ᠡᠵᠡᠨ ᠬᠤᠷᠤᠭ᠎ᠠ ᠪᠠᠯᠭᠠᠰᠤ ᠮᠠᠯᠴᠢᠨ ᠲᠠᠷᠢᠶᠠᠴᠢᠳ ᠲᠤ ᠦᠨ᠎ᠠ ᠲᠦᠯᠦᠪᠦᠷᠢ ᠦᠬᠡᠢ ᠪᠠᠷ 4 ᠲᠦᠮᠡᠨ ᠠᠮᠠᠪᠴᠢ ᠲᠠᠷᠬᠠᠭᠠᠯ᠎ᠠ
ᠨᠡᠶᠢᠲᠡᠯᠡᠭᠰᠡᠨ ᠴᠠᠭ᠄
2021/8/28
     ᠬᠢᠵᠢᠭ ᠤᠨ ᠪᠠᠶᠢᠳᠠᠯ ᠢ ᠪᠦᠲᠦᠮᠵᠢᠳᠡᠢ ᠰᠡᠷᠬᠡᠶᠢᠯᠡᠨ ᠡᠵᠡᠮᠳᠡᠬᠦ ᠪᠠᠷ ᠡᠵᠡᠨ ᠬᠤᠷᠤᠭ᠎ᠠ ᠪᠠᠯᠭᠠᠰᠤ ᠨᠢ ᠤᠢᠢᠷ᠎ᠠ ᠳᠤ 4 ᠲᠦᠮᠡᠨ ᠠᠮᠠᠪᠴᠢ ᠶᠢ ᠦᠨ᠎ᠠ ᠲᠦᠯᠦᠪᠦᠷᠢ ᠦᠬᠡᠢ ᠪᠠᠷ ᠮᠠᠯᠴᠢᠨ ᠲᠠᠷᠢᠶᠠᠴᠢᠳ ᠲᠤ ᠲᠠᠷᠬᠠᠭᠠᠵᠤ᠂ ᠤᠯᠠᠨ ᠲᠦᠮᠡᠨ ᠤ ᠬᠢᠵᠢᠭ ᠢ ᠰᠡᠷᠬᠡᠶᠢᠯᠡᠬᠦ ᠤᠬᠠᠮᠰᠠᠷ ᠢ ᠨᠡᠮᠡᠭᠳᠡᠬᠦᠯᠦᠯ᠎ᠠ᠃
     ᠲᠤᠰ ᠤᠳᠠᠭᠠᠨ ᠤ ᠲᠠᠷᠬᠠᠭᠠᠭᠰᠠᠨ 4 ᠲᠦᠮᠡᠨ ᠠᠮᠠᠪᠴᠢ ᠶᠢ ᠡᠵᠡᠨ ᠬᠤᠷᠤᠭ᠎ᠠ ᠪᠠᠯᠭᠠᠰᠤᠨ ᠤ ᠵᠠᠰᠠᠭ ᠤᠨ ᠤᠷᠳᠤᠨ ᠠᠴᠠ ᠨᠢᠬᠡᠳᠦᠯᠳᠡᠢ ᠬᠤᠳᠠᠯᠳᠤᠨ ᠠᠪᠴᠤ᠂ ᠭᠠᠴᠠᠭ᠎ᠠ ᠲᠤᠰᠬᠤᠨ ᠢ ᠲᠠᠭᠠᠭᠠᠴᠢᠯᠠᠨ ᠠᠵᠢᠯᠯᠠᠵᠤ ᠪᠠᠶᠢᠭ᠎ᠠ ᠺᠠᠳ᠋ᠷ ᠠᠵᠢᠯᠳᠠᠨ ᠠᠴᠠ ᠠᠶᠢᠯ ᠡᠷᠦᠬᠡ ᠳᠤ ᠬᠦᠨᠵᠡᠬᠡᠶᠢᠷᠡᠨ ᠬᠤᠪᠢᠶᠠᠵᠤ ᠦᠭᠴᠡᠢ᠃ ᠡᠬᠦᠨ ᠤ ᠲᠠᠭᠠᠤ ᠳᠤ ᠮᠠᠯᠴᠢᠨ ᠲᠠᠷᠢᠶᠠᠴᠢᠳ ᠲᠤ ᠬᠢᠵᠢᠭ ᠢ ᠰᠡᠷᠬᠡᠶᠢᠯᠡᠨ ᠡᠵᠡᠮᠳᠡᠬᠦ ᠮᠡᠳᠡᠯᠬᠡ ᠶᠢ ᠤᠬᠠᠭᠤᠯᠤᠨ ᠲᠠᠮᠵᠢᠭᠤᠯᠵᠤ᠂ ᠭᠠᠷᠴᠤ ᠤᠷᠤᠬᠤ ᠳᠠᠭᠠᠨ ᠠᠮᠠᠪᠴᠢ ᠪᠠᠨ ᠴᠠᠭ ᠢᠮᠠᠭᠳᠠ ᠵᠡᠬᠦᠬᠦ ᠶᠢ ᠰᠠᠨᠠᠭᠤᠯᠤᠨ᠂ ᠡᠳᠦᠷ ᠲᠤᠲᠤᠮ ᠤᠨ ᠠᠮᠢᠳᠤᠷᠠᠯ ᠲᠤᠮᠳᠠ ᠡᠷᠡᠬᠦᠯ ᠬᠠᠮᠠᠭᠠᠯᠠᠯ ᠢᠶᠠᠨ ᠰᠠᠶᠢᠳᠤᠷ ᠬᠢᠬᠦ ᠶᠢ ᠠᠩᠬᠠᠷᠤᠭᠤᠯᠵᠠᠢ᠃
     ᠤᠳᠤᠬᠠᠨ ᠳᠤ ᠠᠮᠠᠪᠴᠢ ᠨᠢ ᠠᠮᠢᠰᠬᠤᠯ ᠤᠨ ᠵᠠᠮ ᠢᠶᠠᠷ ᠬᠠᠯᠳᠠᠪᠤᠷᠢᠯᠠᠬᠤ ᠬᠢᠵᠢᠭ ᠡᠪᠡᠳᠴᠢᠨ ᠢ ᠪᠦᠳᠦᠮᠵᠢᠳᠡᠢ ᠰᠡᠷᠬᠡᠶᠢᠯᠡᠬᠦ ᠳᠤ ᠴᠢᠬᠤᠯᠠ ᠦᠢᠯᠡᠳᠦᠯ ᠦᠵᠡᠬᠦᠯᠬᠦ ᠪᠦᠬᠡᠳ ᠰᠢᠨ᠎ᠠ ᠲᠢᠲᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠬᠦ ᠳᠤ ᠴᠤ ᠮᠠᠰᠢ ᠲᠤᠰᠠᠳᠠᠢ ᠶᠤᠮ᠃ ᠲᠤᠰ ᠤᠳᠠᠭᠠᠨ ᠤ ᠡᠵᠡᠨ ᠬᠤᠷᠤᠭ᠎ᠠ ᠪᠠᠯᠭᠠᠰᠤᠨ ᠤ ᠦᠨ᠎ᠠ ᠲᠦᠯᠦᠪᠦᠷᠢ ᠦᠬᠡᠢ ᠪᠠᠷ ᠮᠠᠯᠴᠢᠨ ᠲᠠᠷᠢᠶᠠᠴᠢᠳ ᠲᠤ ᠠᠮᠠᠪᠴᠢ ᠬᠤᠪᠢᠶᠠᠭᠰᠠᠨ ᠶᠠᠪᠤᠳᠠᠯ ᠨᠢ ᠮᠠᠯᠴᠢᠨ ᠲᠠᠷᠢᠶᠠᠴᠢᠳ ᠤᠨ ᠪᠤᠳᠠᠳᠠᠢ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠨᠭ᠍ᠭᠠᠵᠤ ᠴᠢᠳᠠᠭᠰᠠᠨ ᠢᠶᠠᠷ ᠪᠠᠷᠠᠬᠤ ᠦᠬᠡᠢ ᠬᠢᠵᠢᠭ ᠢ ᠰᠡᠷᠬᠡᠶᠢᠯᠡᠬᠦ ᠤᠬᠠᠮᠰᠠᠷ ᠢ ᠴᠤ ᠶᠡᠬᠡᠬᠡᠨ ᠲᠡᠭᠡᠭᠰᠢᠯᠡᠬᠦᠯᠵᠦ ᠴᠢᠳᠠᠵᠠᠢ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号