ᠭᠢᠵᠠᠭᠠᠷ ᠲᠠᠢ ᠲᠠᠶᠢᠰᠠᠨ ᠳᠤ ᠭᠢᠵᠠᠭᠠᠷ ᠦᠭᠡᠢ ᠭᠦᠴᠦᠨ ᠢ ᠲᠠᠮᠵᠢᠭᠤᠯᠤᠨ᠎ᠠ
ᠨᠡᠶᠢᠲᠡᠯᠡᠭᠰᠡᠨ ᠴᠠᠭ᠄
2021/9/11
     ᠤᠷᠳᠤᠰ ᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠭᠠᠵᠠᠷ ᠵᠦᠢ ᠶᠢᠨ ᠪᠠᠭᠰᠢ ᠳ᠋ᠦᠡᠭ ᠶᠦᠡᠭ ᠬᠤᠨᠭ᠌ ᠪᠢᠴᠢᠭ ᠵᠢᠭᠠᠵᠤ ᠰᠤᠷᠤᠬᠴᠢ ᠭᠦᠮᠦᠵᠢᠭᠦᠯᠭᠦ ᠡᠷᠭᠢᠮ ᠨᠠᠨᠳᠢᠨ ᠢᠷᠠᠭᠤ ᠠᠯᠳᠠᠷ ᠢ ᠲᠡᠭᠡᠳᠤᠯᠠᠵᠤ ᠶᠠᠪᠤᠬᠤ ᠵᠠᠭᠤᠷ᠎ᠠ ᠪᠠᠨ ︽ᠨᠤᠮᠢᠨ ᠲᠠᠩᠰᠤᠭ ᠰᠤᠷᠭᠠᠭᠤᠯᠢ ᠶᠢᠨ ᠭᠦᠷᠢᠶ᠎ᠠ · ᠬᠠᠶᠢᠷ᠎ᠠ ᠶᠢᠨ ᠰᠡᠳᠭᠢᠯ ᠲᠦᠭᠦᠷᠠᠩ ᠭᠡᠷ ᠪᠦᠯᠢ︾ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠠᠶᠢᠳᠠ ᠶᠢᠨ ᠠᠰᠠᠷᠠᠮᠵᠢ ᠶᠢᠨ ᠡᠭᠦᠰᠭᠡᠨ ᠪᠠᠶᠢᠭᠤᠯᠤᠬᠴᠢ ᠪᠤᠯᠵᠤ᠂ ᠪᠦᠭᠦ ᠤᠯᠤᠰ ᠤᠨ ᠬᠠᠮᠤᠭ ᠭᠤᠶᠤ ᠰᠠᠶᠢᠨ ᠲᠤᠷᠠᠴᠤᠤᠯ᠂ ᠠᠷᠪᠠᠨ ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠵᠠᠯᠠᠭᠤᠴᠤᠳ ᠤᠨ ᠰᠠᠶᠢᠨ ᠲᠤᠷᠠᠴᠤᠤᠯ ᠤᠨ ᠰᠢᠯᠢᠳᠡᠭ ᠬᠤᠪᠢ ᠭᠦᠮᠦᠨ᠂ ᠪᠦᠭᠦ ᠤᠯᠤᠰ ᠤᠨ ᠵᠠᠭᠤᠨ ᠨᠡᠷᠡᠰ ᠬᠠᠮᠤᠭ ᠭᠤᠶᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠶᠢᠨ ᠲᠤᠷᠠᠴᠤᠤᠯ᠂ ᠦᠪᠤᠷ ᠮᠤᠩᠭᠤᠯ ᠤᠨ ᠵᠠᠯᠠᠭᠤᠴᠤᠳ ᠤᠨ ᠱᠠᠩᠨᠠᠯ ᠭᠦᠷᠳᠡᠭᠴᠢ᠂ ᠦᠪᠤᠷ ᠮᠤᠩᠭᠤᠯ ᠤᠨ ᠶᠤᠰᠤ ᠰᠤᠷᠳᠠᠬᠤᠨ ᠤ ᠵᠢᠱᠢᠶᠠᠴᠢ᠂ ︽ᠦᠪᠤᠷ ᠮᠤᠩᠭᠤᠯ ᠤᠨ ᠰᠠᠶᠢᠨ ᠭᠦᠮᠦᠨ︾ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠬᠴᠢ᠂ ᠤᠷᠳᠤᠰ ᠬᠤᠳᠠ ᠶᠢᠨ ᠵᠠᠯᠠᠭᠤᠴᠤᠳ ᠤᠨ ︽5 · 4︾᠎ ᠤ ᠱᠠᠩᠨᠠᠯ ᠵᠡᠷᠭᠡ ᠤᠯᠠᠨ ᠢᠷᠠᠭᠤ ᠠᠯᠳᠠᠷ ᠢ ᠭᠦᠷᠳᠡᠵᠤ ᠶᠠᠪᠤᠬᠰᠠᠨ ᠪᠢᠯᠠ᠃      2011 ᠤᠨ ᠤ 9 ᠰᠠᠷ᠎ᠠ ᠳᠤ᠂ ᠳ᠋ᠦᠡᠭ ᠶᠦᠡᠭ ᠬᠤᠨᠭ᠌ ᠤᠷᠳᠤᠰ ᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠳᠤ ︽ᠨᠤᠮᠢᠨ ᠲᠠᠩᠰᠤᠭ ᠰᠤᠷᠭᠠᠭᠤᠯᠢ ᠶᠢᠨ ᠭᠦᠷᠢᠶ᠎ᠠ · ᠬᠠᠶᠢᠷ᠎ᠠ ᠶᠢᠨ ᠰᠡᠳᠭᠢᠯ ᠲᠦᠭᠦᠷᠠᠩ ᠭᠡᠷ ᠪᠦᠯᠢ ︾᠎ ᠶᠢᠨ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠵᠢᠯᠯᠠᠭ᠎ᠠ ᠶᠢ ᠡᠭᠦᠰᠭᠡᠨ ᠪᠠᠶᠢᠭᠤᠯᠵᠤ᠂ ᠰᠤᠷᠤᠬᠴᠢᠳ ᠤᠨ ᠬᠤᠭ ᠨᠤᠪᠰᠢ ᠶᠢ ᠲᠦᠷᠦᠯ ᠬᠤᠪᠢᠶᠠᠬᠤ ᠪᠠ ᠬᠤᠷᠢᠶᠠᠨ ᠴᠤᠬᠯᠠᠭᠤᠯᠬᠤ ᠲᠠᠳᠬᠠᠯ ᠢ ᠭᠦᠮᠦᠵᠢᠭᠦᠯᠤᠨ᠂ ᠬᠤᠷᠢᠶᠠᠨ ᠴᠤᠬᠯᠠᠭᠤᠯᠤᠭᠰᠠᠨ ᠡᠳ᠋ ᠪᠤᠳᠠᠰ ᠢ ᠬᠠᠶᠢᠷ᠎ᠠ ᠶᠢᠨ ᠰᠡᠳᠭᠢᠯ ᠢᠶᠠᠨ ᠬᠠᠨᠳᠢᠪᠯᠠᠬᠤ ᠰᠠᠭᠤᠷᠢ ᠮᠦᠡᠭᠭᠦ ᠪᠤᠯᠭᠠᠨ ᠬᠤᠪᠢᠷᠠᠭᠤᠯᠵᠤ᠂ ᠪᠤᠰᠤᠳ ᠢ ᠬᠠᠪᠰᠤᠷᠬᠤ ᠪᠠᠷ ᠵᠤᠷᠢᠯᠭ᠎ᠠ ᠪᠠᠨ ᠪᠤᠯᠭᠠᠬᠰᠠᠨ ᠪᠠᠶᠢᠨ᠎ᠠ᠃ ᠠᠩᠬ᠎ᠠ ᠪᠠᠶᠢᠭᠤᠯᠤᠬᠳᠠᠬᠤ ᠳᠤ᠂ ᠲᠠᠩᠳᠡ ᠪᠤᠰᠤᠳ ᠤᠨ ᠪᠤᠷᠤᠭᠤ ᠤᠢᠢᠯᠠᠭᠠᠯᠳᠠ᠂ ᠭᠡᠷ ᠤᠨ ᠠᠬᠠᠮᠠᠳ ᠤᠨ ᠡᠰᠡᠷᠭᠦᠴᠡᠯ ᠢ ᠤᠯᠠᠨ ᠤᠳᠠᠭ᠎ᠠ ᠤᠯᠵᠤ᠂ ᠲᠡᠮᠵᠢᠭᠦ ᠭᠦᠮᠦᠨ ᠦᠭᠡᠢ᠂ ᠤᠷᠤᠯᠴᠠᠬᠤ ᠭᠦᠮᠦᠨ ᠦᠭᠡᠢ ᠪᠠᠶᠢᠵᠠᠢ᠃ ᠭᠡᠪᠡᠴᠦ ᠳ᠋ᠥᠡᠭ ᠶᠦᠡᠭ ᠬᠤᠨᠭ᠌ ᠰᠡᠳᠭᠢᠯ ᠮᠤᠬᠤᠭ᠎ᠠ ᠦᠭᠡᠢ᠂ ᠭᠤᠷᠪᠠᠨ ᠵᠢᠯ ᠤᠨ ᠪᠠᠷᠢᠮᠳᠠᠯᠠᠯ ᠪᠠ ᠤᠬᠠᠭᠤᠯᠭ᠎ᠠ ᠪᠠᠷ ᠲᠠᠮᠵᠢᠭᠤᠯᠤᠨ ᠲᠡᠭᠦᠨ ᠤ ᠡᠭᠦᠰᠭᠡᠨ ᠪᠠᠶᠢᠭᠤᠯᠤᠬᠰᠠᠨ ᠠᠵᠢᠯᠯᠠᠭ᠎ᠠ ᠳᠤ ᠤᠷᠤᠯᠴᠠᠬᠤ ᠰᠠᠶᠢᠨ ᠲᠤᠷᠠᠴᠤᠤᠯ ᠤᠯᠠᠮ ᠠᠴᠠ ᠤᠯᠠᠮ ᠤᠯᠠᠳᠴᠤ᠂ ᠨᠢᠭᠡ ᠭᠦᠮᠦᠨ ᠠᠴᠠ ᠨᠢᠭᠡ ᠠᠩᠭᠢ᠂ ᠨᠢᠭᠡ ᠤᠨ᠂ ᠴᠢᠨᠠᠬᠰᠢᠯᠠᠨ ᠪᠦᠭᠦ ᠰᠤᠷᠭᠠᠭᠤᠯᠢ ᠶᠢᠨ 4000 ᠭᠠᠷᠤᠢ ᠪᠠᠭᠰᠢ ᠰᠤᠷᠤᠬᠴᠢ ᠬᠠᠮᠳᠤ ᠪᠠᠷ ᠤᠷᠤᠯᠴᠠᠬᠤ ᠪᠤᠯᠵᠤ᠂ ︽ᠨᠤᠮᠢᠨ ᠲᠠᠩᠰᠤᠭ ᠰᠤᠷᠭᠠᠭᠤᠯᠢ ᠶᠢᠨ ᠭᠦᠷᠢᠶ᠎ᠠ · ᠬᠠᠶᠢᠷ᠎ᠠ ᠶᠢᠨ ᠰᠡᠳᠭᠢᠯ ᠲᠦᠭᠦᠷᠠᠩ ᠭᠡᠷ ᠪᠦᠯᠢ︾᠎ ᠨᠢ ᠤᠷᠳᠤᠰ ᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠪᠠᠭᠰᠢ ᠰᠤᠷᠤᠬᠴᠢᠳ ᠤᠨ ᠠᠮᠢᠳᠤᠷᠠᠯ ᠤᠨ ᠠᠷᠭ᠎ᠠ ᠭᠡᠯᠪᠠᠷᠢ ᠪᠤᠯᠤᠬᠰᠠᠨ ᠪᠠᠶᠢᠨ᠎ᠠ᠃      ︽ᠨᠤᠮᠢᠨ ᠲᠠᠩᠰᠤᠭ ᠰᠤᠷᠭᠠᠭᠤᠯᠢ ᠶᠢᠨ ᠭᠦᠷᠢᠶ᠎ᠠ · ᠬᠠᠶᠢᠷ᠎ᠠ ᠶᠢᠨ ᠰᠡᠳᠭᠢᠯ ᠲᠦᠭᠦᠷᠠᠩ ᠭᠡᠷ ᠪᠦᠯᠢ︾᠎ ᠶᠢᠨ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠵᠢᠯᠯᠠᠭ᠎ᠠ ᠪᠠᠷ ᠲᠠᠮᠵᠢᠭᠤᠯᠤᠨ ᠬᠠᠶᠢᠷ᠎ᠠ ᠶᠢᠨ ᠰᠡᠳᠭᠢᠯ ᠢᠶᠠᠨ ᠬᠠᠨᠳᠢᠪᠯᠡᠬᠤ ᠰᠠᠭᠤᠷᠢ ᠮᠦᠡᠭᠭᠦ ᠶᠢ ᠪᠠᠶᠢᠭᠤᠯᠵᠤ᠂ ᠦᠪᠤᠷ ᠮᠤᠩᠭᠤᠯ ᠤᠷᠤᠨ ᠤ ᠶᠠᠳᠠᠭᠤ ᠭᠦᠴᠢᠷᠳᠠᠯᠳᠠᠢ ᠰᠤᠷᠤᠬᠴᠢᠳ ᠪᠠ ᠨᠡᠶᠢᠭᠡᠮ ᠤᠨ ᠭᠦᠨᠳᠦ ᠡᠪᠡᠳᠴᠢᠳᠠᠨ ᠢ ᠲᠤᠰᠠᠯᠠᠨ ᠲᠠᠮᠵᠢᠭᠦ ᠪᠠᠷ ᠪᠠᠷᠠᠬᠤ ᠦᠭᠡᠢ᠂ ᠲᠦᠪᠡᠳ᠂ ᠭᠠᠨᠰᠦ᠂ ᠭᠦᠢᠵᠸᠦ᠂ ᠶᠦᠨᠨᠠᠨ᠂ ᠭᠦᠭᠡᠨᠠᠭᠤᠷ᠂ ᠰᠧᠴᠤᠸᠠᠨ ᠵᠡᠷᠭᠡ ᠭᠠᠵᠠᠷ ᠤᠷᠤᠨ ᠤ ᠶᠠᠳᠠᠭᠤ ᠭᠦᠴᠢᠷᠳᠠᠯᠳᠠᠢ ᠰᠤᠷᠤᠬᠴᠢᠳ᠂ ᠠᠰᠠᠷᠠᠮᠵᠢ ᠶᠢᠨ ᠭᠦᠷᠢᠶᠠᠯᠠᠩ᠂ ᠠᠭᠤᠯᠠᠨ ᠤᠷᠤᠨ ᠤ ᠰᠤᠷᠭᠠᠨ ᠭᠦᠮᠦᠵᠢᠯ ᠢ ᠲᠡᠮᠵᠢᠭᠦ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠤᠯᠠᠨ ᠵᠢᠯ ᠤᠨ ᠲᠤᠷᠰᠢ᠂ ᠳ᠋ᠦᠡᠭ ᠶᠦᠡᠭ ᠬᠤᠨᠭ᠌ ᠰᠠᠶᠢᠨ ᠲᠤᠷᠠᠴᠤᠤᠯ ᠢ ᠲᠠᠭᠠᠭᠤᠯᠤᠨ ᠴᠦᠭᠡᠨ ᠲᠤᠭᠠᠳᠤ ᠦᠨᠳᠦᠰᠦᠳᠠᠨ ᠤ ᠰᠤᠷᠤᠬᠴᠢᠳ ᠢ ᠲᠤᠰᠠᠯᠠᠨ ᠲᠡᠮᠵᠢᠵᠤ᠂ ︽ᠦᠨᠳᠦᠰᠦᠳᠠᠨ ᠤ ᠪᠦᠯᠭᠦᠮᠳᠠᠯ ᠢ ᠠᠭᠢᠭᠤᠯᠤᠨ᠂ ᠦᠨᠳᠦᠰᠦᠳᠡᠨ ᠨᠦᠭᠦᠳ ᠠᠨᠠᠷ ᠤᠨ ᠦᠷ᠎ᠠ ᠮᠠᠳᠤ ᠨᠢᠬᠳᠠᠷᠠᠨ ᠪᠦᠯᠭᠦᠮᠳᠡᠭᠦ︾᠎ ᠶᠢ ᠦᠪᠡᠷ ᠤᠨ ᠦᠢᠯᠠ ᠠᠵᠢᠯᠯᠠᠭ᠎ᠠ ᠪᠠᠷ ᠢᠶᠠᠨ ᠪᠢᠴᠢᠭᠯᠡᠵᠤ ᠶᠠᠪᠤᠬᠰᠠᠨ ᠪᠠᠶᠢᠨ᠎ᠠ᠃      ᠡᠳᠡᠭᠡᠷ ᠵᠢᠯ ᠤᠳ ᠲᠤ ᠳ᠋ᠦᠡᠭ ᠶᠦᠡᠭ ᠬᠤᠨᠭ᠌ ᠪᠢᠴᠢᠭ ᠵᠢᠭᠠᠵᠤ ᠮᠡᠳᠡᠯᠭᠡ ᠤᠯᠠᠮᠵᠢᠯᠠᠬᠤ ᠭᠦᠷᠢᠶ᠎ᠠ ᠭᠡᠪᠴᠢᠶ᠎ᠠ ᠪᠠᠷ ᠦᠪᠡᠷ ᠢ ᠪᠠᠨ ᠭᠢᠵᠠᠭᠠᠷᠯᠠᠬᠰᠠᠨ ᠦᠭᠡᠢ᠂ ᠬᠠᠷᠢᠨ ᠰᠤᠷᠤᠬᠴᠢᠳ ᠤᠨ ᠪᠦᠭᠦ ᠲᠠᠯ᠎ᠠ ᠶᠢᠨ ᠭᠦᠭᠵᠢᠯᠳᠠ ᠶᠢ ᠠᠩᠬᠠᠷᠴᠦ᠂ ᠰᠡᠳᠭᠢᠯ ᠢᠶᠠᠨ ᠴᠢᠯᠡᠭᠡᠵᠤ ᠭᠦᠴᠦᠨ ᠢᠶᠠᠨ ᠰᠢᠪᠬᠠᠨ᠂ ᠲᠠᠷᠢᠶᠠᠯᠠᠩ ᠤᠨ ᠦᠢᠯᠡᠰ ᠢ ᠪᠠᠶᠠᠴᠢᠯᠠᠨ ᠤᠢᠢᠯᠠᠭᠠᠬᠤ᠂ ᠤᠳᠤᠨ ᠤᠷᠤᠨ ᠤ ᠠᠵᠢᠬᠯᠠᠯᠳᠠ ᠭᠢᠭᠦ᠂ ᠭᠡᠭᠡᠷ᠎ᠠ ᠭᠠᠳᠠᠨ᠎ᠠ ᠭᠠᠵᠠᠷ ᠵᠦᠢ ᠶᠢᠨ ᠪᠠᠶᠢᠴᠠᠭᠠᠯᠳᠠ ᠭᠢᠭᠦ᠂ ᠠᠵᠤ ᠦᠢᠯᠡᠳᠪᠤᠷᠢ ᠶᠢᠨ ᠤᠷᠤᠨ ᠪᠠᠶᠢᠷᠢ ᠶᠢᠨ ᠪᠠᠶᠢᠴᠠᠭᠠᠯᠳᠠ ᠭᠢᠭᠦ᠂ ᠠᠮᠢ ᠠᠬᠤᠢ ᠤᠷᠴᠢᠨ ᠲᠤᠭᠤᠷᠢᠨ ᠤ ᠪᠠᠶᠢᠴᠠᠭᠠᠯᠳᠠ ᠭᠢᠭᠦ ᠵᠡᠷᠭᠡ ᠠᠵᠢᠯᠯᠠᠭ᠎ᠠ ᠶᠢ ᠦᠷᠨᠢᠭᠦᠯᠵᠤ᠂ ᠭᠢᠴᠢᠶᠠᠯ ᠤᠨ ᠲᠠᠩᠭᠢᠮ ᠤᠨ ᠵᠢᠭᠠᠨ ᠰᠤᠷᠭᠠᠯᠳᠠ ᠶᠢ ᠪᠠᠶᠠᠯᠢᠬᠵᠢᠭᠤᠯᠤᠨ᠂ ᠰᠤᠷᠤᠬᠴᠢᠳ ᠤᠨ ᠨᠤᠳᠤᠭ ᠤᠰᠤ ᠪᠠᠨ ᠬᠠᠶᠢᠷᠠᠯᠠᠬᠤ᠂ ᠡᠭᠡ ᠤᠷᠤᠨ ᠢᠶᠠᠨ ᠬᠠᠶᠢᠷᠠᠯᠠᠬᠤ ᠬᠠᠶᠢᠷ᠎ᠠ ᠰᠡᠳᠭᠢᠯᠭᠡ ᠶᠢ ᠭᠦᠮᠦᠵᠢᠭᠦᠯᠵᠡᠢ᠃      ᠳ᠋ᠦᠡᠭ ᠶᠦᠡᠭ ᠬᠤᠨᠭ᠌ ᠦᠪᠡᠷ ᠤᠨ ᠪᠤᠳᠠᠳᠤ ᠠᠵᠢᠯᠯᠠᠭ᠎ᠠ ᠪᠠᠷ ᠢᠶᠠᠨ ᠨᠠᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠠᠯᠳᠠ ᠶᠢ ᠦᠢᠯᠡᠳᠦᠯᠭᠡᠵᠢᠭᠦᠯᠦᠨ᠂ ᠭᠡᠭᠦᠳᠡᠭ ᠴᠡᠭᠡᠵᠢᠨ ᠳᠡᠭᠡᠨ ᠠᠭᠤᠤ ᠬᠠᠶᠢᠷ᠎ᠠ ᠶᠢ ᠪᠠᠭᠳᠠᠭᠠᠨ᠂ ᠭᠤᠶᠠᠴᠢ ᠦᠭᠡᠢ ᠵᠢᠳᠭᠦᠭᠦ ᠡᠷᠭᠢᠮ ᠨᠠᠨᠳᠢᠨ ᠰᠤᠷᠳᠠᠯ ᠪᠠ ᠤᠯᠠᠨ ᠲᠦᠮᠠᠨ ᠳᠤ ᠦᠢᠯᠡᠴᠢᠯᠡᠨ᠂ ᠨᠠᠶᠢᠭᠡᠮ ᠨᠠᠶᠢᠳᠠ ᠳᠤ ᠬᠤᠪᠢ ᠨᠠᠮᠡᠷᠢ ᠦᠵᠡᠭᠦᠯᠭᠦ ᠬᠠᠷᠢᠭᠤᠴᠠᠯᠭ᠎ᠠ ᠶᠢ ᠡᠪᠤᠷᠯᠠᠨ᠂ ᠰᠢᠨ᠎ᠠ ᠴᠠᠭ ᠦᠶ᠎ᠠ ᠶᠢᠨ ᠠᠷᠠᠳ ᠤᠨ ᠪᠠᠭᠰᠢ ᠶᠢᠨ ᠭᠡᠪ ᠲᠠᠭᠤᠷᠢᠶᠠᠯ ᠪᠤᠯᠤᠭᠰᠠᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号