ᠤᠯᠵᠠᠴᠢ ᠪᠠᠯᠭᠠᠰᠤ᠄ ᠤᠬᠠᠭᠤᠯᠬᠤ ᠲᠠᠶᠢᠯᠪᠤᠷᠢᠯᠠᠬᠤ ᠬᠤᠯᠪᠤᠭᠠᠯᠠᠬᠤ ᠶᠢ ᠤᠶᠠᠯᠳᠤᠭᠤᠯᠵᠤ ᠮᠡᠬᠡᠯᠡᠯ ᠢ ᠡᠰᠡᠷᠬᠦᠴᠡᠬᠦ ᠠᠮᠤᠷ ᠲᠦᠪᠰᠢᠨ ᠤ ᠲᠤᠤᠷ ᠢ ᠨᠢᠭᠳᠠ ᠰᠦᠯᠵᠢᠨ᠎ᠠ
ᠨᠡᠶᠢᠲᠡᠯᠡᠭᠰᠡᠨ ᠴᠠᠭ᠄
2021/9/17
     ᠡᠨᠡ ᠵᠢᠯ ᠠᠴᠠ ᠨᠠᠭᠠᠰᠢ᠂ ᠣᠲᠤᠭ ᠤᠨ ᠡᠮᠦᠨᠡᠲᠦ ᠬᠤᠰᠢᠭᠤᠨ ᠤ ᠤᠯᠵᠠᠴᠢ ᠪᠠᠯᠭᠠᠰᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠨᠢᠭᠡ ᠵᠦᠢᠯ ᠤᠨ ᠭᠤᠤᠯᠳᠠᠯᠭ᠎ᠠ ᠲᠠᠢ ᠠᠵᠢᠯ ᠪᠣᠯᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠠᠩᠬᠠᠷᠤᠨ ᠨᠢᠭᠡᠳᠦᠯᠲᠡᠶ ᠲᠥᠯᠥᠪᠵᠢᠭᠦᠯᠵᠦ᠂ ︽ᠤᠬᠠᠭᠤᠯᠬᠤ︾᠂ ︽ᠲᠠᠶᠢᠯᠪᠤᠷᠢᠯᠠᠬᠤ︾᠂ ︽ᠬᠤᠯᠪᠣᠭᠠᠯᠠᠬᠤ︾᠂ ︽ᠭᠤᠷᠪᠠᠨ ᠥᠰᠥᠭ︾᠎ ᠤᠨ ᠠᠵᠢᠯ ᠤᠨ ᠠᠷᠭ᠎ᠠ ᠪᠠᠷ ᠳᠠᠮᠵᠢᠭᠤᠯᠤᠨ᠂ ᠮᠡᠬᠡᠯᠡᠯ ᠢ ᠡᠰᠡᠷᠭᠦᠴᠡᠬᠦ ︽ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠠᠷᠠᠳ ᠤᠨ ᠮᠡᠬᠡᠯᠡᠯ ᠢ ᠰᠡᠷᠭᠡᠶᠢᠯᠡᠬᠦ ᠠᠮᠤᠷ ᠲᠦᠪᠰᠢᠨ ᠤ ᠲᠣᠤᠷ ᠢ ᠨᠢᠭᠲᠠ ᠰᠦᠯᠵᠢᠪᠡ᠃      ᠢᠳᠡᠪᠬᠢᠲᠡᠶ ︽ᠤᠬᠠᠭᠤᠯᠵᠤ︾ ᠪᠦᠬᠦᠨ ᠢ ᠬᠠᠮᠤᠷᠬᠤ ᠶᠢ ᠪᠠᠷᠢᠮᠲᠠᠯᠠᠪᠠ᠃ ︽ᠪᠥᠬᠦ ᠠᠷᠠᠳ ᠢᠶᠠᠷ ᠢᠶᠠᠨ ᠮᠡᠬᠡᠯᠡᠨ ᠬᠢᠬᠠᠬᠤ ᠶᠢ ᠡᠰᠡᠷᠭᠦᠴᠡᠬᠦ︾ ᠤᠬᠠᠭᠤᠯᠭ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠢᠬᠤᠯᠠ ᠵᠠᠩᠭᠢᠯᠠᠭ᠎ᠠ ᠶᠢᠨ ᠴᠠᠭ ᠲᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢ ᠵᠡᠷᠭᠡ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠪᠦᠷᠬᠦᠴᠡ ᠶᠢ ᠥᠷᠭᠡᠳᠬᠡᠨ᠂ ︽ᠨᠠᠷᠢᠯᠢᠭ ᠣᠨᠣᠪᠴᠢᠲᠠᠶ ᠴᠠᠭᠳᠠᠨ ᠪᠠᠶᠢᠴᠠᠭᠠᠬᠤ︾᠎ ᠳᠤ ᠲᠦᠰᠢᠭᠯᠡᠨ᠂ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠪᠥᠬᠦ ᠴᠠᠭᠳᠠᠭ᠎ᠠ ᠶᠢ ᠵᠣᠬᠢᠴᠠᠭᠤᠯᠤᠨ ᠡᠷᠦᠬᠡ ᠳᠤ ᠣᠷᠣᠵᠤ ᠪᠠᠶᠢᠩᠭᠤᠵᠢᠭᠰᠠᠨ ᠤᠬᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ᠂ ᠤᠯᠠᠨ ᠲᠦᠮᠡᠨ ᠤ ᠰᠡᠵᠢᠭ ᠲᠥᠭᠡᠷᠢᠭᠳᠡᠯ ᠢ ᠨᠢ ᠨᠢᠭᠤᠷᠲᠠᠨ ᠲᠠᠶᠢᠯᠪᠤᠷᠢᠯᠠᠵᠤ᠂ ᠣᠯᠠᠨ ᠲᠦᠮᠡᠨ ᠤ ᠥᠪᠡᠰᠦᠪᠡᠨ ᠰᠡᠷᠭᠡᠶᠢᠯᠡᠬᠦ ᠤᠬᠠᠮᠰᠠᠷ ᠢ ᠬᠠᠮᠤᠭ ᠤᠨ ᠶᠡᠭᠡ ᠬᠡᠮᠵᠢᠶ᠎ᠡ ᠪᠠᠷ ᠴᠢᠩᠭᠠᠳᠬᠠᠨ᠂ ᠪᠥᠬᠦ ᠠᠷᠠᠳ ᠢᠶᠠᠷ ᠢᠶᠠᠨ ᠣᠷᠣᠯᠴᠠᠬᠤ ᠢᠳᠡᠪᠬᠢᠲᠡᠶ ᠠᠵᠢᠯ ᠤᠨ ᠠᠭᠤᠷ ᠠᠮᠢᠰᠬᠤᠯ ᠢ ᠦᠨᠡᠨ ᠬᠦ ᠪᠠᠲᠤᠯᠠᠵᠤ᠂ ᠪᠣᠳᠠᠲᠠᠶ ᠤᠬᠠᠭᠤᠯᠵᠤ᠂ ᠪᠣᠳᠠᠲᠠᠶ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠪᠡ᠃      ᠨᠠᠷᠢᠨ ᠨᠢᠮᠪᠠᠶ ︽ᠶᠠᠷᠢᠵᠤ︾ ᠣᠶᠢᠯᠠᠭᠠᠯᠲᠠ ᠶᠢ ᠠᠬᠢᠭᠤᠯᠪᠠ᠃ ᠰᠤᠷᠭᠠᠭᠤᠯᠢ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠂ ᠨᠠᠰᠤᠲᠠᠶᠢᠴᠤᠳ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠠᠵᠢᠯᠲᠠᠨ ᠢᠶᠠᠷ ᠤᠬᠠᠭᠤᠯᠭ᠎ᠠ ᠶᠢᠨ ᠭᠤᠤᠯᠳᠠᠯᠭ᠎ᠠ ᠪᠣᠯᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠡᠭᠦᠨ ᠤ ᠬᠠᠮᠲᠤ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠡᠰᠡᠷᠭᠦᠴᠡᠬᠦ ᠬᠠᠤᠯᠢ ᠲᠦᠷᠢᠮ ᠤᠨ ᠬᠥᠮᠦᠵᠢᠯ ᠤᠨ ᠲᠤᠰᠬᠠᠶ ᠰᠡᠳᠦᠪᠲᠦ ᠲᠠᠶᠢᠯᠤᠮᠵᠢ ᠡᠷᠭᠢᠯᠡᠵᠦ᠂ ︽ᠪᠠᠭ᠎ᠠ ᠭᠠᠷ ᠢᠶᠠᠷ ᠶᠡᠭᠡ ᠭᠠᠷ ᠢ ᠲᠠᠲᠠᠬᠤ︾ ᠤᠬᠠᠭᠤᠯᠭ᠎ᠠ ᠶᠢᠨ ᠦᠷ᠎ᠡ ᠪᠦᠲᠦᠮᠵᠢ ᠶᠢ ᠪᠡᠶᠡᠯᠡᠭᠦᠯᠵᠦ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠣᠷᠣᠨ ᠰᠠᠭᠤᠴᠠ ᠶᠢᠨ ᠲᠣᠭᠤᠷᠢᠭ᠂ ᠰᠣᠶᠣᠯ ᠤᠨ ᠴᠡᠴᠡᠷᠯᠢᠭ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠲᠤ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠵᠤ᠂ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠪᠡ᠃      ᠣᠯᠠᠨ ᠲᠠᠯ᠎ᠠ ᠶᠢᠨ ᠬᠢᠨ ᠬᠤᠯᠪᠣᠭᠠᠯᠠᠵᠤ᠂ ᠬᠠᠮᠲᠤᠷᠠᠯ ᠬᠦᠴᠦᠨ ᠢ ᠨᠢᠭᠲᠠᠷᠠᠭᠤᠯᠪᠠ᠃ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ᠂ ᠠᠵᠢᠯᠲᠠᠨ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠵᠡᠷᠭᠡ ᠪᠠᠷ ᠣᠷᠣᠯᠴᠠᠵᠤ᠂ ᠵᠡᠷᠭᠡ ᠪᠠᠷ ᠳᠠᠶᠢᠴᠢᠯᠠᠵᠤ᠂   ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠪᠣᠯᠵᠤ᠂ ᠰᠢᠨ᠎ᠡ ᠪᠠᠷ ᠬᠥᠭᠵᠢᠭᠰᠡᠨ ᠬᠤᠪᠢ ᠶᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠬᠤᠷᠳᠤᠴᠠ ᠶᠢ ᠭᠦᠢᠴᠡᠳ ᠪᠠᠳᠠᠷᠠᠭᠤᠯᠤᠨ᠂ ᠭᠥᠯᠢᠶᠡᠨ ᠠᠪᠤᠭᠴᠢᠳ ᠤᠨ ᠬᠡᠪᠴᠢᠶ᠎ᠡ ᠥᠷᠭᠡᠨ ᠳᠠᠪᠠᠭᠤᠯᠢᠭ ︽ᠲᠣᠤᠷ ᠰᠦᠯᠵᠢᠶᠡᠨ ᠳᠤ ᠣᠷᠣᠬᠤ︾ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠵᠢᠷᠭᠢᠶ᠎ᠡ ᠶᠢᠨ ᠴᠤᠭᠯᠠᠷᠠᠯ ᠪᠠᠶᠢᠭᠤᠯᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠠᠷᠭ᠎ᠠ ᠪᠠᠷᠢᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠪᠡ᠂ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠮᠡᠳᠡᠭᠡ ᠵᠠᠩᠭᠢ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠤᠯᠤᠰ ᠠᠴᠠ ᠮᠡᠬᠡᠯᠡᠯ ᠢ ᠡᠰᠡᠷᠭᠦᠴᠡᠬᠦ ᠲᠥᠪ︾ APP᠎ ᠶᠢ ᠤᠭᠰᠠᠷᠠᠨ ᠳᠠᠩᠰᠠᠯᠠᠭᠤᠯᠵᠤ᠂ ᠣᠯᠠᠨ ᠲᠦᠮᠡᠨ ᠢ ᠬᠠᠪᠰᠤᠷᠴᠤ ᠡᠯ᠎ᠡ ᠵᠦᠢᠯ ᠤᠨ ᠮᠡᠳᠡᠭᠡ ᠵᠠᠩᠭᠢ ᠶᠢ ᠰᠠᠶᠢᠲᠤᠷ ᠲᠡᠭᠦᠯᠳᠡᠷᠵᠢᠭᠦᠯᠪᠡ᠃ ᠪᠥᠬᠦ ᠠᠷᠠᠳ ᠤᠨ ᠮᠡᠬᠡᠯᠡᠯ ᠢ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠵᠤ᠂ ᠪᠥᠬᠦ ᠪᠠᠯᠭᠠᠰᠤᠨ ᠤ ᠣᠯᠠᠨ ᠲᠦᠮᠡᠨ ᠢ ᠦᠨᠡᠨ ᠬᠦ ᠬᠠᠪᠰᠤᠷᠴᠤ ︽ᠵᠣᠭᠤᠰᠣᠨ ᠤᠭᠤᠲᠠ︾᠎ ᠶᠢ ᠨᠢ ᠰᠠᠶᠢᠲᠤᠷ ᠰᠠᠬᠢᠨ ᠬᠠᠮᠠᠭᠠᠯᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号