ᠮᠠᠯᠴᠢᠳ ᠤᠨ ᠬᠦᠷᠢᠶᠡᠯᠡᠯ ᠢ ᠤᠯᠤᠭᠰᠠᠨ ︽ᠠᠷᠠᠳ ᠤᠨ ᠰᠡᠳᠬᠢᠯ︾ ᠴᠠᠭᠠᠨ ᠢᠳᠡᠭᠡᠨ ᠤ ᠦᠢᠯᠡᠳᠪᠦᠷᠢ
ᠨᠡᠶᠢᠲᠡᠯᠡᠭᠰᠡᠨ ᠴᠠᠭ᠄
2021/8/27
  ᠭᠠᠯᠠᠭᠤᠳᠤ ᠪᠠᠯᠭᠠᠰᠤᠨ ᠤ ᠪᠤᠵᠠᠢ ᠭᠠᠴᠠᠭᠠᠨ ᠤ ᠮᠠᠯᠴᠢᠨ ᠮᠦᠷᠡᠨ 2020 ᠤᠨ ᠤ 7 ᠰᠠᠷ᠎ᠠ ᠳᠤ ︽ᠠᠷᠠᠳ ᠤᠨ ᠰᠡᠳᠬᠢᠯ︾ ᠬᠡᠬᠦ ᠴᠠᠭᠠᠨ ᠢᠳᠡᠭᠡᠨ ᠤ ᠦᠢᠯᠡᠳᠪᠦᠷᠢ ᠪᠠᠶᠢᠭᠤᠯᠵᠤ᠂ ᠡᠳᠦᠷ ᠪᠦᠷᠢ ᠮᠠᠯᠴᠢᠳ ᠤᠨ 1000 ᠭᠠᠷᠤᠢ ᠵᠢᠩ ᠦᠨᠢᠶᠡᠨ ᠰᠦ ᠶᠢ ᠬᠤᠷᠢᠶᠠᠨ ᠠᠪᠴᠤ᠂ ᠡᠳᠦᠷ ᠲᠤ 200᠎ ᠠᠴᠠ 500 ᠭᠠᠷᠤᠢ ᠦᠷᠦᠮ᠎ᠡ ᠬᠦᠬᠡᠷᠦᠭᠦᠯᠦᠨ ᠰᠢᠨᠵᠢᠶᠠᠩ᠂ ᠠᠯᠠᠱᠠ᠂ ᠰᠢᠯᠢ ᠶᠢᠨ ᠭᠤᠤᠯ᠂ ᠬᠦᠯᠦᠨ ᠪᠤᠶᠢᠷ ᠪᠤᠯᠤᠨ ᠮᠠᠨ ᠤ ᠬᠤᠲᠠ ᠶᠢᠨ ᠡᠯ᠎ᠡ ᠬᠤᠰᠢᠭᠤ ᠲᠤᠭᠤᠷᠢᠭ ᠲᠤ ᠪᠤᠷᠤᠯᠠᠭᠤᠯᠵᠤ ᠪᠠᠶᠢᠨ᠎ᠠ᠃   ᠴᠠᠭᠠᠨ ᠢᠳᠡᠭᠡᠨ ᠤ ᠪᠦᠲᠦᠭᠡᠭᠳᠡᠭᠦᠨ ᠤ ᠰᠦ ᠶᠢᠨ ᠴᠢᠨᠠᠷ ᠢ ᠪᠠᠲᠤᠯᠠᠬᠤ ᠶᠢᠨ ᠲᠦᠯᠦᠬᠡ ᠮᠦᠷᠡᠨ ᠲᠤᠰᠬᠠᠢᠢᠯᠠᠨ ᠲᠠᠨᠢᠵᠤ ᠮᠡᠳᠡᠳᠡᠭ ᠤᠢᠢᠷ᠎ᠠ ᠬᠠᠪᠢ ᠶᠢᠨ ᠮᠠᠯᠴᠢᠳ ᠤᠨ ᠦᠨᠢᠶᠡᠨ ᠰᠦ ᠶᠢ ᠬᠤᠷᠢᠶᠠᠨ ᠠᠪᠳᠠᠭ᠃ ᠤᠢᠢᠷ᠎ᠠ ᠬᠠᠪᠢ ᠶᠢᠨ ᠮᠠᠯᠴᠢᠳ ᠴᠤ ᠦᠨᠢᠶᠡᠨ ᠰᠦ ᠪᠠᠨ ᠴᠠᠭ ᠲᠤᠬᠠᠢ ᠳᠤᠨᠢ ᠮᠦᠷᠡᠨ ᠤ ᠦᠢᠯᠡᠳᠪᠦᠷᠢ ᠳᠤ ᠬᠦᠷᠭᠡᠵᠤ᠂ ᠡᠳᠦᠷ ᠤᠨ ᠵᠤᠭᠤᠰ ᠢᠶᠠᠨ ᠡᠳᠦᠷ ᠲᠡᠭᠡᠨ ᠤᠯᠴᠢᠬᠠᠳᠠᠭ ᠪᠤᠯᠬᠤᠷ ᠰᠠᠨᠠᠭ᠎ᠠ ᠠᠮᠤᠷ ᠮᠦᠷᠲᠡᠭᠡᠨ ᠴᠠᠭ ᠪᠠ ᠬᠦᠳᠡᠯᠮᠦᠷᠢ ᠬᠦᠴᠦᠨ ᠳᠤ ᠴᠤ ᠶᠡᠬᠡᠬᠡᠨ ᠠᠷᠪᠢᠲᠠᠢ ᠪᠤᠯᠵᠤ ᠲᠡᠳᠡᠨ ᠳᠤ ᠲᠦᠭᠦᠮ ᠪᠤᠯᠤᠬᠰᠠᠨ ᠪᠠᠶᠢᠨ᠎ᠠ᠃   ︽ᠮᠢᠨᠤ ᠡ᠊ᠨᠳᠡ ᠪᠠᠶᠢᠭᠠᠯᠢᠯᠢᠭ ᠰᠦ ᠪᠠᠷ ᠴᠠᠭᠠᠨ ᠢᠳᠡᠭᠡ ᠬᠢᠨ᠎ᠡ᠃ ᠮᠠᠨ ᠤ ᠵᠡᠷᠭᠡᠯᠡᠳᠡᠭᠡ ᠰᠠᠭᠠᠬᠠᠯᠲᠠ ᠶᠢᠨ ᠬᠢᠨ ᠦᠨᠢᠶ᠎ᠡ ᠪᠠᠨ ᠪᠦᠷ ᠪᠡᠯᠴᠢᠭᠡᠷᠯᠡᠭᠦᠯᠵᠤ ᠪᠠᠶᠢᠭ᠎ᠠ ᠠᠴᠠ ᠰᠦ ᠶᠢᠨ ᠴᠢᠨᠠᠷ ᠨᠢ ᠰᠠᠶᠢᠨ᠂ ᠬᠠᠰᠢᠶᠠᠯᠠᠨ ᠲᠡᠵᠢᠬᠡᠭᠰᠡᠨ ᠦᠨᠢᠶᠡᠨ ᠤ ᠰᠦ ᠲᠠᠢ ᠠᠳᠠᠯᠢ ᠦᠭᠡᠢ᠂᠃ ᠮᠠᠨ ᠤ ᠡ᠊ᠨᠳᠡ ᠭᠤᠤᠯᠳᠠᠭᠤ ᠦᠷᠦᠮ᠎ᠡ ᠪᠠᠷ ᠭᠤᠤᠯᠳᠠᠭᠤᠯᠵᠤ᠂ ᠡᠳᠦᠷ ᠲᠤ 276 ᠦᠷᠦᠮ᠎ᠡ ᠭᠠᠷᠭᠠᠳᠠᠭ᠃ ᠡᠪᠦᠯ ᠳᠤᠨᠢ ᠡᠳᠦᠷ ᠲᠤ ᠬᠤᠶᠠᠷ ᠤᠳᠠᠭ᠎ᠠ ᠬᠦᠬᠡᠷᠦᠭᠦᠯᠵᠤ ᠪᠠᠷᠤᠭ ᠡᠳᠦᠷ ᠲᠤ 500 ᠭᠠᠷᠤᠢ ᠦᠷᠦᠮ᠎ᠡ ᠭᠠᠷᠴᠤ ᠪᠤᠢ︾ ᠬᠡᠯ᠎ᠡ᠃ ᠮᠦᠷᠡᠨ ᠤ ᠦᠢᠯᠡᠳᠪᠦᠷᠢ ᠳᠤ ᠰᠦ ᠪᠠᠨ ᠪᠤᠷᠤᠯᠠᠭᠤᠯᠵᠤ ᠪᠠᠶᠢᠭ᠎ᠠ ᠮᠠᠯᠴᠢᠨ ᠰᠤᠶᠤᠯᠲᠤ᠄ ︽ᠠᠩᠬᠠᠨ ᠳᠠᠭᠠᠨ ᠪᠢᠳᠠ ᠦᠪᠡᠷ ᠲᠡᠭᠡᠨ ᠴᠠᠭ ᠭᠠᠷᠭᠠᠵᠤ ᠰᠦ ᠪᠠᠷ ᠢᠶᠠᠨ ᠴᠠᠭᠠᠨ ᠢᠳᠡᠭᠡ ᠬᠢᠵᠤ ᠪᠤᠷᠤᠯᠠᠭᠤᠯᠵᠤ ᠪᠠᠶᠢᠬᠰᠠᠨ ᠶᠤᠮ᠂ ᠲᠡᠷᠡ ᠦᠶ᠎ᠡ ᠳᠤ ᠬᠦᠳᠡᠯᠮᠦᠷᠢ ᠬᠦᠴᠦ ᠬᠦᠷᠦᠯᠴᠡᠬᠦ ᠦᠭᠡᠢ ᠨᠢ ᠬᠠᠯᠠ ᠪᠠᠶᠢᠬᠰᠠᠨ᠂ ᠰᠡᠭᠦᠯᠡᠷ ᠨᠢ ᠮᠦᠷᠡᠨ ᠤ ᠪᠠᠶᠢᠭᠤᠯᠤᠬᠰᠠᠨ ᠡᠨᠡ ᠬᠦ ᠦᠢᠯᠡᠳᠪᠦᠷᠢ ᠭᠠᠷᠤᠬᠰᠠᠨ ᠤ ᠲᠠᠷᠠᠭ᠎ᠠ ᠪᠢᠳᠠ ᠡ᠊ᠨᠳᠡ ᠰᠦ ᠪᠠᠨ ᠵᠢᠩ ᠪᠦᠷᠢ 2.5 ᠲᠦᠭᠦᠷᠢᠭ ᠢᠶᠠᠷ ᠬᠦᠷᠬᠡᠵᠤ ᠤᠤᠯ ᠤᠨ ᠬᠢ ᠲᠠᠢ ᠠᠳᠠᠯᠢᠬᠠᠨ ᠠᠰᠢᠭ ᠤᠷᠤᠯᠭ᠎ᠠ ᠤᠯᠤᠬᠰᠠᠨ ᠶᠤᠮ︾ ᠬᠡᠪᠡ᠃   ᠤᠢᠢᠯᠠᠭᠠᠬᠰᠠᠨ ᠢᠶᠠᠷ᠂ ᠮᠦᠷᠡᠨ 2020 ᠤᠨ ᠤ 7 ᠰᠠᠷ᠎ᠠ ᠳᠤ ᠲᠤᠰᠬᠠᠢᠢᠯᠠᠨ ᠲᠠᠸᠠᠷ ᠤᠨ ᠲᠡᠮᠲᠡᠭ ᠲᠠᠩᠰᠠᠯᠠᠭᠤᠯᠵᠤ᠂ ᠭᠤᠪᠢᠭᠤᠯᠬᠤ ᠵᠠᠬᠢᠶᠠᠯᠠᠭ᠎ᠠ ᠲᠠᠢ ᠪᠤᠯᠪᠠᠯ ᠪᠦᠲᠦᠭᠡᠭᠳᠡᠭᠦᠨ ᠤ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠴᠠᠭᠠᠨ ᠢᠳᠡᠭᠡᠨ ᠤ ᠪᠦᠲᠦᠭᠡᠭᠳᠡᠭᠦᠨ ᠲᠠᠢ ᠬᠠᠮᠲᠤ ᠢᠯᠡᠭᠡᠨ ᠶᠠᠪᠤᠭᠤᠯᠳᠠᠭ ᠠᠴᠠ ᠴᠢᠨᠠᠷ ᠤᠨ ᠲᠠᠯ᠎ᠠ ᠳᠤ ᠴᠤ ᠪᠠᠲᠤᠯᠠᠭ᠎ᠠ ᠲᠠᠢ ᠪᠠᠶᠢᠳᠠᠭ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号