ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠯ ᠤᠨ ᠵᠠᠮ
ᠨᠡᠶᠢᠲᠡᠯᠡᠭᠰᠡᠨ ᠴᠠᠭ᠄
2021/8/26
   ᠬᠤᠯᠤᠭᠠᠨ᠎ᠠ ᠶᠢᠨ ᠬᠢᠵᠢᠭ ᠬᠦᠮᠦᠨ ᠳᠤ ᠬᠠᠯᠳᠠᠪᠤᠷᠢᠯᠠᠬᠤ ᠳᠤ ᠬᠤᠶᠠᠷ ᠵᠦᠢᠯ ᠤᠨ ᠵᠠᠮ ᠢᠶᠠᠷ ᠳᠠᠮᠵᠢᠨ  ᠬᠠᠯᠳᠠᠪᠤᠷᠢᠯᠠᠳᠠᠭ᠃        1. ᠨᠤᠬᠠᠢ ᠶᠢᠨ ᠪᠦᠬᠡᠰᠤᠨ ᠳᠤ ᠬᠠᠵᠠᠭᠳᠠᠭᠰᠠᠨ ᠠᠴᠠ ᠪᠤᠯᠵᠤ ᠬᠠᠯᠳᠠᠪᠤᠷᠢᠯᠠᠨ᠎ᠠ᠃ ᠤᠯᠠᠩᠬᠢ ᠨᠢ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ᠃         2. ᠠᠭᠤᠰᠬᠢᠨ ᠤ ᠬᠤᠯᠤᠭᠠᠨ᠎ᠠ ᠶᠢᠨ ᠬᠢᠵᠢᠭ ᠡᠬᠦᠰᠬᠦ ᠦᠶᠡᠰ ᠠᠭᠠᠷ ᠢᠶᠠᠷ ᠬᠠᠯᠳᠠᠪᠤᠷᠢᠯᠠᠨ᠎ᠠ᠃ ᠪᠠᠰᠠ  ᠬᠤᠯᠤᠭᠠᠨ᠎ᠠ ᠶᠢᠨ ᠬᠢᠵᠢᠭ ᠢᠶᠠᠷ ᠦᠬᠦᠭᠰᠡᠨ ᠠᠮᠢᠳᠠᠨ ᠤ ᠮᠢᠬ᠎ᠠ ᠶᠢ ᠢᠳᠡᠬᠦ ᠶᠠᠪᠤᠴᠠ ᠳᠤ ᠬᠤᠯᠤᠭᠠᠨ᠎ᠠ ᠶᠢᠨ ᠬᠢᠵᠢᠭ  ᠎ ᠤᠨ ᠪᠠᠺᠲ᠋ᠧᠷᠢ ᠰᠢᠭᠤᠳ ᠰᠢᠷᠬᠠᠨ ᠳᠤ ᠤᠷᠤᠵᠤ ᠬᠠᠯᠳᠠᠪᠤᠷᠢᠯᠠᠨ᠎ᠠ᠃ ᠠᠮᠢᠳᠠᠨ ᠤ ᠠᠷᠠᠰᠤ ᠨᠤᠤᠰᠤᠨ ᠳᠠᠬᠢ  ᠪᠠᠺᠲ᠋ᠧᠷᠢ ᠠᠴᠠ ᠪᠤᠯᠵᠤ, ᠬᠠᠯᠳᠠᠪᠤᠷᠢᠯᠠᠨ᠎ᠠ᠃ ᠰᠠᠶᠢᠨ ᠴᠢᠨᠠᠵᠤ ᠪᠤᠯᠭᠤᠭᠰᠠᠨ ᠦᠬᠡᠢ ᠬᠢᠵᠢᠭ ᠬᠠᠯᠳᠠᠪᠤᠷᠢᠯᠠᠭᠰᠠᠨ  ᠮᠢᠬ᠎ᠠ ᠶᠢ ᠢᠳᠡᠭᠰᠡᠨ ᠠᠴᠠ ᠪᠤᠯᠵᠤ ᠰᠢᠩᠬᠡᠬᠡᠯᠳᠡ ᠶᠢᠨ ᠵᠠᠮ ᠢᠶᠠᠷ ᠬᠠᠯᠳᠠᠪᠤᠷᠢᠯᠠᠬᠤ ᠵᠡᠷᠬᠡ᠃    
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ