ᠮᠠᠯᠴᠢᠨ ᠲᠦᠮᠡᠨ ᠨᠠᠮ ᠢᠶᠠᠨ ᠮᠠᠬᠳᠠᠨ ᠲᠠᠭᠤᠯᠠᠨ᠎ᠠ
ᠨᠡᠶᠢᠲᠡᠯᠡᠭᠰᠡᠨ ᠴᠠᠭ᠄
2021/8/30
     ᠵᠠᠭᠤᠨ ᠵᠢᠯ ᠤᠨ ᠠᠶᠠᠨ ᠵᠠᠮ ᠰᠦᠷ ᠲᠠᠯᠠᠶᠢᠴᠡᠳᠡᠢ᠂ ᠵᠠᠭᠤᠨ ᠵᠢᠯ ᠤᠨ ᠤᠭ ᠰᠠᠨᠠᠭ᠎ᠠ ᠦᠨᠢᠳᠠ ᠪᠠᠳᠤᠳᠡᠢ᠃ ᠵᠠᠭᠤᠨ ᠵᠢᠯ ᠤᠨ ᠲᠤᠷᠰᠢ ᠡᠪ ᠬᠠᠮᠳᠤ ᠨᠠᠮ ᠤᠨ ᠠᠴᠢ ᠪᠠᠷ ᠠᠷᠠᠳ ᠤᠨ ᠠᠮᠢᠳᠤᠷᠠᠯ ᠡᠳᠦᠷ ᠢᠷᠡᠬᠦᠶ᠎ᠠ ᠰᠠᠶᠢᠵᠢᠷᠠᠵᠦ᠂ ᠡᠬᠡ ᠤᠯᠤᠰ ᠡᠳᠦᠷ ᠢᠷᠡᠬᠦᠶ᠎ᠠ ᠬᠦᠴᠦᠷᠬᠡᠭᠵᠢᠨ ᠮᠠᠨᠳᠤᠵᠦ ᠪᠠᠶᠢᠭ᠎ᠠ ᠪᠢᠯᠡ᠃ ᠡᠨᠡ ᠵᠢᠯ ᠪᠤᠯ ᠨᠠᠮ ᠪᠠᠶᠢᠭᠤᠯᠤᠬᠳᠠᠬᠰᠠᠨ 100 ᠵᠢᠯ ᠤᠨ ᠤᠢ ᠲᠤᠬᠢᠶᠠᠵᠦ ᠪᠠᠶᠢᠭ᠎ᠠ ᠪᠤᠯᠬᠤᠷ ᠪᠦᠬᠦ ᠤᠯᠤᠰ ᠤᠨ ᠡᠯ᠎ᠠ ᠭᠠᠵᠠᠷ ᠤᠨ ᠪᠠᠶᠢᠭᠤᠯᠭ᠎ᠠ ᠨᠢᠬᠡᠴᠢ᠂ ᠰᠠᠯᠠᠭ᠎ᠠ ᠮᠦᠴᠢᠷ᠂ ᠡᠯ᠎ᠠ ᠦᠨᠳᠦᠰᠦᠳᠡᠨ ᠤ ᠠᠷᠠᠳ ᠲᠦᠮᠡᠨ ᠦᠪᠡᠷ ᠦᠪᠡᠷ ᠤᠨ ᠠᠷᠭ᠎ᠠ ᠬᠡᠯᠪᠡᠷᠢ ᠪᠠᠷ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠠᠶᠠᠷᠯᠠᠨ ᠪᠡᠯᠬᠡᠯᠡᠵᠦ ᠪᠠᠶᠢᠨ᠎ᠠ᠃ ᠦᠤᠰᠢᠨ ᠬᠤᠰᠢᠭᠤᠨ ᠤ ᠰᠢᠷᠬᠤᠰᠤ ᠰᠤᠶᠤᠯ ᠤᠨ ᠲᠤᠭᠤᠢᠢᠯᠠᠩ ᠤᠨ ᠤᠷᠠᠯᠢᠬᠴᠢᠳ ᠨᠠᠮ ᠳᠠᠭᠠᠨ ᠵᠤᠷᠢᠭᠤᠯᠵᠦ ︽ᠮᠠᠯᠴᠢᠨ ᠲᠦᠮᠡᠨ ᠨᠠᠮ ᠢᠶᠠᠨ ᠮᠠᠬᠳᠠᠨ ᠲᠠᠭᠤᠯᠠᠨ᠎ᠠ︾ ᠬᠡᠬᠦ ᠲᠠᠭᠤᠤ ᠶᠢ ᠬᠤᠭᠤᠯᠠᠢ ᠨᠡᠶᠢᠯᠡᠬᠦᠯᠦᠨ ᠲᠠᠭᠤᠯᠠᠵᠦ᠂ ᠠᠭᠤᠤ ᠨᠠᠮ ᠤᠨ ᠢᠶᠠᠨ ᠠᠴᠢ ᠭᠠᠪᠢᠶ᠎ᠠ ᠳᠤ ᠲᠠᠯᠠᠷᠬᠠᠨ᠂ ᠡᠬᠡ ᠤᠯᠤᠰ ᠤᠨ ᠢᠶᠠᠨ ᠴᠡᠴᠡᠭᠯᠡᠨ ᠬᠦᠭᠵᠢᠬᠦ ᠶᠢ ᠵᠦᠡᠭᠨᠡᠯ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号