ᠮᠠᠯ ᠲᠠᠷᠢᠶᠠᠯᠠᠩ ᠤᠨ ᠲᠠᠭᠠᠳᠬᠠᠯ ᠮᠠᠯᠴᠢᠨ ᠲᠠᠷᠢᠶᠠᠴᠢᠳ ᠤᠨ ᠬᠤᠬᠢᠷᠠᠯ ᠢ ᠪᠠᠭᠠᠰᠬᠠᠵᠦ ᠪᠠᠶᠢᠨ᠎ᠠ
ᠨᠡᠶᠢᠲᠡᠯᠡᠭᠰᠡᠨ ᠴᠠᠭ᠄
2021/8/28
     ᠤᠳᠤᠭ ᠤᠨ ᠡᠮᠤᠨᠡᠳᠦ ᠬᠤᠰᠢᠭᠤ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠠᠬᠢᠭᠤᠯᠵᠦ᠂ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠶᠢᠨ ᠴᠢᠨᠠᠷᠳᠡᠢ ᠲᠠᠭᠠᠳᠬᠠᠯ ᠢᠶᠠᠷ ᠮᠠᠯᠴᠢᠨ ᠲᠠᠷᠢᠶᠠᠴᠢᠳ ᠤᠨ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠲᠦᠭᠰᠢᠬᠦᠷᠢ ᠬᠤᠬᠢᠷᠠᠯ ᠢ ᠪᠠᠭᠠᠰᠬᠠᠨ᠂ ᠮᠠᠯ ᠲᠠᠷᠢᠶᠠᠯᠠᠩ ᠤᠨ ᠦᠢᠯᠡᠰ ᠤᠨ ᠲᠤᠭᠳᠠᠭᠤᠨ ᠬᠦᠭᠵᠢᠯᠳᠡ ᠶᠢ ᠠᠬᠢᠭᠤᠯᠵᠦ ᠪᠠᠶᠢᠨ᠎ᠠ᠃      ᠤᠯᠵᠡᠴᠢ ᠪᠠᠯᠭᠠᠰᠦᠨ ᠤ ᠶᠡᠬᠡᠨ᠋ᠤᠰᠤ ᠭᠠᠴᠠᠭᠠᠨ ᠤ ᠮᠠᠯᠴᠢᠨ ᠤᠷᠤᠭᠰᠢᠯᠠᠯᠳᠦ ᠶᠢᠨ ᠬᠢᠨ 120 ᠭᠠᠷᠦᠢ ᠰᠢᠯᠢᠳᠡᠭ ᠡᠭᠦᠯᠳᠡᠷ ᠤᠨ ᠠᠯᠠᠰᠢᠨ ᠦᠬᠡᠷ ᠮᠠᠯᠵᠢᠵᠦ ᠪᠠᠶᠢᠳᠠᠭ᠃ ᠨᠢᠳᠤᠨᠤᠨ ᠲᠡᠷᠡ ᠲᠦᠮᠡ ᠰᠢᠬᠠᠮ ᠲᠦᠭᠦᠷᠢᠭ ᠵᠠᠷᠤᠴᠠᠭᠤᠯᠤᠨ ᠦᠬᠡᠷ ᠢᠶᠠᠨ ᠪᠦᠬᠦᠨ ᠢ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠶᠢᠨ ᠴᠢᠨᠠᠷᠳᠡᠢ ᠲᠠᠭᠠᠳᠬᠠᠯ ᠳᠤ ᠤᠷᠤᠭᠤᠯᠵᠡᠢ᠃ ᠤᠶᠢᠷ᠎ᠠ ᠳᠤ᠂ ᠲᠡᠳᠡᠨ ᠤ ᠭᠤᠷᠪᠠᠨ ᠦᠬᠡᠷ ᠨᠢ ᠬᠤᠷᠤᠭᠳᠠᠭᠰᠠᠨ ᠳᠤ ᠨᠡᠶᠢᠳᠡ 24000 ᠲᠦᠬᠦᠷᠢᠭ ᠤᠨ ᠲᠦᠯᠦᠪᠦᠷᠢ ᠤᠯᠵᠦ᠂ ᠬᠤᠬᠢᠷᠠᠯ ᠰᠦᠢᠳᠦᠯ ᠢᠶᠠᠨ ᠬᠠᠮᠤᠭ ᠤᠨ ᠪᠠᠭ᠎ᠠ ᠭᠡᠮᠵᠢᠶ᠎ᠡ ᠪᠠᠷ ᠬᠢᠵᠠᠭᠠᠷᠯᠠᠵᠦ ᠴᠢᠳᠠᠵᠡᠢ᠃      ᠤᠷᠤᠭᠰᠢᠯᠡᠯᠳᠦ᠄ ︽ᠡᠨᠡ ᠲᠦᠷᠦ ᠶᠢᠨ ᠪᠤᠳᠤᠯᠭ᠎ᠠ ᠪᠤᠯ ᠤᠨᠴᠠ ᠰᠠᠶᠢᠨ᠃ ᠵᠠᠰᠠᠭ ᠤᠨ ᠤᠷᠳᠤᠨ ᠠᠴᠠ ᠮᠠᠯᠴᠢᠳ ᠲᠤ ᠶᠡᠭᠡ ᠲᠡᠮᠵᠢᠯᠭᠡ ᠦᠵᠡᠭᠦᠯᠵᠤ ᠪᠠᠶᠢᠨ᠎ᠠ᠃ ᠮᠠᠨᠦᠰ ᠤᠨ ᠤᠷᠤᠯᠭ᠎ᠠ ᠪᠤᠯ ᠵᠢᠯ ᠠᠴᠠ ᠵᠢᠯ ᠲᠠᠭᠢᠨ ᠢᠶᠠᠷ ᠨᠡᠮᠡᠭᠳᠡᠵᠦ᠂ ᠠᠮᠢᠳᠤᠷᠠᠯ ᠤᠯᠠᠮ ᠠᠴᠠ ᠤᠯᠠᠮ ᠪᠠᠶᠠᠨ ᠴᠢᠨᠡᠭᠡᠯᠢᠭ ᠪᠤᠯᠵᠦ ᠪᠠᠶᠢᠨ᠎ᠠ᠃ ᠪᠢ ᠴᠢᠩ ᠰᠡᠳᠭᠢᠯ ᠠᠴᠠ ᠪᠠᠨ ᠨᠠᠮ ᠵᠠᠰᠠᠭ ᠲᠠᠭᠠᠨ ᠲᠠᠯᠠᠷᠬᠠᠵᠤ ᠪᠠᠶᠢᠨ᠎ᠠ︾ ᠭᠡᠮᠡᠨ ᠲᠠᠯᠠᠷᠬᠠᠯ ᠤᠨ ᠰᠡᠳᠭᠢᠯ ᠢᠶᠠᠨ ᠢᠯᠡᠳᠭᠡᠨ᠎ᠠ᠃      ᠨᠠᠩᠰᠦ ᠪᠠᠯᠭᠠᠰᠦᠨ ᠤ ᠰᠦᠯᠳᠡ ᠭᠠᠴᠠᠭᠠᠨ ᠤ ᠮᠠᠯᠴᠢᠨ ᠮᠦᠡᠭᠭᠦᠬᠠᠭᠤᠯᠠ ᠨᠢᠳᠤᠨᠤᠨ ᠠᠷᠪᠠᠭᠠᠳ ᠮᠣ᠋ ᠯᠠᠵᠤᠤ ᠲᠠᠷᠢᠭᠰᠠᠨ ᠪᠤᠯᠪᠠᠴᠦ ᠮᠦᠨᠳᠦᠷ ᠤᠨ ᠭᠠᠮᠰᠢᠭ ᠲᠤ ᠲᠠᠭᠠᠷᠢᠭᠳᠠᠵᠦ ᠬᠤᠷᠢᠶᠠᠯᠳᠡ ᠦᠭᠡᠢ ᠪᠤᠯᠤᠭᠰᠠᠨ ᠢᠶᠠᠷ ᠬᠤᠬᠢᠷᠠᠯ ᠰᠦᠢᠳᠦᠯ ᠲᠤᠩ ᠶᠡᠭᠡ ᠪᠤᠯᠪᠠ᠃ ᠢᠡᠭᠬᠢᠬᠡᠳ ᠡᠨᠡ ᠵᠢᠯ ᠲᠡᠷᠡ ᠲᠦᠭᠰᠢᠬᠦᠷᠢ ᠠᠴᠠ ᠰᠡᠷᠬᠡᠶᠢᠯᠡᠬᠦ ᠶᠢᠨ ᠲᠤᠰᠡᠳᠡ᠂ ᠬᠠᠮᠢᠶ᠎ᠠ ᠪᠦᠬᠦᠢ ᠪᠠᠶᠢᠭᠤᠯᠭ᠎ᠠ ᠳᠤ 500 ᠭᠠᠷᠤᠢ ᠲᠦᠭᠦᠷᠢᠭ ᠤᠨ ᠲᠠᠭᠠᠳᠬᠠᠯ ᠤᠨ ᠮᠦᠡᠭᠭᠦ ᠲᠤᠰᠢᠶᠠᠵᠤ᠂ ᠪᠦᠭᠦ ᠯᠠᠵᠤᠤ ᠶᠢᠨ ᠲᠠᠷᠢᠶ᠎ᠠ ᠪᠠᠨ ᠲᠠᠭᠠᠳᠬᠠᠯ ᠳᠤ ᠤᠷᠤᠭᠤᠯᠵᠡᠢ᠃  ᠮᠦᠡᠭᠭᠦᠬᠠᠭᠤᠯᠠ᠄ ︽ᠡᠨᠡ ᠲᠠᠭᠠᠳᠬᠠᠯ ᠢ ᠪᠢ ᠨᠢᠳᠤᠨᠤᠨ ᠲᠤᠰᠢᠶᠠᠭᠰᠠᠨ ᠦᠭᠡᠢ᠃ ᠡᠨᠡ ᠵᠢᠯ ᠪᠠᠰᠠ ᠠᠷᠪᠠᠨ ᠭᠤᠷᠪᠠᠨ ᠮᠣ᠋ ᠶᠢᠨ ᠯᠠᠵᠤᠤ ᠲᠠᠷᠢᠭᠰᠠᠨ ᠪᠤᠯᠬᠤᠷ ᠡᠷᠳᠡᠬᠡᠨ ᠠᠴᠠ ᠤᠴᠢᠵᠦ ᠲᠠᠭᠠᠳᠬᠠᠯ ᠢᠶᠠᠨ ᠲᠤᠰᠢᠶᠠᠪᠠ︾ ᠭᠡᠮᠡᠨ ᠦᠩᠭᠡᠷᠡᠯᠲᠡ ᠪᠠᠨ ᠶᠠᠷᠢᠨ᠎ᠠ᠃     ᠤᠶᠢᠷ᠎ᠠ ᠳᠤ᠂ ᠤᠳᠤᠭ ᠤᠨ ᠡᠮᠤᠨᠡᠳᠦ ᠬᠤᠰᠢᠭᠤ 2021 ᠤᠨ ᠤ ᠲᠦᠷᠦ ᠶᠢᠨ ᠪᠤᠳᠤᠯᠭ᠎ᠠ ᠶᠢᠨ ᠴᠢᠨᠡᠷᠳᠡᠢ ᠮᠠᠯ ᠲᠠᠷᠢᠶᠠᠯᠠᠩ ᠤᠨ ᠲᠠᠭᠠᠳᠬᠠᠯ ᠢ ᠪᠦᠬᠦ ᠲᠠᠯ᠎ᠠ ᠪᠠᠷ ᠭᠡᠷᠡᠭᠵᠢᠬᠦᠯᠵᠦ᠂ ᠰᠢᠯᠢᠳᠡᠭ ᠡᠭᠦᠯᠳᠡᠷ ᠤᠨ ᠠᠯᠠᠰᠢᠨ ᠦᠬᠡᠷ᠂ ᠠᠯᠠᠰᠢᠨ ᠬᠤᠨᠢᠨ ᠤ ᠡᠭᠦᠯᠳᠡᠷ ᠤᠨ ᠮᠠᠯ᠂ ᠰᠠᠭᠠᠯᠢ ᠶᠢᠨ ᠦᠨᠢᠶ᠎ᠠ᠂ ᠭᠠᠭ᠋ᠠᠢ ᠵᠡᠷᠬᠡ ᠮᠠᠯ ᠲᠡᠵᠢᠬᠡᠪᠦᠷᠢ ᠵᠢᠴᠢ ᠨᠤᠭᠤᠭ᠎ᠠ ᠴᠠᠭ᠎ᠠ᠂ ᠯᠠᠵᠤᠤ ᠵᠡᠷᠬᠡ ᠤᠯᠠᠷᠢᠯ ᠰᠦᠷᠭᠦ ᠢᠳᠡᠰᠢᠨ ᠨᠤᠭᠤᠭ᠎ᠠ ᠶᠢᠨ ᠲᠠᠷᠢᠮᠠᠯ ᠤᠨ ᠵᠦᠢᠯᠡᠰ ᠢ ᠴᠦᠮ ᠲᠠᠭᠠᠳᠬᠠᠯ ᠳᠤ ᠤᠷᠤᠭᠤᠯᠤᠨ᠂ ᠵᠠᠰᠠᠭ ᠤᠨ ᠤᠷᠳᠤᠨ ᠤ ᠭᠠᠷᠭᠠᠬᠤ ᠰᠦᠢᠳᠭᠡᠯ ᠢ 2020 ᠤᠨ ᠠᠴᠠ 10%᠎ ᠪᠠᠷ ᠲᠡᠭᠡᠭᠰᠢᠯᠡᠭᠦᠯᠦᠭᠰᠡᠨ ᠪᠠᠶᠢᠨ᠎ᠠ᠃      ᠤᠳᠤᠭ ᠤᠨ ᠡᠮᠤᠨᠡᠳᠦ ᠬᠤᠰᠢᠭᠤᠨ ᠤ ᠮᠠᠯ ᠲᠠᠷᠢᠶᠠᠯᠠᠩ ᠤᠨ ᠮᠡᠷᠬᠡᠵᠢᠯ ᠢ ᠲᠡᠯᠬᠡᠷᠡᠬᠦᠯᠬᠦ ᠲᠦᠪ ᠤᠨ ᠲᠡᠳ᠋ ᠡᠷᠬᠢᠯᠡᠭᠴᠢ ᠮᠦᠡᠭᠬᠡᠪᠡᠶᠡᠷ᠄ ︽ᠲᠠᠭᠠᠳᠬᠠᠯ ᠤᠨ 70%᠎ ᠶᠢ ᠨᠢ ᠪᠤᠯ ᠮᠠᠨ ᠤ ᠵᠠᠰᠠᠭ ᠤᠨ ᠤᠷᠳᠤᠨ ᠠᠴᠠ ᠭᠠᠷᠭᠠᠵᠦ᠂ 30%᠎ ᠶᠢ ᠨᠢ ᠮᠠᠯᠴᠢᠳ ᠦᠪᠡᠷ ᠲᠡᠭᠡᠨ ᠭᠠᠷᠭᠠᠨ᠎ᠠ᠃ ᠡᠭᠦᠨ ᠠᠴᠠ ᠬᠤᠶᠢᠰᠢ ᠲᠠᠭᠠᠳᠬᠠᠯ ᠤᠨ ᠭᠦᠷᠢᠶ᠎ᠠ ᠭᠡᠪᠴᠢᠶ᠎ᠠ ᠪᠠᠨ ᠤᠯᠠᠮ ᠦᠷᠭᠡᠵᠢᠭᠦᠯᠤᠨ ᠮᠠᠯᠴᠢᠳ ᠲᠠᠭᠠᠨ ᠨᠡᠩ ᠰᠠᠶᠢᠨ ᠦᠢᠯᠡᠴᠢᠯᠡᠬᠦ ᠪᠠᠷ ᠴᠢᠷᠮᠠᠶᠢᠨ᠎ᠠ᠃ ᠬᠤᠵᠢᠮ ᠤᠨ ᠮᠠᠯ ᠠᠵᠦ ᠠᠬᠤᠢ ᠶᠢᠨ ᠭᠦᠭᠵᠢᠯᠳᠡ ᠳᠤ ᠲᠠᠭᠠᠳᠬᠠᠯ ᠴᠢᠬᠤᠯᠠ ᠤᠶᠢᠯᠡᠳᠤᠯ ᠦᠵᠡᠭᠦᠯᠬᠦ ᠨᠢ ᠯᠠᠪᠲᠠᠢ︾ ᠭᠡᠮᠡᠨ ᠶᠠᠷᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号