ᠣᠷᠠᠠ ᠬᠠᠳᠬᠤᠮᠠᠯᠴᠢᠨ — ᠣᠯᠠᠭᠠᠠᠭᠡᠷᠡᠯ
ᠨᠡᠶᠢᠲᠡᠯᠡᠭᠰᠡᠨ ᠴᠠᠭ᠄
2021/9/14
     ᠪᠣᠳᠠᠰ ᠤᠨ ᠪᠣᠰᠣ ᠰᠣᠶᠣᠯ ᠤᠨ ᠥᠪ ᠤᠨ ᠲᠥᠯᠥᠭᠡᠯᠡᠬᠦ ᠴᠢᠨᠠᠷᠳᠠᠢ ᠣᠯᠠᠮᠵᠢᠯᠠᠠ ᠵᠠᠯᠭᠠᠮᠵᠢᠯᠠᠬᠴᠢ ᠣᠯᠠᠭᠠᠠᠭᠡᠷᠡᠯ ᠪᠣᠯ ᠬᠠᠨᠭ᠍ᠭᠢᠨ ᠬᠤᠰᠢᠭᠤᠠ ᠤ ᠪᠠᠯᠭᠤᠠ ᠪᠠᠯᠭᠠᠰᠣ ᠶᠢᠨ ᠪᠠᠶ᠋ᠬᠠᠡᠭᠭᠡᠷ ᠭᠠᠴᠠᠭᠠᠠ ᠤ ᠮᠠᠯᠴᠢᠨ ᠪᠢᠯᠠ᠃ ᠣᠢᠢᠷ᠎ᠠ ᠳᠤ ᠲᠡᠳᠡᠡ ᠤ ᠬᠢᠨ ᠣᠷᠣᠠ ᠤ ᠲᠡᠰ ᠤᠨ ᠮᠠᠯᠵᠢᠬᠤ ᠲᠠᠷᠢᠶᠠᠯᠠᠬᠤ ᠣᠷᠣᠠ ᠤ ᠰᠣᠶᠣᠯ ᠤᠨ ᠲᠠᠭᠤᠷᠢᠶᠠᠯ ᠥᠵᠡᠭᠦᠯᠬᠦ ᠡᠷᠥᠭᠡ ᠪᠠᠷ ᠰᠣᠩᠭᠤᠭᠳᠠᠭᠰᠠᠠ ᠪᠠᠶᠢᠨ᠎ᠠ᠃      ᠲᠡᠷᠡ ᠬᠠᠷᠠᠬᠠᠨ ᠪᠠᠭ᠎ᠠ ᠠᠴᠠ ᠪᠠᠨ ᠮᠣᠩᠭᠤᠯ ᠦᠨᠳᠦᠰᠦᠲᠡᠨ ᠤ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠳᠤ ᠪᠠᠭ᠋ᠠᠲᠠᠢ ᠪᠠᠶᠢᠵᠣ᠂ ᠨᠠᠭᠠᠴᠤ ᠡᠮᠡᠭᠡ ᠪᠣᠯᠤᠨ ᠡᠵᠢ ᠶᠢᠨ ᠢᠶᠠᠨ ᠵᠢᠭᠠᠠ ᠵᠢᠯᠣᠭᠤᠳᠣᠯᠭ᠎ᠠ ᠳᠣᠣᠷ᠎ᠠ ᠲᠣᠷᠭᠠᠨ ᠬᠠᠳᠬᠤᠮᠠᠯ ᠤᠨ ᠤᠷ᠎ᠠ ᠮᠡᠷᠭᠡᠵᠢᠯ ᠢ ᠰᠤᠷᠴᠤ ᠡᠵᠡᠮᠰᠢᠵᠡᠢ᠃ ᠣᠯᠠᠭᠠᠠᠭᠡᠷᠡᠯ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠤᠨ ᠪᠦᠲᠦᠭᠡᠯ ᠬᠢᠬᠦ ᠪᠠᠨ ᠢᠮᠠᠭᠲᠠ ᠪᠠᠷᠢᠮᠲᠠᠯᠠᠭᠰᠠᠭᠠᠷ ᠢᠷᠡᠵᠥ᠂ ᠪᠦᠲᠦᠭᠡᠯ ᠤᠨ ᠢᠶᠠᠨ ᠶᠠᠩᠵᠤ ᠬᠡᠯᠪᠡᠷᠢ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠣᠲᠣ ᠦᠶ᠎ᠡ ᠶᠢᠨ ᠡᠯᠧᠮᠧᠨ᠋ᠲ ᠢ ᠤᠯᠠᠮᠵᠢᠯᠠᠯᠲᠤ ᠲᠣᠷᠭᠠᠨ ᠬᠠᠳᠬᠤᠮᠠᠯ ᠦᠢᠯᠡᠳᠬᠦ ᠲᠠᠢ ᠤᠶᠠᠯᠳᠤᠭᠤᠯᠵᠤ᠂ ᠤᠰᠠᠳᠬᠤ ᠰᠢᠬᠠᠬᠰᠠᠠ ᠮᠣᠩᠭᠤᠯ ᠦᠨᠳᠦᠰᠦᠲᠡᠨ ᠤ ᠤᠯᠠᠮᠵᠢᠯᠠᠯᠲᠤ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠤᠨ ᠪᠦᠲᠦᠭᠡᠯ ᠢ ᠣᠯᠠᠨ ᠤ ᠡᠮᠥᠨ᠎ᠡ ᠲᠣᠳᠣᠷᠠᠭᠤᠯᠵᠤ᠂ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠤᠨ ᠤᠷ᠎ᠠ ᠮᠡᠷᠭᠡᠵᠢᠯ ᠢ ᠴᠦ ᠨᠠᠩ ᠰᠠᠶᠢᠨ ᠤᠯᠠᠮᠵᠢᠯᠠᠵᠡᠢ᠃      ᠬᠠᠨᠭ᠍ᠭᠢᠨ ᠤ ᠪᠣᠷᠬᠠᠠ ᠤ ᠮᠣᠳᠣᠷ ᠤᠨ ᠲᠣᠷᠭᠠᠠ ᠬᠠᠳᠬᠤᠮᠠᠯ ᠤᠨ ᠤᠷ᠎ᠠ ᠮᠡᠷᠭᠡᠵᠢᠯ ᠪᠣᠯ ᠠᠯᠲᠠᠨ ᠰᠢᠷᠭᠠᠯ ᠥᠩᠭᠡ ᠶᠢᠨ ᠪᠣᠷᠬᠠᠠ ᠤ ᠮᠣᠳᠣᠷ ᠤᠨ ᠲᠣᠷᠭ᠎ᠠ ᠪᠠᠷ ᠭᠤᠤᠯᠯᠠᠭᠤᠯᠤᠨ ᠥᠩᠭᠡ ᠪᠣᠳᠤᠬ ᠢ ᠵᠣᠬᠢᠴᠠᠭᠤᠯᠣᠠ ᠣᠷᠠᠯᠠᠠ ᠪᠥᠳᠥᠭᠡᠭᠰᠡᠡ ᠵᠢᠷᠤᠭ ᠤᠨ ᠬᠡᠯᠪᠡᠷᠢ ᠪᠣᠯᠤᠨ᠎ᠠ᠃ ᠵᠢᠷᠤᠭ ᠤᠨ ᠪᠦᠲᠦᠴᠡ ᠨᠢ ᠥᠯᠵᠡᠶ ᠪᠡᠯᠭᠡ ᠲᠠᠢ ︽ᠲᠠᠪᠤ︾᠎ ᠶᠢᠨ ᠲᠤᠭ᠎ᠠ ᠶᠢ ᠡᠷᠬᠢᠮᠯᠡᠨ ᠳᠡᠭᠡᠳᠦᠯᠡᠵᠦ᠂ ᠬᠥᠳᠡᠯᠮᠦᠷᠢ ᠶᠢ ᠬᠦᠨᠳᠦᠳᠬᠡᠬᠦ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ᠂ ᠬᠤᠶᠠᠷ ᠭᠠᠷ ᠢᠶᠠᠷ ᠢᠶᠠᠨ ᠭᠡᠷ ᠪᠥᠯᠢ ᠪᠠᠨ ᠲᠡᠭᠵᠢᠷᠡᠭᠦᠯᠬᠦ ᠭᠤᠤᠯ ᠰᠡᠳᠦᠪᠲᠦ ᠦᠵᠡᠯ ᠰᠠᠨᠠᠭ᠎ᠠ ᠪᠠ ᠡᠷᠬᠢᠮ ᠳᠡᠭᠡᠳᠦ ᠵᠣᠷᠢᠭ ᠰᠠᠨᠠᠭ᠎ᠠ ᠶᠢ ᠳᠣᠪᠤᠶᠢᠯᠭᠠᠵᠣ᠂ ᠲᠣᠷᠭᠠᠨ ᠬᠠᠳᠬᠤᠮᠠᠯ ᠤᠨ ᠤᠷᠠᠯᠠᠯ ᠳᠤ ᠨᠢᠭᠡ ᠵᠦᠢᠯ ᠤᠨ ᠦᠵᠡᠯ ᠰᠠᠨᠠᠭᠠᠨ ᠤ ᠠᠭᠤᠯᠬᠤᠨ ᠪᠠ ᠣᠶᠤᠨ ᠰᠠᠨᠠᠭᠠᠨ ᠤ ᠠᠬᠤᠶ ᠪᠠᠶᠢᠳᠠᠯ ᠢ ᠲᠣᠳᠣᠷᠠᠭᠤᠯᠵᠠᠢ᠂ ᠡᠨᠡ ᠨᠢ ᠪᠤᠰᠤᠳ ᠡ᠊ᠩ ᠤᠨ ᠠᠷᠠᠳ ᠤᠨ ᠲᠣᠷᠭᠠᠨ ᠬᠠᠳᠬᠤᠮᠠᠯ ᠠᠴᠠ ᠢᠯᠡᠭᠦᠤ ᠠᠯᠲᠠᠨ ᠤ ᠠᠭᠤᠯᠤᠭᠳᠠᠴᠠ ᠪᠠ ᠢᠳᠡᠪᠬᠢ ᠬᠦᠴᠦᠨ ᠲᠠᠢ ᠪᠠᠶᠢᠵᠤ ᠂ ᠠᠮᠢᠳᠤᠷᠠᠯ ᠢ ᠭᠤᠶᠣᠯᠠᠬᠤ᠂ ᠣᠶᠤᠨ ᠰᠠᠨᠠᠭ᠎ᠠ ᠶᠢ ᠭᠤᠶᠣᠯᠠᠬᠤ ᠦᠢᠯᠡᠳᠦᠯ ᠲᠠᠢ ᠪᠢᠯᠠ᠃      2018 ᠣᠨ ᠤ 3 ᠰᠠᠷ᠎ᠠ ᠳᠤ᠂ ᠤᠯᠠᠭᠠᠨᠭᠡᠷᠡᠯ ᠬᠤᠰᠢᠭᠤᠠ ᠤ ᠲᠡᠰ ᠤᠨ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠤᠨ ᠤᠷ᠎ᠠ ᠮᠡᠷᠭᠡᠵᠢᠯ ᠤᠨ ᠲᠥᠯᠦᠭᠡᠯᠡᠬᠦ ᠴᠢᠨᠠᠷᠳᠠᠢ ᠤᠯᠠᠮᠵᠢᠯᠠᠠ ᠵᠠᠯᠭᠠᠮᠵᠢᠯᠠᠭᠴᠢ ᠪᠠᠷ ᠦᠨᠡᠯᠡᠭᠳᠡᠵᠡᠢ᠃ ᠲᠡᠭᠦᠨ ᠠᠴᠠ ᠬᠤᠶᠢᠰᠢ᠂ ᠲᠡᠷᠡ ᠥᠪᠡᠷ ᠤᠨ ᠭᠡᠷ ᠲᠡᠭᠡᠨ ᠮᠣᠩᠭᠤᠯ ᠦᠨᠳᠦᠰᠦᠲᠡᠨ ᠤ ᠬᠡᠷᠡᠭᠰᠡᠯ ᠤᠨ ᠦᠵᠡᠭᠦᠯᠭᠡ ᠶᠢᠨ ᠲᠢᠩᠬᠢᠮ ᠢ ᠪᠠᠶᠢᠭᠤᠯᠵᠤ᠂ ᠲᠡᠯᠭᠡᠡ ᠥᠵᠡᠭᠦᠯᠭᠡ ᠶᠢᠨ ᠲᠢᠩᠭᠢᠮ ᠳᠡᠭᠡᠨ ᠭᠤᠤᠯᠳᠠᠭᠤ ᠬᠠᠳᠬᠤᠮᠠᠯ ᠤᠨ ᠪᠦᠲᠦᠭᠡᠯ᠂ ᠡᠮᠡᠭᠡᠯ᠂ ᠦᠨᠳᠦᠰᠦᠲᠡᠨ ᠤ ᠬᠤᠪᠴᠠᠰᠤ ᠬᠤᠨᠠᠷ᠂ ᠬᠥᠭᠵᠢᠮ ᠵᠡᠷᠭᠡ ᠶᠢ ᠳᠡᠯᠭᠡᠨ ᠦᠵᠡᠭᠦᠯᠵᠡᠢ᠃ ᠴᠢᠬᠤᠯᠠ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠲᠡᠷᠡ ᠡᠷᠭᠢᠨ ᠲᠣᠭᠤᠷᠢᠨ ᠤ ᠣᠯᠠᠨ ᠲᠦᠮᠡᠨ ᠢᠶᠠᠨ ᠵᠣᠬᠢᠶᠠᠨ ᠪᠠᠶᠢᠭᠤᠯᠤᠨ ᠤᠷᠠᠨ ᠪᠦᠲᠦᠭᠡᠯ ᠢ ᠰᠣᠨᠢᠷᠬᠠᠭᠤᠯᠵᠥ᠂ ᠲᠡᠷᠡᠴᠢᠯᠡᠡ ᠤᠷᠠᠨ ᠰᠠᠶᠢᠬᠠᠨ ᠤ ᠠᠵᠢᠯᠯᠠᠭ᠎ᠠ ᠥᠷᠨᠢᠭᠦᠯᠬᠦ ᠶᠢᠨ ᠬᠠᠮᠲᠤ ᠦᠨᠳᠦᠰᠦᠲᠡᠨ ᠤ ᠤᠷ᠎ᠠ ᠮᠡᠷᠭᠡᠵᠢᠯ ᠤᠨ ᠵᠣᠬᠢᠶᠠᠨ ᠪᠦᠲᠦᠭᠡᠬᠦ ᠠᠷᠭ᠎ᠠ ᠶᠢ ᠤᠯᠠᠮᠵᠢᠯᠠᠳᠠᠭ ᠪᠠᠶᠢᠨ᠎ᠠ᠃ ᠣᠳᠣᠬᠠᠨ ᠪᠣᠯᠲᠠᠯ᠎ᠠ᠂ ᠲᠡᠷᠡ 600 ᠭᠠᠷᠣᠢ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠤᠨ ᠪᠦᠲᠦᠭᠡᠯ ᠢ ᠣᠷᠠᠯᠠᠠ ᠪᠦᠲᠦᠭᠡᠵᠦ᠂ 100 ᠭᠠᠷᠤᠢ ᠤᠯᠠᠮᠵᠢᠯᠠᠭᠴᠢ ᠶᠢ ᠬᠥᠮᠦᠵᠢᠭᠦᠯᠥᠨ ᠭᠠᠷᠭᠠᠭᠰᠠᠠ ᠪᠠᠶᠢᠨ᠎ᠠ᠃      ᠬᠠᠩᠭᠢᠨ ᠤ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠤᠨ ᠤᠷ᠎ᠠ ᠮᠡᠷᠭᠡᠵᠢᠯ ᠢ ᠤᠯᠠᠮᠵᠢᠯᠠᠠ ᠵᠠᠯᠭᠠᠮᠵᠢᠯᠠᠵᠥ᠂ ᠲᠣᠰ ᠲᠣᠷᠭᠠᠨ ᠬᠠᠳᠬᠤᠮᠠᠯ ᠢ ᠨᠡᠩ ᠣᠯᠠᠨ ᠬᠥᠮᠦᠰ ᠲᠤ ᠲᠠᠨᠢᠭᠤᠯᠬᠤ ᠶᠢᠨ ᠲᠥᠯᠥᠭᠡ ᠣᠯᠠᠭᠠᠠᠭᠡᠷᠡᠯ ᠡᠯ᠎ᠡ ᠵᠦᠢᠯ ᠤᠨ ᠲᠣᠮᠣ ᠬᠡᠯᠪᠡᠷᠢ ᠶᠢᠨ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠳᠠᠬ᠃ ᠵᠢᠱᠢᠶᠡᠯᠡᠪᠡᠯ᠂ ᠠᠯᠳᠠᠨ ᠣᠪᠣᠭ᠎ᠠ ᠶᠢᠨ ᠳᠠᠬᠢᠯᠭ᠎ᠠ᠂ ᠮᠢᠩᠭᠠᠨ ᠲᠡᠮᠡᠭᠡᠨ ᠤ ᠪᠠᠶᠠᠷ ᠵᠡᠷᠭᠡ ᠳᠤ ᠣᠷᠣᠯᠴᠠᠵᠣ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠥᠪᠡᠷ ᠤᠨ ᠣᠷᠠᠯᠠᠬᠰᠠᠠ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠤᠨ ᠪᠦᠲᠦᠭᠡᠯ ᠢᠶᠠᠨ ᠳᠡᠯᠭᠡᠨ ᠦᠵᠡᠭᠦᠯᠦᠭᠰᠡᠨ ᠪᠥᠭᠡᠳ ᠲᠣᠭᠤᠷᠢᠨ ᠦᠵᠡᠭᠰᠡᠨ ᠵᠤᠭᠠᠴᠠᠭᠰᠠᠳ ᠲᠤ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠤᠨ ᠰᠣᠶᠣᠯ ᠵᠢᠴᠢ ᠲᠡᠤᠬᠡ ᠶᠢ ᠤᠬᠠᠭᠤᠯᠵᠤ᠂ ᠪᠣᠷᠬᠠᠠ ᠤ ᠮᠣᠳᠣᠷ ᠤᠨ ᠲᠣᠷᠭᠠᠨ ᠬᠠᠳᠬᠤᠮᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃
     ᠣᠯᠠᠭᠠᠠᠭᠡᠷᠡᠯ ᠲᠤᠷᠭᠠᠨ ᠬᠠᠳᠬᠤᠮᠠᠯ ᠤᠷᠠᠯᠠᠵᠤ ᠶᠠᠭᠠᠷᠠᠨ᠎ᠠ
     ᠮᠤᠩᠭᠤᠯ ᠦᠨᠳᠤᠰᠤᠳᠠᠨ ᠤ ᠬᠡᠷᠡᠭᠰᠡᠯ ᠤᠨ ᠦᠵᠡᠬᠦᠯᠬᠡ ᠶᠢᠨ ᠲᠢᠩᠬᠢᠮ ᠤᠨ ᠨᠢᠬᠡ ᠦᠨᠴᠤᠭ᠌    
     ᠣᠯᠠᠭᠠᠠᠭᠡᠷᠡᠯ ᠤᠨ ᠤᠷᠠᠯᠠᠭᠰᠡᠨ ᠪᠦᠳᠤᠬᠡᠯ ᠤᠳ
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号