ᠨᠤᠲᠤᠭ ᠤᠨ ᠢᠶᠠᠨ ︽ᠲᠡᠤᠬᠡ︾᠎ ᠶᠢ ᠲᠡᠮᠲᠡᠭᠯᠡᠭᠴᠢ ᠦᠯᠵᠠᠶᠢᠵᠢᠷᠭᠠᠯ
ᠨᠡᠶᠢᠲᠡᠯᠡᠭᠰᠡᠨ ᠴᠠᠭ᠄
2021/9/18
     ︽ᠴᠠᠭ ᠴᠠᠭ ᠢᠶᠠᠷ ᠢᠶᠠᠨ ᠪᠠᠶᠢᠳᠠᠭ ᠦᠭᠡᠢ᠂ ᠴᠠᠬᠢᠯᠳᠠᠭ ᠬᠦᠬᠡ ᠪᠠᠷ ᠢᠶᠠᠨ ᠪᠠᠶᠢᠳᠠᠭ ᠦᠭᠡᠢ︾᠃ ᠲᠡᠭᠷᠢ ᠶᠢᠨ ᠲᠡᠭᠡᠷᠡᠬᠢ ᠡᠭᠦᠯᠡᠰ ᠴᠤ ᠴᠠᠭ ᠢᠮᠠᠬᠳᠠ ᠬᠤᠪᠢᠷᠠᠨ ᠰᠢᠯᠵᠢᠵᠤ ᠪᠠᠶᠢᠬᠤ ᠳᠤ ᠪᠢᠳᠠᠨ ᠤ ᠰᠠᠭᠤᠷᠢᠰᠢᠨ ᠲᠤᠬᠲᠠᠨᠢᠵᠤ ᠪᠠᠶᠢᠭ᠎ᠠ ᠨᠤᠲᠤᠭ ᠤᠷᠤᠨ ᠮᠢᠨᠢ ᠬᠡᠵᠢᠶᠡᠳᠡ ᠬᠤᠪᠢᠷᠠᠰᠢ ᠦᠭᠡᠢ ᠪᠠᠶᠢᠬᠤ ᠶᠢᠨ ᠶᠤᠰᠤ ᠦᠭᠡᠢ᠃ ᠨᠡᠩ ᠢᠯᠠᠩᠭᠤᠶ᠎ᠠ ᠨᠡᠶᠢᠬᠡᠮ ᠨᠡᠶᠢᠲᠡ ᠶᠢᠨ ᠬᠦᠭᠵᠢᠯᠲᠡ ᠡᠶᠢᠮᠤ ᠲᠦᠷᠭᠡᠨ ᠴᠠᠭ ᠲᠤ ᠨᠤᠲᠤᠭ ᠤᠷᠤᠨ ᠤ ᠬᠤᠪᠢᠷᠠᠯᠲᠠ ᠨᠡᠩ ᠶᠡᠭᠡ ᠨᠡᠩ ᠲᠦᠷᠭᠡᠨ ᠪᠠᠶᠢᠬᠤ ᠨᠢ ᠲᠠᠮᠵᠢᠭ ᠦᠭᠡᠢ᠃      ᠠᠷᠪᠠᠰ ᠠᠭᠤᠯᠠᠨ ᠳᠤ ᠨᠤᠲᠤᠭ ᠲᠠᠢ ᠦᠯᠵᠡᠶᠢᠵᠢᠷᠭᠠᠯ ᠪᠤᠯ ᠦᠪᠦᠷ ᠮᠤᠩᠭᠤᠯ ᠤᠨ ᠬᠡᠷᠡᠯ ᠵᠢᠷᠤᠬᠴᠢᠳ ᠤᠨ ᠨᠡᠶᠢᠬᠡᠮᠯᠢᠭ ᠤᠨ ᠬᠡᠰᠢᠭᠦᠨ᠂ 1968 ᠤᠨ ᠳᠤ ᠠᠷᠪᠠᠰ ᠤᠨ ᠤᠷᠠᠨᠳᠦ᠋ᠰᠢ ᠭᠠᠴᠠᠭᠠᠨ ᠳᠤ ᠲᠦᠷᠦᠪᠡ᠃ ᠲᠡᠷᠡ ᠪᠠᠭ᠎ᠠ ᠠᠴᠠ ᠪᠠᠨ ᠨᠤᠲᠤᠭ ᠤᠨ ᠢᠶᠠᠨ ᠤᠷᠴᠢᠨ ᠠᠬᠤᠢ ᠶᠢᠨ ᠭᠤᠶᠢᠳᠠ ᠰᠠᠶᠢᠬᠠᠨ ᠦᠵᠡᠮᠵᠢ ᠳᠤ ᠰᠤᠨᠢᠷᠬᠠᠯ ᠲᠠᠢ ᠪᠤᠯᠵᠤ᠂ ᠨᠤᠲᠤᠭ ᠤᠰᠤᠨ ᠤ ᠪᠠᠨ ᠤᠨ ᠤᠨ ᠤ ᠬᠤᠪᠢᠷᠠᠯᠲᠠ ᠬᠦᠭᠵᠢᠯᠲᠡ ᠶᠢ ᠰᠡᠭᠦᠳᠡᠷᠯᠡᠨ ᠦᠯᠡᠳᠡᠭᠡᠭᠰᠡᠭᠡᠷ ᠢᠷᠡᠪᠡ᠃      1982 ᠤᠨ ᠳᠤ᠂ ᠲᠡᠷᠡ ᠪᠠᠭ᠎ᠠ ᠰᠤᠷᠭᠠᠭᠤᠯᠢ ᠪᠠᠨ ᠲᠡᠭᠦᠰᠬᠡᠭᠰᠡᠨ ᠤ ᠲᠠᠷᠠᠭ᠎ᠠ ᠵᠢᠷᠤᠭ ᠰᠡᠭᠦᠳᠡᠷ ᠲᠤ ᠰᠡᠳᠬᠢᠯ ᠢᠶᠠᠨ ᠲᠦᠪᠯᠡᠷᠡᠭᠦᠯᠦᠨ᠂ ᠬᠠᠭᠤᠴᠢᠨ ᠮᠠᠶ᠋ᠢᠭ ᠤᠨ ᠰᠡᠭᠦᠳᠡᠷᠯᠡᠬᠦ ᠮᠠᠰᠢᠨ ᠢᠶᠠᠷ ᠠᠷᠪᠠᠰ ᠤᠨ ᠠᠭᠤᠯᠠ ᠤᠰᠤ ᠶᠢ ᠰᠡᠭᠦᠳᠡᠷᠯᠡᠨ ᠰᠤᠨᠢᠷᠬᠠᠬᠰᠠᠭᠠᠷ ᠰᠡᠭᠦᠳᠡᠷᠯᠡᠭᠴᠢ ᠶᠢᠨ ᠠᠩᠬᠠᠨ ᠤ ᠵᠠᠮ ᠢ ᠡᠯᠭᠦᠴᠠᠢ᠃ ᠠᠳᠡ ᠠᠴᠠ ᠡᠬᠢᠯᠡᠨ ᠨᠤᠲᠤᠭ ᠤᠨ ᠢᠶᠠᠨ ᠠᠭᠤᠯᠠ ᠤᠰᠤ᠂ ᠤᠷᠭᠤᠮᠠᠯ ᠠᠮᠢᠲᠠᠨ᠂ ᠬᠦᠮᠦᠨ ᠰᠤᠶᠤᠯ ᠤᠨ ᠵᠦᠢᠯᠡᠰ ᠢ ᠰᠡᠭᠦᠳᠡᠷᠯᠡᠵᠤ᠂ ᠬᠡᠷᠡᠯ ᠵᠢᠷᠤᠭ ᠤᠨ ᠦᠵᠡᠭᠦᠯᠭᠡ ᠶᠢ ᠤᠯᠠᠨ ᠲᠠᠶᠠᠭᠠᠷ ᠲᠤ ᠰᠤᠨᠢᠷᠬᠠᠭᠤᠯᠤᠨ ᠨᠤᠲᠤᠭ ᠤᠰᠤᠨ ᠳᠠᠭᠠᠨ ᠰᠡᠭᠦᠳᠡᠷᠯᠡᠭᠴᠢ ᠶᠢᠨ ᠤᠯᠠ ᠮᠦᠷ ᠢᠶᠠᠨ ᠦᠯᠡᠳᠡᠭᠡᠯ᠎ᠡ᠃ ᠤᠳᠤ ᠪᠤᠯᠬᠤ ᠳᠤ ᠲᠡᠷᠡ ᠤᠷᠠᠨᠳᠦ᠋ᠰᠢ ᠭᠠᠴᠠᠭᠠᠨ ᠤ ᠬᠦᠳᠡᠭᠡ ᠭᠡᠷ ᠪᠠ ᠮᠸᠡᠭ ᠰᠢ ᠪᠠᠯᠭᠠᠰᠤᠨ ᠳᠤ ᠲᠤᠰ ᠪᠦᠷᠢ 200 ᠲᠡᠭᠰᠢ ᠲᠦᠷᠪᠡᠯᠵᠢᠨ ᠮᠧᠲᠷ ᠤᠨ ᠭᠡᠷᠡᠯ ᠵᠢᠷᠤᠭ ᠤᠨ ᠦᠵᠡᠭᠦᠯᠭᠡ ᠶᠢᠨ ᠦᠷᠦᠭᠡ ᠪᠠᠶᠢᠭᠤᠯᠵᠠᠢ᠃ ᠦᠵᠡᠭᠦᠯᠭᠡ ᠶᠢᠨ ᠦᠷᠦᠭᠡ ᠨᠢ ᠤᠲᠤᠭ ᠬᠤᠰᠢᠭᠤᠨ ᠤ ᠰᠡᠭᠦᠳᠡᠷᠯᠡᠭᠴᠢᠳ ᠤᠨ ᠨᠡᠶᠢᠬᠡᠮᠯᠢᠭ ᠤᠨ ᠲᠦᠷᠰᠦ ᠰᠢᠩᠭᠡᠭᠡᠯᠲᠡ ᠦᠢᠯᠡᠳᠦᠨ ᠪᠦᠲᠦᠭᠡᠬᠦ ᠰᠠᠭᠤᠷᠢᠨ ᠭᠠᠵᠠᠷ ᠪᠤᠯᠤᠬᠰᠠᠨ ᠪᠠᠶᠢᠨ᠎ᠠ᠃
     ︽ᠮᠢᠨᠤ ᠪᠠᠶᠢᠭᠤᠯᠤᠬᠰᠠᠨ ᠬᠡᠷᠡᠯ ᠵᠢᠷᠤᠭ ᠤᠨ ᠦᠵᠡᠭᠦᠯᠭᠡ ᠶᠢᠨ ᠦᠷᠦᠭᠡ ᠨᠢ ᠨᠤᠲᠤᠭ ᠤᠰᠤᠨ ᠤ ᠭᠡᠷᠡᠯ ᠵᠢᠷᠤᠭ ᠤᠳ ᠢᠶᠠᠷ ᠭᠤᠤᠯᠯᠠᠵᠤ ᠪᠤᠢ᠂ ᠠᠷᠪᠠᠰ ᠤᠨ ᠠᠭᠤᠯᠠᠨ ᠤ ᠬᠤᠷᠢ ᠭᠤᠴᠢᠨ ᠵᠢᠯ ᠤᠨ ᠬᠤᠪᠢᠷᠠᠯᠲᠠ ᠬᠦᠭᠵᠢᠯᠲᠡ ᠶᠢ ᠰᠡᠭᠦᠳᠡᠷᠯᠡᠨ ᠮᠠᠲ᠋ᠧᠷᠢᠶᠠᠯ ᠪᠤᠯᠭᠠᠵᠤ ᠦᠯᠡᠳᠡᠭᠡᠭᠰᠡᠨ ᠪᠢᠯᠡ᠃ ᠤᠨᠴᠠᠭᠠᠢᠢᠯᠠᠨ ᠠᠭᠤᠷᠬᠠᠢ ᠳᠤ ᠬᠤᠴᠢᠬᠳᠠᠬᠤ ᠠᠴᠠ ᠡᠮᠦᠨᠡᠬᠢ ᠪᠠᠶᠢᠭᠠᠯᠢᠯᠢᠭ ᠰᠠᠶᠢᠬᠠᠨ ᠦᠵᠡᠮᠵᠢ ᠶᠢ ᠪᠠᠷᠤᠬ ᠰᠡᠭᠦᠳᠡᠷᠯᠡᠵᠤ ᠠᠪᠤᠬᠰᠠᠨ ᠶᠤᠮ᠃ ᠤᠳᠤ ᠴᠤ ᠬᠡᠰᠡᠨ ᠠᠭᠤᠷᠬᠠᠢ ᠦᠢᠯᠡᠳᠪᠦᠷᠢ ᠶᠢᠨ ᠨᠡᠭᠡᠭᠡᠯᠲᠡ ᠶᠢᠨ ᠲᠤᠮᠳᠠ ᠪᠠᠯᠠᠷᠠᠵᠤ ᠪᠠᠶᠢᠭ᠎ᠠ ᠠᠭᠤᠯᠠ ᠤᠰᠤᠨ ᠤ ᠪᠠᠶᠢᠭᠠᠯᠢᠯᠢᠭ ᠦᠵᠡᠮᠵᠢ ᠶᠢ ᠵᠠᠪᠳᠤᠨ ᠰᠡᠭᠦᠳᠡᠷᠯᠡᠵᠤ ᠪᠠᠶᠢᠨ᠎ᠠ᠂ ᠡᠨᠡ ᠨᠢ ᠪᠠᠰᠠ ᠦᠡᠭᠭᠡᠷᠡᠵᠤ ᠤᠳᠤᠬᠰᠠᠨ ᠨᠤᠲᠤᠭ ᠤᠰᠤᠨ ᠤ ᠪᠠᠨ ᠬᠦᠮᠦᠨ ᠰᠤᠶᠤᠯ᠂ ᠪᠠᠶᠢᠭᠠᠯᠢᠯᠢᠭ ᠵᠦᠢᠯᠡᠰ ᠢᠶᠠᠨ ᠲᠤᠷᠠᠰᠤᠨ ᠦᠯᠡᠳᠡᠬᠡᠬᠦ ᠶᠢᠨ ᠲᠦᠯᠦᠬᠡ ᠶᠤᠮ᠂ ᠬᠤᠵᠢᠮ ᠮᠢᠨᠤ ᠡᠳᠡᠭᠡᠷ ᠵᠦᠢᠯᠡᠰ ᠤᠳ ᠪᠠᠰᠠ ᠤᠯᠤᠰ ᠤᠷᠤᠨ ᠤ ᠰᠤᠶᠤᠯ ᠰᠤᠳᠤᠯᠭᠠᠨ ᠤ ᠮᠠᠲ᠋ᠧᠷᠢᠶᠠᠯ ᠪᠤᠯᠬᠤ ᠴᠤ ᠮᠠᠭᠠᠳ ᠬᠡᠵᠤ ᠪᠤᠳᠤᠵᠤ ᠪᠠᠶᠢᠨ᠎ᠠ︾ ᠬᠡᠵᠤ ᠲᠡᠷᠡ ᠰᠤᠷᠪᠤᠯᠵᠢᠯᠬᠠᠴᠢ ᠳᠤ ᠶᠠᠷᠢᠯ᠎ᠠ᠃
     ᠦᠰᠴᠤ ᠲᠦᠷᠦᠭᠰᠡᠨ ᠦᠯᠦᠬᠡᠢ ᠨᠤᠲᠤᠭ ᠤᠨ ᠢᠶᠠᠨ ᠤᠨ ᠤᠨ ᠤ ᠦᠡᠭᠭᠡ ᠲᠦᠷᠭᠦ ᠶᠢ ᠨᠢ ᠰᠡᠳᠬᠢᠯ ᠳᠡᠭᠡᠨ ᠪᠠᠭᠤᠯᠭᠠᠵᠤ ᠰᠡᠭᠦᠳᠡᠷᠯᠡᠨ ᠦᠯᠡᠳᠡᠭᠡᠵᠤ᠂ ᠲᠡᠷᠡ ᠲᠤᠰᠤᠮ ᠢᠶᠠᠨ ᠠᠩᠭᠢᠷ ᠪᠠᠭ᠎ᠠ ᠶᠢᠨ ᠠᠯᠢᠶᠠᠷᠬᠠᠨ ᠲᠤᠬᠯᠠᠵᠤ ᠶᠠᠪᠤᠬᠰᠠᠨ ᠠᠭᠤᠯᠠ ᠤᠰᠤ ᠪᠦᠬᠦᠨ ᠢᠶᠠᠨ ᠲᠤᠷᠠᠰᠤᠨ ᠰᠠᠨᠠᠭᠠᠯᠵᠠᠳᠠᠭ ᠨᠢ ᠬᠦᠮᠦᠨ ᠤ ᠨᠢᠬᠡᠨ ᠡᠷᠬᠢᠮ ᠴᠢᠨᠠᠷ ᠪᠢᠯᠠ ᠤᠤ⁈ ᠶᠠᠭ ᠯᠠ ᠡᠨᠡ ᠬᠦ ᠡᠷᠬᠢᠮ ᠴᠢᠨᠠᠷ ᠬᠦᠮᠦᠨ ᠢ ᠨᠤᠲᠤᠭ ᠵᠦᠭ ᠨᠢ ᠬᠦᠳᠦᠯᠳᠡᠭ᠂ ᠨᠤᠲᠤᠭ ᠤᠨ ᠢᠶᠠᠨ ᠲᠦᠯᠦᠬᠡ ᠶᠠᠭᠤ ᠨᠢᠬᠡ ᠶᠢ ᠬᠢᠯᠬᠡᠳᠡᠭ᠃ ᠠᠷᠪᠠᠰ ᠤᠨ ᠶᠠᠩᠭᠢᠷ ᠢᠮᠠᠭ᠎ᠠ᠂ ᠨᠡᠭᠦᠷᠡᠰᠦᠨ ᠠᠭᠤᠷᠬᠠᠢ᠂ ᠠᠷᠪᠠᠰ ᠤᠨ ᠨᠤᠤᠯᠤᠭᠤᠷ ᠤᠨ ᠢᠮᠠᠭᠠᠨ ᠤ ᠡᠭᠦᠯᠳᠡᠷ ᠰᠢᠯᠭᠠᠷᠠᠭᠤᠯᠬᠤ ᠤᠷᠤᠯᠳᠤᠭᠠᠨ᠂ ᠲᠡᠷᠡᠴᠢᠯᠡᠨ ᠤᠷᠠᠨᠳᠦ᠋ᠰᠢ ᠭᠠᠴᠠᠭᠠᠨ ᠤ ᠮᠠᠯᠴᠢᠳ ᠠᠯᠠᠱᠠ ᠪᠠᠷᠠᠭᠤᠨ ᠬᠤᠰᠢᠭᠤᠨ ᠤ ᠭᠠᠨᠭ᠌ ᠳᠤ ᠭᠠᠴᠢᠬᠳᠠᠬᠰᠠᠨ ᠮᠠᠯᠴᠢᠳ ᠢ ᠲᠡᠮᠵᠢᠭᠰᠡᠨ᠂ ᠤᠷᠠᠨᠳᠦ᠋ᠰᠢ ᠭᠠᠴᠠᠭ᠎ᠠ ᠳᠤᠮᠳᠠᠳᠤ ᠤᠯᠤᠰ ᠤᠨ ᠡᠪ ᠬᠠᠮᠲᠦ ᠨᠠᠮ ᠪᠠᠶᠢᠭᠤᠯᠤᠬᠳᠠᠬᠰᠠᠨ ᠵᠠᠭᠤᠨ ᠵᠢᠯ ᠤᠨ ᠤᠢ ᠶᠢ ᠤᠬᠲᠤᠨ ᠪᠡᠯᠬᠡᠯᠡᠬᠦ ᠰᠤᠶᠤᠯ ᠤᠨ ᠠᠵᠢᠯᠯᠠᠭ᠎ᠠ ᠶᠢ ᠦᠷᠨᠢᠭᠦᠯᠦᠭᠰᠡᠨ ᠵᠡᠷᠭᠡ ᠡᠯ᠎ᠡ ᠬᠦᠷᠢᠶ᠎ᠡ ᠴᠠᠷᠠᠭᠠᠨ ᠤ ᠠᠭᠤᠯᠭ᠎ᠠ ᠶᠢ ᠪᠠᠭᠲᠠᠭᠠᠬᠰᠠᠨ ᠰᠡᠭᠦᠳᠡᠷ ᠦᠷᠦᠭᠡᠨ ᠤ ᠬᠤᠶᠢᠮᠤᠷ ᠲᠤ ᠲᠦᠭᠦᠷᠡᠩ ᠦᠵᠡᠭᠳᠡᠨ᠎ᠡ᠃ ᠠᠷᠭᠠᠯ ᠬᠤᠷᠭᠤᠯ ᠦᠵᠡᠭᠳᠡᠬᠦ ᠪᠠᠨ ᠪᠠᠶᠢᠴᠢᠬᠠᠪᠠᠯ ᠠᠯᠲᠠ ᠮᠦᠩᠭᠦ‍ ᠰᠢᠭ ᠦᠨ᠎ᠡ ᠳᠤ ᠬᠦᠷᠳᠡᠭ ᠲᠠᠢ ᠠᠳᠠᠯᠢ ᠪᠠᠷ ᠬᠦᠭᠵᠢᠯᠲᠡ ᠬᠤᠪᠢᠷᠠᠯᠲᠠ ᠶᠢᠨ ᠲᠤᠮᠳᠠᠬᠢ ᠨᠤᠲᠤᠭ ᠤᠨ ᠢᠶᠠᠨ ᠪᠤᠴᠠᠵᠤ ᠢᠷᠡᠬᠦ ᠦᠭᠡᠢ ᠵᠦᠢᠯᠡᠰ ᠢ ᠦᠯᠡᠳᠡᠭᠡᠵᠤ ᠠᠪᠬᠤ ᠨᠢ ᠴᠤ ᠨᠢᠬᠡ ᠭᠠᠵᠠᠷ ᠤᠷᠤᠨ ᠤ ᠰᠤᠶᠤᠯ ᠢ ᠠᠪᠤᠷᠠᠨ ᠬᠠᠮᠠᠭᠠᠯᠠᠬᠤ ᠤᠬᠠᠮᠰᠠᠷᠲᠤ ᠠᠵᠢᠯᠯᠠᠭ᠎ᠠ ᠪᠢᠯᠡ᠃ ᠬᠠᠮᠤᠭ ᠴᠢᠬᠤᠯᠠ ᠨᠢ ᠭᠡᠷᠡᠯ ᠵᠢᠷᠤᠭ ᠢᠶᠠᠷ ᠠᠷᠪᠠᠰ ᠤᠨ ᠬᠦᠮᠦᠨ ᠠᠷᠠᠳ ᠤᠨ ᠠᠮᠢᠳᠤᠷᠠᠯ᠂ ᠨᠤᠲᠤᠭ ᠤᠨ ᠥᠭᠡᠷᠡᠴᠢᠯᠡᠯᠲᠡ ᠨᠡᠬᠡᠬᠡᠯᠳᠡ ᠬᠢᠭᠰᠡᠨ ᠠᠴᠠ ᠨᠠᠭᠠᠰᠢᠬᠢ ᠬᠥᠳᠡᠭᠡ ᠲᠣᠰᠬᠤᠨ ᠤ ᠰᠢᠨ᠎ᠡ ᠬᠤᠪᠢᠷᠠᠯᠲᠠ ᠰᠢᠨ᠎ᠡ ᠳᠦᠷᠰᠦ ᠪᠠᠶᠢᠳᠠᠯ ᠢ ᠲᠤᠰᠬᠠᠵᠤ᠂ ᠦᠬᠡ ᠲᠠᠭᠤᠨ ᠦᠭᠡᠢ ᠦᠨᠡᠲᠦ ᠰᠡᠭᠦᠳᠡᠷ ᠢᠶᠠᠷ ᠡᠭᠡ ᠨᠤᠲᠤᠭ ᠢᠶᠠᠨ ᠤᠬᠠᠭᠤᠯᠵᠤ᠂ ᠪᠣᠳᠠᠲᠤ ᠶᠠᠪᠤᠳᠠᠯ ᠢᠶᠠᠷ ᠡᠭᠡ ᠨᠤᠲᠤᠭ ᠢᠶᠠᠨ ᠲᠠᠨᠢᠯᠴᠠᠭᠤᠯᠵᠤ᠂ ᠦᠷ᠎ᠡ ᠪᠦᠲᠦᠭᠡᠯ ᠢᠶᠠᠷ ᠡᠭᠡ ᠨᠤᠲᠤᠭ ᠢᠶᠠᠨ ᠳᠡᠯᠭᠡᠨ ᠦᠵᠡᠭᠦᠯᠵᠤ ᠴᠢᠳᠠᠬᠰᠠᠨ ᠪᠠᠶᠢᠨ᠎ᠠ᠃
                    ︵ᠬᠡᠷᠡᠯ ᠵᠢᠷᠤᠭ ᠤᠳ ᠢ ᠦᠯᠵᠡᠶᠢᠵᠢᠷᠭᠠᠯ ᠬᠠᠨᠭ᠍ᠭᠠᠪᠠ︶
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号