯᠡ ᠮᠥᠩᠭᠦ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃    ︵ᠨᠠᠢᠮᠠ︶ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ᠃ ᠤᠯᠤᠰ ᠲᠥᠷᠥ ᠬᠠᠤᠯᠢ ᠴᠠᠭᠠᠵᠠ᠂ ᠴᠡᠷᠢᠭ ᠠᠩᠭᠢ᠂ ᠵᠡᠪᠰᠡᠭᠲᠦ ᠴᠠᠭᠳᠠᠭ᠎ᠠ᠂ ᠠᠮᠤᠷ ᠲᠦᠪᠰᠢᠨ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠦᠷ᠎ᠡ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠪᠠ  ᠦᠷ᠎ᠡ  ᠪᠦᠲᠦᠮᠵᠢ ᠶᠢ ᠦᠪᠡᠰᠦᠪᠡᠨ ᠦᠨᠡᠯᠡᠵᠤ ᠠᠩᠬ᠎ᠠ ᠬᠢᠨᠠᠬᠤ ᠶᠢ ᠥᠷᠨᠢᠭᠦᠯᠵᠦ᠂ ᠡᠳ᠋ ᠤᠨ ᠵᠠᠰᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠤᠯᠤᠰ ᠲᠥᠷᠥ ᠬᠠᠤᠯᠢ ᠴᠠᠭᠠᠵᠠ ᠶᠢᠨ ᠰᠢᠯᠵᠢᠭᠦᠯᠦᠨ ᠥᠭᠬᠦ ᠪᠡᠯᠡ ᠮᠥᠩᠭᠦ᠂ ᠲᠤᠰᠬᠠᠶ ᠪᠡᠯᠡ ᠮᠥᠩᠭᠦ ᠶᠢ ᠬᠠᠷᠢᠭᠤᠴᠠᠨ ᠬᠠᠮᠢᠶᠠᠷᠬᠤ ᠶᠢᠨ ᠬᠠᠮᠲᠤ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠠᠷᠭ᠎ᠠ ᠶᠢ ᠲᠤᠭᠤᠷᠪᠢᠨ ᠲᠣᠭᠲᠠᠭᠠᠨ᠎ᠠ᠃ ᠬᠠᠤᠯᠢ ᠬᠡᠷᠡᠭᠵᠢᠭᠦᠯᠬᠦ  ᠵᠢᠵᠢᠭᠦᠷᠯᠡᠬᠦ ᠳᠤ ᠬᠡᠷᠡᠭᠯᠡᠬᠦ ᠲᠡᠷᠭᠡ ᠪᠣᠯᠤᠨ ᠣᠨᠴᠠ ᠲᠥᠷᠥᠯ ᠤᠨ ᠲᠤᠰᠬᠠᠶ ᠮᠡᠷᠭᠡᠵᠢᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢ ᠬᠢᠨᠠᠨ ᠲᠣᠭᠲᠠᠭᠠᠬᠤ ᠵᠢᠴᠢ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ ᠪᠠ ᠰᠢᠢᠳᠪᠦᠷᠢᠯᠡᠬᠦ ᠠᠵᠢᠯ ᠎ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃    ︵ᠶᠢᠰᠦ︶ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠳᠡᠭᠡᠳᠦ ᠰᠤᠷᠭᠠᠭᠤᠯᠢ᠂ ᠨᠠᠮ ᠤᠨ ᠰᠤᠷᠭᠠᠭᠤᠯᠢ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ  ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠶᠯ ᠤᠨ ᠬᠥᠮᠥᠷᠭᠡ ᠎ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠦᠷ᠎ᠡ  ᠪᠦᠲᠦᠮᠵᠢ ᠶᠢᠨ ᠬᠠᠷᠠᠯᠲᠠ ᠶᠢ  ᠬᠢᠨᠠᠨ ᠬᠠᠷᠭᠤᠭᠤᠯᠬᠤ ᠪᠠ ᠦᠷ᠎ᠡ ᠪᠦᠲᠦᠮᠵᠢ ᠶᠢ ᠦᠪᠡᠰᠦᠪᠡᠨ ᠦᠨᠡᠯᠡᠵᠤ ᠠᠩᠬ᠎ᠠ ᠬᠢᠨᠠᠬᠤ ᠶᠢ ᠥᠷᠨᠢᠭᠦᠯᠵᠦ᠂ ᠡᠳ᠋ ᠤᠨ ᠵᠠᠰᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠬᠤᠲᠠ ᠶᠢᠨ ᠲᠣᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ  ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠪᠡᠯᠡ ᠮᠥᠩᠭᠦ ᠶᠢᠨ ᠵᠠᠷᠤᠯᠭ᠎ᠠ ᠶᠢᠨ ᠲᠥᠰᠦᠪ ᠢ ᠬᠠᠷᠢᠭᠤᠴᠠᠨ ᠬᠠᠮᠢᠶᠠᠷᠤᠨ᠎ᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ ᠦᠭᠡᠶ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠵᠠᠷᠤᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃    ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭ᠎ᠠ᠃ ᠤᠬᠠᠭᠤᠯᠭ᠎ᠠ᠂ ᠰᠣᠶᠣᠯ ᠪᠣᠯᠤᠨ  ᠵᠤᠭᠠᠴᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ  ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠦᠷ᠎ᠡ ᠪᠦᠲᠦᠮᠵᠢ ᠶᠢᠨ ᠬᠠᠷᠠᠯᠲᠠ ᠶᠢ  ᠬᠢᠨᠠᠨ ᠬᠠᠷᠭᠤᠭᠤᠯᠬᠤ ᠪᠠ ᠦᠷ᠎ᠡ ᠪᠦᠲᠦᠮᠵᠢ ᠶᠢ ᠦᠪᠡᠰᠦᠪᠡᠨ ᠦᠨᠡᠯᠡᠵᠤ ᠠᠩᠬ᠎ᠠ ᠬᠢᠨᠠᠬᠤ ᠶᠢ ᠥᠷᠨᠢᠭᠦᠯᠵᠦ᠂ ᠡᠳ᠋ ᠤᠨ ᠵᠠᠰᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠬᠠᠮᠢᠶ᠎ᠠ ᠪᠦᠬᠦᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃    ︵ᠠᠷᠪᠠᠨ ᠨᠢᠭᠡ︶ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ  ᠬᠦᠷᠢᠶ᠎ᠠ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠦᠷ᠎ᠡ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠪᠠ ᠦᠷ᠎ᠡ ᠪᠦᠲᠦᠮᠵᠢ ᠶᠢ  ᠦᠪᠡᠰᠦᠪᠡᠨ ᠦᠨᠡᠯᠡᠵᠤ ᠠᠩᠬ᠎ᠠ ᠬᠢᠨᠠᠬᠤ ᠶᠢ ᠥᠷᠨᠢᠭᠦᠯᠵᠦ᠂ ᠡᠳ᠋ ᠤᠨ ᠵᠠᠰᠠᠭ ᠎ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠲᠣᠰ ᠱᠠᠲᠤᠨ ᠤ ᠲᠥᠰᠦᠪ ᠎ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠶᠢᠨ ᠥᠭᠡᠷᠡᠴᠢᠯᠡᠯᠲᠡ ᠪᠣᠯᠤᠨ ᠬᠤᠲᠠ ᠪᠠᠯᠭᠠᠰᠤ᠂ ᠬᠥᠳᠡᠭᠡ ᠲᠣᠰᠬᠤᠨ ᠤ  ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠡᠯ᠎ᠡ ᠲᠥᠷᠥᠯ ᠎ ᠤᠨ ᠪᠡᠯᠡ ᠮᠥᠩᠭᠦ ᠶᠢ ᠬᠠᠮᠢᠶᠠᠷᠤᠨ᠎ᠠ᠃ ᠬᠤᠲᠠ ᠶᠢᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠤᠨ᠎ᠠ᠃    ︵ᠠᠷᠪᠠᠨ ᠬᠤᠶᠠᠷ︶ ᠠᠵᠤ ᠠᠬᠤᠢ ᠠᠷᠠᠯᠵᠢᠶᠠᠨ ᠤ ᠰᠠᠯᠠᠭ᠎ᠠ᠃ ᠠᠷᠠᠯᠵᠢᠶ᠎ᠠ ᠬᠤᠳᠠᠯᠳᠤᠭ᠎ᠠ᠂ ᠪᠣᠭᠤᠮᠲᠠ᠂ ᠠᠮᠤ ᠪᠤᠳᠠᠭ᠎ᠠ ᠪᠣᠯᠤᠨ ᠡᠳ᠋ ᠪᠣᠳᠠᠰ ᠨᠥᠭᠡᠴᠡᠯᠡᠬᠦ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠢᠯ ᠤᠨ ᠬᠥᠮᠥᠷᠭᠡ ᠎ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠦᠷ᠎ᠡ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠪᠠ ᠦᠷ᠎ᠡ ᠪᠦᠲᠦᠮᠵᠢ ᠶᠢ ᠦᠪᠡᠰᠦᠪᠡᠨ ᠦᠨᠡᠯᠡᠵᠤ ᠠᠩᠬ᠎ᠠ ᠬᠢᠨᠠᠬᠤ ᠶᠢ ᠥᠷᠨᠢᠭᠦᠯᠵᠦ᠂ ᠡᠳ᠋ ᠤᠨ ᠵᠠᠰᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃  ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠠᠮᠢᠶ᠎ᠠ ᠪᠦᠬᠦᠢ ᠨᠥᠬᠦᠪᠥᠷᠢ ᠪᠣᠯᠤᠨ ᠲᠤᠰᠬᠠᠶ ᠨᠥᠭᠡᠴᠡᠯᠡᠬᠦ  ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠬᠠᠷᠠᠯᠲᠠᠲᠤ ᠦᠨ᠎ᠡ ᠬᠠᠩᠰᠢ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃    ︵ᠠᠷᠪᠠᠨ ᠭᠤᠷᠪᠠ︶ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ᠃  ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠶ ᠰᠢᠭᠤᠶ  ᠂ ᠨᠤᠲᠤᠭ ᠪᠡᠯᠴᠢᠭᠡᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠦᠷ᠎ᠡ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠪᠠ ᠦᠷ᠎ᠡ ᠪᠦᠲᠦᠮᠵᠢ ᠶᠢ ᠥᠪᠡᠰᠦᠪᠡᠨ ᠦᠨᠡᠯᠡᠵᠦ ᠠᠩᠬ᠎ᠠ ᠬᠢᠨᠠᠬᠤ ᠶᠢ ᠥᠷᠨᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠎ ᠲᠠᠢ ᠬᠤᠯᠪᠤᠭᠠᠯᠠᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠰᠢᠯᠵᠢᠭᠦᠯᠦᠨ ᠥᠭᠬᠦ ᠣᠷᠣᠯᠭ᠎ᠠ ᠵᠠᠷᠤᠯᠭ᠎ᠠ ᠎ ᠶᠢᠨ ᠲᠦᠷᠦ ᠶᠢᠨ ᠪᠤᠳᠤᠯᠭ᠎ᠠ ᠶᠢ ᠬᠠᠮᠲᠤ ᠪᠠᠷ ᠲᠤᠭᠤᠷᠪᠢᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ᠂ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠠᠮᠢ ᠠᠬᠤᠢ ᠎ ᠶᠢ ᠬᠠᠮᠠᠭᠠᠯᠠᠨ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢ ᠠᠬᠢᠭᠤᠯᠬᠤ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠣᠷᠴᠢᠨ ᠲᠣᠭᠤᠷᠢᠨ ᠤ  ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠎ ᠶᠢᠨ ᠲᠦᠷᠦ ᠶᠢᠨ ᠪᠤᠳᠤᠯᠭ᠎ᠠ ᠵᠡᠷᠭᠡ ᠶᠢ  ᠲᠤᠭᠤᠷᠪᠢᠨ ᠲᠤᠭᠳᠠᠭᠠᠬᠤ ᠳᠤ ᠣᠷᠣᠯᠴᠠᠨ᠎ᠠ᠃    ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ  ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ᠂ ᠶᠠᠳᠠᠭᠤ ᠎ ᠶᠢ ᠲᠡᠳᠬᠦᠬᠦ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠦᠷ᠎ᠡ  ᠪᠦᠲᠦᠮᠵᠢ ᠶᠢᠨ ᠬᠠᠷᠠᠯᠲᠠ ᠶᠢ  ᠬᠢᠨᠠᠨ ᠬᠠᠷᠭᠤᠭᠤᠯᠬᠤ ᠪᠠ  ᠦᠷ᠎ᠡ  ᠪᠦᠲᠦᠮᠵᠢ ᠶᠢ  ᠦᠪᠡᠰᠦᠪᠡᠨ ᠦᠨᠡᠯᠡᠵᠤ ᠠᠩᠬ᠎ᠠ ᠬᠢᠨᠠᠬᠤ ᠶᠢ ᠥᠷᠨᠢᠭᠦᠯᠵᠦ᠂ ᠡᠳ᠋ ᠤᠨ ᠵᠠᠰᠠᠭ ᠤᠨ ᠬᠠᠮᠢᠶ᠎ᠠ ᠪᠦᠬᠦᠢ ᠲᠥᠷᠥ ᠎ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠳᠡᠮᠵᠢᠬᠦ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃ ᠮᠠᠯᠵᠢᠬᠤ ᠲᠠᠷᠢᠶᠠᠯᠠᠬᠤ  ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠬᠠᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ  ᠲᠤᠷᠠᠳᠤᠨ᠎ᠠ᠃ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠶᠠᠳᠠᠭᠤ ᠶᠢ ᠲᠡᠳᠬᠦᠵᠦ ᠬᠥᠭᠵᠢᠭᠦᠯᠬᠦ ᠰᠠᠭᠤᠷᠢ ᠮᠥᠩᠭᠦ ᠵᠡᠷᠭᠡ ᠡᠳ᠋  ᠎ ᠤᠨ ᠵᠠᠰᠠᠭ ᠤᠨ ᠲᠠᠷᠢᠶᠠᠯᠠᠩ ᠢ ᠳᠡᠮᠵᠢᠬᠦ ᠪᠡᠯᠡ ᠮᠥᠩᠭᠦ ᠶᠢᠨ ᠬᠠᠮᠢᠶᠠᠷᠤᠯᠲᠠ ᠎ ᠶᠢᠨ ᠠᠵᠢᠯ ᠢ ᠡᠭᠦᠷᠭᠡᠯᠡᠨ᠎ᠡ᠃     ︵ᠠᠷᠪᠠᠨ ᠲᠠᠪᠤ︶ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ  ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ  ᠎ ᠠᠴᠠ ᠬᠠᠯᠠᠭᠳᠠᠭᠰᠠᠳ ᠤᠨ ᠶᠠᠪᠤᠳᠠᠯ᠂ ᠡᠮᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠎ ᠤᠨ ᠲᠥᠰᠦᠪ ᠪᠠ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠬᠤᠯᠪᠤᠭᠳᠠᠯ ᠪᠥᠬᠦᠶ ᠠᠵᠢᠯ ᠢ ᠡᠭᠦᠷᠭᠡᠯᠡᠵᠦ᠂ ᠦᠷ᠎ᠡ  ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠪᠠ ᠦᠷ᠎ᠡ ᠪᠦᠲᠦᠮᠵᠢ ᠶᠢ ᠥᠪᠡᠰᠦᠪᠡᠨ ᠦᠨᠡᠯᠡᠵᠦ ᠠᠩᠬ᠎ᠠ ᠬᠢᠨᠠᠬᠤ ᠎ ᠶᠢ ᠥᠷᠨᠢᠭᠦᠯᠵᠦ᠂  ᠡᠳ᠋ ᠤᠨ ᠵᠠᠰᠠᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠪᠡᠯᠡ ᠮᠥᠩᠭᠦ   ︵ᠰᠠᠭᠤᠷᠢ ᠮᠥᠩᠭᠦ︶᠎ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠷᠭ᠎ᠠ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ᠃ ᠪᠦᠬᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠎ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠡᠮᠬᠢᠳᠬᠡᠨ ᠨᠠᠶᠢᠷᠠᠭᠤᠯᠤᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠎ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃     ︵ᠠᠷᠪᠠᠨ ᠵᠢᠷᠭᠤᠭ᠎ᠠ︶ ᠮᠥᠩᠭᠦᠨ ᠬᠦᠢᠯᠬᠡᠭᠡ ᠠᠵᠤ ᠠᠬᠤᠢ ᠶᠢᠨ ᠰᠠᠯᠠᠭ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂  ᠦᠷ᠎ᠡ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠪᠠ ᠦᠷ᠎ᠡ ᠪᠦᠲᠦᠮᠵᠢ ᠶᠢ ᠦᠪᠡᠰᠦᠪᠡᠨ ᠦᠨᠡᠯᠡᠵᠤ ᠠᠩᠬ᠎ᠠ ᠬᠢᠨᠠᠬᠤ ᠶᠢ ᠥᠷᠨᠢᠭᠦᠯᠦᠨ᠂ ᠡᠳ᠋ ᠤᠨ ᠵᠠᠰᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠣᠷᠣᠨ ᠨᠤᠲᠤᠭ ᠤᠨ ᠤᠯᠤᠰ ᠤᠨ  ᠥᠮᠴᠢᠯᠠᠯᠳᠤ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠲᠠ ᠶᠢᠨ ᠤᠯᠤᠰ  ᠤᠨ ᠥᠮᠴᠢᠯᠠᠯᠳᠤ  ᠮᠥᠩᠭᠦᠨ ᠭᠦᠢᠯᠭᠡᠭᠡᠨ ᠤ ᠬᠥᠷᠥᠩᠭᠡ ᠶᠢᠨ ᠪᠡᠯᠡ ᠭᠠᠷᠭᠠᠭᠴᠢ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠲᠦᠷᠦ ᠶᠢᠨ ᠪᠤᠳᠤᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠳᠤ ᠮᠥᠩᠭᠦᠨ ᠭᠦᠢᠯᠭᠡᠭᠡ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠎ ᠤᠨ  ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠨ᠎ᠠ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠤᠷᠰᠢᠯᠴᠠᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠣᠷᠳᠣᠰ ᠬᠤᠲᠠ ᠶᠢᠨ ᠳᠠᠯ᠎ᠠ ᠪᠠ ᠣᠯᠠᠨ ᠳᠠᠯ᠎ᠠ ᠶᠢᠨ ᠡᠳ᠋ ᠤᠨ ᠵᠠᠰᠠᠭ ᠮᠥᠩᠭᠦᠨ ᠭᠦᠶᠯᠭᠡᠭᠡᠨ ᠤ ᠬᠠᠮᠲᠤᠷᠠᠯᠴᠠᠭ᠎ᠠ ᠶᠢ ᠡᠭᠦᠷᠭᠡᠯᠡᠨ᠎ᠡ᠃ ᠴᠡᠪᠡᠷ ᠰᠠᠭᠤᠷᠢ ᠮᠥᠩᠭᠦᠨ ᠤ ᠵᠢᠭᠡᠯᠡᠯᠭᠡ ᠶᠢᠨ ᠲᠥᠷᠥᠯ ᠵᠦᠶᠯ ᠢ  ᠵᠤᠬᠢᠶᠠᠨ ᠪᠠᠶᠢᠭᠤᠯᠬᠤ ᠪᠠ ᠮᠡᠳᠡᠬᠦᠯᠬᠦ ᠠᠵᠢᠯ ᠢ ᠬᠠᠷᠢᠭᠤᠴᠠᠨ᠎ᠠ᠃    ︵ᠠᠷᠪᠠᠨ ᠳᠤᠯᠤᠭ᠎ᠠ︶ ᠡᠳ᠋ ᠬᠦᠷᠥᠩᠭᠡ ᠶᠢ ᠬᠠᠮᠢᠶᠠᠷᠬᠤ ᠰᠠᠯᠠᠭ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠳᠣ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠨ᠎ᠠ᠃ ᠬᠤᠲᠠ ᠶᠢᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠎ ᠶᠢᠨ ᠡᠳ᠋ ᠬᠥᠷᠥᠩᠭᠡ ᠬᠤᠳᠠᠯᠳᠤᠨ ᠠᠪᠬᠤ᠂ ᠰᠢᠢᠳᠪᠦᠷᠢᠯᠡᠬᠦ᠂ ᠬᠠᠮᠠᠭᠠᠯᠠᠬᠤ᠂ ᠰᠢᠨᠡᠳᠬᠡᠬᠦ ᠵᠡᠷᠭᠡ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ ᠤᠨ  ᠦᠮᠴᠢᠯᠡᠯᠳᠣ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢᠨ ᠠᠵᠢᠯ ᠢ ᠨᠠᠶᠢᠳᠠᠪᠤᠷᠢᠵᠢᠭᠤᠯᠤᠨ᠎ᠠ  ᠃     ︵ᠠᠷᠪᠠᠨ ᠨᠠᠢᠮᠠ︶ ᠠᠵᠤ ᠦᠢᠯᠡᠳᠪᠦᠷᠢ ᠡᠨᠧᠷᠭᠢ ᠶᠢᠨ ᠰᠠᠯᠠᠭ᠎ᠠ᠃ ᠠᠵᠤ ᠦᠢᠯᠡᠳᠪᠦᠷᠢ ᠪᠣᠯᠤᠨ ᠮᠡᠳᠡᠭᠡ  ᠵᠠᠩᠬᠢᠴᠢᠯᠠᠯᠳᠠ᠂ ᠡᠨᠧᠷᠭᠢ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠴᠡᠷᠢᠭ ᠠᠷᠠᠳ ᠤᠨ ᠠᠭᠤᠰᠣᠯᠴᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ᠂ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠦᠷ᠎ᠡ  ᠪᠦᠲᠦᠮᠵᠢ ᠶᠢᠨ ᠬᠢᠨᠠᠨ ᠬᠠᠷᠭᠤᠭᠤᠯᠬᠤ ᠪᠠ ᠦᠷ᠎ᠡ ᠪᠦᠲᠦᠮᠵᠢ ᠶᠢ  ᠦᠪᠡᠰᠦᠪᠡᠨ ᠦᠨᠡᠯᠡᠵᠤ ᠠᠩᠬ᠎ᠠ ᠬᠢᠨᠠᠬᠤ ᠶᠢ ᠥᠷᠨᠢᠭᠦᠯᠵᠦ᠂ ᠡᠳ᠋ ᠤᠨ ᠵᠠᠰᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠤᠯᠤᠰ ᠤᠨ ᠥᠮᠴᠢᠯᠠᠯᠳᠤ ᠠᠵᠤ ᠠᠬᠤᠶᠢᠯᠠᠯ ᠤᠨ ᠡᠳ᠋ ᠬᠦᠷᠦᠩᠭᠡ ᠳᠤ ᠬᠢᠨᠠᠯᠲᠠ ᠲᠠᠯᠪᠢᠬᠤ᠂ ᠥᠭᠡᠷᠡᠴᠢᠯᠡᠯᠲᠡ ᠬᠢᠬᠦ ᠡᠳ᠋ ᠤᠨ ᠵᠠᠰᠠᠭ ᠤᠨ ᠲᠦᠷᠤ ᠶᠢᠨ ᠪᠤᠳᠤᠯᠭ᠎ᠠ ᠶᠢ ᠰᠤᠳᠤᠯᠤᠨ ᠲᠣᠭᠲᠠᠭᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠲᠣᠭᠲᠠᠭᠠᠬᠤ ᠲᠣᠭᠲᠠᠴᠠ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠪᠠᠶᠢᠭᠤᠯᠤᠨ ᠪᠦᠷᠢᠨᠰᠢᠭᠦᠯᠬᠦ ᠶᠢ ᠬᠠᠷᠢᠭᠤᠴᠠᠨ᠎ᠠ᠃ ᠤᠯᠤᠰ ᠎ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠮᠡᠳᠡᠭᠦᠯᠬᠦ ᠪᠠ ᠬᠡᠷᠡᠭᠵᠢᠭᠦᠯᠬᠦ ᠶᠢ ᠬᠠᠷᠢᠭᠤᠴᠠᠵᠤ᠂ ᠠᠵᠤ ᠠᠬᠤᠶᠢᠯᠠᠯ ᠤᠨ ᠡᠳ᠋ ᠎ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠ ᠶᠢᠰᠦ︶ ᠨᠢᠭᠲᠠᠯᠠᠨ ᠪᠤᠳᠤᠬᠤ ᠰᠠᠯᠠᠭ᠎ᠠ᠃ ᠨᠢᠭᠲᠠᠯᠠᠨ ᠪᠣᠳᠣᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠵᠤ᠂ ᠨᠢᠭᠲᠠᠯᠠᠨ ᠪᠣᠳᠣᠬᠤ ᠲᠤᠰᠬᠠᠶ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠬᠢᠨᠠᠯᠲᠠ ᠲᠠᠯᠪᠢᠨ ᠵᠢᠭᠠᠨ ᠵᠢᠯᠣᠭᠤᠳᠤᠨ᠎ᠠ᠃ ᠲᠤᠰ ᠵᠠᠰᠠᠭ ᠵᠠᠬᠢᠷᠭᠠᠨ ᠤ ᠣᠷᠣᠨ ᠤ  ᠵᠠᠰᠠᠭ ᠵᠠᠬᠢᠷᠭᠠᠨ ᠤ ᠨᠢᠭᠡᠴᠡ᠂ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠨᠢᠭᠲᠠᠯᠠᠨ ᠪᠤᠳᠦᠬᠤ ᠮᠡᠳᠡᠭᠡ ᠵᠠᠩᠭᠢ ᠶᠢᠨ ᠶᠠᠰᠤ ᠴᠢᠨᠠᠷ ᠲᠤ ᠬᠢᠨᠠᠯᠳᠠ ᠳᠠᠯᠪᠢᠵᠤ ᠪᠠᠶᠢᠴᠠᠭᠠᠯᠳᠠ ᠬᠢᠨ᠎ᠠ᠃ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠡᠷᠬᠢᠯᠡᠬᠦ ᠶᠠᠰᠤ ᠴᠢᠨᠠᠷ ᠵᠡᠷᠭᠡ ᠪᠠᠶᠢᠳᠠᠯ ᠳᠤ ᠪᠠᠶᠢᠴᠠᠭᠠᠯᠲᠠ ᠬᠢᠨ᠎ᠠ᠃    ︵ᠬᠤᠷᠢ︶ ᠦᠷ᠎ᠡ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠰᠠᠯᠠᠭ᠎ᠠ  ᠃ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠦᠷᠢᠮ᠂ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠤᠭᠤᠷᠪᠢᠨ ᠲᠤᠭᠳᠠᠭᠠᠵᠤ᠂ ᠡᠳ᠋ ᠤᠨ ᠵᠠᠰᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠡᠯ᠎ᠡ ᠲᠥᠰᠦᠪ ᠤᠨ ᠰᠠᠯᠠᠭ᠎ᠠ ᠮᠥᠴᠢᠷ ᠤᠨ ᠵᠠᠷᠤᠯᠭ᠎ᠠ ᠶᠢᠨ  ᠦᠷ᠎ᠡ  ᠪᠦᠲᠦᠮᠵᠢ ᠳᠤ ᠡᠳ᠋ ᠤᠨ ᠵᠠᠰᠠᠭ ᠠᠴᠠ ᠭᠤᠣᠯᠳᠠᠯᠭ᠎ᠠ ᠲᠠᠢ ᠮᠥᠷᠳᠡᠨ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ ᠦᠷ᠎ᠡ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠤᠷᠢᠶᠠᠩᠭᠤᠶᠢᠯᠠᠬᠤ᠂ ᠮᠡᠳᠡᠭᠦᠯᠬᠦ ᠪᠠ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ ᠬᠠᠮᠢᠶᠠᠷᠤᠯᠲᠠ᠂ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠵᠡᠷᠭᠡ ᠬᠤᠯᠪᠣᠭᠳᠠᠯ ᠪᠦᠬᠦᠢ ᠬᠢᠨᠠᠯᠲᠠ ᠲᠠᠯᠪᠢᠬᠤ ᠠᠵᠢᠯ ᠎ ᠢ ᠡᠭᠦᠷᠭᠡᠯᠡᠨ᠎ᠡ᠃ ᠪᠠᠶᠢᠭᠤᠯᠭ᠎ᠠ  ᠪᠣᠯᠤᠨ ᠬᠠᠷᠢᠶ᠎ᠠ ᠠᠵᠢᠯ ᠦᠶᠯᠡᠰ ᠤᠨ ᠨᠢᠭᠡᠴᠡ ᠶᠢᠨ ᠳᠣᠲᠣᠭᠠᠳᠤ ᠶᠢᠨ ᠡᠵᠡᠮᠳᠡᠬᠦ᠂ ᠬᠢᠨᠠᠨ ᠪᠣᠳᠣᠬᠤ ᠪᠠ ᠬᠢᠨᠠᠯᠲᠠ ᠲᠠᠯᠪᠢᠵᠤ ᠪᠠᠶᠢᠴᠠᠭᠠᠯᠳᠠ ᠬᠢᠬᠦ ᠠᠵᠢᠯ ᠢ ᠬᠠᠷᠢᠭᠤᠴᠠᠨ᠎ᠠ᠃ ᠬᠤᠰᠢᠭᠤ ᠲᠣᠭᠤᠷᠢᠭ ᠢ ᠵᠢᠯᠤᠭᠤᠳᠣᠨ ᠳᠣᠲᠣᠭᠠᠳᠤ ᠶᠢᠨ ᠡᠵᠡᠮᠳᠡᠯ ᠤᠨ ᠠᠵᠢᠯ ᠢ  ᠦᠷᠨᠢᠭᠦᠯᠦᠨ᠎ᠡ᠃    ︵ᠬᠤᠷᠢᠨ ᠨᠢᠭᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭ᠎ᠠ  ᠃ ᠬᠤᠲᠠ ᠶᠢᠨ ᠲᠣᠰ ᠱᠠᠲᠤᠨ ᠤ ᠵᠠᠰᠠᠭ  ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠢ ᠲᠤᠭᠤᠷᠪᠢᠨ ᠲᠣᠭᠲᠠᠭᠠᠨ᠎ᠠ᠃ ᠬᠤᠲᠠ ᠶᠢᠨ ᠲᠣᠰ ᠱᠠᠲᠤᠨ ᠤ ᠲᠥᠰᠦᠪ ᠤᠨ ᠨᠢᠭᠡᠴᠡ ᠶᠢᠨ ᠨᠠᠶᠢᠷᠠᠭᠤᠯᠤᠨ ᠮᠡᠳᠡᠭᠦᠯᠦᠭᠰᠡᠨ ᠬᠤᠳᠠᠯᠳᠤᠨ ᠠᠪᠬᠤ ᠲᠥᠯᠥᠪᠯᠡᠭᠡ ᠶᠢ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠢᠨᠠᠨ ᠵᠥᠪᠰᠢᠶᠡᠷᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠂ ᠡᠳ᠋ ᠤᠨ ᠵᠠᠰᠠᠭ  ᠤᠨ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠬᠤ ᠪᠠ ᠳᠤᠷᠠᠳᠤᠨ᠎ᠠ᠃ ᠬᠤᠲᠠ ᠶᠢᠨ ᠲᠣᠰ ᠱᠠᠲᠤᠨ ᠤ ᠵᠠᠰᠠᠭ  ᠤᠨ ᠣᠷᠳᠣᠨ ᠤ ᠬᠤᠳᠠᠯᠳᠤᠨ ᠠᠪᠬᠤ  ᠠᠵᠢᠯᠯᠠᠭᠠᠨ ᠤ ᠶᠠᠪᠤᠴᠠ ᠳᠠᠬᠢ ᠬᠢᠨᠠᠨ ᠬᠠᠮᠢᠶᠠᠷᠤᠯᠳᠠ ᠶᠢ ᠶᠠᠪᠤᠭᠳᠠᠭᠤᠯᠤᠨ᠎ᠠ᠃  ᠪᠦᠬᠦ ᠬᠤᠲᠠ ᠶᠢᠨ ᠵᠠᠰᠠᠭ  ᠤᠨ  ᠣᠷᠳᠣᠨ ᠤ ᠬᠤᠳᠠᠯᠳᠤᠨ ᠠᠪᠬᠤ ᠠᠵᠢᠯ ᠢ ᠵᠢᠯᠣᠭᠤᠳᠤᠨ᠎ᠠ᠃ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ  ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃    ᠲᠠᠪᠤᠳᠤᠭᠠᠷ  ᠵᠦᠢᠯ   ᠣᠷᠳᠣᠰ ᠬᠤᠲᠠ ᠶᠢᠨ ᠡᠳ᠋ ᠤᠨ ᠵᠠᠰᠠᠭ ᠤᠨ  ᠲᠣᠪᠴᠢᠶ᠎ᠠ ᠶᠢᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠣᠷᠣᠨ ᠲᠤᠭ᠎ᠠ 45 ᠨᠡᠷᠡᠰ ᠃ ᠲᠣᠪᠴᠢᠶᠠᠨ ᠳᠠᠷᠤᠭ᠎ᠠ 1 ᠨᠡᠷᠡᠰ᠂ ᠲᠣᠪᠴᠢᠶᠠᠨ ᠳᠡᠳ᠋ ᠳᠠᠷᠤᠭ᠎ᠠ 4 ᠨᠡᠷᠡᠰ ᠲᠣᠬᠢᠷᠠᠭᠤᠯᠤᠨ᠎ᠠ︔ ᠰᠠᠯᠠᠭᠠᠨ ᠲᠡᠰ ᠤᠨ ᠤᠳᠤᠷᠢᠳᠬᠤ ᠲᠤᠰᠢᠶᠠᠯ ᠤᠨ ᠲᠤᠭ᠎ᠠ 34 ᠨᠡᠷᠡᠰ  ︵23 ᠵᠢᠩᠬᠢᠨᠢ ᠳᠡᠰ  ᠂ ᠶᠡᠷᠦᠩᠬᠡᠢ ᠨᠢᠭᠲᠠᠯᠠᠨ ᠪᠤᠳᠤᠬᠴᠢ 1 ᠨᠡᠷᠡᠰ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠳᠤ ᠳᠡᠳ᠋ ᠱᠦᠵᠢ 1 ᠨᠡᠷᠡᠰ ᠪᠠᠭᠲᠠᠨ᠎ᠠ︶ ᠲᠡᠳ᠋ ᠰᠠᠯᠠᠭᠠᠨ ᠳᠡᠰ11  ᠨᠡᠷᠡᠰ᠃    ᠵᠢᠷᠭᠤᠳᠤᠭᠠᠷ ᠵᠦᠢᠯ  ᠣᠷᠳᠣᠰ ᠬᠤᠲᠠ ᠶᠢᠨ ᠡᠳ᠋ ᠤᠨ ᠵᠠᠰᠠᠭ ᠤᠨ ᠲᠤᠪᠴᠢᠶᠠᠨ ᠳᠤ ᠬᠠᠷᠢᠶᠠᠯᠠᠭᠳᠠᠬᠤ ᠠᠵᠢᠯ ᠦᠶᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠣᠯᠤᠨ ᠣᠷᠣᠨ ᠲᠤᠭ᠎ᠠ  ᠵᠡᠷᠭᠡ ᠶᠢ ᠠᠰ ᠲᠤᠨᠢ ᠲᠣᠭᠲᠠᠭᠠᠨ᠎ᠠ᠃    ᠳᠣᠯᠣᠳᠤᠭᠠᠷ ᠵᠦᠢᠯ  ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠭᠦᠢᠴᠡᠳᠬᠡᠨ᠎ᠡ᠃    ᠨᠠᠢᠮᠠᠳᠤᠭᠠᠷ ᠵᠦᠢᠯ   ᠲᠤᠰ ᠲᠣᠭᠲᠠᠭᠠᠯ ᠢ 2019 ᠣᠨ ᠤ 9 ᠰᠠᠷ᠎ᠠ ᠶᠢᠨ 30᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠠᠯᠪᠠᠯᠠᠬᠤ ᠭᠠᠵᠠᠷ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠶᠢᠨ ᠼᠠᠢ ᠲᠣᠮᠣ ᠠᠰᠠᠷ   ᠠᠯᠪᠠᠯᠠᠬᠤ ᠤᠲᠠᠰᠤ᠄ 0477 — 8581609   ᠠᠵᠢᠯᠯᠠᠬᠤ ᠴᠠᠭ᠄ 9᠄ 00—12᠄ 00  14᠄ 00 —17᠄ 30   ᠰᠢᠦᠳᠠᠨ ᠳ᠋ᠤᠭᠠᠷ᠄ 017010   ᠰᠦᠯᠵᠢᠶᠡᠨ ᠤ ᠬᠠᠶ᠋ᠢᠭ᠄ www . ordoscz . gov . cn᠃
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ