ᠡᠮᠴᠢ ᠬᠥᠮᠦᠨ ᠵᠢᠷᠭᠠᠯ ᠤᠨ ᠡᠯᠴᠢ
ᠨᠡᠶᠢᠲᠡᠯᠡᠭᠰᠡᠨ ᠴᠠᠭ᠄
2021/8/30
     ᠡᠮᠴᠢ ᠬᠥᠮᠦᠨ ᠢ ᠡᠷᠡᠭᠦᠯ ᠤᠨ ᠮᠠᠨᠠᠭᠠᠴᠢ᠂ ᠵᠣᠯ ᠵᠢᠷᠭᠠᠯᠲᠤ ᠠᠮᠢᠳᠤᠷᠠᠯ ᠤᠨ ᠬᠠᠮᠠᠭᠠᠯᠠᠭᠴᠢ ᠭᠡᠬᠦ ᠳᠤ ᠶᠡᠷᠦ ᠢᠯᠡᠭᠦᠳᠡᠬᠦ ᠪᠠᠷ ᠦᠭᠡᠢ᠃ ᠲᠡᠳᠡ ᠴᠠᠭ ᠢᠮᠠᠭᠲᠠ ᠤᠲᠤᠭ᠎ᠠ ᠦᠭᠡᠢ ᠳᠠᠶᠢᠨ ᠤ ᠲᠠᠯᠠᠪᠤᠷ ᠲᠤ ᠭᠠᠷᠬᠤ ᠪᠠᠷ ᠪᠡᠯᠡᠭᠡᠨ ᠪᠠᠶᠢᠵᠤ᠂ ᠬᠠᠮᠢᠭ᠎ᠠ ᠠᠶᠤᠯ ᠲᠦᠭᠰᠢᠭᠦᠷᠢ᠂ ᠭᠠᠢ ᠭᠠᠮᠰᠢᠭ᠂ ᠬᠢᠵᠢᠭ ᠲᠠᠬᠤᠯ ᠭᠠᠷᠪᠠᠯ ᠬᠠᠮᠤᠭ ᠤᠨ ᠲᠦᠷᠦᠭᠦᠨ ᠳᠤ ᠬᠤᠰᠢᠭᠤᠴᠢᠯᠠᠳᠠᠭ᠃ ᠶᠠᠭ ᠲᠡᠳᠡᠨ ᠤ ᠡᠶᠢᠮᠦᠷᠬᠦᠦ ᠠᠮᠢ ᠪᠡᠶ᠎ᠡ ᠪᠠᠨ ᠬᠠᠶᠢᠬᠤᠷᠬᠤ ᠦᠭᠡᠢ ᠠᠯᠢᠪᠠ ᠪᠠᠨ ᠵᠣᠷᠢᠭᠤᠯᠳᠠᠭ ᠵᠣᠷᠢᠭ ᠰᠠᠨᠠᠭ᠎ᠠ ᠨᠢ ᠡᠪᠡᠳᠴᠢᠨ ᠲᠠᠬᠤᠯ ᠳᠤ ᠤᠷᠢᠶᠠᠭᠳᠠᠭᠰᠠᠨ ᠡᠪᠡᠳᠴᠢᠲᠡᠨ ᠳᠤ ᠢᠲᠡᠭᠡᠯ ᠵᠣᠷᠢᠭ ᠣᠯᠭᠤᠵᠤ᠂ ᠪᠡᠷᠬᠡ ᠪᠠᠷᠲᠠᠭ᠎ᠠ ᠶᠢ ᠲᠤᠭᠤᠯᠬᠤ ᠳᠤᠨᠢ ᠥᠮᠥᠭ ᠲᠦᠰᠢᠭ ᠪᠣᠯᠳᠠᠭ᠃      ︽ᠨᠠᠳᠠ ᠠᠴᠠ ᠪᠣᠯᠣᠭᠠᠳ ᠨᠢᠳᠤᠨᠤᠨ ᠨᠢᠭᠡ ᠵᠢᠯ ᠦᠬᠠᠨ ᠬᠤᠲᠠ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠪᠦᠬᠦ ᠭᠡᠷ ᠤᠨ ᠬᠦᠮᠦᠰ ᠤᠨ ᠠᠩᠬᠠᠷᠤᠯ ᠤᠨ ᠲᠥᠪ ᠪᠣᠯᠵᠠᠢ︾ ᠭᠡᠵᠦ ᠬᠤᠲᠠ ᠶᠢᠨ ᠭᠤᠣᠯᠳᠠᠯᠭᠠᠲᠤ ᠡᠮᠨᠡᠯᠭᠡ ᠶᠢᠨ ᠬᠤᠷᠢᠶᠠᠨ ᠤ ᠠᠮᠢᠰᠬᠤᠯ ᠪᠠ ᠬᠦᠨᠳᠦ ᠲᠦᠭᠰᠢᠭᠦᠷᠢᠲᠡᠢ ᠡᠪᠡᠳᠴᠢᠨ ᠤ ᠠᠨᠠᠭᠠᠬᠤ ᠤᠬᠠᠭᠠᠨ ᠤ ᠰᠠᠯᠪᠤᠷᠢ ᠶᠢᠨ ᠡᠮᠴᠢ ᠳᠡᠯᠡᠬᠡᠢ ᠰᠤᠷᠪᠤᠯᠵᠢᠯᠠᠭᠴᠢ ᠳᠤ ᠶᠠᠷᠢᠨ᠎ᠠ᠃ ᠲᠡᠷᠡ ᠡᠮᠴᠢ ᠶᠢᠨ ᠠᠵᠢᠯ ᠢ ᠰᠣᠩᠭᠤᠵᠤ ᠥᠪᠡᠷ ᠤᠨ ᠠᠮᠢᠳᠤᠷᠠᠬᠤᠢ ᠶᠢᠨ ᠦᠨ᠎ᠠ ᠥᠷᠲᠡᠭ ᠢᠶᠠᠨ ᠪᠡᠶᠡᠯᠡᠭᠦᠯᠬᠦ ᠪᠠᠷ ᠰᠢᠢᠳᠥᠭᠰᠡᠨ ᠪᠣᠯᠬᠤᠷ᠂ ᠦᠬᠠᠨ ᠳᠤ ᠬᠢᠵᠢᠭ ᠤᠨ ᠪᠠᠶᠢᠳᠠᠯ ᠶᠠᠭ ᠤᠯᠠᠶᠢᠷᠠᠵᠤ ᠪᠠᠶᠢᠬᠤ ᠴᠠᠭ ᠲᠤ ᠠᠶᠤᠯ ᠢ ᠰᠥᠷᠥᠨ ᠤᠷᠤᠭᠰᠢᠯᠠᠬᠤ ᠶᠢ ᠬᠡᠴᠢᠨᠡᠭᠡᠨ ᠬᠥᠮᠦᠨ ᠣᠶᠢᠯᠠᠭᠠᠬᠤ ᠦᠭᠡᠢ ᠪᠠᠶᠢᠭᠰᠠᠨ ᠴᠤ ᠭᠡᠷᠭᠡᠢ ᠨᠢ ᠬᠠᠷᠢᠨ ᠤᠷᠮ᠎ᠠ ᠬᠠᠶᠢᠷᠠᠯᠠᠵᠤ ᠵᠣᠷᠢᠭ ᠢ ᠨᠢ ᠬᠥᠪᠴᠢᠯᠡᠭᠰᠡᠨ ᠠᠵᠢ᠃      1990 ᠣᠨ ᠳᠤ ᠲᠥᠷᠥᠭᠰᠡᠨ ᠳᠡᠯᠡᠬᠡᠢ ᠲᠦᠩ ᠵᠢᠢ ᠶᠡᠭᠡ ᠰᠤᠷᠭᠠᠭᠤᠯᠢ ᠶᠢᠨ ᠡᠮᠴᠢᠯᠡᠭᠡᠨ ᠤ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠢᠶᠠᠷ 7 ᠵᠢᠯ ᠰᠤᠷᠤᠯᠴᠠᠭᠠᠳ 2016 ᠣᠨ ᠳᠤ ᠰᠢᠯᠢᠳᠡᠭ ᠬᠢᠷᠢ ᠪᠦᠲᠦᠮᠵᠢ ᠪᠠᠷ ᠠᠰᠫᠢᠷᠠᠨᠲ ᠴᠣᠯᠠ ᠬᠠᠮᠠᠭᠠᠯᠠᠵᠤ ᠰᠤᠷᠤᠯᠭ᠎ᠠ ᠪᠠᠨ ᠲᠡᠭᠦᠰᠬᠡᠭᠡᠳ ᠨᠤᠲᠤᠭ ᠲᠠᠭᠠᠨ ᠪᠤᠴᠠᠵᠤ ᠡᠮᠴᠢ ᠪᠣᠯᠵᠠᠢ᠃ ᠨᠢᠳᠤᠨᠤᠨ ᠦᠬᠠᠨ ᠳᠤ ᠬᠢᠵᠢᠭ ᠲᠠᠢ ᠲᠡᠮᠡᠴᠡᠬᠦ ᠪᠠᠷ ᠮᠣᠷᠳᠠᠬᠤ ᠳᠤ ᠥᠬᠢᠨ ᠨᠢ ᠳᠥᠩᠭᠡᠵᠤ ᠣᠢ ᠭᠦᠢᠴᠡᠵᠤ ᠪᠠᠶᠢᠪᠠ᠃ ᠡᠷ᠎ᠡ ᠬᠥᠮᠦᠨ ᠤ ᠨᠢᠭᠡ ᠨᠠᠰᠤ ᠭᠡᠭᠴᠢ ᠠᠶᠢᠯ ᠭᠡᠷ ᠪᠣᠰᠬᠠᠵᠤ ᠦᠷ᠎ᠡ ᠬᠡᠦᠬᠡᠳ ᠲᠠᠢ ᠪᠣᠯᠬᠤ ᠦᠶ᠎ᠡ ᠠᠴᠠ ᠵᠢᠩᠬᠢᠨᠢ ᠪᠦᠷᠢᠨ ᠪᠦᠲᠦᠨ ᠪᠣᠯᠳᠠᠭ ᠰᠠᠨ᠃ ︽ᠦᠬᠠᠨ ᠳᠤ ᠶᠠᠪᠤᠭᠰᠠᠨ ᠤ ᠳᠠᠷᠠᠭ᠎ᠠ ᠪᠦᠰᠡᠭᠦᠢ ᠬᠡᠦᠬᠡᠳ ᠢᠶᠠᠨ ᠶᠡᠭᠡ ᠰᠠᠨᠠᠳᠠᠭ ᠪᠠᠶᠢᠭᠰᠠᠨ᠂ ᠭᠡᠪᠡᠴᠦ ᠲᠤᠬᠠᠢ ᠶᠢᠨ ᠦᠶ᠎ᠡ ᠳᠤ ᠡᠭᠦᠷᠭᠡ ᠮᠠᠰᠢ ᠬᠦᠨᠳᠦ᠂ ᠬᠢᠵᠢᠭ ᠤᠨ ᠪᠠᠶᠢᠳᠠᠯ ᠬᠡᠴᠡᠭᠦᠦ ᠪᠠᠶᠢᠭᠰᠠᠨ ᠪᠣᠯᠬᠤᠷ ᠪᠠᠶᠢᠩᠭᠤ ᠬᠠᠷᠢᠯᠴᠠᠬᠤ ᠵᠠᠪ ᠦᠭᠡᠢ᠃ ᠲᠡᠭᠡᠬᠦ ᠳᠤ ᠪᠦᠰᠡᠭᠦᠢ ᠮᠢᠨᠢ ᠭᠡᠷ ᠵᠠᠭᠤᠷ᠎ᠠ ᠶᠢᠨ ᠪᠠᠶᠢᠳᠠᠯ᠂ ᠥᠬᠢᠨ ᠤ ᠮᠢᠨᠢ ᠬᠤᠪᠢᠷᠠᠯᠲᠠ ᠶᠢ ᠰᠡᠭᠦᠳᠡᠷᠯᠡᠵᠦ ᠰᠢᠩᠭᠡᠭᠡᠭᠡᠳ ᠨᠠᠮ᠎ᠠ ᠳᠤ ᠶᠠᠪᠤᠭᠤᠯᠳᠠᠭ᠃ ᠬᠥᠭᠡᠷᠦᠬᠦᠢ᠂ ᠮᠢᠨᠦ ᠲᠦᠯᠦᠭᠡ ᠬᠡᠳᠥᠢ ᠶᠡᠭᠡ ᠰᠠᠨᠠᠭᠠᠰᠢᠷᠠᠵᠤ ᠪᠠᠶᠢᠪᠠᠴᠤ ᠨᠠᠳᠠ ᠶᠢ ᠰᠡᠳᠬᠢᠯ ᠠᠯᠭᠠᠰᠠᠬᠤ ᠪᠢᠵᠡ ᠭᠡᠳ ᠶᠡᠷᠦ ᠨᠢ ᠤᠷᠢᠳ ᠢᠶᠠᠷ ᠴᠢᠮᠡᠭᠡ ᠢᠷᠡᠭᠦᠯᠳᠡᠭ ᠦᠭᠡᠢ᠃ ᠨᠠᠳᠠ ᠲᠠᠢ ᠠᠳᠠᠯᠢᠬᠠᠨ ᠦᠬᠠᠨ ᠳᠤ ᠣᠴᠢᠭᠰᠠᠨ ᠡᠮᠴᠢ᠂ ᠴᠡᠷᠢᠭ᠂ ᠴᠠᠭᠳᠠᠭ᠎ᠠ ᠁ ᠨᠠᠷ ᠬᠡᠴᠢᠨᠡᠭᠡᠨ ᠬᠠᠷᠢᠭᠤᠴᠠᠯᠭ᠎ᠠ ᠡᠭᠦᠷᠭᠡᠯᠡᠵᠦ ᠪᠠᠶᠢᠭᠰᠠᠨ ᠪᠣᠯ ᠲᠡᠳᠡᠨ ᠤ ᠭᠡᠷ ᠪᠦᠯᠢ ᠨᠢ ᠮᠦᠨ ᠠᠳᠠᠯᠢ ᠬᠡᠮᠵᠢᠶ᠎ᠡ ᠪᠠᠷ ᠳᠠᠭᠠᠭᠠᠵᠤ ᠠᠪᠤᠭᠰᠠᠨ ᠭᠡᠳᠡᠭ ᠢ ᠪᠡᠶ᠎ᠡ ᠪᠠᠷ ᠢᠶᠠᠨ ᠥᠩᠭᠡᠷᠡᠭᠡᠭᠰᠡᠨ ᠬᠥᠮᠦᠨ ᠯᠡ ᠣᠶᠢᠯᠠᠭᠠᠨ᠎ᠠ ᠳ᠋ᠠ︾ ᠭᠡᠵᠦ ᠳᠡᠯᠡᠬᠡᠢ ᠳᠣᠭᠳᠣᠯᠤᠩᠬᠠᠨ ᠶᠠᠷᠢᠨ᠎ᠠ᠃      ᠳᠡᠯᠡᠬᠡᠢ ᠪᠣᠯ ᠲᠦᠭ ᠲᠦᠮᠡᠨ ᠡᠮᠴᠢ ᠨᠡᠷ ᠤᠨ ᠬᠤᠷᠢᠶᠠᠩᠭᠤᠢ ᠳᠦᠷᠰᠦ᠂ ᠲᠡᠭᠦᠨ ᠤ ᠪᠡᠶ᠎ᠡ ᠠᠴᠠ ᠡᠮᠴᠢ ᠬᠥᠮᠦᠨ ᠤ ᠨᠠᠷᠢᠨ ᠬᠢᠨᠠᠮᠠᠭᠠᠢ᠂ ᠲᠡᠰᠪᠦᠷᠢ ᠲᠡᠪᠴᠢᠶᠡᠷᠢ ᠲᠣᠳᠣᠬᠠᠨ ᠬᠠᠷᠠᠭᠳᠠᠨ᠎ᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号