︽ᠠᠪᠤ ᠶᠢᠨ ᠮᠤᠷᠢᠨ ᠴᠢᠳᠦᠷ︾ ᠪᠦᠵᠢᠭ ︽ᠯᠢᠩᠬᠸ᠎ᠠ ᠱᠠᠩᠨᠠᠯ︾᠎ ᠤᠨ ᠡᠴᠤᠰ ᠤᠨ  ᠰᠢᠯᠭᠠᠷᠠᠭᠤᠯᠤᠯᠳᠠ ᠳᠤ ᠰᠤᠩᠭᠤᠬᠳᠠᠯ᠎ᠠ
ᠨᠡᠶᠢᠲᠡᠯᠡᠭᠰᠡᠨ ᠴᠠᠭ᠄
2021/9/13
     ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠯᠲᠠᠨᠲᠣᠯᠭᠠᠭᠤᠷᠢ᠂ ᠤᠬᠠᠭᠠᠨᠳᠤ ᠨᠠᠷ ᠤᠨ ᠵᠣᠬᠢᠶᠠᠨ ᠨᠠᠶᠢᠷᠠᠭᠤᠯᠤᠭᠰᠠᠨ ︽ᠠᠪᠤ ᠶᠢᠨ ᠮᠤᠷᠢᠨ ᠴᠢᠳᠥᠷ︾ ᠪᠦᠵᠢᠭ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠤᠨ ︽ᠯᠢᠩᠬᠸ᠎ᠠ ᠱᠠᠩᠨᠠᠯ︾᠎ ᠤᠨ ᠦᠨᠳᠦᠰᠦᠲᠡᠨ ᠤ ᠠᠷᠠᠳ ᠤᠨ ᠪᠥᠵᠢᠭ ᠤᠨ ᠡᠴᠤᠰ ᠤᠨ ᠰᠢᠯᠭᠠᠷᠠᠭᠤᠯᠤᠯᠳᠠ ᠳᠤ ᠰᠤᠩᠭᠤᠬᠳᠠᠨ ᠤᠷᠤᠯ᠎ᠠ᠃      ᠲᠤᠮᠳᠠᠳᠤ ᠤᠯᠤᠰ ᠤᠨ ᠪᠥᠵᠢᠭ ᠤᠨ ︽ᠯᠢᠩᠬᠸ᠎ᠠ ᠱᠠᠩᠨᠠᠯ︾ ᠪᠣᠯ ᠲᠦᠪ ᠤᠨ ᠤᠬᠠᠭᠤᠯᠬᠤ ᠭᠡᠯᠲᠡᠰ ᠠᠴᠠ ᠵᠥᠪᠰᠢᠶᠡᠷᠡᠭᠰᠠᠨ ᠪᠦᠬᠦ ᠤᠯᠤᠰ ᠤᠨ ᠴᠢᠨᠠᠷᠳᠡᠢ ᠪᠦᠵᠢᠭ ᠤᠨ ᠤᠷᠠᠯᠢᠭ ᠤᠨ ᠲᠤᠰᠬᠠᠢ ᠮᠡᠷᠭᠡᠵᠢᠯ ᠤᠨ ᠱᠠᠩᠨᠠᠯ ᠪᠠᠶᠢᠵᠦ ᠂ ᠲᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠳᠤ ᠬᠤᠷᠠᠯ᠂ ᠲᠤᠮᠳᠠᠳᠤ ᠤᠯᠤᠰ ᠤᠨ ᠪᠦᠵᠢᠭᠴᠢᠳ ᠤᠨ ᠨᠡᠶᠢᠭᠡᠮᠯᠢᠭ ᠠᠴᠠ ᠵᠣᠬᠢᠶᠠᠨ ᠪᠠᠶᠢᠭᠤᠯᠤᠭᠰᠠᠨ ᠲᠤᠮᠳᠠᠳᠤ ᠤᠯᠤᠰ ᠤᠨ ᠪᠥᠵᠢᠭ ᠤᠨ ᠬᠠᠮᠤᠭ ᠤᠨ ᠳᠡᠭᠡᠳᠦ ᠱᠠᠩᠨᠠᠯ ᠪᠣᠯᠬᠤ ᠶᠤᠮ᠃      ︽ᠠᠪᠤ ᠶᠢᠨ ᠮᠤᠷᠢᠨ ᠴᠢᠳᠦᠷ︾ ᠪᠦᠵᠢᠭ ᠨᠢ ᠶᠠᠭ ᠰᠠᠶᠢᠬᠠᠨ ᠡᠷᠴᠢᠮᠳᠡᠢ ᠪᠤᠯᠪᠠᠰᠤᠷᠠᠵᠦ ᠤᠷᠤᠯᠳᠤᠭᠠᠨ ᠤ ᠪᠡᠯᠡᠳᠬᠡᠯ ᠢᠶᠠᠨ ᠬᠦᠢᠴᠡᠳ ᠬᠢᠭᠰᠡᠨ ᠪᠠᠶᠢᠨ᠎ᠠ᠃      ︽ᠠᠪᠤ ᠶᠢᠨ ᠮᠤᠷᠢᠨ ᠴᠢᠳᠥᠷ︾ ᠪᠦᠵᠢᠭ ᠤᠨ ᠬᠦᠷᠳᠡᠭᠰᠡᠨ ᠢᠷᠠᠭᠤ ᠠᠯᠳᠠᠷ᠄      ☆ 2019 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠭᠤᠷᠪᠠᠳᠤᠭᠠᠷ ᠬᠤᠭᠤᠴᠠᠭᠠᠨ ᠤ ᠣᠯᠠᠨ ᠤᠯᠤᠰ ᠤᠨ ᠮᠣᠩᠭᠤᠯ ᠪᠥᠵᠢᠭ ᠤᠨ ᠤᠷᠠᠯᠢᠭ ᠤᠨ ᠲᠣᠭᠯᠠᠯᠲᠠ ᠶᠢᠨ ᠰᠢᠯᠢᠳᠡᠭ ᠱᠠᠩᠨᠠᠯ ᠢ ᠬᠦᠷᠲᠡᠵᠡᠢ᠃      ☆ 2019 ᠣᠨ ᠤ 12 ᠰᠠᠷ᠎ᠠ ᠳᠤ᠂ ᠣᠷᠳᠣᠰ ᠬᠤᠲᠠ ᠶᠢᠨ 2020 ᠣᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠰᠢᠯᠭᠠᠷᠠᠭᠤᠯᠤᠯᠲᠠ ᠶᠢᠨ ᠤᠷᠤᠯᠳᠤᠭᠠᠨ ᠳᠤ ᠮᠠᠩᠯᠠᠶᠢᠯᠠᠪᠠ᠃      ☆ 2020 ᠣᠨ ᠤ 10 ᠰᠠᠷ᠎ᠠ ᠳᠤ᠂ ᠠᠷᠪᠠᠳᠣᠭᠠᠷ ᠬᠤᠭᠤᠴᠠᠭᠠᠨ ᠤ ᠤᠮᠠᠷᠠᠳᠤ ᠶᠢᠨ ᠲᠠᠪᠤᠨ ᠮᠣᠵᠢ ᠣᠷᠣᠨ ︵ᠬᠤᠲᠠ︶᠎ ᠶᠢᠨ ᠪᠥᠵᠢᠭ ᠤᠨ ᠤᠷᠤᠯᠳᠤᠭᠠᠨ ᠤ ᠥᠪᠥᠷ ᠮᠣᠩᠭᠤᠯ ᠳᠠᠬᠢ ᠤᠷᠤᠯᠳᠤᠭᠠᠨ ᠤ ᠰᠢᠯᠭᠠᠷᠠᠭᠤᠯᠤᠯᠳᠠ ᠳᠤ ᠵᠣᠬᠢᠶᠠᠨ ᠪᠦᠲᠦᠭᠡᠭᠰᠡᠨ ᠱᠠᠩᠨᠠᠯ ᠤᠨ ᠬᠤᠶᠠᠳᠤᠭᠠᠷ ᠳᠡᠰ ᠢ ᠬᠦᠷᠲᠡᠪᠡ᠃      ☆ 2020 ᠣᠨ ᠤ 11 ᠰᠠᠷ᠎ᠠ ᠳᠤ᠂ ︽ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠷᠠᠳ ᠤᠨ ᠪᠥᠵᠢᠭ ᠤᠨ ᠤᠷᠤᠯᠳᠤᠭᠠᠨ︾᠎ ᠤ ᠮᠡᠷᠭᠡᠵᠢᠯ ᠤᠨ ᠲᠤᠭᠤᠢᠢᠯᠠᠩ ᠤᠨ ᠬᠠᠮᠲᠤ ᠶᠢᠨ ᠪᠥᠵᠢᠭ ︵A ᠲᠤᠭᠤᠢᠢᠯᠠᠩ ᠤᠨ ᠬᠦᠷᠢᠶᠠᠯᠠᠩ ᠪᠦᠯᠬᠦᠮ᠂ ᠶᠡᠭᠡ ᠳᠡᠭᠡᠳᠦ ᠰᠤᠷᠭᠠᠭᠤᠯᠢ ︶᠎ ᠤᠨ ᠲᠣᠭᠯᠠᠯᠲᠠ ᠶᠢᠨ ᠮᠥᠩᠭᠦᠨ ᠮᠧᠳᠠᠯ ᠪᠣᠯᠤᠨ ᠵᠣᠬᠢᠶᠠᠨ ᠪᠦᠲᠦᠭᠡᠭᠰᠡᠨ ᠬᠦᠷᠡᠯ ᠮᠧᠳᠠᠯ ᠢ ᠬᠦᠷᠲᠡᠪᠡ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号