ᠪᠠᠯᠭᠤᠨ ᠪᠠᠯᠭᠠᠰᠣ ᠭᠠᠴᠠᠭ᠎ᠠ ᠳᠤᠰᠬᠤᠨ ᠤ ᠵᠠᠮ ᠢ ᠰᠡᠯᠪᠢᠵᠤ ᠤᠯᠠᠨ ᠲᠦᠮᠡᠨ ᠳᠤ ᠲᠦᠭᠦᠮ ᠦᠵᠡᠭᠦᠯᠤᠨ᠎ᠠ
ᠨᠡᠶᠢᠲᠡᠯᠡᠭᠰᠡᠨ ᠴᠠᠭ᠄
2021/9/11
     ᠪᠠᠯᠭᠤᠨ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠨᠢ ︽ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠬᠦ︾᠎ ᠶᠢ ᠦᠢᠯᠡᠳᠤᠯᠬᠡᠵᠢᠬᠦᠯᠬᠦ ᠳᠡᠭᠡᠨ ᠭᠠᠴᠠᠭ᠎ᠠ ᠳᠤᠰᠬᠤᠨ ᠤ ᠬᠠᠭᠤᠴᠢᠷᠠᠵᠦ ᠡᠪᠳᠡᠷᠡᠭᠰᠡᠨ ᠵᠠᠮ ᠱᠤᠭᠤᠮ ᠢ ᠰᠢᠨᠡᠳᠬᠡᠨ ᠰᠠᠯᠪᠢᠵᠦ᠂ ᠠᠷᠠᠳ ᠲᠤ ᠳᠦᠬᠦᠮ ᠦᠵᠡᠬᠦᠯᠤᠨ ᠠᠷᠠᠳ ᠤᠨ ᠰᠡᠳᠬᠢᠯ ᠢ ᠤᠯᠵᠦ ᠪᠠᠶᠢᠨ᠎ᠠ᠃      ᠪᠠᠯᠭᠤᠨ ᠪᠠᠯᠭᠠᠰᠤᠨ ᠤ ᠠᠭᠤᠯᠵᠠᠷ ᠭᠠᠴᠠᠭ᠎ᠠ ᠨᠢ ᠤᠯᠠᠮᠵᠢᠯᠠᠯᠳᠤ ᠮᠠᠯᠵᠢᠯ ᠤᠨ ᠭᠠᠴᠠᠭ᠎ᠠ ᠪᠠᠶᠢᠵᠦ᠂ ᠭᠠᠴᠠᠭᠠᠨ ᠳᠤ ᠤᠷᠤᠬᠤ ᠵᠠᠮ ᠨᠢ ᠡᠪᠳᠡᠷᠡᠵᠦ ᠬᠠᠭᠤᠴᠢᠷᠠᠭᠠᠳ ᠡ᠊ᠩᠬᠦᠯ ᠲᠤᠩᠬᠤᠯ ᠪᠤᠯᠵᠦ᠂ ᠭᠠᠨᠭ᠍ᠳᠠᠪᠠᠯ ᠳᠤᠭᠤᠰᠤ ᠪᠤᠳᠠᠩᠨᠠᠵᠦ᠂ ᠪᠤᠷᠤᠭᠠᠨ ᠤᠷᠤᠪᠠᠯ ᠰᠢᠪᠠᠷ ᠱᠠᠯᠴᠢᠭ ᠭᠠᠷᠴᠦ ᠬᠠᠯᠳᠤᠷᠢᠭ᠎ᠠ ᠶᠡᠬᠡᠳᠡᠢ ᠪᠠᠶᠢᠵᠦ ᠮᠠᠯᠴᠢᠨ ᠳᠠᠷᠢᠶᠠᠴᠢᠳ ᠨᠠᠭᠠᠰᠢ ᠴᠠᠭᠠᠰᠢ ᠵᠤᠷᠴᠢᠬᠤ ᠳᠤ ᠳᠦᠢᠯ ᠤᠨ ᠳᠦᠬᠦᠮ ᠦᠬᠡᠢ᠂ ᠭᠠᠴᠠᠭᠠᠨ ᠤ ᠬᠦᠭᠵᠢᠯᠳᠡ ᠶᠢ ᠳᠤᠩ ᠶᠡᠭᠡ ᠬᠠᠷᠰᠢᠯᠡᠵᠦ ᠪᠠᠶᠢᠯ᠎ᠠ᠃ ᠦᠢᠷ᠎ᠠ ᠶᠢᠨ ᠡᠳᠤᠷ᠂ ᠪᠠᠯᠭᠤᠨ ᠪᠠᠯᠭᠠᠰᠤᠨ ᠤ ᠨᠠᠮ ᠤᠨ ᠬᠤᠷᠢᠶ᠎ᠡ ᠨᠢ ᠡᠯ᠎ᠡ ᠬᠠᠷᠢᠶᠠᠳᠤ ᠪᠠᠶᠢᠭᠤᠯᠭ᠎ᠠ ᠨᠢᠭᠡᠴᠢ ᠶᠢᠨ ᠨᠠᠮ ᠤᠨ ᠡᠭᠦᠷ᠂ ᠤᠳᠤᠷᠢᠳᠬᠤ ᠺᠠᠳ᠋ᠷ᠂ ᠮᠠᠯᠴᠢᠨ ᠳᠠᠷᠢᠶᠠᠴᠢᠳ ᠢ ᠵᠤᠬᠢᠶᠠᠨ ᠪᠠᠶᠢᠭᠤᠯᠤᠨ ᠠᠭᠤᠯᠵᠠᠷ ᠭᠠᠴᠠᠭᠠᠨ ᠳᠤ ᠬᠦᠷᠴᠦ ᠡᠪᠳᠡᠷᠡᠵᠦ ᠬᠠᠭᠤᠴᠢᠷᠠᠭᠰᠠᠨ ᠵᠠᠮ ᠢ ᠰᠢᠨᠡᠳᠬᠡᠨ ᠰᠠᠯᠪᠢᠵᠦ ᠡᠬᠢᠯᠡᠭᠰᠡᠨ ᠪᠠᠶᠢᠨ᠎ᠠ᠃      ᠪᠠᠯᠭᠤᠨ ᠪᠠᠯᠭᠠᠰᠤᠨ ᠤ ᠨᠠᠮ ᠤᠨ ᠬᠤᠷᠢᠶ᠎ᠡ ᠨᠢ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠲᠠᠢ ᠪᠠᠨ ᠤᠶᠠᠯᠳᠤᠭᠤᠯᠤᠨ ᠠᠵᠢᠯ ᠤᠨ ᠬᠡᠯᠪᠡᠷᠢ ᠪᠠᠨ ᠰᠢᠨᠡᠳᠬᠡᠵᠦ᠂ ᠨᠠᠮ ᠤᠨ ᠳᠦᠯᠦᠬᠡᠯᠡᠭᠴᠢ᠂ ᠠᠷᠠᠳ ᠤᠨ ᠳᠦᠯᠦᠬᠡᠯᠡᠭᠴᠢ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠪᠠᠯᠭᠠᠰᠤ᠂ ᠭᠠᠴᠠᠭ᠎ᠠ᠂ ᠬᠤᠷᠰᠢᠶ᠎ᠡ ᠶᠢᠨ ᠬᠠᠷᠢᠭᠤᠴᠠᠯᠭᠠᠳᠠᠨ ᠪᠠ ᠮᠠᠯᠴᠢᠨ ᠳᠠᠷᠢᠶᠠᠴᠢᠳ ᠤᠨ ᠳᠦᠯᠦᠬᠡᠯᠡᠭᠴᠢ ᠲᠠᠢ ᠵᠦᠪᠳᠡᠯᠴᠡᠨ᠂ ᠤᠯᠠᠨ ᠵᠢᠯ ᠵᠠᠰᠠᠵᠦ ᠰᠡᠯᠪᠢᠬᠡ ᠦᠬᠡᠢ᠂ ᠦᠶᠡᠷ ᠤᠰᠤᠨ ᠳᠤ ᠳᠠᠭᠤᠭᠳᠠᠭᠰᠠᠨ᠂ ᠡ᠊ᠩᠬᠦᠯ ᠲᠤᠩᠬᠤᠯ ᠰᠢᠷᠦᠢ ᠶᠢᠨ ᠵᠠᠮ ᠢ ᠵᠠᠰᠠᠬᠤ ᠪᠠᠷ ᠠᠷᠭ᠎ᠠ ᠰᠦᠪᠡᠭᠴᠢᠯᠡᠵᠦ᠂ ︽ᠵᠠᠰᠠᠭ ᠤᠨ ᠤᠷᠳᠤᠨ ᠤ ᠪᠡᠯᠡ ᠤᠷᠤᠭᠤᠯᠤᠯᠳᠠ + ᠨᠡᠶᠢᠬᠡᠮ ᠤᠨ ᠠᠰᠠᠷᠠᠮᠵᠢ + ᠮᠠᠯᠴᠢᠨ ᠳᠠᠷᠢᠶᠠᠴᠢᠳ ᠤᠨ ᠬᠤᠪᠢ ᠶᠢᠨ ᠬᠤᠷᠠᠮᠳᠤᠭᠤᠯᠭ᠎ᠠ + ᠨᠠᠮ ᠤᠨ ᠬᠡᠰᠢᠬᠦᠨ ᠤ ᠳᠡᠮᠵᠢᠯᠬᠡ︾᠎ ᠶᠢᠨ ᠬᠡᠯᠪᠡᠷᠢ ᠪᠠᠷ ᠪᠡᠯᠡ ᠤᠷᠤᠭᠤᠯᠤᠯᠳᠠ ᠶᠢᠨ ᠬᠦᠴᠦᠯᠡᠴᠡ ᠪᠠᠨ ᠴᠢᠩᠭᠠᠳᠬᠠᠨ᠂ ᠨᠡᠶᠢᠳᠡ 46 ᠲᠦᠮᠡᠨ ᠳᠦᠬᠦᠷᠢᠭ ᠬᠤᠷᠠᠮᠳᠤᠭᠤᠯᠵᠦ 31.76᠎ ᠤᠨ ᠺᠢᠯᠦᠮᠧᠲᠷ ᠬᠠᠶᠢᠷ ᠴᠢᠯᠠᠭᠤᠨ ᠵᠠᠮ ᠳᠠᠪᠢᠰᠴᠦ᠂ ᠮᠠᠯᠴᠢᠨ ᠳᠠᠷᠢᠶᠠᠴᠢᠳ ᠤᠨ ᠦᠢᠯᠡᠳᠪᠤᠷᠢᠯᠡᠯ ᠠᠮᠢᠳᠤᠷᠠᠯ ᠳᠤ ᠳᠦᠬᠦᠮ ᠦᠵᠡᠬᠦᠯᠦᠭᠰᠡᠨ ᠪᠠᠶᠢᠨ᠎ᠠ᠃      ᠪᠠᠯᠭᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠦᠩᠬᠡᠴᠢᠯᠠᠭᠤ ᠰᠤᠷᠪᠤᠯᠵᠢᠯᠠᠭ᠎ᠠ ᠬᠦᠯᠢᠶᠠᠬᠦ ᠳᠡᠭᠡᠨ᠄ ︽ᠲᠤᠰ ᠵᠠᠮ ᠢ ᠰᠠᠯᠪᠢᠨ ᠵᠠᠰᠠᠭᠰᠠᠨ ᠨᠢ ᠤᠯᠠᠨ ᠳᠦᠮᠡᠨ ᠤ ᠦᠢᠯᠡᠳᠪᠤᠷᠢᠯᠡᠯ ᠠᠮᠢᠳᠤᠷᠠᠯ ᠳᠤ ᠳᠦᠬᠦᠮ ᠦᠵᠡᠬᠦᠯᠵᠦ ᠂ ᠤᠯᠠᠨ ᠳᠦᠮᠡᠨ ᠤ ᠵᠠᠮ ᠬᠠᠷᠢᠯᠴᠠᠭᠠᠨ ᠤ ᠠᠮᠤᠷ ᠳᠦᠪᠰᠢᠨ ᠢ ᠪᠠᠳᠤᠯᠠᠵᠦ᠂ ᠬᠦᠳᠡᠭᠡ ᠳᠤᠰᠬᠤᠨ ᠢ ᠬᠦᠭᠵᠢᠬᠦᠯᠬᠦ ᠪᠠ ᠠᠵᠦ ᠦᠢᠯᠡᠰ ᠤᠨ ᠳᠦᠷᠦ ᠶᠢᠨ ᠪᠤᠳᠤᠯᠭ᠎ᠠ ᠶᠢ ᠪᠤᠳᠠᠳᠠᠶᠢᠵᠢᠭᠤᠯᠬᠤ ᠳᠤ ᠳᠦᠬᠦᠮ ᠦᠵᠡᠬᠦᠯᠬᠦ ᠶᠢᠨ ᠳᠦᠯᠦᠬᠡ ᠶᠤᠮ︾ ᠬᠡᠵᠦ ᠪᠠᠶᠢᠯ᠎ᠠ᠃ ᠲᠤᠰ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠨᠢ ︽ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠬᠦ︾ ᠦᠢᠯᠡᠳᠤᠯᠬᠡ ᠶᠢᠨ ᠠᠵᠢᠯᠯᠠᠭ᠎ᠠ ᠶᠢ ᠡᠶᠢᠨ ᠬᠦ ᠯᠠᠪᠳᠠᠭᠤᠨ ᠪᠠᠳᠤᠳᠠᠢ ᠦᠷᠨᠢᠬᠦᠯᠵᠦ᠂ ᠤᠯᠠᠨ ᠳᠦᠮᠡᠨ ᠤ ᠦᠢᠯᠡᠳᠪᠤᠷᠢᠯᠡᠯ ᠠᠮᠢᠳᠤᠷᠠᠯ ᠢ ᠠᠩᠬᠠᠷᠤᠨ ᠬᠦᠴᠢᠷᠳᠠᠯ ᠢ ᠨᠢ ᠦᠨᠡᠨ ᠬᠦ ᠰᠢᠢᠳᠪᠤᠷᠢᠯᠡᠵᠦ᠂ ᠤᠯᠠᠨ ᠳᠦᠮᠡᠨ ᠤ ᠵᠤᠯ ᠵᠢᠷᠭᠠᠯ ᠤᠨ ᠳᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠠᠰᠤᠷᠠᠯᠳᠠ ᠦᠬᠡᠢ ᠨᠡᠮᠡᠭᠳᠡᠬᠦᠯᠵᠦ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号