ᠸᠠᠩ ᠢᠦᠢ ᠯᠦᠩ᠄ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠦᠴᠦᠨ ᠴᠢᠳᠠᠯ ᠢᠶᠠᠨ ᠡᠷᠭᠦᠨ᠎ᠠ
ᠨᠡᠶᠢᠲᠡᠯᠡᠭᠰᠡᠨ ᠴᠠᠭ᠄
2021/8/28
     ᠸᠠᠩ ᠢᠦᠢ ᠯᠦᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠠᠷᠪᠠᠨ ᠨᠠᠢᠮᠠᠳᠤᠭᠠᠷ ᠶᠡᠭᠡ ᠬᠤᠷᠠᠯ ᠤᠨ ᠲᠦᠯᠦᠭᠡᠯᠡᠭᠴᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠳᠥᠷᠪᠡᠳᠦᠭᠡᠷ ᠬᠤᠭᠤᠴᠠᠭᠠᠨ ᠤ  ᠬᠤᠷᠢᠶ᠎ᠠ ᠶᠢᠨ ᠭᠡᠰᠢᠭᠦᠨ᠂ ᠨᠡᠶᠢᠭᠡᠮ ᠤᠨ ᠠᠵᠢᠯ ᠤᠨ ᠪᠠᠭᠰᠢ᠂ ᠤᠳᠤᠬᠠᠨ ᠳᠤ ᠡᠪ ᠬᠠᠮᠲᠤ ᠵᠠᠯᠠᠭᠤᠴᠤᠳ ᠤᠨ ᠡᠪᠯᠡᠯ ᠤᠨ ᠤᠷᠳᠤᠰ ᠬᠤᠳᠠ ᠶᠢᠨ ᠨᠡᠶᠢᠭᠡᠮ ᠤᠨ ᠠᠵᠢᠯ ᠤᠨ ᠵᠥᠪᠯᠡᠯ ᠤᠨ ᠱᠦᠵᠢ᠂ ᠤᠷᠳᠤᠰ ᠬᠤᠳᠠ ᠶᠢᠨ ᠵᠠᠯᠠᠭᠤᠴᠤᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠠᠲᠤ ᠬᠤᠷᠠᠯ ᠤᠨ ᠳᠠᠷᠤᠭ᠎ᠠ᠂ ᠤᠷᠳᠤᠰ ᠬᠤᠳᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ 2013 ᠣᠨ ᠠᠴᠠ ᠨᠠᠭᠠᠰᠢ᠂ ᠸᠠᠩ ᠢᠦᠢ ᠯᠦᠩ ᠥᠪᠡᠷ ᠤᠨ ᠬᠢᠵᠦ ᠪᠠᠶᠢᠭ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠬᠤ ᠠᠵᠢᠯ ᠲᠠᠢ ᠪᠠᠨ ᠤᠶᠠᠯᠳᠤᠭᠤᠯᠵᠤ᠂ ︽ᠨᠡᠶᠢᠲᠡ ᠶᠢᠨ ᠠᠰᠠᠷᠠᠮᠵᠢ ᠶᠢᠨ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠬᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠦᠢᠯᠡᠴᠢᠯᠡᠬᠦ᠂ ᠨᠡᠶᠢᠲᠡ ᠶᠢᠨ ᠠᠰᠠᠷᠠᠮᠵᠢ ᠶᠢᠨ ᠠᠭᠤᠷ ᠠᠮᠢᠰᠬᠤᠯ ᠢ ᠪᠤᠢ ᠪᠣᠯᠭᠠᠬᠤ︾᠎ ᠪᠠᠷ ᠡᠭᠦᠷᠭᠡ ᠪᠠᠨ ᠪᠤᠯᠭᠠᠨ᠂ ᠵᠠᠯᠠᠭᠤᠴᠤᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠲᠠᠮᠵᠢᠭᠤᠯᠤᠨ ᠦᠢᠯᠡᠰ ᠪᠦᠳᠦᠭᠡᠵᠦ ᠠᠵᠢᠯ ᠤᠯᠬᠤ ᠳᠤ ᠬᠦᠴᠦ ᠨᠡᠮᠡᠷᠢᠯᠡᠵᠦ᠂ ᠵᠠᠯᠠᠭᠤᠴᠤᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠨᠡᠶᠢᠭᠡᠮ ᠳᠤ ᠦᠢᠯᠡᠴᠢᠯᠡᠭᠦᠯᠵᠡᠢ᠃      ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠬᠤ ᠠᠵᠢᠯ ᠢ ᠬᠢᠭᠰᠡᠨ 6 ᠵᠢᠯ ᠤᠨ ᠬᠤᠭᠤᠴᠠᠭᠠᠨ ᠳᠤ ᠂ ᠸᠠᠩ ᠢᠦᠢ ᠯᠦᠩ ᠤᠷᠢᠳ ᠬᠤᠵᠢᠳ ᠠᠩᠬ᠎ᠠ ᠡᠭᠦᠳᠦᠯᠲᠡ ᠶᠢᠨ ᠬᠤᠭᠤᠴᠠᠭᠠᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠠᠷᠢᠯᠴᠠᠵᠦ ᠬᠤᠯᠪᠤᠭ᠎ᠠ ᠠᠪᠤᠭᠰᠠᠨ ᠤ ᠬᠠᠮᠳᠤ ᠰᠢᠨᠵᠢᠯᠡᠨ ᠪᠠᠶᠢᠴᠠᠭᠠᠵᠤ ᠬᠠᠪᠰᠤᠷᠤᠨ ᠵᠢᠯᠣᠭᠤᠳᠬᠤ ᠪᠠ ᠦᠨᠡᠯᠡᠯᠲᠡ ᠬᠢᠬᠦ ᠠᠵᠢᠯ ᠢ ᠬᠢᠵᠠᠢ᠃ 10 ᠰᠠᠷ᠎ᠠ ᠶᠢᠨ ᠬᠤᠭᠤᠴᠠᠭ᠎ᠠ ᠲᠠᠢ ᠪᠤᠶᠢᠵᠢᠭᠤᠯᠬᠤ ᠶᠠᠪᠤᠴᠠ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠢᠳᠠᠪᠤᠷᠢ ᠶᠢᠨ ᠪᠠᠶᠢᠭᠤᠯᠤᠯᠲᠠ᠂ ᠬᠠᠮᠢᠶᠠᠷᠤᠯᠲᠠ ᠶᠢᠨ ᠯᠠᠪᠯᠠᠯᠲᠠ ᠬᠢᠬᠦ᠂ ᠡᠬᠢ ᠪᠠᠶᠠᠯᠢᠭ ᠢ ᠵᠤᠯᠭᠠᠯᠴᠠᠭᠤᠯᠬᠤ᠂ ᠲᠥᠷᠥᠯ ᠵᠦᠢᠯ ᠢ ᠲᠡᠳᠬᠦᠬᠦ ᠵᠡᠷᠭᠡ 8 ᠵᠦᠢᠯ ᠤᠨ ᠦᠢᠯᠡᠴᠢᠯᠡᠭᠡ ᠬᠠᠩᠭᠠᠵᠦ᠂ ᠨᠡᠶᠢᠲᠡ 92 ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠱᠠᠯᠠᠪᠳᠠᠭᠤᠯᠤᠨ ᠵᠢᠯᠣᠭᠤᠳᠬᠤ ᠪᠠ ᠵᠥᠪᠯᠡᠯᠭᠡ ᠥᠭᠬᠦ ᠠᠵᠢᠯ ᠥᠷᠨᠢᠭᠦᠯᠤᠨ᠂ 62 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠮᠵᠢᠬᠦ ᠪᠠᠷ ᠳᠠᠮᠵᠢᠭᠤᠯᠤᠨ ᠦᠷᠭᠦᠯᠵᠢᠯᠡᠨ ᠠᠵᠢᠯᠯᠠᠬᠤ ᠶᠢ ᠪᠡᠶᠡᠯᠡᠭᠦᠯᠵᠦ᠂ ᠡᠯ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠭᠡ ᠬᠠᠩᠭᠠᠨ᠂ ᠨᠡᠶᠢᠲᠡ 100 ᠭᠠᠷᠤᠶ ᠵᠠᠯᠠᠭᠤᠴᠤᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠷᠢᠶ᠎ᠠ ᠴᠠᠷᠠᠭᠠᠨ ᠳᠤ ᠤᠴᠢᠵᠦ ᠦᠢᠯᠡᠰ ᠪᠦᠳᠦᠭᠡᠬᠦ ᠶᠢ ᠲᠡᠮᠵᠢᠪᠡ᠃      ᠸᠠᠩ ᠢᠦᠢ ᠯᠦᠩ ᠨᠡᠶᠢᠲᠡ ᠶᠢᠨ ᠠᠰᠠᠷᠠᠮᠵᠢ ᠶᠢᠨ ᠦᠢᠯᠡᠰ ᠪᠦᠳᠦᠭᠡᠵᠤ ᠪᠡᠯᠡ ᠤᠷᠤᠭᠤᠯᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ ᠲᠡᠮᠵᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠲᠤᠰᠬᠠᠢ ᠮᠡᠷᠭᠡᠵᠢᠯ ᠤᠨ ᠨᠡᠶᠢᠭᠡᠮ ᠤᠨ ᠠᠵᠢᠯᠳᠠᠨ ᠤ ᠦᠰᠦᠨ ᠪᠤᠶᠢᠵᠢᠯᠲᠠ ᠶᠢ ᠴᠢᠨᠠᠭᠰᠢᠳᠠ ᠠᠬᠢᠭᠤᠯᠤᠨ᠂ ᠨᠡᠶᠢᠭᠡᠮ ᠲᠣᠭᠤᠷᠢᠭ ᠤᠨ ᠠᠷᠠᠳ ᠤᠯᠠᠨ ᠤ ᠤᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠤ᠂ ᠵᠠᠰᠠᠭ ᠤᠨ ᠣᠷᠳᠣᠨ ᠤ ᠦᠢᠯᠡᠴᠢᠯᠡᠭᠡ ᠶᠢ ᠬᠤᠳᠠᠯᠳᠤᠨ ᠠᠪᠬᠤ ᠶᠢ ᠬᠦᠳᠦᠯᠦᠨ ᠳᠠᠭᠠᠭᠤᠯᠬᠤ ᠪᠠ ᠠᠬᠢᠭᠤᠯᠵᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠠᠬᠢᠭᠤᠯᠤᠭᠰᠠᠭᠠᠷ ᠢᠷᠡᠵᠠᠢ᠃ ᠸᠠᠩ ᠢᠦᠢ ᠯᠦᠩ ᠨᠡᠶᠢᠲᠡ ᠶᠢᠨ ᠠᠰᠠᠷᠠᠮᠵᠢ ᠶᠢᠨ ᠦᠢᠯᠡᠰ ᠪᠦᠳᠦᠭᠡᠵᠤ ᠪᠡᠯᠡ ᠤᠷᠤᠭᠤᠯᠬᠤ ᠬᠡᠯᠪᠡᠷᠢ ᠪᠠᠷ᠂ ︽ᠰᠡᠳᠬᠢᠯ ᠢ ᠳᠤᠯᠠᠭᠠᠴᠠᠭᠤᠯᠬᠤ ᠶᠠᠪᠤᠳᠠᠯ ︾᠂ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ︾ ᠵᠡᠷᠭᠡ ᠰᠢᠨ᠎ᠡ ᠶᠢ ᠡᠭᠦᠳᠬᠦ ᠲᠦᠷᠦᠯ ᠲᠡᠮᠳᠡᠭᠳᠦ ᠶᠢ ᠪᠦᠷᠢᠯᠳᠦᠭᠦᠯᠵᠦ᠂ 121 ᠪᠠᠶᠢᠭᠤᠯᠤᠮᠵᠢ ᠶᠢ ᠬᠠᠪᠰᠤᠷᠤᠨ 210 ᠲᠦᠷᠦᠯ ᠵᠦᠢᠯ ᠢ ᠠᠵᠢᠯᠯᠠᠭᠤᠯᠤᠨ᠂ ᠰᠠᠭᠤᠭᠠᠯᠢ ᠠᠷᠠᠳ ᠲᠤ ᠨᠡᠶᠢᠳᠡ 10 ᠲᠦᠮᠡ ᠭᠠᠷᠤᠢ ᠬᠥᠮᠦᠨ ᠤᠳᠠᠭ᠎ᠠ ᠦᠢᠯᠡᠴᠢᠯᠡᠪᠡ᠃ ᠨᠡᠶᠢᠲᠡ ᠶᠢᠨ ᠠᠰᠠᠷᠠᠮᠵᠢ ᠶᠢᠨ ᠦᠢᠯᠡᠰ ᠪᠦᠳᠦᠭᠡᠵᠤ ᠪᠡᠯᠡ ᠤᠷᠤᠭᠤᠯᠬᠤ ᠠᠵᠢᠯᠯᠠᠭ᠎ᠠ ᠪᠠᠷ ᠲᠠᠮᠵᠢᠭᠤᠯᠤᠨ ᠰᠠᠭᠤᠭᠠᠯᠢ ᠠᠷᠠᠳ ᠤᠳ ᠨᠢᠭᠡ ᠲᠠᠯ᠎ᠠ ᠪᠠᠷ ᠨᠠᠩ ᠨᠠᠷᠢᠯᠢᠭ ᠦᠢᠯᠡᠴᠢᠯᠡᠭᠡ ᠭᠥᠷᠳᠡᠵᠦ᠂ ᠨᠥᠭᠦᠭᠡ ᠲᠠᠯ᠎ᠠ ᠪᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃      ︽ᠳᠤᠮᠳᠠᠳᠤ ᠤᠯᠤᠰ ᠤᠨ ᠰᠠᠶᠢᠨ ᠨᠡᠶᠢᠲᠡ ᠶᠢᠨ ᠠᠰᠠᠷᠠᠮᠵᠢ ᠶᠢᠨ ᠲᠠᠪᠴᠠᠩ︾᠂ ︽ᠢ ᠴᠢ ᠬᠠᠷᠢ ᠭᠠᠵᠠᠷ ᠲᠤ ᠰᠤᠷᠤᠯᠴᠠᠬᠤ︾ ︽ᠢ ᠴᠢ ᠲᠥᠯᠥᠪᠯᠡᠭᠡ︾᠂ ︽ᠢ ᠴᠢ ᠲᠡᠭᠡᠳᠤ ᠰᠤᠷᠭᠠᠭᠤᠯᠢ︾ ᠵᠡᠷᠭᠡ ᠵᠠᠯᠠᠭᠤᠴᠤᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠦᠢᠯᠡᠴᠢᠯᠡᠬᠦ ᠲᠦᠷᠦᠯ ᠲᠡᠮᠳᠡᠭᠳᠦ ᠶᠢᠨ ᠲᠦᠷᠦᠯ ᠵᠦᠢᠯ ᠢᠶᠠᠷ ᠲᠠᠮᠵᠢᠭᠤᠯᠤᠨ᠂ ᠠᠵᠢᠯᠯᠠᠭ᠎ᠠ ᠪᠠᠷ ᠢᠶᠠᠨ ᠵᠠᠯᠠᠭᠤᠴᠤᠳ ᠢ ᠰᠡᠩᠬᠡᠷᠡᠭᠦᠯᠵᠤ᠂ ᠪᠣᠯᠪᠠᠰᠤᠷᠠᠯ ᠢᠶᠠᠷ ᠵᠠᠯᠠᠭᠤᠴᠤᠳ ᠢ ᠬᠥᠲᠥᠯᠥᠨ ᠵᠢᠯᠣᠭᠤᠳᠴᠤ᠂ ᠠᠰᠠᠭᠤᠨ ᠯᠠᠪᠯᠠᠬᠤ ᠪᠠᠷ ᠵᠠᠯᠠᠭᠤᠴᠤᠳ ᠲᠤ ᠦᠢᠯᠡᠴᠢᠯᠡᠨ᠂ ᠡᠯ᠎ᠡ ᠲᠦᠷᠦᠯ ᠤᠨ ᠪᠣᠯᠪᠠᠰᠤᠷᠠᠯ᠂ ᠴᠤᠭᠯᠠᠭᠠᠨ ᠢ ᠨᠠᠶᠢᠳᠠ 50 ᠭᠠᠷᠤᠢ ᠲᠠᠯᠠᠪᠠᠢ ᠤᠳᠠᠭ᠎ᠠ ᠥᠷᠨᠢᠭᠦᠯᠵᠠᠢ᠃ 100 ᠭᠠᠷᠤᠢ ᠬᠥᠮᠦᠨ ᠤᠳᠠᠭ᠎ᠠ ᠶᠢᠨ ᠵᠠᠯᠠᠭᠤᠴᠤᠳ ᠲᠠᠢ ᠬᠠᠷᠢᠯᠴᠠᠨ᠂ ᠨᠢᠭᠡ ᠪᠦᠯᠦᠭ ᠵᠣᠬᠢᠶᠠᠨ ᠪᠠᠶᠢᠭᠤᠯᠤᠯᠲᠠ ᠶᠢ ᠳᠠᠭᠠᠭᠤᠯᠤᠨ ᠨᠠᠰᠤᠲᠠᠶᠢᠴᠤᠳ ᠲᠤ ᠦᠢᠯᠡᠴᠢᠯᠡᠬᠦ ᠦᠢᠯᠡᠴᠢᠯᠡᠭᠡ᠂ ᠵᠡᠮᠳᠡᠭᠴᠦᠳ ᠢ ᠲᠤᠰᠠᠯᠠᠬᠤ ᠦᠢᠯᠡᠴᠢᠯᠡᠭᠡ᠂ ᠡᠬᠡ ᠨᠢᠯᠬᠠᠰ ᠤᠨ ᠦᠢᠯᠡᠴᠢᠯᠡᠭᠡ᠂ ᠨᠡᠶᠢᠭᠡᠮ ᠤᠨ ᠦᠢᠯᠡᠴᠢᠯᠡᠭᠡ ᠶᠢ 5000 ᠭᠠᠷᠤᠢ ᠤᠳᠠᠭ᠎ᠠ ᠥᠷᠨᠢᠭᠦᠯᠵᠦ᠂ 10 ᠲᠦᠮᠡ ᠭᠠᠷᠤᠢ ᠬᠦᠮᠦᠨ ᠳᠤ ᠠᠰᠢᠭ ᠬᠦᠷᠳᠡᠭᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠨᠡᠶᠢᠭᠡᠮ ᠳᠤ ᠦᠢᠯᠡᠴᠢᠯᠡᠭᠰᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠠᠵᠢᠯ ᠣᠯᠭᠤᠯᠲᠠ ᠶᠢ ᠳᠠᠶᠢᠴᠢᠯᠠᠭᠰᠠᠨ ᠰᠠᠶᠢᠨ ᠰᠠᠶᠢᠬᠠᠨ ᠨᠡᠶᠢᠲᠡ ᠶᠢᠨ ᠠᠰᠠᠷᠠᠮᠵᠢ ᠶᠢᠨ ᠠᠭᠤᠷ ᠠᠮᠢᠰᠬᠤᠯ ᠢ ᠪᠤᠢ ᠪᠣᠯᠭᠠᠪᠠ᠃                         ︵ᠬᠤᠲᠠ ᠶᠢᠨ ᠡᠪᠯᠡᠯ ᠤᠨ ᠬᠤᠷᠢᠶ᠎ᠠ ᠠᠴᠠ ᠡᠬᠡ ᠪᠢᠴᠢᠭ ᠢ ᠬᠠᠩᠭᠠᠪᠠ︶
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号