ᠬᠠᠨ ᡁᠢ ᠵᠢᠶᠤᠤ᠄ ᠭᠢᠵᠢᠭ ᠲᠠᠢ ᠲᠡᠮᠡᠴᠡᠭᠦ ᠨᠢᠭᠡᠳᠤᠭᠡᠷ ᠹᠷᠳᠲ ᠲᠤ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠡ
ᠨᠡᠶᠢᠲᠡᠯᠡᠭᠰᠡᠨ ᠴᠠᠭ᠄
2021/8/27
     ᠬᠠᠨ ᡁᠢ ᠵᠢᠶᠤᠤ᠂ ᠡᠮᠡᠭᠳᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠂ 2019 ᠤᠨ ᠤ 8 ᠰᠠᠷ᠎ᠡ ᠳᠤ ᠠᠵᠢᠯ ᠳᠤ ᠤᠷᠤᠵᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠡᠨ ᠤ ᠭᠦᠨᠳᠤ ᠡᠪᠡᠳᠴᠢᠳᠡᠨ ᠤ ᠰᠠᠯᠠᠭᠠᠨ ᠤ ᠰᠤᠪᠢᠯᠠᠬᠴᠢ᠂ ᠤᠳᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠡᠨ ᠤ ᠡᠪᠯᠡᠯ ᠤᠨ ᠬᠤᠷᠢᠶᠡᠨ ᠤ ᠱᠦᠵᠢ ᠶᠢᠨ ᠲᠤᠰᠢᠶᠡᠯ ᠢ ᠡᠭᠦᠷᠭᠡᠯᠡᠵᠤ᠂ ᠶᠢᠰᠦᠳᠦᠭᠡᠷ ᠬᠤᠭᠤᠴᠠᠭᠠᠨ ᠤ ︽ᠦᠪᠤᠷ ᠮᠤᠩᠭᠤᠯ ᠤᠨ ᠵᠠᠯᠠᠭᠤᠴᠤᠳ ᠤᠨ ᠲᠡᠪᠤᠨ ᠰᠠᠷ᠎ᠡ ᠶᠢᠨ ᠲᠦᠷᠪᠡᠨ ᠤ ᠱᠠᠩᠨᠡᠯ︾᠂ ᠬᠤᠪᠸᠢ ᠳᠤ ᠬᠦᠷᠴᠤ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠭᠢᠵᠢᠭ ᠤᠨ ᠪᠠᠶᠢᠳᠡᠯ ᠲᠠᠢ ᠲᠡᠮᠡᠴᠡᠭᠰᠡᠨ ︽ᠭᠠᠷᠮᠠᠭᠠᠢ ᠠᠵᠢᠯᠳᠡᠨ︾᠂ ᠬᠤᠪᠸᠢ ᠶᠢᠨ ᠭᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠳᠤ ᠲᠤᠰᠠᠯᠠᠬᠰᠡᠨ ᠰᠢᠨ᠎ᠡ ᠴᠠᠭ ᠦᠶ᠎ᠡ ᠶᠢᠨ ︽ᠬᠠᠮᠤᠭ ᠭᠤᠶᠤ ᠰᠦᠷᠦᠨ ᠤᠷᠤᠬᠰᠢᠯᠠᠬᠴᠢ︾᠂ 2020 ᠤᠨ ᠤ ᠤᠷᠳᠤᠰ ᠬᠤᠳᠠ ᠶᠢᠨ ︽3 · 8᠎ ᠤ ᠤᠯᠡᠭᠠᠨ ᠲᠤᠬᠴᠢ︾ ᠵᠡᠷᠭᠡ ᠢᠷᠠᠭᠤ ᠠᠯᠳᠠᠷ ᠢᠶᠠᠷ ᠡ᠊ᠡᠭᠭᠡᠷ ᠢᠶᠠᠨ ᠮᠢᠯᠢᠶᠠᠯᠭᠠᠬᠰᠡᠨ ᠪᠠᠶᠢᠨ᠎ᠡ᠃      ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠢᠭᠡᠨ ᠡ᠊ᠩ ᠤᠨ ᠵᠠᠯᠠᠭᠤ ᠰᠤᠪᠢᠯᠠᠭᠴᠢ ᠪᠣᠯᠤᠭᠰᠠᠨ ᠤ ᠬᠤᠪᠢ ᠳᠤ᠂ ᠬᠠᠨ ᡁᠢ ᠵᠢᠶᠤᠤ ᠬᠤᠪᠸᠢ ᠮᠤᠵᠢ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠠᠵᠢᠯ ᠢ ᠳᠡᠮᠵᠢᠬᠦ ᠪᠠᠷ ᠰᠠᠨᠠᠭᠠᠴᠢᠯᠠᠭ᠎ᠠ ᠠᠴᠠ ᠪᠠᠨ ᠭᠤᠶᠤᠴᠢᠯᠠᠪᠠ᠃ 2020 ᠣᠨ ᠤ 2 ᠰᠠᠷ᠎ᠠ ᠶᠢᠨ 4᠎ ᠤ ᠡᠳᠦᠷ᠂ ᠬᠠᠨ ᡁᠢ ᠵᠢᠶᠤᠤ ᠦᠪᠦᠷ ᠮᠤᠩᠭᠤᠯ ᠤᠨ ᠬᠤᠶᠠᠳᠤᠭᠠᠷ ᠪᠦᠯᠦᠭ ᠤᠨ ᠬᠤᠪᠸᠢ ᠶᠢ ᠲᠤᠰᠠᠯᠠᠬᠤ ᠡᠮᠴᠢᠯᠡᠭᠡᠨ ᠤ ᠠᠩᠬᠢ ᠳᠤ ᠣᠷᠣᠵᠤ᠂ ᠦᠬᠠᠨ ᠳᠤ ᠬᠦᠷᠴᠦ ᠡᠮᠴᠢᠯᠡᠭᠡᠨ ᠤ ᠲᠤᠰᠠᠯᠠᠮᠵᠢ ᠦᠵᠡᠭᠦᠯᠬᠦ ᠠᠶᠠᠨ ᠳᠠᠭᠠᠨ ᠮᠤᠷᠳᠡᠵᠡᠢ᠃ 2020 ᠣᠨ ᠤ 2 ᠰᠠᠷ᠎ᠠ ᠶᠢᠨ 6᠎ ᠤ ᠡᠳᠦᠷ᠂ ᠬᠠᠨ ᡁᠢ ᠵᠢᠶᠤᠤ ᠦᠬᠠᠨ ᠬᠤᠲᠠ ᠶᠢᠨ ᠵᠢᠶᠠᠩ ᠬᠠᠨ ᠤ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠬᠤᠪᠢᠶᠠᠭᠳᠠᠨ ᠰᠤᠪᠢᠯᠠᠯᠲᠠ ᠶᠢᠨ ᠠᠵᠢᠯ ᠢ ᠬᠢᠪᠠ᠃ ᠦᠬᠠᠨ ᠳᠤ ᠲᠤᠰᠠᠯᠠᠬᠤ ᠪᠠᠷ ᠭᠦᠷᠦᠭᠰᠡᠨ 44 ᠡᠳᠦᠷ ᠲᠤ᠂ ᠲᠡᠷᠡ 50 ᠭᠠᠷᠤᠢ ᠬᠥᠮᠦᠨ ᠤᠳᠠᠭ᠎ᠠ ᠶᠢᠨ ᠡᠪᠡᠳᠴᠢᠳᠡᠨ ᠢ ᠴᠢᠩᠭᠡᠯᠢᠭ ᠡᠮᠨᠡᠯᠭᠡ ᠶᠢᠨ ᠬᠤᠷᠢᠶ᠎ᠡ ᠠᠴᠠ ᠭᠠᠷᠬᠤ ᠭᠠᠷᠳᠡᠮ ᠢ ᠭᠦᠢᠴᠡᠳᠭᠡᠵᠤ᠂ 50 ᠭᠠᠷᠤᠢ ᠬᠤᠪᠢ ᠡᠪᠡᠳᠴᠢᠨ ᠤ ᠲᠡᠤᠭᠡ ᠶᠢ ᠡᠮᠬᠢᠯᠡᠵᠦ᠂ ᠲᠤᠷᠰᠢᠯᠲᠠ ᠶᠢᠨ ᠲᠠᠰᠤᠭ ᠤᠨ ᠦᠯᠢᠭᠡᠷ ᠭᠡᠪ ᠢ 30 ᠭᠠᠷᠤᠢ ᠤᠳᠠᠭ᠎ᠠ ᠴᠤᠭᠯᠠᠭᠤᠯᠵᠤ᠂ 18 ᠤᠳᠠᠭ᠎ᠠ ᠥᠷᠥᠭᠡᠨ ᠳᠤ ᠣᠷᠣᠵᠤ᠂ ᠠᠵᠢᠯᠯᠠᠬᠤ ᠴᠠᠭ ᠨᠢ 150 ᠰᠢᠬᠠᠮ ᠴᠠᠭ ᠲᠤ ᠭᠥᠷᠴᠤ᠂ ᠡᠪᠡᠳᠴᠢᠲᠡᠨ ᠳᠤ ᠠᠮᠢᠳᠤᠷᠠᠯ ᠤᠨ ᠡᠳ᠋ ᠪᠣᠳᠠᠰ ᠪᠠ ᠡᠮ ᠲᠠᠩ ᠢ 600 ᠭᠠᠷᠤᠢ ᠬᠤᠪᠢ ᠲᠦᠭᠡᠭᠡᠵᠦ ᠥᠭᠴᠡᠢ᠃      ᠵᠢᠶᠠᠩ ᠬᠠᠨ ᠤ ᠴᠢᠩᠭᠡᠯᠢᠭ ᠡᠮᠨᠡᠯᠭᠡ ᠶᠢᠨ ᠬᠤᠷᠢᠶᠠᠨ ᠳᠤ ᠠᠵᠢᠯᠯᠠᠵᠤ ᠪᠠᠶᠢᠬᠤ ᠳᠠᠭᠠᠨ ᠲᠡᠷᠡ ᠠᠮᠠᠪᠴᠢ ᠪᠣᠯᠤᠨ ᠨᠢᠳᠦ ᠪᠠᠨ ᠬᠠᠮᠠᠭᠠᠯᠠᠬᠤ ᠰᠢᠯ ᠢ ᠤᠷᠳᠤ ᠬᠤᠭᠤᠴᠠᠭ᠎ᠠ ᠵᠡᠭᠦᠭᠰᠡᠨ ᠠᠴᠠ ᠪᠤᠯᠤᠭᠠᠳ ᠴᠢᠷᠠᠶ ᠶᠢᠨ ᠬᠡᠰᠡᠭ᠂ ᠴᠢᠬᠢ ᠵᠢᠴᠢ ᠮᠠᠩᠨᠠᠶ ᠳᠡᠭᠡᠷ᠎ᠡ ᠨᠢ ᠭᠦᠨ ᠤᠷᠤᠮ ᠰᠠᠭᠤᠵᠤ᠂ ᠴᠢᠨᠠᠭᠰᠢᠯᠠᠭᠠᠳ ᠤᠰᠤᠨ ᠴᠥᠪᠥᠷᠢᠭᠦᠦ ᠭᠠᠷᠤᠭᠰᠠᠨ ᠪᠠᠶᠢᠯ᠎ᠡ᠃ ᠬᠠᠭᠤᠴᠢᠨ ᠰᠢᠷᠬ᠎ᠠ ᠨᠢ ᠡᠳᠡᠭᠡᠷᠡᠭᠡᠳᠤᠢ ᠪᠠᠷ ᠳᠠᠬᠢᠨ ᠰᠢᠨ᠎ᠡ ᠰᠢᠷᠬ᠎ᠠ ᠤᠯᠵᠤ᠂ ᠵᠠᠷᠢᠮ ᠳᠠᠭᠠᠨ ᠬᠠᠴᠠᠷ ᠨᠢ ᠰᠦᠷᠡᠬᠡᠶ ᠤᠯᠠᠶᠢᠵᠤ ᠬᠠᠪᠤᠳᠤᠭᠠᠳ ᠨᠢᠳᠦ ᠪᠠᠨ ᠨᠡᠭᠡᠭᠡᠭᠦ ᠳᠤ ᠲᠦᠪᠡᠭᠳᠡᠳᠡᠭ ᠮᠦᠷᠳᠡᠭᠡᠨ ᠲᠠᠪᠬᠤᠷ ᠲᠠᠪᠬᠤᠷ ᠬᠠᠮᠠᠭᠠᠯᠠᠯᠳᠡ ᠶᠢᠨ ᠬᠤᠪᠴᠠᠰᠤ ᠡᠮᠦᠰᠳᠡᠭ ᠠᠴᠠ ᠦᠷᠭᠦᠯᠵᠢ ᠠᠮᠢᠰᠬᠤᠭ᠎ᠠ ᠲᠠᠪᠬᠤᠴᠠᠬᠤ ᠤᠴᠢᠷ ᠭᠠᠷᠳᠠᠭ᠃ ᠤᠯᠠᠨ ᠵᠦᠢᠯ ᠤᠨ ᠬᠥᠴᠢᠷ ᠲᠤᠯᠭᠠᠷᠠᠵᠤ ᠪᠠᠶᠢᠭᠰᠠᠨ ᠴᠤ ᠲᠡᠷᠡ ᠰᠠᠨᠠᠭᠠᠴᠢᠯᠠᠭ᠎ᠠ ᠠᠴᠠ ᠪᠠᠨ ᠪᠤᠰᠤᠳ ᠪᠠᠭᠰᠢ ᠠᠴᠠ ᠰᠤᠷᠤᠯᠴᠠᠨ᠂ ᠪᠠᠭᠰᠢ ᠨᠠᠷ ᠤᠨ ᠰᠤᠪᠢᠯᠠᠯᠲᠠ ᠶᠢᠨ ᠲᠤᠷᠰᠢᠯᠭ᠎ᠠ ᠶᠢ ᠰᠣᠨᠣᠰᠴᠤ᠂ ᠴᠢᠰᠤᠨ ᠤ ᠦᠯᠢᠭᠡᠷ ᠢ ᠠᠪᠬᠤ ᠠᠵᠢᠯ ᠢ ᠦᠨᠡᠨ ᠬᠦ ᠰᠠᠶᠢᠲᠤᠷ ᠬᠢᠭᠰᠡᠨ ᠪᠠᠶᠢᠨ᠎ᠠ᠃      ᠠᠨᠠᠭᠠᠬᠤ ᠤᠬᠠᠭᠠᠨ ᠤ ᠦᠯᠢᠭᠡᠷ ᠬᠡᠪ ᠴᠤᠭᠯᠠᠭᠤᠯᠵᠤ ᠴᠠᠭ ᠲᠤᠬᠠᠶ ᠳᠤᠨᠢ ᠬᠦᠷᠭᠡᠵᠦ ᠪᠠᠶᠢᠴᠠᠭᠠᠯᠭᠠᠬᠤ ᠶᠢ ᠪᠠᠲᠤᠯᠠᠬᠤ ᠶᠢᠨ ᠲᠥᠯᠥᠭᠡ᠂ ᠬᠠᠨ ᡁᠢ ᠵᠢᠶᠤᠤ ᠡᠪᠡᠳᠴᠢᠲᠡᠨ ᠤ ᠡᠳᠦᠷ ᠪᠦᠷᠢ ᠶᠢᠨ ᠡᠪᠡᠳᠴᠢᠨ ᠤ ᠬᠤᠪᠢᠷᠠᠯᠲᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠶ ᠴᠤᠭᠯᠠᠭᠤᠯᠤᠨ ᠡᠮᠬᠢᠳᠬᠡᠵᠦ᠂ ᠵᠣᠬᠢᠴᠠᠭᠰᠠᠨ ᠰᠤᠪᠢᠯᠠᠯᠲᠠ ᠶᠢᠨ ᠵᠢᠯᠤᠭᠤᠳᠤᠯᠭ᠎ᠠ ᠬᠢᠪᠡ᠃ ᠲᠡᠷᠡ ᠰᠤᠪᠢᠯᠠᠯᠲᠠ ᠶᠢᠨ ᠠᠵᠢᠯ ᠤᠨ ᠭᠢᠷᠢ ᠲᠦᠪᠰᠢᠨ ᠪᠡ ᠴᠢᠳᠠᠪᠤᠷᠢ ᠪᠠᠨ ᠢᠳᠡᠪᠬᠢᠲᠡᠢ ᠳᠡᠭᠡᠭᠰᠢᠯᠡᠭᠦᠯᠦᠨ᠂ ᠰᠡᠳᠬᠢᠴᠡ ᠶᠢᠨ ᠵᠢᠯᠤᠭᠤᠳᠤᠯᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠤᠳᠠᠭᠠᠨ ᠴᠢᠨᠠᠷᠲᠠᠢ ᠡᠪᠡᠳᠴᠢᠲᠡᠨ ᠲᠠᠢ ᠲᠣᠬᠢᠶᠠᠯᠳᠤᠪᠠᠯ ᠰᠠᠨᠠᠭᠠᠴᠢᠯᠠᠭ᠎ᠠ ᠠᠴᠠ ᠪᠠᠨ ᠬᠤᠯᠪᠣᠭᠳᠠᠯ ᠪᠦᠬᠦᠢ ᠡᠮᠴᠢ ᠲᠠᠢ ᠵᠣᠬᠢᠴᠠᠭᠤᠯᠵᠤ ᠤᠳᠠᠭᠠᠨ ᠴᠢᠨᠠᠷᠲᠠᠢ ᠡᠪᠡᠳᠴᠢᠨ ᠤ ᠡᠮᠴᠢᠯᠡᠭᠡ ᠭᠢᠯᠭᠡᠳᠡᠭ᠃ ᠲᠡᠷᠡ ᠰᠤᠯᠠ ᠰᠡᠯᠡᠭᠦᠦ ᠴᠠᠭ ᠢᠶᠠᠷ ᠢᠶᠠᠨ ᠡᠪᠡᠳᠴᠢᠲᠡᠨ ᠢ ᠳᠠᠭᠠᠭᠤᠯᠤᠨ ᠠᠭᠤᠳᠠᠮ ᠲᠠᠯᠠᠪᠠᠢ ᠶᠢᠨ ᠪᠥᠵᠢᠭ ᠪᠥᠵᠢᠭᠯᠡᠵᠦ᠂ ᠡᠪᠡᠳᠴᠢᠲᠡᠨ ᠢ ᠵᠣᠬᠢᠶᠠᠨ ᠪᠠᠶᠢᠭᠤᠯᠤᠨ ᠳᠠᠭᠤᠤ ᠳᠠᠭᠤᠯᠠᠬᠤ ᠵᠡᠷᠭᠡ ᠵᠤᠭ᠎ᠠ ᠴᠡᠩᠭᠡᠯ ᠤᠨ ᠬᠥᠳᠡᠯᠭᠡᠭᠡᠨ ᠥᠷᠨᠢᠭᠦᠯᠵᠦ᠂ ᠡᠪᠡᠳᠴᠢᠲᠡᠨ ᠤ ᠰᠡᠳᠭᠢᠯ ᠰᠠᠨᠠᠭ᠎ᠠ ᠶᠢ ᠰᠡᠷᠭᠦᠭᠡᠭᠦ ᠪᠠᠷ ᠴᠢᠷᠮᠠᠶᠢᠳᠠᠭ ᠠᠴᠠ᠄ ︽ᠲᠡᠭᠦᠨ ᠢ ᠨᠠᠰᠤ ᠪᠠᠭ᠎ᠠ ᠴᠢᠰᠤ ᠰᠢᠩᠭᠡᠨ᠂ ᠠᠵᠢᠯ ᠢᠶᠠᠨ ᠰᠠᠶᠢᠨ ᠭᠢᠵᠤ ᠲᠡᠶᠢᠯᠭᠦ ᠦᠭᠡᠢ ᠪᠠ ᠭᠡᠵᠤ ᠪᠤᠳᠤᠵᠤ ᠪᠠᠶᠢᠬᠰᠡᠨ᠂ ᠭᠡᠪᠡᠴᠤ ᠠᠵᠢᠯ ᠭᠢᠭᠦ ᠳᠡᠭᠡᠨ ᠬᠠᠷᠢᠨ ᠨᠠᠯᠢᠶᠠᠳ ᠴᠢᠳᠠᠮᠠᠭᠠᠢ ᠪᠠᠶᠢᠨ᠎ᠠ︾ ᠭᠡᠵᠤ ᠡᠪᠡᠳᠴᠢᠳᠡᠳ ᠦᠷᠭᠦᠯᠵᠢ ᠮᠠᠬᠳᠠᠳᠠᠭ ᠪᠠᠶᠢᠵᠡᠢ᠃      ᠬᠠᠨ ᡁᠢ ᠵᠢᠶᠤᠤ ᠵᠢᠶᠠᠩ ᠬᠠᠨ ᠤ ᠴᠢᠩᠭᠡᠯᠢᠭ ᠡᠮᠨᠡᠯᠭᠡ ᠶᠢᠨ ᠬᠤᠷᠢᠶᠠᠨ ᠤ 70 ᠭᠠᠷᠤᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ ᠤ ᠰᠡᠳᠬᠢᠴᠡ ᠶᠢᠨ ᠵᠢᠯᠤᠭᠤᠳᠤᠯᠭ᠎ᠠ ᠵᠢᠴᠢ ᠰᠤᠪᠢᠯᠠᠯᠲᠠ ᠶᠢᠨ ᠠᠵᠢᠯ ᠢ ᠬᠠᠷᠢᠭᠤᠴᠠᠳᠠᠭ ᠮᠦᠷᠳᠡᠭᠡᠨ ᠡᠮᠨᠡᠯᠭᠡ ᠳᠤ ᠪᠠᠶᠢᠭ᠎ᠠ ᠡᠪᠡᠳᠴᠢᠲᠡᠨ ᠪᠣᠯᠤᠨ ᠲᠡᠭᠦᠨ ᠤ ᠬᠡᠷ ᠪᠦᠯᠢ ᠶᠢᠨ ᠬᠢᠨ ᠲᠠᠢ ᠡᠳᠦᠷ ᠲᠤᠲᠤᠮ ᠤᠨ ᠬᠠᠷᠢᠯᠴᠠᠬᠤ ᠠᠵᠢᠯ ᠢ ᠵᠣᠬᠢᠴᠠᠭᠤᠯᠳᠠᠭ᠃ ᠴᠢᠩᠭᠡᠯᠢᠭ ᠡᠮᠨᠡᠯᠭᠡ ᠶᠢᠨ ᠬᠤᠷᠢᠶᠠᠨ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ᠂ ᠲᠡᠷᠡ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠣᠯᠵᠤ ᠠᠯᠳᠠᠬᠤ ᠶᠢ ᠪᠤᠳᠤᠬᠤ ᠦᠭᠡᠢ ᠪᠠᠷ ᠦᠷᠭᠦᠯᠵᠢ ᠥᠪᠡᠷ ᠤᠨ ᠠᠷᠪᠢᠯᠠᠵᠤ ᠭᠠᠮᠨᠠᠵᠤ ᠭᠠᠷᠭᠠᠬᠰᠡᠨ ᠡᠳ᠋ ᠪᠣᠳᠠᠰ ᠢᠶᠠᠨ ᠡᠪᠡᠳᠴᠢᠲᠡᠨ ᠳᠤ ᠬᠦᠷᠭᠡᠵᠦ᠂ ᠨᠡᠶᠢᠲᠡ 20 ᠵᠠᠬ᠎ᠠ ᠬᠤᠪᠴᠠᠰᠤ ᠬᠤᠨᠠᠷ᠂ ᠡᠯ᠎ᠡ ᠲᠦᠷᠦᠯ ᠤᠨ ᠢᠳᠡᠭᠡᠨ ᠤᠮᠳᠠᠭᠠᠨ ᠪᠠ ᠠᠮᠢᠳᠤᠷᠠᠯ ᠤᠨ ᠡᠳ᠋ ᠪᠣᠳᠠᠰ ᠢ ᠬᠦᠷᠭᠡᠪᠡ᠃ ᠡᠭᠦᠨ ᠠᠴᠠ ᠭᠠᠳᠡᠨ᠎ᠡ ᠬᠠᠨ ᡁᠢ ᠵᠢᠶᠤᠤ ᠡᠪᠡᠳᠴᠢᠲᠡᠨ ᠢ ᠢᠳᠡᠪᠬᠢᠲᠡᠢ ᠳᠠᠭᠠᠭᠤᠯᠤᠨ ᠰᠤᠯᠠ ᠰᠡᠯᠡᠭᠦᠦ ᠴᠠᠭ ᠢ ᠠᠰᠢᠭᠯᠠᠨ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠯᠭᠡᠨ᠂ ᠡᠪᠡᠳᠴᠢᠲᠡᠨ ᠤ ᠲᠣᠭᠤᠷᠢᠭ ᠤᠨ ᠣᠷᠴᠢᠨ ᠲᠣᠭᠤᠷᠢᠨ ᠪᠠ ᠨᠣᠮ ᠤᠩᠰᠢᠬᠤ ᠲᠣᠭᠤᠷᠢᠭ ᠢ ᠨᠠᠷᠢᠨ ᠨᠢᠮᠪᠠᠢ ᠲᠥᠯᠥᠪᠯᠡᠨ ᠴᠢᠮᠡᠭᠯᠡᠵᠦ᠂ ᠴᠢᠳᠡᠯ ᠤᠨ ᠭᠢᠷᠢ ᠪᠠᠷ ᠢᠶᠠᠨ ᠡᠪᠡᠳᠴᠢᠲᠡᠨ ᠳᠤ ᠬᠠᠶᠢᠷ᠎ᠠ ᠬᠠᠯᠠᠮᠵᠢ ᠬᠦᠷᠲᠡᠭᠡᠵᠡᠢ᠃ ᠡᠪᠡᠳᠴᠢᠲᠡᠨ ᠤ ᠲᠤᠭᠤᠷᠢᠭ ᠤᠨ ᠥᠨᠴᠥᠭ ᠪᠤᠯᠤᠩ ᠪᠣᠯᠭᠠᠨ ᠳᠤ ᠴᠥᠮ ᠲᠡᠭᠦᠨ ᠤ ᠶᠠᠭᠠᠷᠠᠯᠲᠠᠢ ᠪᠠᠷ᠎ᠠ ᠶᠢ ᠣᠯᠵᠤ ᠬᠠᠷᠠᠳᠠᠭ᠂ ᠲᠡᠷᠡ ᠥᠪᠡᠷ ᠤᠨ ᠪᠠᠶᠠᠰᠤᠩᠭᠤᠢ ᠰᠡᠳᠬᠢᠯᠭᠡ ᠪᠠᠷ ᠢᠶᠠᠨ ᠡᠪᠡᠳᠴᠢᠲᠡᠨ ᠨᠢᠭᠡ ᠪᠦᠷᠢ ᠶᠢ ᠨᠥᠯᠥᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠡᠮᠦᠨ᠎ᠡ ᠨᠢ ᠭᠠᠪᠰᠢᠭᠠᠶᠢᠯᠠᠨ ᠤᠷᠤᠭᠰᠢᠯᠠᠵᠤ᠂ ᠵᠠᠯᠠᠭᠤ ᠨᠠᠰᠤᠨ ᠤ ᠴᠤᠭ ᠪᠠᠳᠠᠷᠠᠩᠭᠤᠢ ᠲᠦᠷᠰᠦ ᠪᠠᠶᠢᠳᠡᠯ ᠢᠶᠠᠨ ᠢᠯᠡᠷᠡᠭᠦᠯᠵᠡᠢ᠃      2020 ᠣᠨ ᠤ ᠵᠤᠨ᠂ ᠬᠠᠨ ᡁᠢ ᠵᠢᠶᠤᠤ ᠠᠯᠪᠠᠨ ᠵᠢᠷᠤᠮ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠵᠠᠯᠠᠭᠤ ᠯᠧᠺᠲ᠋ᠣᠷ ᠪᠣᠯᠤᠭᠰᠠᠨ ᠤ ᠬᠤᠪᠢ ᠳᠤ᠂ ᠲᠡᠷᠡ ᠠᠵᠢᠯᠴᠢ ᠬᠢᠴᠢᠶᠡᠩᠭᠦᠢ ᠪᠠᠷ ᠠᠮᠠᠷᠠᠯᠲᠠ ᠶᠢᠨ ᠴᠠᠭ ᠢᠶᠠᠨ ᠠᠰᠢᠭᠯᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ᠂ ᠰᠤᠷᠭᠠᠭᠤᠯᠢ ᠨᠡᠶᠢᠭᠡᠮ ᠲᠣᠭᠤᠷᠢᠭ᠂ ᠦᠢᠯᠡᠳᠪᠦᠷᠢ ᠠᠭᠤᠷᠬᠠᠢ ᠠᠵᠤ ᠠᠬᠤᠶᠢᠯᠠᠯ᠂ ᠪᠠᠶᠢᠭᠤᠯᠭ᠎ᠠ ᠨᠢᠭᠡᠴᠢ ᠳᠤ ᠭᠦᠨᠵᠡᠭᠡᠶᠢᠷᠠᠨ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 40 ᠭᠠᠷᠤᠢ ᠤᠳᠠᠭ᠎ᠠ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠴᠠᠭ ᠨᠢ 100 ᠴᠠᠭ ᠢ ᠳᠠᠪᠠᠵᠠᠢ᠃ ᠬᠠᠨ ᡁᠢ ᠵᠢᠶᠤᠤ ︽ᠶᠡᠷᠡᠭᠡᠳ ᠣᠨ ᠤ ᠰᠡᠭᠦᠯᠴᠢ ᠪᠠᠷ ᠲᠥᠷᠥᠭᠰᠡᠳ︾ ᠪᠣᠯᠤᠭᠰᠠᠨ ᠤ ᠬᠤᠪᠢ ᠳᠤ᠂ ᠪᠤᠳᠠᠳᠤ ᠠᠵᠢᠯᠯᠠᠭ᠎ᠠ ᠪᠠᠷ ᠢᠶᠠᠨ ᠥᠪᠡᠷ ᠤᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠵᠤ ᠶᠠᠪᠤᠨ᠎ᠡ᠃      ︵ᠬᠤᠲᠠ ᠶᠢᠨ ᠡᠪᠯᠡᠯ ᠤᠨ ᠬᠤᠷᠢᠶ᠎ᠠ ᠠᠴᠠ ᠡᠬᠡ ᠪᠢᠴᠢᠭ ᠢ ᠬᠠᠨᠭ᠍ᠭᠠᠪᠡ︶
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号