ᠤᠷᠠᠨ ᠵᠢᠷᠤᠭ ᠢᠶᠠᠷ ᠴᠢᠮᠡᠭᠯᠡᠭᠰᠡᠨ ᠲᠡᠷᠬᠡᠨ ᠵᠤᠭᠰᠤᠭᠠᠯ ᠢ ᠲᠠ ᠦᠵᠡᠭᠰᠡᠨ ᠤᠤ︖
ᠨᠡᠶᠢᠲᠡᠯᠡᠭᠰᠡᠨ ᠴᠠᠭ᠄
2021/9/13
     ᠦᠥᠰᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠰᠠᠨᠠᠭᠠᠴᠢᠯᠠᠭ᠎ᠠ ᠪᠠᠷ᠂ ᠭᠠᠯᠠᠭᠤᠳᠦ ᠪᠠᠯᠭᠠᠰᠤᠨ ᠳᠤ ᠠᠵᠢᠯᠯᠠᠵᠦ ᠠᠮᠢᠳᠤᠷᠠᠵᠦ ᠪᠠᠶᠢᠭ᠎ᠠ ᠤᠷᠠᠨ ᠵᠢᠷᠤᠭᠴᠢᠨ ᠠᠷᠢᠭᠤᠨ᠎ᠠ ᠪᠤᠰᠤᠳ ᠤᠷᠠᠨ ᠵᠢᠷᠤᠭᠴᠢᠨ ᠲᠠᠢ ᠬᠠᠮᠳᠦ ᠡᠯ᠎ᠠ ᠲᠤᠮᠳᠠᠳᠦ ᠪᠠᠭ᠎ᠠ ᠰᠤᠷᠭᠠᠭᠤᠯᠢ᠂ ᠴᠡᠴᠡᠷᠯᠢᠭ᠂ ᠠᠭᠤᠳᠠᠮ ᠲᠠᠯᠠᠪᠠᠢ ᠶᠢᠨ ᠤᠢᠢᠷ᠎ᠠ ᠬᠠᠪᠢ ᠶᠢᠨ ᠲᠡᠷᠬᠡᠨ ᠵᠤᠭᠰᠤᠭᠠᠯ ᠳᠤ ᠬᠡᠦᠬᠡᠳ ᠪᠠᠭᠠᠴᠤᠳ ᠤᠨ ᠰᠤᠷᠬᠤ ᠤᠷᠮᠠᠰᠢᠯ ᠢ ᠲᠠᠶᠢᠴᠢᠯᠠᠭᠰᠠᠨ᠂ ᠪᠠᠶᠢᠭᠠᠯᠢ ᠶᠢᠨ ᠦᠡᠭᠬᠡ ᠦᠵᠡᠮᠵᠢ ᠶᠢ ᠬᠠᠷᠠᠭᠤᠯᠤᠭᠰᠠᠨ ᠠᠭᠤᠯᠭ᠎ᠠ ᠪᠦᠬᠦᠢ ᠵᠢᠷᠤᠭ ᠢ ᠵᠢᠷᠤᠵᠦ᠂ ᠬᠤᠳᠡ ᠶᠢᠨ ᠦᠡᠭᠬᠡ ᠦᠵᠡᠮᠵᠢ ᠶᠢ ᠭᠤᠶᠤᠵᠢᠭᠤᠯᠤᠨ᠂ ᠠᠷᠠᠳ ᠤᠯᠠᠨ ᠤ ᠬᠠᠷᠠᠭ᠎ᠠ ᠶᠢ ᠪᠠᠶᠠᠰᠬᠠᠭᠰᠠᠨ ᠪᠠᠶᠢᠨ᠎ᠠ᠃      ᠦᠥᠰᠢᠨ ᠬᠤᠰᠢᠭᠤᠨ ᠤ ᠤᠷᠠᠨ ᠵᠢᠷᠤᠭᠴᠢᠨ ᠠᠷᠢᠭᠤᠨ᠎ᠠ᠄ ︽ᠮᠠᠨᠤᠰ ᠤᠨ ᠡᠨᠡ ᠵᠢᠷᠤᠵᠦ ᠪᠠᠶᠢᠭ᠎ᠠ ᠵᠢᠷᠤᠭ ᠪᠤᠯ ᠮᠠᠨ ᠤ ᠬᠤᠰᠢᠭᠤᠨ ᠤ ᠤᠬᠠᠭᠤᠯᠬᠤ ᠬᠡᠯᠳᠡᠰ ᠠᠴᠠ ᠪᠢᠳᠡᠨ ᠳᠤ ᠲᠠᠭᠠᠭᠠᠯᠭᠠᠭᠰᠠᠨ ᠡᠬᠦᠷᠬᠡ ᠪᠤᠯᠤᠨ᠎ᠠ᠃ ᠭᠤᠤᠯ ᠰᠡᠳᠦᠪ ᠨᠢ ᠪᠤᠯ ᠰᠤᠷᠭᠠᠭᠤᠯᠢ ᠶᠢᠨ ᠬᠠᠵᠠᠭᠤ ᠬᠠᠪᠢ ᠶᠢᠨ ᠲᠡᠷᠬᠡᠨ ᠵᠤᠭᠰᠤᠭᠠᠯ ᠢ ᠦᠡᠭᠬᠡ ᠦᠵᠡᠮᠵᠢ ᠲᠠᠢ ᠪᠤᠯᠭᠠᠵᠦ᠂ ᠬᠡᠦᠬᠡᠳ ᠪᠠᠭᠠᠴᠤᠳ ᠢᠶᠠᠨ ᠵᠤᠷᠢᠭᠵᠢᠭᠤᠯᠤᠨ ᠤᠷᠮᠠᠰᠢᠭᠤᠯᠬᠤ ᠪᠠᠷ ᠭᠤᠤᠯ ᠪᠤᠯᠭᠠᠵᠦ᠂ ᠠᠭᠤᠳᠠᠮ ᠲᠠᠯᠠᠪᠠᠢ ᠳᠤ ᠵᠢᠷᠤᠵᠦ ᠪᠠᠶᠢᠭ᠎ᠠ ᠵᠢᠷᠤᠭ ᠨᠢ ᠪᠤᠯ ᠭᠤᠤᠯ ᠦᠡᠭᠬᠡ ᠦᠵᠡᠮᠵᠢ ᠶᠢ ᠭᠤᠶᠦ ᠪᠤᠯᠭᠠᠵᠦ᠂ ᠲᠠᠶᠠᠭᠠᠷ ᠤᠨ ᠦᠵᠡᠬᠦ ᠲᠤᠷ᠎ᠠ ᠰᠤᠨᠢᠷᠬᠠᠯ ᠲᠠᠢ ᠵᠢᠷᠤᠭ ᠢ ᠵᠢᠷᠤᠭᠰᠠᠨ ᠪᠠᠶᠢᠨ᠎ᠠ᠃ ᠡᠨᠡ ᠤᠳᠠᠭᠠᠨ ᠤ ᠵᠢᠷᠤᠭ ᠢ ᠵᠢᠷᠤᠬᠤ ᠳᠤ ᠵᠢᠷᠤᠭ ᠲᠤ ᠲᠤᠷ᠎ᠠ ᠪᠠᠭ᠋ᠠᠳᠠᠢ ᠰᠤᠷᠤᠭᠴᠢ ᠲᠡᠬᠦᠦ ᠨᠡᠷ ᠢᠳᠡᠪᠬᠢᠯᠡᠨ ᠤᠷᠤᠯᠴᠠᠵᠦ ᠬᠠᠮᠳᠦ ᠪᠠᠷ ᠵᠢᠷᠤᠵᠦ ᠪᠦᠳᠦᠬᠡᠬᠦ ᠶᠢ ᠤᠷᠢᠶᠠᠯᠠᠵᠦ ᠪᠤᠢ᠂ ᠢᠡᠭᠬᠢᠬᠡᠳ ᠬᠤᠰᠢᠭᠤᠨ ᠤ ᠤᠯᠠᠨ ᠲᠦᠮᠡᠨ ᠳᠡᠭᠡᠨ ᠨᠡᠩ ᠰᠠᠶᠢᠬᠠᠨ ᠤᠷᠴᠢᠨ ᠲᠤᠭᠤᠷᠢᠨ ᠢ ᠠᠪᠴᠢᠷᠠᠬᠤ ᠶᠢ ᠪᠤᠳᠤᠵᠦ ᠪᠠᠶᠢᠨ᠎ᠠ᠃ ᠪᠢᠳᠡ ᠡᠨᠡ ᠬᠡᠳᠦᠨ ᠡᠳᠦᠷ ᠬᠡᠳᠦᠬᠡᠨ ᠢ ᠵᠢᠷᠤᠵᠦ ᠪᠦᠳᠦᠭᠡᠵᠦ ᠪᠠᠶᠢᠨ᠎ᠠ᠂ ᠬᠡᠷᠪᠡ ᠤᠯᠠᠨ ᠤ ᠰᠡᠳᠬᠢᠯ ᠳᠤ ᠲᠠᠭᠠᠰᠢᠶᠠᠭᠳᠠᠪᠠᠯ ᠪᠢᠳᠡ  ᠡᠯ᠎ᠠ ᠰᠤᠷᠭᠠᠭᠤᠯᠢ ᠪᠠ ᠠᠭᠤᠳᠠᠮ ᠲᠠᠯᠠᠪᠠᠢ ᠳᠤ ᠦᠷᠬᠦᠯᠵᠢᠯᠡᠨ ᠰᠠᠶᠢᠬᠠᠨ ᠵᠢᠷᠤᠵᠦ ᠪᠦᠳᠦᠬᠡᠬᠦ ᠪᠠᠷ ᠪᠤᠢ︾ ᠬᠡᠵᠦ ᠪᠠᠶᠢᠯ᠎ᠠ᠃      ᠰᠤᠷᠤᠭᠴᠢ ᠬᠠᠨᠢᠨ᠎ᠠ᠄ ︽ᠪᠢ ᠲᠤᠰ ᠠᠵᠢᠯᠯᠠᠭ᠎ᠠ ᠳᠤ ᠤᠷᠤᠯᠴᠠᠭᠠᠳ ᠶᠡᠭᠡ ᠪᠠᠶᠠᠷᠳᠡᠢ ᠪᠠᠶᠢᠨ᠎ᠠ᠂ ᠪᠦᠬᠦ ᠰᠡᠳᠬᠢᠯ ᠢᠶᠠᠷ ᠢᠶᠠᠨ ᠰᠠᠶᠢᠬᠠᠨ ᠵᠢᠷᠤᠵᠦ ᠪᠦᠳᠦᠬᠡᠬᠦ ᠶᠢ ᠬᠦᠰᠡᠵᠦ ᠪᠠᠶᠢᠨ᠎ᠠ᠂ ᠪᠢ ᠦᠪᠡᠷ ᠢᠶᠠᠨ ᠤᠷᠠᠨ ᠵᠢᠷᠤᠭ ᠲᠤ ᠲᠤᠷ᠎ᠠ ᠪᠠᠬ᠎ᠠ ᠲᠠᠢ᠂ ᠨᠡᠳᠡ ᠳᠤ ᠡᠶᠢᠮᠦ ᠰᠠᠶᠢᠠᠬᠠ ᠵᠠᠪᠰᠢᠶᠠᠨ ᠲᠠᠭᠠᠷᠠᠵᠦ᠂ ᠬᠤᠰᠢᠭᠤᠨ ᠤ ᠦᠡᠭᠬᠡ ᠦᠵᠡᠮᠵᠢ ᠶᠢᠨ ᠭᠤᠶᠤᠵᠢᠭᠤᠯᠤᠯᠳᠡ ᠳᠤ ᠦᠪᠡᠷ ᠤᠨ ᠦᠴᠦᠬᠡᠨ ᠬᠦᠴᠦ ᠪᠠᠨ ᠡᠷᠬᠦᠭᠰᠡᠨ ᠳᠤ ᠪᠠᠰᠠ ᠶᠡᠭᠡ ᠪᠠᠶᠠᠷᠳᠡᠢ ᠪᠠᠶᠢᠨ᠎ᠠ᠃ ᠤᠷᠠᠨ ᠵᠢᠷᠤᠭ ᠲᠤ ᠪᠠᠭ᠋ᠠᠳᠠᠢ ᠨᠠᠶᠢᠵᠠ ᠨᠠᠷ ᠮᠢᠨᠢ ᠢᠳᠡᠪᠬᠢᠯᠡᠨ ᠤᠷᠤᠯᠴᠠᠬᠤ ᠪᠤᠯᠪᠠᠦ ᠬᠡᠵᠦ ᠪᠤᠳᠤᠵᠦ ᠪᠠᠶᠢᠨ᠎ᠠ︾ ᠬᠡᠯ᠎ᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号