ᠰᠢ ᠶᠢᠨ ᠫᠢᠩ ᠭᠧᠷᠮᠠᠨ ᠤ ᠶᠠᠷᠤᠩᠬᠡᠢ ᠰᠠᠶᠢᠳ ᠮᠤᠺᠧᠷ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/9/15
     ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10᠎ ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠎ ᠶᠢᠨ ᠫᠢᠩ 9 ᠰᠠᠷ᠎ᠠ ᠶᠢᠨ 10᠎ ᠤ ᠤᠷᠤᠢ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠨᠢᠳᠤᠨᠤᠨ ᠠᠴᠠ ᠨᠠᠭᠠᠰᠢ᠂ ᠪᠢᠳᠡ ᠤᠯᠠᠨ ᠤᠳᠠᠭ᠎ᠠ ᠥᠨᠳᠥᠷ ᠪᠦᠲᠦᠮᠵᠢᠲᠡᠢ ᠰᠣᠯᠢᠯᠴᠠᠭ᠎ᠠ ᠶᠢ ᠪᠠᠳᠤᠯᠠᠵᠤ᠂ ᠳᠤᠮᠳᠠᠳᠤ ᠭᠧᠷᠮᠠᠨ᠂ ᠳᠤᠮᠳᠠᠳᠤ ᠧᠦ᠋ᠷᠣᠫᠠ ᠶᠢᠨ ᠬᠠᠷᠢᠯᠴᠠᠭᠠᠨ ᠤ ᠬᠥᠭᠵᠢᠯᠲᠡ ᠳᠤ ᠴᠢᠬᠤᠯᠠ ᠬᠦᠳᠦᠯᠥᠨ ᠳᠠᠭᠠᠭᠤᠯᠬᠤ ᠦᠢᠯᠡᠳᠦᠯ ᠦᠵᠡᠭᠦᠯᠦᠭᠰᠡᠨ ᠪᠥᠭᠡᠳ ᠳᠤᠮᠳᠠᠳᠤ ᠭᠧᠷᠮᠠᠨ ᠬᠤᠶᠠᠷ ᠤᠯᠤᠰ ᠤᠨ ᠳᠡᠭᠡᠳᠦ ᠬᠡᠮᠵᠢᠶᠡᠨ ᠤ ᠢᠲᠡᠭᠡᠯᠴᠡᠭᠡ ᠶᠢ ᠢᠯᠡᠷᠡᠭᠦᠯᠪᠡ᠃ ᠶᠡᠷᠦᠩᠬᠡᠢ ᠰᠠᠶᠢᠳ ᠠᠪᠠᠭ᠋ᠠᠢ ᠭᠧᠷᠮᠠᠨ ᠪᠣᠯᠤᠨ ᠧᠦ᠋ᠷᠣᠫᠠ ᠲᠢᠪ ᠤᠨ ᠳᠤᠮᠳᠠᠳᠤ ᠤᠯᠤᠰ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠣᠯᠤᠨ ᠨᠥᠬᠦᠷᠰᠡᠭ ᠶᠠᠪᠤᠯᠴᠠᠭ᠎ᠠ ᠶᠢ ᠠᠬᠢᠭᠤᠯᠬᠤ ᠪᠠᠷ ᠢᠳᠡᠪᠬᠢᠲᠡᠢ ᠴᠢᠷᠮᠠᠶᠢᠵᠤ ᠪᠠᠶᠢᠬᠤ ᠶᠢ ᠪᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠤᠢᠢᠷ᠎ᠠ ᠶᠢᠨ ᠵᠢᠯ ᠠᠴᠠ ᠳᠤᠮᠳᠠᠳᠤ ᠭᠧᠷᠮᠠᠨ ᠤ ᠬᠠᠷᠢᠯᠴᠠᠭ᠎ᠠ ᠶᠡᠷᠦᠩᠬᠡᠢ ᠳᠡᠭᠡᠨ ᠤᠷᠤᠭᠰᠢᠲᠠᠢ ᠬᠥᠭᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠬᠢᠵᠢᠭ ᠤᠨ ᠪᠠᠶᠢᠳᠠᠯ ᠳᠣᠣᠷ᠎ᠠ ᠬᠦᠴᠦᠷᠬᠡᠭ ᠶᠡᠭᠡ ᠤᠶᠠᠨ ᠬᠠᠳᠠᠨ ᠴᠢᠨᠠᠷ ᠢ ᠢᠯᠡᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ ᠣᠯᠭᠤᠪᠠ᠃ ᠳᠤᠮᠳᠠᠳᠤ ᠭᠧᠷᠮᠠᠨ ᠤ ᠬᠢᠨ ᠳᠤᠮᠳᠠᠳᠤ ᠧᠦ᠋ᠷᠣᠫᠠ ᠶᠢᠨ ᠲᠣᠭᠲᠠᠭᠰᠠᠨ ᠬᠤᠭᠤᠴᠠᠭᠠᠨ ᠳᠠᠭᠠᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠬᠡᠯᠡᠯᠴᠡᠭᠡ ᠬᠢᠬᠦ ᠶᠢ ᠪᠡᠶᠡᠯᠡᠭᠦᠯᠬᠦ ᠶᠢ ᠠᠬᠢᠭᠤᠯᠵᠤ᠂ ᠤᠯᠠᠨ ᠲᠠᠯᠠᠲᠤ ᠦᠵᠡᠯ ᠢ ᠬᠠᠮᠲᠤ ᠪᠠᠷ ᠰᠠᠨᠠᠭᠠᠴᠢᠯᠠᠵᠤ᠂ ᠴᠢᠯᠥᠭᠡᠲᠦ ᠠᠷᠠᠯᠵᠢᠶ᠎ᠠ ᠶᠢ ᠬᠠᠮᠠᠭᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠭᠠᠷ ᠬᠤᠯᠪᠣᠨ ᠢᠳᠡᠪᠬᠢᠲᠡᠢ ᠬᠤᠪᠢ ᠨᠡᠮᠡᠷᠢ ᠦᠵᠡᠭᠦᠯᠪᠠ᠃ ᠳᠤᠮᠳᠠᠳᠤ ᠭᠧᠷᠮᠠᠨ ᠤ ᠬᠠᠷᠢᠯᠴᠠᠭ᠎ᠠ ᠯᠤᠲᠤ ᠶᠡᠭᠡ ᠠᠮᠵᠢᠯᠲᠠ ᠣᠯᠤᠭᠰᠠᠨ ᠤ ᠦᠨᠳᠦᠰᠦᠨ ᠰᠢᠯᠲᠠᠭᠠᠨ ᠨᠢ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠵᠦ᠂ ᠠᠳᠠᠯᠢ ᠲᠠᠯ᠎ᠠ ᠪᠠᠨ ᠡᠷᠢᠵᠦ ᠵᠦᠷᠢᠶ᠎ᠡ ᠪᠠᠨ ᠦᠯᠡᠳᠡᠭᠡᠵᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠶᠢ ᠴᠢᠬᠤᠯᠠᠴᠢᠯᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠤᠭᠰᠠᠨ ᠳᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠢᠲᠡᠭᠡᠯᠴᠡᠭᠡ ᠪᠠᠨ ᠪᠠᠬᠢᠵᠢᠭᠦᠯᠦᠨ ᠭᠦᠨᠵᠡᠭᠡᠶᠢᠷᠡᠭᠦᠯᠬᠦ ᠶᠢ ᠪᠠᠷᠢᠮᠳᠠᠯᠠᠵᠤ᠂ ᠡᠷᠬᠡ ᠲᠡᠭᠰᠢ ᠪᠠᠷ ᠬᠠᠨᠳᠤᠯᠴᠠᠵᠤ᠂ ᠬᠠᠮᠲᠤᠷᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠳᠠᠭ ᠯᠡ ᠶᠤᠮ ᠪᠤᠯ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠵᠤ ᠴᠢᠳᠠᠨ᠎ᠠ᠃ ᠭᠧᠷᠮᠠᠨ ᠤ ᠬᠢᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠳᠤᠮᠳᠠᠳᠤ ᠤᠯᠤᠰ ᠲᠠᠬᠢ ᠵᠥᠪ ᠲᠦᠷᠦ ᠶᠢᠨ ᠪᠤᠳᠤᠯᠭ᠎ᠠ ᠶᠢ ᠪᠠᠷᠢᠮᠲᠠᠯᠠᠵᠤ᠂ ᠵᠦᠷᠢᠶ᠎ᠡ ᠳᠤ ᠪᠤᠰᠤᠳᠴᠢ ᠪᠠᠷ ᠬᠠᠨᠳᠤᠵᠤ᠂ ᠵᠥᠷᠢᠯᠳᠦᠭᠡᠨ ᠢᠶᠠᠨ ᠣᠶᠤᠨᠴᠢ ᠪᠠᠷ ᠰᠢᠢᠳᠪᠦᠷᠢᠯᠡᠬᠦ ᠶᠢ ᠠᠬᠢᠭᠤᠯᠵᠤ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠬᠡᠵᠤ ᠴᠢᠬᠤᠯᠠᠴᠢᠯᠠᠪᠠ᠃      ᠮᠤᠺᠧᠷ᠂ ᠤᠢᠢᠷ᠎ᠠ ᠶᠢᠨ ᠵᠢᠯ ᠠᠴᠠ ᠭᠧᠷᠮᠠᠨ ᠳᠤᠮᠳᠠᠳᠤ᠂ ᠧᠦ᠋ᠷᠣᠫᠠ ᠳᠤᠮᠳᠠᠳᠤ ᠶᠢᠨ ᠬᠠᠷᠢᠯᠴᠠᠭᠠᠨ ᠤ ᠬᠥᠭᠵᠢᠯᠲᠡ ᠳᠤ ᠮᠠᠰᠢ ᠤᠯᠠᠨ ᠳ᠋ᠦᠩᠨᠡᠬᠦᠰᠢᠳᠡᠢ ᠲᠠᠯ᠎ᠠ ᠪᠠᠶᠢᠨ᠎ᠠ᠂ ᠪᠢ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠤᠯᠤᠯᠴᠠᠭ᠎ᠠ ᠪᠠᠨ ᠪᠠᠲᠤᠯᠠᠵᠤ᠂ ᠬᠠᠮᠲᠤ ᠪᠠᠷ ᠴᠢᠷᠮᠠᠶᠢᠵᠤ᠂ ᠭᠧᠷᠮᠠᠨ ᠳᠤᠮᠳᠠᠳᠤ᠂ ᠧᠦ᠋ᠷᠣᠫᠠ ᠳᠤᠮᠳᠠᠳᠤ ᠬᠤᠶᠠᠷ ᠲᠠᠯ᠎ᠠ ᠶᠢᠨ ᠶᠠᠷᠢᠯᠴᠠᠭ᠎ᠠ ᠪᠠᠷ ᠳᠠᠮᠵᠢᠨ ᠵᠦᠷᠢᠶ᠎ᠡ ᠪᠠᠨ ᠨᠥᠬᠦᠪᠥᠷᠢᠯᠡᠵᠦ᠂ ᠵᠥᠷᠢᠶ᠎ᠠ ᠪᠠᠨ ᠵᠣᠬᠢᠰᠲᠠᠢ ᠰᠢᠢᠳᠪᠦᠷᠢᠯᠡᠬᠦ ᠶᠢ ᠠᠬᠢᠭᠤᠯᠬᠤ ᠪᠠᠷ ᠴᠢᠷᠮᠠᠶᠢᠨ᠎ᠠ᠃ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠨᠢ ᠧᠦ᠋ᠷᠣᠫᠠ ᠳᠤᠮᠳᠠᠳᠤ ᠬᠤᠶᠠᠷ ᠲᠠᠯ᠎ᠠ ᠳᠤ ᠴᠦᠮ ᠬᠠᠷᠢᠯᠴᠠᠨ ᠠᠰᠢᠭᠲᠠᠢ ᠪᠠᠶᠢᠵᠤ ᠬᠠᠮᠲᠤ ᠳᠤᠨᠢ ᠠᠰᠢᠭ ᠬᠦᠷᠲᠡᠬᠡᠬᠦ ᠶᠤᠮ᠂ ᠡᠷᠲᠡᠬᠡᠨ ᠤᠷᠤᠭᠰᠢᠲᠠᠢ ᠵᠥᠪᠰᠢᠶᠡᠷᠡᠭᠳᠡᠵᠦ ᠬᠦᠴᠦᠨ ᠲᠠᠢ ᠪᠣᠯᠬᠤ ᠶᠢ ᠬᠦᠰᠡᠵᠦ ᠪᠠᠶᠢᠨ᠎ᠠ᠃ ᠭᠧᠷᠮᠠᠨ ᠤ ᠬᠢᠨ ᠳᠤᠮᠳᠠᠳᠤ ᠤᠯᠤᠰ ᠯᠤᠭ᠎ᠠ ᠸᠠᠺᠼᠢᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠬᠡᠵᠤ ᠢᠯᠡᠳᠬᠡᠪᠡ᠃      ᠮᠤᠺᠧᠷ ᠣᠳᠣᠬᠠᠨ ᠤ ᠠᠹᠭᠠᠨᠢᠰᠲ᠋ᠠᠨ ᠤ ᠪᠠᠶᠢᠳᠠᠯ ᠤᠨ ᠲᠤᠬᠠᠢ ᠦᠵᠡᠯᠲᠡ ᠪᠠᠨ ᠲᠤᠳᠤᠷᠬᠠᠢᠢᠯᠠᠵᠤ᠂ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠣᠷ᠎ᠠ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠰᠢ ᠶᠢᠨ ᠫᠢᠩ᠂ ᠳᠤᠮᠳᠠᠳᠤ ᠤᠯᠤᠰ ᠠᠳᠠᠯᠢ ᠪᠤᠰᠤ ᠪᠣᠯᠪᠠᠰᠤᠨ ᠬᠠᠮᠲᠤ ᠪᠠᠷ ᠣᠷᠣᠰᠢᠵᠤ ᠬᠠᠷᠢᠯᠴᠠᠨ ᠲᠤᠯᠢ ᠪᠣᠯᠭᠠᠬᠤ ᠶᠢ ᠰᠠᠨᠠᠭᠠᠴᠢᠯᠠᠵᠤ᠂ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠵᠦ᠂ ᠳᠤᠷᠠᠲᠠᠶ᠎ᠠ ᠭᠧᠷᠮᠠᠨ ᠢ ᠪᠠᠭᠲᠠᠭᠠᠭᠰᠠᠨ ᠳᠡᠯᠡᠬᠡᠢ ᠨᠡᠶᠢᠭᠡᠮ ᠤᠨ ᠬᠢᠨ ᠲᠠᠢ ᠬᠠᠮᠲᠤ ᠪᠠᠷ ᠠᠹᠭᠠᠨᠢᠰᠲ᠋ᠠᠨ ᠤ ᠡᠩᠬᠡ ᠲᠠᠶᠢᠪᠤᠩ ᠲᠣᠭᠲᠠᠭᠤᠨ ᠢ ᠦᠨᠡᠨ ᠬᠦ ᠪᠡᠶᠡᠯᠡᠭᠦᠯᠬᠦ ᠳᠤ ᠪᠦᠲᠦᠭᠡᠯᠴᠢ ᠴᠢᠨᠠᠷᠲᠠᠢ ᠴᠢᠷᠮᠠᠶᠢᠯᠭ᠎ᠠ ᠭᠠᠷᠭᠠᠨ᠎ᠠ ᠬᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号