ᠲᠠᠷᠢᠶᠠᠨ ᠭᠠᠵᠠᠷ ᠢ ᠡᠵᠡᠯᠡᠨ ᠪᠠᠶᠢᠰᠢᠩ ᠪᠠᠷᠢᠬᠤ ᠳᠤ ︽ᠨᠠᠢᠮᠠ ᠶᠢ ᠦᠯᠦ ᠵᠥᠪᠰᠢᠶᠡᠷᠡᠬᠦ︾ ᠬᠠᠳᠠᠭᠤ ᠳᠤᠭᠳᠠᠭᠠᠯ ᠪᠤᠢ
ᠨᠡᠶᠢᠲᠡᠯᠡᠭᠰᠡᠨ ᠴᠠᠭ᠄
2021/9/14
   — ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠲᠤᠬᠠᠢ ᠰᠢᠷᠢᠰ ᠰᠤᠷᠪᠤᠯᠵᠢᠯᠠᠭ᠎ᠠ    ᠮᠠᠯᠵᠢᠬᠤ ᠲᠠᠷᠢᠶᠠᠯᠠᠬᠤ ᠤᠷᠤᠨ ᠤ ᠤᠷᠤᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠷᠣᠶ ᠶᠢ ᠵᠦᠢ ᠵᠣᠬᠢᠰᠲᠠᠶ ᠠᠰᠢᠬᠯᠠᠨ ᠲᠠᠷᠢᠶᠠᠨ ᠭᠠᠵᠠᠷ ᠢ ᠪᠦᠳᠦᠮᠵᠢᠳᠠᠢ ᠬᠠᠮᠠᠭᠠᠯᠠᠬᠤ ᠶᠢᠨ ᠲᠦᠯᠦᠭᠡ᠂ ᠦᠪᠡᠷᠳᠡᠬᠡᠨ ᠵᠠᠰᠠᠬᠤ ᠤᠷᠤᠨ ᠠᠴᠠ ᠤᠯᠤᠰ ᠤᠨ ᠬᠠᠮᠢᠶ᠎ᠠ ᠪᠦᠬᠦᠢ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠦᠨᠳᠤᠰᠤᠯᠡᠨ ︽ᠮᠠᠯᠵᠢᠬᠤ ᠲᠠᠷᠢᠶᠠᠯᠠᠬᠤ ᠤᠷᠤᠨ ᠤ ᠤᠷᠤᠨ ᠰᠠᠭᠤᠴᠠ ᠶᠢᠨ ᠭᠠᠵᠠᠷ ᠤᠨ ᠬᠠᠮᠢᠶᠠᠷᠤᠯᠳᠠ ᠶᠢ ᠴᠢᠩᠭᠠᠳᠬᠠᠬᠤ ᠲᠤᠬᠠᠢ ᠮᠡᠳᠡᠭᠳᠡᠯ︾ ᠵᠡᠷᠬᠡ ᠶᠢ ᠪᠠᠭᠤᠯᠭᠠᠵᠤ᠂ ᠮᠠᠯᠴᠢᠨ ᠲᠠᠷᠢᠶᠠᠴᠢᠨ ᠤ ᠤᠷᠤᠨ ᠰᠠᠭᠤᠴᠠ ᠶᠢᠨ ᠭᠠᠵᠠᠷ ᠭᠤᠶᠤᠴᠢᠯᠠᠬᠤ ᠨᠦᠬᠦᠴᠡᠯ᠂ ᠲᠡᠰ ᠲᠠᠷᠠᠭᠠᠯᠠᠯ ᠪᠠ ᠲᠤᠭᠳᠠᠭᠠᠯ ᠱᠠᠭᠠᠷᠳᠠᠯᠭ᠎ᠠ ᠮᠡᠳᠤ ᠶᠢᠨ ᠤᠯᠠᠨ ᠲᠠᠯ᠎ᠠ ᠶᠢᠨ ᠠᠰᠠᠭᠤᠳᠠᠯ ᠳᠤ ᠲᠤᠳᠤᠷᠬᠠᠢᠢᠯᠠᠯᠳᠠ ᠬᠢᠭᠰᠡᠨ ᠪᠠᠶᠢᠨ᠎ᠠ᠃    ᠮᠠᠯᠴᠢᠨ ᠲᠠᠷᠢᠶᠠᠴᠢᠨ ᠬᠡᠷᠪᠡ ᠲᠤᠤᠷᠠᠬᠢ ᠪᠠᠶᠢᠳᠠᠯ ᠤᠨ ᠨᠢᠬᠡ ᠳᠤ ᠬᠤᠯᠪᠤᠭᠳᠠᠪᠠᠯ ᠡᠷᠦᠬᠡ ᠪᠠᠷ ᠨᠢᠭᠡᠴᠢ ᠪᠣᠯᠭᠠᠨ ᠰᠢᠨ᠎ᠠ ᠣᠷᠣᠨ ᠰᠠᠭᠤᠴᠠ ᠶᠢᠨ ᠭᠠᠵᠠᠷ ᠭᠤᠶᠤᠴᠢᠯᠠᠵᠤ ᠪᠣᠯᠤᠨ᠎ᠠ᠄ ᠣᠷᠣᠨ ᠰᠠᠭᠤᠴᠠ ᠶᠢᠨ ᠭᠠᠵᠠᠷ ᠥᠬᠡᠶ︔ ᠦᠷ᠎ᠡ ᠬᠡᠦᠬᠡᠳ ᠨᠢ ᠤᠷᠤᠭᠯᠠᠭᠰᠠᠨ ᠵᠡᠷᠭᠡ ᠰᠢᠯᠲᠠᠭᠠᠨ ᠠᠴᠠ ᠪᠤᠯᠵᠤ ᠡᠷᠤᠭᠡ ᠬᠤᠪᠢᠶᠠᠬᠤ ᠴᠢᠬᠤᠯᠠᠲᠠᠶ ᠪᠠᠶᠢᠭᠰᠠᠨ ᠴᠦ ᠤᠳᠤ ᠶᠢᠨ ᠪᠠᠶᠢᠭ᠎ᠠ ᠣᠷᠣᠨ ᠰᠠᠭᠤᠴᠠ ᠶᠢᠨ ᠭᠠᠵᠠᠷ ᠨᠢ ᠡᠷᠤᠭᠡ ᠬᠤᠪᠢᠶᠠᠬᠤ ᠪᠠᠷᠢᠮᠵᠢᠶ᠎ᠠ ᠠᠴᠠ ᠳᠣᠣᠷ᠎ᠠ ᠪᠠᠶᠢᠬᠤ︔ ᠤᠳᠤ ᠶᠢᠨ ᠪᠠᠶᠢᠰᠢᠩ ᠨᠢ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠥᠯᠥᠭᠡᠯᠡᠵᠦ᠂ ᠨᠡᠭᠦᠯᠭᠡᠨ ᠰᠢᠯᠵᠢᠭᠦᠯᠵᠤ ᠲᠠᠬᠢᠨ ᠪᠦᠳᠦᠭᠡᠨ ᠪᠠᠶᠢᠭᠤᠯᠬᠤ ᠴᠢᠬᠤᠯᠠᠲᠠᠶ ᠪᠤᠯᠤᠭᠰᠠᠨ︔ ᠭᠠᠴᠠᠭ᠎ᠠ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠳᠤ ᠡᠷᠦᠬᠡ ᠠᠮᠠ ᠪᠠᠨ ᠰᠢᠯᠵᠢᠬᠦᠯᠵᠤ ᠵᠢᠩᠬᠢᠨᠢ ᠭᠡᠰᠢᠭᠦᠨ ᠪᠣᠯᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠮᠥᠷᠲᠡᠭᠡᠨ ᠣᠤᠯ ᠨᠤᠲᠤᠭ ᠲᠠᠭᠠᠨ ᠣᠷᠣᠨ ᠰᠠᠭᠤᠴᠠ ᠶᠢᠨ ᠭᠠᠵᠠᠷ ᠦᠬᠡᠢ ᠪᠠᠶᠢᠬᠤ︔ ᠪᠠᠶᠢᠭᠠᠯᠢ ᠶᠢᠨ ᠭᠠᠮᠰᠢᠭ ᠠᠴᠠ ᠪᠤᠯᠵᠤ ᠡᠪᠳᠡᠷᠡᠵᠦ ᠰᠦᠢᠳᠦᠭᠰᠡᠨ ᠪᠤᠶᠤ ᠭᠠᠵᠠᠷ ᠤᠨ ᠭᠠᠮᠰᠢᠭ ᠠᠴᠠ ᠵᠠᠶᠢᠯᠠᠰᠬᠢᠬᠦ ᠶᠢᠨ ᠲᠦᠯᠦᠬᠡ ᠨᠡᠬᠦᠬᠦ ᠴᠢᠬᠤᠯᠠᠳᠠᠢ ᠪᠤᠯᠤᠭᠰᠠᠨ︔ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠤᠰᠤᠳ ᠪᠠᠶᠢᠳᠠᠯ᠃    ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠬᠠᠷᠭᠤᠭᠤᠯᠵᠤ ᠵᠥᠪᠰᠢᠶᠡᠷᠡᠨ᠎ᠡ︔ ᠡᠭᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠠᠶᠢᠰᠢᠩ ᠪᠠᠷᠢᠬᠤ ᠮᠡᠳᠤ ᠶᠢᠨ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠴᠢᠬᠤᠯᠠᠳᠠᠢ ᠪᠤᠯ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠬᠢᠨᠠᠨ ᠵᠥᠪᠰᠢᠶᠡᠷᠡᠯ ᠤᠨ ᠭᠠᠷ ᠭᠦᠢᠴᠡᠳᠬᠡᠯ ᠬᠢᠯᠬᠡᠬᠦ ᠴᠢᠬᠤᠯᠠᠳᠠᠢ᠃    ᠣᠷᠣᠨ ᠰᠠᠭᠤᠴᠠ ᠶᠢᠨ ᠭᠠᠵᠠᠷ ᠢ ᠭᠤᠶᠤᠴᠢᠯᠠᠵᠤ ᠵᠦᠪᠰᠢᠶᠡᠷᠡᠭᠦᠯᠬᠦ ᠳᠡᠰ ᠳᠠᠷᠠᠭᠠᠯᠠᠯ ᠨᠢ ᠲᠤᠤᠷᠠᠬᠢ ᠮᠡᠳᠤ᠄ ᠮᠠᠯᠵᠢᠬᠤ ᠳᠠᠷᠢᠶᠠᠯᠠᠬᠤ ᠡᠷᠦᠬᠡ ᠭᠤᠶᠤᠴᠢᠯᠠᠯ ᠲᠡᠪᠰᠢᠬᠦᠯᠦᠨ᠎ᠠ᠂ ᠭᠠᠴᠠᠭ᠎ᠠ ᠲᠣᠰᠬᠤᠨ ᠤ ᠰᠠᠭᠤᠭᠠᠯᠢ ᠠᠷᠠᠳ ᠤᠨ ᠳᠤᠭᠤᠢᠢᠯᠠᠩ ᠤᠨ ᠬᠤᠷᠠᠯ ᠠᠴᠠ ᠶᠠᠷᠢᠯᠴᠠᠨ ᠪᠠᠲᠤᠯᠠᠬᠤ ᠶᠢᠨ ᠬᠠᠮᠲᠤ ᠢᠯᠡ ᠨᠡᠶᠢᠲᠡᠯᠡᠨ᠎ᠠ᠂ ᠭᠠᠴᠠᠭ᠎ᠠ ᠲᠣᠰᠬᠤᠨ ᠤ ᠱᠠᠲᠤ ᠶᠢᠨ ᠵᠤᠬᠢᠶᠠᠨ ᠪᠠᠶᠢᠭᠤᠯᠤᠯᠳᠠ ᠠᠴᠠ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠂ ᠰᠤᠮᠤ ᠰᠢᠶᠠᠩ ᠪᠠᠯᠭᠠᠰᠤ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠬᠢᠨᠠᠨ ᠪᠠᠶᠢᠴᠠᠭᠠᠨ᠎ᠠ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠬᠢᠨᠠᠨ ᠵᠥᠪᠰᠢᠶᠡᠷᠡᠨ᠎ᠠ᠂ ᠣᠷᠣᠨ ᠰᠠᠭᠤᠴᠠ ᠶᠢᠨ ᠭᠠᠵᠠᠷ ᠤᠨ ᠵᠥᠪᠰᠢᠶᠡᠷᠡᠯ ᠤᠨ ᠪᠢᠴᠢᠭ ᠣᠯᠭᠤᠨ᠎ᠠ᠃    ᠮᠠᠯᠴᠢᠨ ᠲᠠᠷᠢᠶᠠᠴᠢᠨ ᠰᠢᠨ᠎ᠠ ᠪᠠᠶᠢᠰᠢᠩ ᠪᠠᠷᠢᠬᠤ ᠳᠠᠭᠠᠨ ᠰᠤᠮᠤ ᠰᠢᠶᠠᠩ ᠪᠠᠯᠭᠠᠰᠤ ᠶᠢᠨ ᠢᠶᠠᠨ ᠭᠠᠵᠠᠷ ᠰᠢᠷᠣᠶ ᠶᠢ ᠠᠰᠢᠬᠯᠠᠬᠤ ᠶᠡᠷᠦᠩᠬᠡᠶ ᠲᠥᠯᠥᠪᠵᠢᠭᠦᠯᠭᠡ ᠪᠤᠯᠤᠨ ᠠᠶᠢᠯ ᠲᠣᠰᠬᠤᠨ ᠤ ᠪᠦᠳᠦᠬᠡᠨ ᠪᠠᠶᠢᠭᠤᠯᠤᠯᠳᠠ ᠶᠢᠨ ᠲᠥᠯᠥᠪᠵᠢᠭᠦᠯᠭᠡ ᠳᠤ ᠨᠡᠶᠢᠴᠡᠭᠰᠡᠨ ᠪᠠᠶᠢᠬᠤ ᠴᠢᠬᠤᠯᠠᠳᠠᠢ᠂ ᠲᠡᠷᠡ ᠮᠦᠷᠳᠡᠬᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠵᠤ ᠪᠣᠯᠬᠤ ᠦᠭᠡᠢ ᠪᠥᠭᠡᠳ ᠠᠯᠢ ᠴᠢᠳᠠᠬᠤ ᠪᠠᠷ ᠣᠷᠣᠨ ᠰᠠᠭᠤᠴᠠ ᠶᠢᠨ ᠤᠤᠯ ᠤᠨ ᠭᠠᠵᠠᠷ ᠪᠤᠶᠤ ᠭᠠᠴᠠᠭ᠎ᠠ ᠲᠣᠰᠬᠤᠨ ᠤ ᠪᠠᠨ ᠰᠤᠯᠠ ᠭᠠᠵᠠᠷ ᠢ ᠬᠡᠷᠡᠭᠯᠡᠬᠦ ᠴᠢᠬᠤᠯᠠᠳᠠᠢ᠃ ᠡᠬᠦᠨ ᠳᠤ ᠲᠠᠷᠢᠶᠠᠨ ᠭᠠᠵᠠᠷ ᠢ ᠡᠵᠡᠯᠡᠨ ᠪᠠᠶᠢᠰᠢᠩ ᠪᠠᠷᠢᠬᠤ ᠳᠤ ︽ᠨᠠᠢᠮᠠ ᠶᠢ ᠦᠯᠦ ᠵᠥᠪᠰᠢᠶᠡᠷᠡᠬᠦ︾ ᠬᠠᠳᠠᠭᠤ ᠲᠤᠭᠳᠠᠭᠠᠯ ᠪᠤᠢ᠃ ᠲᠠᠷᠤᠢ᠄ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ᠲᠠᠷᠢᠶᠠᠨ ᠭᠠᠵᠠᠷ ᠢ ᠬᠦᠴᠦᠷᠬᠡᠭᠯᠡᠨ ᠡᠵᠡᠯᠡᠬᠦ ᠪᠤᠶᠤ ᠢᠯᠡᠬᠦᠤ ᠡᠵᠡᠯᠡᠵᠤ ᠪᠠᠶᠢᠭᠠᠳ ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ᠲᠠᠷᠢᠶᠠᠨ ᠭᠠᠵᠠᠷ ᠢ ᠰᠠᠷᠢᠭᠠᠯᠠᠨ ᠠᠷᠠᠯᠵᠢᠶᠠᠯᠠᠬᠤ ᠪᠤᠶᠤ ᠲᠠᠷᠢᠶᠠᠨ ᠭᠠᠵᠠᠷ ᠤᠨ ᠡᠵᠡᠩᠨᠡᠯᠳᠡ ᠶᠢᠨ ᠡᠷᠬᠡ ᠶᠢ ᠬᠦᠢᠯᠬᠡᠬᠡᠵᠤ ᠪᠠᠶᠢᠭᠠᠳ ᠬᠠᠤᠯᠢ ᠠᠴᠠ ᠵᠥᠷᠢᠴᠡᠨ ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ᠳᠠᠭᠠᠭᠠᠴᠢᠯᠠᠭᠰᠠᠨ ᠲᠠᠷᠢᠶᠠᠨ ᠭᠠᠵᠠᠷ ᠲᠠᠭᠠᠨ ᠬᠠᠤᠯᠢ ᠠᠴᠠ ᠵᠥᠷᠢᠴᠡᠨ ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ᠡᠯᠳᠡᠪ ᠵᠦᠢᠯ ᠤᠨ ᠨᠡᠷ᠎ᠡ ᠪᠠᠷ ᠬᠠᠤᠯᠢ ᠠᠴᠠ ᠵᠥᠷᠢᠴᠡᠵᠤ ᠲᠠᠷᠢᠶᠠᠨ ᠭᠠᠵᠠᠷ ᠢ ᠡᠵᠡᠯᠡᠨ ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ︽ᠨᠢᠭᠡ ᠡᠷᠦᠭᠡ ᠳᠤ ᠨᠢᠭᠡ ᠯᠡ ᠣᠷᠣᠨ ᠰᠠᠭᠤᠴᠠ ᠶᠢᠨ ᠭᠠᠵᠠᠷ ᠲᠠᠢ ᠪᠠᠶᠢᠬᠤ︾ ᠲᠣᠭᠲᠠᠭᠠᠯ ᠢ ᠵᠥᠷᠢᠴᠡᠵᠤ᠂ ᠲᠠᠷᠢᠶᠠᠨ ᠭᠠᠵᠠᠷ ᠢ ᠡᠵᠡᠯᠡᠨ ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ᠲᠠᠷᠢᠶᠠᠨ ᠭᠠᠵᠠᠷ ᠢ ᠡᠵᠡᠯᠡᠨ ᠪᠠᠷᠢᠭᠰᠠᠨ ᠪᠠᠶᠢᠰᠢᠩ ᠢ ᠬᠠᠤᠯᠢ ᠪᠤᠰᠤ ᠪᠠᠷ ᠬᠤᠳᠠᠯᠳᠤᠬᠤ ᠶᠢ ᠵᠦᠪᠰᠢᠶᠡᠷᠡᠬᠦ ᠦᠬᠡᠢ︔ ᠲᠠᠷᠢᠶᠠᠨ ᠭᠠᠵᠠᠷ ᠢ ᠡᠵᠡᠯᠡᠨ ᠪᠠᠶᠢᠰᠢᠩ ᠪᠠᠷᠢᠬᠤ ᠳᠤ ᠬᠠᠤᠯᠢ ᠠᠴᠠ ᠵᠥᠷᠢᠴᠡᠵᠤ ᠬᠢᠨᠠᠨ ᠵᠥᠪᠰᠢᠶᠡᠷᠡᠯ ᠦᠭᠬᠦ ᠶᠢ ᠵᠦᠪᠰᠢᠶᠡᠷᠡᠬᠦ ᠦᠬᠡᠢ᠃  
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ