ᠰᠢ ᠶᠢᠨ ᠫᠢᠩ ᠱᠠᠨᠰᠢ ᠶᠢᠨ ᠲᠡᠮᠡᠭᠡᠲᠦ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠦᠵᠡᠯ ᠰᠠᠨᠠᠭ᠎ᠠ ᠪᠠᠨ ᠴᠢᠯᠥᠭᠡᠯᠡᠵᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠤ ᠱᠠᠨᠰᠢ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2021/9/18
    9 ᠰᠠᠷ᠎ᠠ ᠶᠢᠨ 13᠎ ᠠᠴᠠ 14᠎ ᠤ ᠡᠳᠦᠷ ᠪᠤᠯᠲᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠮᠤᠵᠢ ᠶᠢᠨ ᠲᠡᠮᠡᠭᠡᠲᠤ ᠬᠤᠳᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 13᠎ ᠤ ᠦᠳᠡ ᠶᠢᠨ ᠡᠮᠦᠨ᠎ᠡ᠂ ᠰᠢ ᠶᠢᠨ ᠫᠢᠩ ᠤᠯᠤᠰ ᠤᠨ ᠡᠨᠧᠷᠬᠢ ᠶᠢᠨ ᠪᠦᠯᠦᠭᠯᠡᠯ ᠤᠨ ᠲᠡᠮᠡᠭᠡᠲᠤ ᠳᠠᠬᠢ ᠬᠢᠮᠢ ᠶᠢᠨ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤ‍‌ᠵᠢᠯᠠᠯ ᠤᠨ ᠠᠵᠢᠯᠲᠡᠨ ᠠᠵᠢᠯᠴᠢᠨ ᠤ ᠲᠦᠯᠦᠭᠡᠯᠡᠭᠴᠢᠳ ᠲᠠᠢ ᠲᠤᠳᠤᠨᠤ ᠪᠠᠷ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ
     9 ᠰᠠᠷ᠎ᠠ ᠶᠢᠨ 13᠎ ᠠᠴᠠ 14᠎ ᠤ ᠡᠳᠦᠷ ᠪᠤᠯᠲᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠮᠤᠵᠢ ᠶᠢᠨ ᠲᠡᠮᠡᠭᠡᠲᠤ ᠬᠤᠳᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 14᠎ ᠤ ᠦᠳᠡ ᠶᠢᠨ ᠬᠤᠶᠢᠨ᠎ᠠ᠂ ᠰᠢ ᠶᠢᠨ ᠫᠢᠩ ᠰᠦᠢ ᠳ᠋ᠧ ᠰᠢᠶᠠᠨ ᠤ ᠵᠠᠩ ᠵᠢᠶᠠ ᠪᠢᠶᠠᠨ ᠪᠠᠯᠭᠠᠰᠤ ᠶᠢᠨ ᠬᠤᠤ ᠵᠢᠶᠠ ᠴᠢᠶᠣᠤ ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ ᠨᠤᠳᠤᠭ ᠤᠨ ᠠᠬ᠎ᠠ ᠲᠡᠭᠦᠤ ᠨᠠᠷ ᠲᠠᠢ ᠮᠠᠨᠳᠤᠴᠢᠯᠡᠵᠤ ᠪᠠᠶᠢᠭ᠎ᠠ ᠨᠢ᠃      ᠰᠢᠨᠬᠤᠸᠠ ᠬᠤᠷᠢᠶᠡᠨ ᠤ ᠰᠤᠷᠪᠤᠯᠵᠢᠯᠠᠬᠴᠢ ᠰᠢᠶᠧ ᠬᠤᠸᠠᠨ ‍ᠤᠤᠢ ᠰᠡᠬᠦᠳᠡᠷᠯᠡᠪᠡ      ᠰᠢᠨᠬᠤᠸᠠ ᠬᠤᠷᠢᠶᠠᠨ ᠤ ᠲᠡᠮᠡᠭᠡᠲᠦ ᠶᠢᠨ 9 ᠰᠠᠷ᠎ᠠ ᠶᠢᠨ 15᠎ ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠎ ᠶᠢᠨ ᠫᠢᠩ ᠤ‍‌ᠵᠢᠷ᠎ᠠ ᠶᠢᠨ ᠡᠳᠦᠷ ᠱᠠᠨᠰᠢ ᠮᠤᠵᠢ ᠶᠢᠨ ᠲᠡᠮᠡᠭᠡᠲᠦ ᠬᠤᠳᠠ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠤᠨ᠂ ᠦᠵᠡᠯ ᠰᠠᠨᠠᠭ᠎ᠠ ᠪᠠᠨ ᠴᠢᠯᠥᠭᠡᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠡᠯ᠎ᠡ ᠵᠦᠶᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠶᠯᠡᠴᠢᠯᠡᠬᠦ ᠪᠠ ᠠᠭᠤᠰᠤᠯᠴᠠᠵᠤ᠂ ᠱᠠᠨᠰᠢ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      9 ᠰᠠᠷ᠎ᠠ ᠶᠢᠨ 13᠎ ᠠᠴᠠ 14᠎ ᠤ ᠡᠳᠦᠷ ᠪᠣᠯᠲᠠᠯ᠎ᠠ᠂ ᠰᠢ ᠶᠢᠨ ᠫᠢᠩ ᠱᠠᠨᠰᠢ ᠮᠤᠵᠢ ᠶᠢᠨ ᠨᠠᠮ ᠤᠨ ᠬᠤᠷᠢᠶᠠᠨ ᠤ ᠱᠦᠵᠢ ᠯᠢᠦ ᠭᠦᠸᠧ ᠵᠦᠩ᠂ ᠮᠤᠵᠢ ᠶᠢᠨ ᠳᠠᠷᠤᠭ᠎ᠠ ᠵᠤᠤ ᠢ ᠳ᠋ᠧ ᠶᠢᠨ ᠪᠠᠷ᠎ᠠ ᠪᠤᠯᠤᠯᠭ᠎ᠠ ᠪᠠᠷ ᠠᠵᠤ ᠠᠬᠤᠶᠢᠯᠠᠯ᠂ ᠬᠥᠳᠡᠭᠡ ᠲᠣᠰᠬᠤᠨ᠂ ᠰᠤᠷᠭᠠᠭᠤᠯᠢ᠂ ᠬᠤᠪᠢᠰᠬᠠᠯ ᠤᠨ ᠬᠠᠭᠤᠴᠢᠨ ᠰᠠᠭᠤᠴᠠ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠡ᠃      13᠎ ᠤ ᠦᠳᠡ ᠶᠢᠨ ᠡᠮᠦᠨ᠎ᠡ᠂ ᠰᠢ ᠶᠢᠨ ᠫᠢᠩ ᠡᠩ ᠲᠡᠷᠢᠭᠦᠨ ᠳᠤ ᠤᠯᠤᠰ ᠤᠨ ᠡᠨᠧᠷᠭᠢ ᠶᠢᠨ ᠪᠦᠯᠦᠭᠯᠡᠯ ᠤᠨ ᠲᠡᠮᠡᠭᠡᠲᠤ ᠳᠠᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠡᠷᠬᠢᠯᠳᠡᠳᠤ ᠠᠵᠤ ᠠᠬᠤᠢ ᠶᠢᠨ ᠨᠡᠭᠦᠷᠡᠰᠦ ᠶᠢ ᠶᠡᠷᠦᠩᠬᠡᠶᠢᠯᠡᠨ ᠠᠰᠢᠬᠯᠠᠬᠤ ᠲᠦᠷᠦᠯ ᠵᠦᠢᠯ ᠤᠨ ᠲᠥᠯᠥᠪᠵᠢᠭᠦᠯᠭᠡ ᠪᠠ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠭᠤᠣᠯ ᠡᠵᠡᠮᠳᠡᠬᠦ ᠲᠠᠰᠤᠭ ᠲᠤ᠂ ᠰᠢ ᠶᠢᠨ ᠫᠢᠩ ᠲᠦᠷᠦᠯ ᠵᠦᠢᠯ ᠤᠨ ᠦᠢᠯᠡᠳᠬᠦᠨ ᠤ ᠦᠵᠡᠭᠦᠯᠭᠡ ᠶᠢ ᠦᠵᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂ ᠠᠮᠤᠷ ᠲᠦᠪᠰᠢᠨ᠂ ᠲᠣᠭᠲᠠᠭᠤᠨ᠂ ᠠᠷᠢᠭᠤᠨ ᠴᠡᠪᠡᠷ ᠡᠷᠬᠢᠯᠳᠡ ᠶᠢ ᠪᠠᠷᠢᠮᠲᠠᠯᠠᠭᠰᠠᠨ ᠠᠷᠭ᠎ᠠ ᠬᠢᠳᠡᠯ ᠢ ᠨᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠠᠷᠠᠭ᠎ᠠ ᠨᠢ᠂ ᠰᠢ ᠶᠢᠨ ᠫᠢᠩ ᠵᠢᠯ ᠤᠨ ᠦᠢᠯᠡᠳᠪᠦᠷᠢᠯᠡᠯ ᠤᠨ ᠬᠡᠮᠵᠢᠶ᠎ᠠ ᠨᠢ 40 ᠲᠦᠮᠡᠨ ᠲᠣᠨ ᠤ ᠡᠲ᠋ᠠ ᠬᠤᠶᠠᠷᠴᠢ ᠠᠯᠺᠣᠣᠯ ᠤᠨ ᠲᠦᠷᠦᠯ ᠵᠦᠢᠯ ᠤᠨ ᠲᠤᠬᠠᠢ ᠶᠢᠨ ᠭᠠᠵᠠᠷ ᠲᠤ ᠬᠦᠷᠴᠦ ᠪᠠᠶᠢᠴᠠᠭᠠᠨ ᠦᠵᠡᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠭᠦᠨᠵᠡᠭᠡᠢ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠲᠡᠮᠡᠭᠡᠲᠦ ᠪᠣᠯ ᠤᠯᠤᠰ ᠤᠨ ᠡᠨᠧᠷᠭᠢ ᠶᠢᠨ ᠴᠢᠬᠤᠯᠠ ᠰᠠᠭᠤᠷᠢᠨ ᠮᠥᠨ᠂ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠨᠡᠭᠦᠷᠡᠰᠦ ᠨᠢ ᠮᠠᠨ ᠤ ᠤᠯᠤᠰ ᠤᠨ ᠭᠤᠤᠯ ᠴᠣᠭᠴᠠᠳᠤ ᠡᠨᠧᠷᠭᠢ ᠪᠣᠯᠤᠭᠰᠠᠨ ᠤ ᠬᠤᠪᠢ ᠳᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠴᠢᠭᠯᠡᠯ ᠶᠣᠰᠣᠭᠠᠷ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠬᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠪᠠᠨ ᠪᠠᠷᠢᠮᠵᠢᠶᠠᠯᠠᠨ ᠪᠡᠶᠡᠯᠡᠭᠦᠯᠵᠦ᠂ ᠤᠯᠤᠰ ᠤᠨ ᠪᠠᠶᠢᠳᠠᠯ ᠳᠤ ᠰᠠᠭᠤᠷᠢᠯᠠᠨ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ᠂ ᠬᠤᠷᠢᠭ᠎ᠠ ᠱᠤᠭᠤᠮ ᠢ ᠰᠠᠬᠢᠵᠤ᠂ ᠡᠮᠬᠢ ᠵᠢᠷᠤᠮ ᠲᠠᠢ ᠪᠠᠷ ᠬᠡᠮᠵᠢᠶ᠎ᠡ ᠶᠢ ᠪᠠᠭᠠᠰᠬᠠᠨ ᠣᠷᠣᠯᠠᠭᠤᠯᠵᠤ᠂ ᠨᠡᠭᠦᠷᠡᠰᠦᠨ ᠤ ᠬᠡᠷᠡᠭᠯᠡᠭᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ᠃ ᠨᠡᠭᠦᠷᠡᠰᠦ ᠬᠢᠮᠢ ᠶᠢᠨ ᠠᠵᠤ ᠦᠢᠯᠡᠤᠨᠪᠤᠷᠢ ᠶᠢᠨ ᠠᠵᠤ ᠦᠢᠯᠡᠰ ᠤᠨ ᠲᠠᠯᠳᠠ ᠬᠦᠴᠦᠨ ᠮᠠᠰᠢ ᠶᠡᠭᠡ ᠪᠥᠭᠡᠳ ᠠᠯᠤᠰ ᠢᠷᠡᠭᠡᠳᠦᠢ ᠲᠠᠢ ᠶᠤᠮ᠂ ᠨᠡᠭᠦᠷᠡᠰᠦ ᠪᠠᠷ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠭᠠᠬᠤ ᠶᠡᠷᠦᠩᠬᠡᠶᠢᠯᠡᠨ ᠠᠰᠢᠬᠯᠠᠬᠤ ᠪᠦᠳᠦᠮᠵᠢ ᠴᠢᠳᠠᠪᠤᠷᠢ ᠶᠢ ᠳᠡᠭᠡᠭᠰᠢᠯᠡᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠤᠨᠪᠤᠷᠢ ᠶᠢᠨ ᠠᠵᠤ ᠦᠢᠯᠡᠰ ᠢ ᠳᠡᠭᠡᠳᠦ ᠲᠡᠰᠵᠢᠬᠦᠯᠬᠦ᠂ ᠤᠯᠠᠨ ᠡᠰᠢᠵᠢᠬᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠬᠠᠮᠤᠭ ᠤᠨ ᠪᠠᠴᠢᠮ ᠲᠤᠯᠭᠠᠮ ᠡᠭᠦᠷᠭᠡ ᠪᠠᠨ ᠪᠣᠯᠭᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠵᠦ᠂ ᠨᠡᠭᠦᠷᠡᠰᠦ ᠪᠠᠷ ᠰᠠᠭᠤᠷᠢ ᠪᠣᠯᠭᠠᠭᠰᠠᠨ ᠣᠨᠴᠠ ᠲᠦᠷᠦᠯ ᠤᠨ ᠲᠦᠯᠡᠰᠢ᠂ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠭᠤᠯᠵᠤ ᠪᠣᠯᠬᠤ ᠮᠠᠲ᠋ᠧᠷᠢᠶᠠᠯ ᠵᠡᠷᠭᠡ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      13᠎ ᠤ ᠦᠳᠡ ᠶᠢᠨ ᠬᠤᠶᠢᠨ᠎ᠠ᠂ ᠰᠢ ᠶᠢᠨ ᠫᠢᠩ ᠮᠢ ᡁᠢ ᠰᠢᠶᠠᠨ ᠤ  ᠶᠢᠨ ᠵᠧᠦ ᠵᠡᠭᠡᠯᠢ ᠭᠤᠳᠤᠮᠵᠢ ᠶᠢᠨ ᠭᠤᠤ ᠰᠢ ᠭᠸᠤ ᠲᠣᠰᠬᠤᠨ ᠳᠤ ᠬᠦᠷᠴᠦ ᠰᠢᠨᠵᠢᠯᠡᠨ ᠪᠠᠶᠢᠴᠠᠭᠠᠪᠠ᠃ ᠵᠢᠮᠢᠰ ᠤᠨ ᠬᠦᠷᠢᠶᠡᠯᠡᠩ᠂ ᠣᠶᠢᠲᠤ ᠭᠠᠵᠠᠷ᠂ ᠱᠠᠲᠤᠨ ᠲᠠᠷᠢᠶ᠎ᠠ᠂ ᠨᠦᠯᠦᠮᠡᠯ ᠭᠠᠵᠠᠷ ᠤᠨ ᠬᠠᠰᠢᠯᠭ᠎ᠠ ᠠᠭᠤᠯᠠᠨ ᠵᠢᠯᠠᠭ᠎ᠠ ᠪᠠᠷ ᠵᠢᠭᠳᠡᠷᠡᠨ ᠲᠠᠷᠬᠠᠵᠤ᠂ ᠨᠠᠮᠤᠷ ᠤᠨ ᠡᠬᠢᠨ ᠤ ᠰᠢᠷ᠎ᠠ ᠬᠥᠷᠥᠰᠥᠲᠦ ᠥᠨᠳᠦᠷᠯᠢᠭ ᠤᠨᠴᠠ ᠶᠢᠨ ᠨᠣᠮᠢᠨ ᠨᠣᠭᠤᠭᠠᠨ ᠬᠠᠷᠠᠭᠳᠠᠨ᠎ᠠ᠃ ᠵᠠᠮ ᠵᠠᠭᠤᠷ᠎ᠠ ᠪᠠᠨ᠂ ᠰᠢ ᠶᠢᠨ ᠫᠢᠩ ᠲᠡᠷᠭᠡᠨ ᠠᠴᠠ ᠪᠠᠭᠤᠵᠤ ᠲᠠᠷᠢᠶᠠᠨ ᠲᠤᠮᠳᠠᠭᠤᠷ ᠠᠯᠬᠤᠯᠠᠵᠦ᠂ ᠨᠠᠷᠢᠮᠤ᠂ ᠮᠣᠩᠭᠤᠯ ᠠᠮᠤ᠂ ᠡᠷᠳᠡᠨᠢ ᠰᠢᠰᠢ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠶᠠᠨ ᠳᠤᠮᠳᠠ ᠬᠥᠳᠡᠯᠮᠦᠷᠢᠯᠡᠵᠦ ᠪᠠᠶᠢᠭ᠎ᠠ ᠨᠤᠲᠤᠭ ᠤᠨ ᠠᠬ᠎ᠠ ᠲᠡᠬᠦᠦ ᠨᠡᠷ ᠲᠠᠢ ᠵᠣᠭᠤᠭᠳᠠᠵᠤ᠂ ᠲᠡᠳᠡᠨ ᠤ ᠦᠶᠯᠡᠳᠪᠦᠷᠢᠯᠡᠯ ᠡᠵᠡᠩᠨᠡᠯᠲᠡ᠂ ᠬᠡᠷ ᠪᠦᠯᠢ ᠶᠢᠨ ᠣᠷᠣᠯᠭ᠎ᠠ᠂ ᠡᠮᠴᠢᠯᠡᠭᠡᠨ ᠤ ᠪᠠᠲᠤᠯᠠᠭ᠎ᠠ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ ᠪᠠ ᠠᠵᠢᠯ ᠣᠯᠤᠭᠰᠠᠨ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠭᠤᠤ ᠰᠢ ᠭᠸᠤ ᠲᠣᠰᠬᠤᠨ ᠤ ᠯᠦᠩ ᠳᠧᠦ ᠱᠠᠨ ᠠᠭᠤᠯᠠ ᠶᠢᠨ ᠤᠷᠤᠢ ᠳᠤ᠂ ᠰᠢ ᠶᠢᠨ ᠫᠢᠩ ᠱᠠᠨᠰᠢ ᠮᠤᠵᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠭᠤᠤ ᠰᠢ ᠭᠸᠤ ᠲᠣᠰᠬᠤᠨ ᠤ ᠰᠢᠷ᠎ᠠ ᠬᠥᠷᠥᠰᠥᠲᠦ ᠳᠣᠪᠣᠷᠬᠠᠭ ᠭᠤᠤ ᠭᠠᠩᠭ᠎ᠠ ᠶᠢᠨ ᠣᠷᠣᠨ ᠢ ᠶᠡᠷᠦᠩᠬᠡᠶᠢᠯᠡᠨ ᠵᠠᠰᠠᠬᠤ ᠶᠢ ᠬᠠᠶᠢᠨ ᠰᠦᠪᠡᠭᠴᠢᠯᠡᠭᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ ᠭᠤᠤ ᠰᠢ ᠭᠸᠤ ᠲᠣᠰᠬᠤᠨ ᠪᠣᠯ ᠰᠢᠷ᠎ᠠ ᠬᠥᠷᠥᠰᠥᠲᠦ ᠥᠨᠳᠦᠷᠯᠢᠭ ᠤᠨ ᠠᠮᠢ ᠠᠬᠤᠢ ᠶᠢᠨ ᠵᠠᠰᠠᠯᠲᠠ ᠶᠢᠨ ᠨᠢᠬᠡᠨ ᠦᠯᠢᠭᠡᠷ ᠵᠠᠬᠪᠤᠷ ᠮᠥᠨ᠂ ᠲᠠ ᠨᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠥᠬᠦᠷᠡᠰᠢ ᠦᠭᠡᠢ ᠥᠷᠨᠢᠭᠦᠯᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠬᠥᠳᠡᠭᠡ ᠲᠣᠰᠬᠤᠨ ᠤ ᠦᠢᠯᠡᠰ ᠢ ᠬᠥᠭᠵᠢᠭᠦᠯᠪᠠ᠂ ᠡᠨᠡ ᠬᠦ ᠵᠠᠮ ᠢᠶᠠᠷ ᠵᠠᠮᠨᠠᠭᠰᠠᠨ ᠨᠢ ᠵᠥᠪ ᠶᠤᠮ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢᠨ ᠵᠠᠰᠠᠯᠲᠠ ᠪᠣᠯᠤᠨ ᠤᠨᠴᠠᠯᠢᠬᠳᠤ ᠠᠵᠤ ᠦᠢᠯᠡᠰ ᠢ ᠬᠦᠭᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠠᠮᠢ ᠠᠬᠤᠢ ᠪᠣᠯᠤᠨ ᠠᠵᠤ ᠠᠬᠤᠢ ᠵᠣᠬᠢᠴᠠᠩᠭᠤᠢ ᠬᠥᠭᠵᠢᠭᠰᠡᠨ᠂ ᠬᠥᠮᠦᠨ ᠬᠢᠬᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠵᠠᠮ ᠢᠶᠠᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠭᠤᠤ ᠰᠢ ᠭᠸᠤ ᠲᠣᠰᠬᠤᠨ ᠠᠴᠠ ᠠᠶᠠᠷᠯᠠᠭᠠᠳ᠂ ᠰᠢ ᠶᠢᠨ ᠫᠢᠩ ᠮᠢ ᡁᠢ ᠰᠢᠶᠠᠨ ᠤ ᠵᠡᠭᠦᠨ ᠡᠮᠦᠨ᠎ᠡ ᠪᠠᠶᠢᠭ᠎ᠠ ᠶᠠᠩ ᠵᠢᠶᠠ ᠭᠸᠤ ᠶᠢᠨ ᠬᠤᠪᠢᠰᠬᠠᠯ ᠤᠨ ᠬᠠᠭᠤᠴᠢᠨ ᠰᠠᠭᠤᠴᠠ ᠳᠤ ᠬᠦᠷᠪᠡ᠃ 1947 ᠣᠨ ᠤ ᠰᠡᠬᠦᠯᠴᠢ ᠪᠠᠷ᠂ ᠮᠠᠤ ᠽᠧ ᠳ᠋ᠦᠩ ᠨᠥᠬᠦᠷ ᠲᠥᠪ ᠤᠨ ᠪᠠᠶᠢᠭᠤᠯᠭ᠎ᠠ ᠶᠢ ᠳᠠᠭᠠᠭᠤᠯᠤᠨ ᠶᠠᠩ ᠵᠢᠶᠠ ᠭᠸᠤ ᠲᠣᠰᠬᠤᠨ ᠳᠤ ᠬᠦᠷᠴᠦ᠂ ᠠᠳᠡ 4 ᠰᠠᠷ᠎ᠠ ᠭᠠᠷᠤᠢ ᠪᠠᠶᠢᠯᠳᠤᠨ ᠠᠮᠢᠳᠤᠷᠠᠵᠤ᠂ ᠪᠦᠬᠦ ᠤᠯᠤᠰ ᠤᠨ ᠴᠢᠯᠥᠭᠡᠯᠡᠬᠦ ᠲᠠᠶᠢᠨ ᠪᠣᠯᠤᠨ ᠪᠠᠷᠠᠭᠤᠨ ᠬᠤᠶᠢᠲᠤ ᠶᠢᠨ ᠲᠠᠶᠢᠨ ᠤ ᠲᠠᠯᠠᠪᠤᠷ ᠢ ᠵᠢᠯᠣᠭᠤᠳᠴᠤ᠂ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠬᠥᠳᠡᠯᠭᠡᠭᠡᠨ ᠢ ᠤᠳᠤᠷᠢᠳᠤᠨ ᠥᠷᠨᠢᠭᠦᠯᠪᠡ᠃      ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠠᠷᠪᠠᠨ ᠬᠤᠶᠠᠳᠤᠭᠠᠷ ᠰᠠᠷ᠎ᠠ ᠶᠢᠨ ᠬᠤᠷᠠᠯ︾᠎ ᠤᠨ ᠬᠠᠭᠤᠴᠢᠨ ᠰᠠᠭᠤᠴᠠ᠂ ᠮᠠᠤ ᠽᠧ ᠳ᠋ᠦᠩ ᠤᠨ ᠬᠠᠭᠤᠴᠢᠨ ᠰᠠᠭᠤᠴᠠ᠂ ᠵᠧᠦ ᠧᠨ ᠯᠠᠢ ᠶᠢᠨ ᠬᠠᠭᠤᠴᠢᠨ ᠰᠠᠭᠤᠴᠠ ᠵᠡᠷᠭᠡ ᠪᠠᠷ ᠲᠣᠭᠤᠷᠢᠨ ᠦᠵᠡᠵᠦ᠂ ᠬᠤᠪᠢᠰᠬᠠᠯ ᠤᠨ ᠲᠡᠦᠬᠡ ᠶᠢ ᠡᠷᠭᠢᠴᠡᠭᠦᠯᠵᠦ᠂ ᠠᠬᠠᠮᠠᠳ ᠬᠤᠪᠢᠰᠬᠠᠯᠴᠢᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃ ᠰᠢ ᠶᠢᠨ ᠫᠢᠩ᠂ ᠲᠦᠷᠦ ᠶᠢᠨ ᠪᠤᠳᠤᠯᠭ᠎ᠠ ᠪᠠ ᠠᠷᠭ᠎ᠠ ᠪᠤᠳᠤᠯᠭ᠎ᠠ ᠪᠣᠯ ᠨᠠᠮ ᠤᠨ ᠠᠮᠢ ᠨᠠᠰᠤ ᠮᠥᠨ᠃ ᠵᠠᠭᠤᠨ ᠵᠢᠯ ᠤᠨ ᠲᠤᠷᠰᠢ᠂ ᠮᠠᠨ ᠤ ᠨᠠᠮ ᠦᠵᠡᠯ ᠰᠠᠨᠠᠭ᠎ᠠ ᠪᠠᠨ ᠨᠢᠭᠡᠳᠬᠡᠨ᠂ ᠠᠯᠬᠤᠮ ᠢᠶᠠᠨ ᠨᠢᠭᠡᠳᠬᠡᠵᠦ᠂ ᠪᠦᠯᠬᠦᠮᠳᠡᠨ ᠤᠷᠤᠭᠰᠢᠯᠠᠵᠤ ᠴᠢᠳᠠᠬᠰᠠᠨ᠂ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠢᠯᠠᠯᠲᠠ ᠪᠠ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠣᠯᠵᠤ ᠴᠢᠳᠠᠭᠰᠠᠨ ᠤ ᠰᠢᠯᠲᠠᠭᠠᠨ ᠨᠢ ᠳᠠᠷᠤᠢ ᠮᠠᠨ ᠤ ᠨᠠᠮ ᠮᠠᠷᠺᠰ ᠤᠨ ᠦᠵᠡᠯ ᠤᠨ ᠵᠢᠯᠤᠭᠤᠳᠤᠯᠭ᠎ᠠ ᠶᠢ ᠪᠠᠷᠢᠮᠲᠠᠯᠠᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠠᠭ᠎ᠠ ᠠᠴᠠ ᠶᠡᠭᠡ ᠶᠢ ᠤ‍‌ᠵᠢᠯᠠᠭᠠᠵᠤ᠂ ᠪᠣᠳᠠᠲᠤ ᠠᠬᠤᠢ ᠶᠢᠨ ᠠᠰᠠᠭᠤᠳᠠᠯ ᠢ ᠰᠢᠢᠳᠪᠦᠷᠢᠯᠡᠭᠰᠡᠨ ᠮᠥᠷᠲᠡᠭᠡᠨ ᠪᠠᠰᠠ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠪᠠᠶᠢᠳᠠᠯ ᠢ ᠣᠨᠣᠪᠴᠢᠲᠠᠢ ᠮᠠᠭᠠᠳᠯᠠᠨ ᠡᠵᠡᠮᠳᠡᠵᠦ᠂ ᠪᠣᠳᠠᠲᠤ ᠪᠠᠶᠢᠳᠠᠯ ᠳᠤ ᠨᠡᠶᠢᠴᠡᠭᠰᠡᠨ ᠬᠠᠷᠠᠯᠲᠠ ᠡᠭᠦᠷᠭᠡ᠂ ᠲᠦᠷᠦ ᠶᠢᠨ ᠪᠤᠳᠤᠯᠭ᠎ᠠ ᠠᠷᠭ᠎ᠠ ᠪᠤᠳᠤᠯᠭ᠎ᠠ ᠶᠢ ᠲᠣᠭᠲᠠᠭᠠᠵᠤ ᠴᠢᠳᠠᠬᠰᠠᠨ ᠳᠤ ᠪᠤᠢ᠃ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠨᠠᠮ ᠤᠨ ᠤᠳᠤᠷᠢᠳᠤᠯᠭ᠎ᠠ ᠶᠢᠨ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠤᠭ ᠶᠤᠰᠤ ᠶᠢ ᠪᠠᠷᠢᠮᠲᠠᠯᠠᠵᠤ᠂ ᠮᠠᠷᠺᠰ ᠤᠨ ᠦᠵᠡᠯ ᠢᠶᠠᠷ ᠴᠠᠭ ᠦᠶ᠎ᠡ ᠶᠢ ᠠᠵᠢᠬᠯᠠᠨ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠲᠦᠯᠦᠨ ᠳᠠᠭᠠᠭᠤᠯᠬᠤ ᠶᠢᠨ ᠬᠠᠮᠲᠤ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠠᠵᠤ᠂ ᠮᠠᠨ ᠤ ᠤᠯᠤᠰ ᠤᠨ ᠪᠣᠳᠠᠲᠤ ᠪᠠᠶᠢᠳᠠᠯ ᠠᠴᠠ ᠡᠭᠦᠰᠴᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ᠂ ᠴᠠᠭ ᠦᠶᠡᠴᠢᠯᠡᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ ᠰᠢ ᠶᠢᠨ ᠫᠢᠩ᠂ ᠬᠤᠪᠢᠰᠬᠠᠯ ᠤᠨ ᠡᠬᠢ ᠪᠠᠶᠠᠯᠢᠭ ᠢ ᠭᠦᠢᠴᠡᠳ ᠠᠰᠢᠬᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃      14᠎ ᠤ ᠦᠳᠡ ᠶᠢᠨ ᠡᠮᠦᠨ᠎ᠡ᠂ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢ ᠳ᠋ᠧ ᠶᠢᠨ ᠤᠷᠤᠨ ᠨᠤᠳᠤᠭ ᠤᠨ ᠬᠤᠷᠢᠶ᠎ᠠ ᠶᠢᠨ ᠬᠠᠭᠤᠴᠢᠨ ᠰᠠᠭᠤᠴᠠ ᠳᠤ ᠬᠦᠷᠴᠦ᠂ ᠬᠠᠭᠤᠴᠢᠨ ᠰᠠᠭᠤᠴᠠ ᠶᠢᠨ ᠪᠠᠶᠢᠷᠢᠰᠢᠭᠤᠯᠤᠯᠲᠠ ᠪᠣᠯᠤᠨ ᠬᠡᠰᠡᠭ ᠰᠡᠷᠭᠦᠭᠡᠨ ᠵᠠᠰᠠᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠲᠤᠰᠬᠠᠢ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ᠃ ᠰᠢ ᠶᠢᠨ ᠫᠢᠩ᠂ ᠡᠨᠡ ᠬᠦ ᠬᠦᠨ ᠵᠤᠵᠠᠭᠠᠨ ᠬᠤᠪᠢᠰᠬᠠᠯ ᠤᠨ ᠲᠡᠦᠬᠡ ᠶᠢ ᠡᠷᠭᠢᠴᠡᠭᠦᠯᠬᠦ ᠳᠤ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ︽ᠨᠠᠮ ᠤᠨ ᠠᠰᠢᠭ ᠲᠤᠰᠠ ᠶᠢ ᠲᠡᠷᠢᠭᠦᠨ ᠳᠤ ᠲᠠᠯᠪᠢᠬᠤ︾᠎ ᠶᠢ ᠪᠠᠷᠢᠮᠲᠠᠯᠠᠵᠤ᠂ ︽ᠬᠠᠮᠤᠭ ᠤᠨ ᠤᠯᠠᠨ ᠲᠣᠭᠠᠨ ᠤ ᠬᠥᠳᠡᠯᠮᠦᠷᠢᠴᠢᠨ ᠠᠷᠠᠳ ᠲᠦᠮᠡᠨ ᠤ ᠲᠠᠯ᠎ᠠ ᠳᠤ ᠵᠣᠭᠰᠣᠬᠤ︾᠎ ᠶᠢ ᠪᠠᠷᠢᠮᠲᠠᠯᠠᠵᠤ᠂ ︽ᠠᠷᠠᠳ ᠲᠦᠮᠡᠨ ᠲᠠᠢ ᠡᠷᠡᠰ ᠬᠠᠮᠳᠤ ᠪᠠᠶᠢᠬᠤ︾᠎ ᠶᠢ ᠪᠠᠷᠢᠮᠲᠠᠯᠠᠭᠰᠠᠨ ᠨᠢ ᠴᠢᠬᠤᠯᠠ ᠶᠡᠭᠡ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠬᠤᠪᠢᠰᠬᠠᠯ ᠤᠨ ᠢᠯᠠᠯᠲᠠ ᠶᠢ ᠤᠯᠵᠤ ᠠᠷᠠᠳ ᠤᠨ ᠰᠡᠳᠬᠢᠯ ᠢ ᠣᠯᠵᠤ᠂ ᠲᠦᠭ ᠲᠦᠮᠡᠨ ᠠᠷᠠᠳ ᠤᠯᠠᠨ ᠮᠠᠨ ᠤ ᠲᠠᠯ᠎ᠠ ᠳᠤ ᠵᠣᠭᠰᠣᠬᠤ ᠶᠢ ᠡᠷᠡᠰ ᠪᠠᠳᠤ ᠪᠠᠷ ᠰᠤᠩᠭᠤᠵᠠᠢ᠃ ᠪᠢᠳᠡ ᠬᠤᠪᠢᠰᠬᠠᠯ ᠤᠨ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠢᠮᠠᠭᠲᠠ ᠠᠷᠠᠳ ᠲᠦᠮᠡᠨ ᠤ ᠠᠰᠢᠭ ᠲᠤᠰᠠ ᠶᠢ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠢᠮᠠᠭᠲᠠ ᠠᠷᠠᠳ ᠲᠦᠮᠡᠨ ᠲᠠᠢ ᠬᠠᠮᠲᠤ ᠵᠣᠭᠰᠣᠵᠤ᠂ ᠬᠠᠮᠲᠤ ᠪᠣᠳᠣᠯᠬᠢᠯᠠᠵᠤ᠂ ᠬᠠᠮᠲᠤ ᠠᠵᠢᠯᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠲᠠᠷᠠᠭ᠎ᠠ ᠨᠢ᠂ ᠰᠢ ᠶᠢᠨ ᠫᠢᠩ ᠰᠦᠢ ᠳ᠋ᠧ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠤᠷᠢᠳ ᠬᠤᠵᠢᠳ ᠬᠢᠴᠢᠶᠡᠯ ᠤᠨ ᠭᠡᠷ᠂ ᠲᠠᠮᠢᠷ ᠤᠨ ᠲᠠᠯᠠᠪᠤᠷ ᠲᠤ ᠬᠦᠷᠴᠤ᠂ ᠰᠤᠷᠤᠭᠴᠢᠳ ᠤᠨ ᠤᠷᠠᠨ ᠪᠢᠴᠢᠯᠭᠡ ᠶᠢᠨ ᠪᠣᠯᠪᠠᠰᠤᠷᠠᠯ ᠪᠣᠯᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠦᠵᠡᠵᠤ᠂ ᠤᠯᠠᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ ᠶᠤᠮ᠂ ᠲᠠᠰᠤᠷᠠᠯᠲᠠ ᠦᠭᠡᠢ ᠦᠷᠭᠦᠯᠵᠢᠯᠡᠬᠦ ᠶᠢᠨ ᠰᠠᠭᠤᠷᠢ ᠨᠢ ᠰᠤᠷᠭᠠᠨ ᠬᠥᠮᠦᠵᠢᠯ ᠳᠤ ᠪᠤᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠰᠠᠭᠤᠷᠢ ᠨᠢ ᠰᠤᠷᠭᠠᠨ ᠬᠥᠮᠦᠵᠢᠯ ᠳᠤ ᠪᠤᠢ᠃ ᠪᠢᠳᠡ ᠰᠤᠷᠭᠠᠨ ᠬᠥᠮᠦᠵᠢᠯ ᠢ ᠡᠷᠬᠢᠯᠡᠵᠦ ᠪᠠᠶᠢᠭ᠎ᠠ ᠨᠢ ᠳᠠᠷᠤᠢ ᠠᠷᠠᠳ ᠲᠦᠮᠡᠨ ᠤ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠳᠡᠭᠡᠭᠰᠢᠯᠡᠭᠦᠯᠦᠨ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠰᠣᠶᠣᠯ ᠤᠨ ᠢᠲᠡᠭᠡᠯ ᠢ ᠪᠠᠲᠤᠳᠬᠠᠵᠤ᠂ ᠪᠦᠬᠦ ᠦᠨᠳᠦᠰᠦᠲᠡᠨ ᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢᠨ ᠲᠥᠯᠥᠭᠡ ᠶᠤᠮ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠪᠤᠯᠬᠤ ᠦᠢᠯᠡᠳᠦᠯ ᠢ ᠴᠢᠩᠭᠠᠳᠬᠠᠨ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠳᠦ ᠬᠦᠨᠳᠦ ᠰᠤᠷᠤᠯᠭ᠎ᠠ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠬᠠᠮᠤᠭ ᠤᠨ ᠰᠡᠬᠦᠯ ᠳᠤ᠂ ᠰᠢ ᠶᠢᠨ ᠫᠢᠩ ᠰᠤᠷᠤᠭᠴᠢᠳ ᠢ ᠰᠠᠶᠢᠨ ᠰᠠᠶᠢᠬᠠᠨ ᠵᠠᠯᠠᠭᠤ ᠨᠠᠰᠤ ᠪᠠᠨ ᠨᠠᠨᠳᠢᠩᠨᠠᠵᠤ᠂ ᠪᠡᠶ᠎ᠡ ᠪᠠᠨ ᠵᠠᠰᠠᠵᠤ ᠶᠣᠰᠣ ᠰᠤᠷᠲᠠᠬᠤᠨ ᠢᠶᠠᠨ ᠳᠡᠭᠡᠭᠰᠢᠯᠡᠭᠦᠯᠵᠤ᠂ ᠴᠢᠷᠮᠠᠶᠢᠨ ᠰᠤᠷᠤᠯᠴᠠᠵᠤ ᠦᠭᠡᠳᠡᠯᠡᠨ ᠲᠠᠪᠰᠢᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠡᠷᠴᠢ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ᠂ ᠠᠷᠠᠳ ᠲᠦᠮᠡᠨ᠂ ᠨᠡᠶᠢᠭᠡᠮ ᠳᠤ ᠬᠡᠷᠡᠭᠴᠡᠭᠡ ᠲᠠᠢ ᠬᠥᠮᠦᠨ ᠪᠣᠯᠤᠭᠠᠷᠠᠢ ᠭᠡᠵᠦ ᠵᠣᠷᠢᠭᠵᠢᠭᠤᠯᠪᠠ᠃      ᠱᠠᠨᠰᠢ ᠪᠤᠯ ᠥᠨᠢ ᠤᠳᠠᠭᠠᠨ ᠲᠡᠤᠬᠡ ᠲᠠᠢ᠂ ᠡᠯᠪᠡᠭ ᠪᠠᠶᠠᠯᠢᠭ ᠰᠣᠶᠣᠯ ᠤᠨ ᠥᠪ ᠲᠠᠢ ᠪᠠᠶᠢᠳᠠᠭ᠃ ᠰᠢ ᠶᠢᠨ ᠫᠢᠩ ᠰᠦᠢ ᠳ᠋ᠧ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠣᠷᠳᠣᠨ ᠳᠤ ᠬᠦᠷᠴᠦ᠂ ᠴᠢᠯᠠᠭᠤᠨ ᠱᠤᠭᠤᠮᠠᠯ᠂ ᠰᠦᠢ ᠳ᠋ᠧ ᠶᠢᠨ ᠫᠢᠩ ᠠᠨ ᠨᠣᠮ᠂ ᠴᠠᠭᠠᠰᠤᠨ ᠬᠠᠶᠢᠴᠢᠯᠠᠮᠠᠯ᠂ ᠠᠷᠠᠳ ᠤᠨ ᠳᠠᠭᠤᠤ᠂ ᠰᠢᠪᠠᠷ ᠱᠤᠭᠤᠮᠠᠯ ᠵᠡᠷᠭᠡ ᠶᠢᠨ ᠳᠡᠯᠭᠡᠨ ᠦᠵᠡᠭᠦᠯᠭᠡ ᠶᠢ ᠲᠤᠭᠤᠷᠢᠨ ᠦᠵᠡᠵᠦ᠂ ᠲᠤᠬᠠᠢ ᠶᠢᠨ ᠭᠠᠵᠠᠷ ᠤᠨ ᠤᠯᠠᠮᠵᠢᠯᠠᠯᠲᠤ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠦᠵᠡᠭᠦᠯᠭᠡ ᠶᠢᠨ ᠣᠷᠳᠣᠨ ᠤ ᠭᠠᠳᠠᠨ᠎ᠠ᠂ ᠶᠠᠭ ᠰᠠᠶᠢᠬᠠᠨ ᠱᠠᠨᠰᠢ ᠶᠢᠨ ᠬᠤᠶᠢᠲᠤ ᠬᠡᠰᠡᠭ ᠤᠨ ᠶᠠᠩᠭᠠᠷ ᠤᠨ ᠲᠣᠭᠯᠠᠯᠲᠠ ᠲᠤᠭᠯᠠᠵᠤ ᠪᠠᠶᠢᠪᠠ᠃ ᠰᠢ ᠶᠢᠨ ᠫᠢᠩ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠲᠠᠢ ᠮᠠᠨᠳᠤᠴᠢᠯᠡᠪᠡ᠃ ᠲᠡᠷᠡ᠂ ᠰᠦᠢ ᠳ᠋ᠧ ᠪᠣᠯ ᠰᠢᠷ᠎ᠠ ᠬᠥᠷᠥᠰᠥᠲᠦ ᠰᠣᠶᠣᠯ ᠤᠨ ᠴᠢᠬᠤᠯᠠ ᠭᠤᠯᠤᠮᠳᠠ ᠶᠢᠨ ᠤᠷᠤᠨ ᠤ ᠨᠢᠭᠡ ᠪᠣᠯᠤᠨ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠡᠯᠪᠡᠭ ᠪᠠᠶᠢᠵᠤ᠂ ᠰᠢᠯᠢᠳᠡᠭ ᠠᠷᠠᠳ ᠤᠨ ᠤᠷᠠᠯᠢᠭ ᠢ ᠪᠤᠶᠢᠵᠢᠭᠤᠯᠤᠨ ᠬᠥᠭᠵᠢᠭᠦᠯᠵᠦ᠂ ᠱᠠᠨᠰᠢ ᠶᠢᠨ ᠬᠤᠶᠢᠲᠤ ᠬᠡᠰᠡᠭ ᠤᠨ ᠠᠷᠠᠳ ᠲᠦᠮᠡᠨ ᠤ ᠬᠠᠯᠠᠭᠤᠨ ᠰᠡᠳᠬᠢᠯᠭᠡ᠂ ᠡᠭᠡᠯ ᠪᠣᠷᠣᠭᠵᠢᠭᠤᠨ᠂ ᠴᠤᠭ ᠰᠦᠯᠳᠠ ᠶᠢ ᠢᠯᠡᠷᠡᠭᠦᠯᠪᠡ᠃ ᠠᠷᠠᠳ ᠤᠨ ᠤᠷᠠᠯᠢᠭ ᠪᠣᠯ ᠳᠤᠮᠳᠠᠳᠤ ᠶᠢᠨ ᠦᠨᠳᠦᠰᠦᠲᠡᠨ ᠤ ᠡᠷᠬᠢᠮ ᠨᠠᠨᠳᠢᠨ ᠦᠪ ᠬᠦᠷᠦᠩᠬᠡ ᠮᠥᠨ᠂ ᠡᠪᠦᠭᠡ ᠳᠡᠭᠡᠳᠦᠰ ᠤᠨ ᠦᠯᠡᠳᠡᠭᠡᠭᠰᠡᠨ ᠡᠳᠡᠭᠡᠷ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠠᠰᠢᠬᠯᠠᠬᠤ ᠨᠢ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠬᠦᠳᠤᠯᠤᠨ ᠳᠠᠭᠠᠭᠤᠯᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠵᠤ᠂ ᠤᠯᠠᠮᠵᠢᠯᠠᠯᠲᠤ ᠰᠣᠶᠣᠯ ᠪᠣᠯᠤᠨ ᠤᠳᠤ ᠦᠶ᠎ᠡ ᠶᠢᠨ ᠠᠮᠢᠳᠤᠷᠠᠯ ᠤᠨ ᠠᠭᠤᠯᠵᠠᠷ ᠴᠡᠭ ᠢ ᠣᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠦᠢ ᠳ᠋ᠧ ᠰᠢᠶᠠᠨ ᠤ ᠪᠠᠷᠠᠭᠤᠨ ᠡᠮᠦᠨ᠎ᠡ ᠪᠠᠶᠢᠭ᠎ᠠ ᠵᠠᠩ ᠵᠢᠶᠠ ᠪᠢᠶᠠᠨ ᠪᠠᠯᠭᠠᠰᠤ ᠶᠢᠨ ᠬᠤᠤ ᠵᠢᠶᠠ ᠴᠢᠶᠣᠤ ᠲᠣᠰᠬᠤᠨ ᠪᠣᠯ ᠰᠦᠢ ᠳ᠋ᠧ ᠶᠢᠨ ᠤᠷᠤᠨ ᠨᠤᠳᠤᠭ ᠤᠨ ᠨᠠᠮ ᠤᠨ ᠬᠤᠷᠢᠶ᠎ᠠ ᠶᠢᠨ ᠶᠠᠫᠣᠨ ᠢ ᠡᠰᠡᠷᠭᠦᠴᠡᠬᠦ ᠳᠠᠶᠢᠨ ᠤ ᠦᠶ᠎ᠡ ᠳᠤ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ ᠢᠯᠡᠷᠡᠭᠦᠯᠦᠭᠰᠡᠨ ᠵᠢᠱᠢᠶᠡᠴᠢ ᠲᠣᠰᠬᠤᠨ ᠪᠣᠯᠤᠨ᠎ᠠ᠂ ︽ᠲᠣᠰᠬᠤᠨ ᠪᠣᠯᠭᠠᠨ ᠬᠤᠤ ᠵᠢᠶᠠ ᠴᠢᠶᠣᠤ ᠠᠴᠠ ᠰᠤᠷᠤᠯᠴᠠᠵᠤ᠂ ᠬᠥᠮᠦᠨ ᠪᠣᠯᠭᠠᠨ ᠯᠢᠦ ᠢᠦᠢ ᠾᠧᠦ ᠠᠴᠠ ᠰᠤᠷᠤᠯᠴᠠᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠶᠡᠭᠡ ᠦᠢᠯᠡᠳᠪᠦᠷᠢᠯᠡᠯ ᠤᠨ ᠬᠠᠯᠠᠭᠤᠨ ᠥᠷᠨᠢᠯᠲᠡ ᠶᠢ ᠪᠤᠢ ᠪᠤᠯᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠤᠤ ᠵᠢᠶᠠ ᠴᠢᠶᠣᠤ ᠲᠣᠰᠬᠤᠨ ᠤᠨᠴᠠᠯᠢᠬᠳᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠣᠰᠬᠤᠨ ᠤ ᠳᠦᠷᠰᠦ ᠪᠠᠶᠢᠳᠠᠯ ᠪᠣᠯᠤᠨ ᠲᠣᠰᠬᠤᠨ ᠤ ᠠᠷᠠᠳ ᠤᠨ ᠠᠮᠢᠳᠤᠷᠠᠯ ᠳᠤ ᠭᠦᠨᠵᠡᠭᠡᠢ ᠬᠤᠪᠢᠷᠠᠯᠲᠠ ᠭᠠᠷᠴᠤ᠂ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠵᠢᠱᠢᠶᠡᠴᠢ︾᠎ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠡ᠃ 14᠎ ᠤ ᠦᠳᠡ ᠶᠢᠨ ᠬᠤᠶᠢᠨ᠎ᠠ᠂ ᠰᠢ ᠶᠢᠨ ᠫᠢᠩ ᠠᠳᠡ ᠢᠷᠡᠵᠦ᠂ ᠲᠣᠰᠬᠤᠨ ᠤ ᠲᠡᠦᠬᠡ ᠶᠢᠨ ᠦᠵᠡᠭᠦᠯᠭᠡ ᠶᠢ ᠨᠠᠷᠢᠨ ᠦᠵᠡᠵᠦ᠂ ᠡᠨᠡ ᠬᠦ ︽ᠬᠤᠪᠢᠰᠬᠠᠯᠲᠤ ᠠᠭᠤᠯᠠᠨ ᠲᠣᠰᠬᠤᠨ︾᠎ ᠤ ᠢᠷᠠᠭᠤ ᠠᠯᠳᠠᠷᠲᠤ ᠬᠤᠪᠢᠰᠬᠠᠯ ᠤᠨ ᠲᠡᠦᠬᠡ ᠵᠢᠴᠢ ᠬᠤᠪᠢᠰᠬᠠᠯ ᠤᠨ ᠤᠯᠠᠮᠵᠢᠯᠠᠯ ᠢ ᠤᠯᠠᠮᠵᠢᠯᠠᠭᠰᠠᠨ ᠪᠠᠶᠢᠳᠠᠯ ᠢ ᠣᠶᠢᠯᠠᠭᠠᠪᠠ ᠃ ᠳᠠᠷᠠᠭ᠎ᠠ ᠨᠢ᠂ ᠰᠢ ᠶᠢᠨ ᠫᠢᠩ ᠲᠣᠰᠬᠤᠨ ᠤ ᠠᠷᠠᠳ ᠾᠧᠦ ᡁᠢ ᠷᠦᠩ ᠤᠨ ᠭᠡᠷ ᠲᠤ ᠬᠦᠷᠴᠦ ᠪᠣᠯᠭᠤᠭᠠᠨ ᠦᠵᠡᠪᠡ᠃ ᠾᠧᠦ ᡁᠢ ᠷᠦᠩ ᠤᠨ ᠬᠢᠨ ᠨᠢᠬᠡᠨ ᠦᠶ᠎ᠠ ᠡᠪᠡᠳᠴᠢᠨ ᠠᠴᠠ ᠪᠤᠯᠵᠤ ᠶᠠᠳᠠᠭᠤᠷᠠᠵᠤ᠂ ᠡᠯ᠎ᠡ ᠱᠠᠲᠤᠨ ᠤ ᠬᠠᠪᠰᠤᠷᠤᠨ ᠲᠡᠳᠬᠦᠬᠦ ᠪᠠ ᠥᠪᠡᠷ ᠤᠨ ᠴᠢᠷᠮᠠᠶᠢᠯᠭ᠎ᠠ ᠪᠠᠷ 2016 ᠣᠨ ᠳᠤ ᠶᠠᠳᠠᠭᠤ ᠠᠴᠠ ᠪᠠᠨ ᠠᠩᠭᠢᠵᠢᠷᠠᠪᠠ᠃ ᠰᠢ ᠶᠢᠨ ᠫᠢᠩ᠂ ᠲᠠᠨ ᠤ ᠨᠢᠭᠡ ᠭᠡᠷ ᠤᠨ ᠬᠥᠮᠦᠰ ᠤᠨ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠤ᠂ ᠬᠥᠮᠦᠨ ᠠᠮᠠ ᠤᠯᠠᠨ ᠪᠤᠯᠤᠭᠰᠠᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠨᠤᠲᠤᠭ ᠤᠨ ᠠᠷᠠᠳ ᠤᠯᠠᠨ ᠢ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠨᠠᠮ ᠤᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠂ ᠡᠪ ᠬᠠᠮᠲᠤ ᠨᠠᠮ ᠡᠨᠡ ᠬᠦ ᠶᠠᠪᠤᠳᠠᠯ ᠢ ᠰᠠᠶᠢᠲᠤᠷ ᠬᠢᠵᠦ᠂ ᠲᠠᠰᠤᠷᠠᠯᠳᠠ ᠦᠭᠡᠢ ᠰᠠᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠪᠦᠬᠦ ᠨᠠᠮ ᠪᠦᠬᠦ ᠤᠯᠤᠰ ᠪᠦᠬᠦ ᠨᠡᠶᠢᠭᠡᠮ ᠢᠶᠠᠷ ᠢᠶᠠᠨ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠨᠡᠩ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠣᠰᠬᠤᠨ ᠤ ᠵᠢᠮᠢᠰ ᠢᠳᠡᠰᠢᠨ ᠨᠣᠭᠤᠭ᠎ᠠ ᠶᠢᠨ ᠬᠦᠯᠡᠮᠵᠢ ᠶᠢᠨ ᠰᠠᠭᠤᠷᠢᠨ ᠳᠤ᠂ ᠰᠢ ᠶᠢᠨ ᠫᠢᠩ ᠲᠤᠰ ᠲᠣᠰᠬᠤᠨ ᠤ ᠠᠵᠤ ᠦᠢᠯᠡᠰ ᠤᠨ ᠲᠥᠯᠥᠪᠵᠢᠭᠦᠯᠭᠡ ᠪᠠ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠦᠯᠡᠮᠵᠢ ᠳᠤ ᠣᠷᠣᠵᠤ ᠦᠵᠦᠮ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ᠂ ᠰᠢ ᠶᠢᠨ ᠫᠢᠩ ᠲᠣᠰᠬᠤᠨ ᠤ ᠨᠠᠰᠤᠲᠠᠶᠢᠴᠤᠳ᠂ ᠡᠮᠴᠢ ᠰᠤᠪᠢᠯᠠᠭᠴᠢ ᠨᠠᠷ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠬᠤᠤ ᠵᠢᠶᠠ ᠴᠢᠶᠣᠤ ᠳᠤ ᠢᠷᠡᠭᠡᠳ ᠪᠢ ᠭᠦᠨ ᠬᠦᠮᠦᠵᠢᠯ ᠪᠠ ᠰᠡᠩᠬᠡᠷᠡᠭᠦᠯᠦᠯ ᠣᠯᠵᠠᠢ᠃ ᠠᠭᠤᠯᠠᠨ ᠭᠤᠤ ᠪᠠᠶᠠᠵᠢᠯ ᠤᠨ ᠵᠠᠮ ᠢᠶᠠᠷ ᠵᠠᠮᠨᠠᠵᠤ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠭᠰᠡᠨ ᠨᠢ ᠲᠥᠷᠥ ᠶᠢᠨ ᠪᠣᠳᠣᠯᠭ᠎ᠠ ᠶᠢᠨ ᠰᠠᠶᠢᠨ᠂ ᠬᠥᠮᠦᠨ ᠠᠷᠠᠳ ᠤᠨ ᠴᠢᠷᠮᠠᠶᠢᠯᠭ᠎ᠠ᠂ ᠲᠡᠭᠷᠢ ᠶᠢᠨ ᠬᠡᠰᠢᠭ ᠲᠤ ᠲᠦᠰᠢᠭᠯᠡᠭᠰᠡᠨ ᠶᠤᠮ᠃ ᠠᠳᠡ ᠬᠢᠵᠦ ᠲᠡᠶᠢᠯᠬᠦ ᠵᠦᠢᠯ ᠢ ᠪᠤᠰᠤᠳ ᠭᠠᠵᠠᠷ ᠲᠤ ᠴᠤ ᠬᠢᠵᠦ ᠳᠡᠶᠢᠯᠬᠦ ᠬᠡᠷᠡᠭᠲᠡᠢ᠃ ᠡᠭᠦᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠪᠠᠶᠢᠳᠠᠯ ᠢ ᠣᠨᠣᠪᠴᠢᠲᠠᠶ ᠤᠶᠢᠯᠠᠭᠠᠨ᠂ ᠠᠰᠠᠭᠤᠳᠠᠯ ᠢ ᠨᠡᠪᠲᠡᠷᠬᠡᠶ ᠣᠶᠢᠯᠠᠭᠠᠵᠤ᠂ ᠠᠷᠭ᠎ᠠ ᠶᠢ ᠡᠷᠢᠵᠤ ᠣᠯᠵᠤ᠂ ᠲᠤᠷᠰᠢᠯᠭ᠎ᠠ ᠪᠠᠨ ᠳ᠋ᠦᠩᠨᠡᠨ᠂ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠶᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠠᠮ ᠤᠨ ᠡᠭᠦᠷ ᠢ ᠰᠠᠶᠢᠲᠤᠷ ᠪᠠᠶᠢᠭᠤᠯᠤᠨ᠂ ᠳᠠᠭᠠᠭᠤᠯᠤᠭᠴᠢ ᠶᠢ ᠰᠠᠶᠢᠲᠤᠷ ᠰᠣᠩᠭᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠪᠣᠯ ᠴᠢᠬᠤᠯᠠ ᠶᠤᠮ ᠭᠡᠵᠦ ᠵᠢᠭᠠᠵᠤ ᠭᠠᠷᠭᠠᠪᠠ᠃      ᠲᠣᠰᠬᠤᠨ ᠠᠴᠠ ᠠᠶᠠᠷᠯᠠᠨ ᠰᠠᠯᠬᠤ ᠦᠶ᠎ᠡ ᠳᠤ᠂ ᠰᠢ ᠶᠢᠨ ᠫᠢᠩ ᠨᠤᠲᠤᠭ ᠤᠨ ᠠᠬ᠎ᠠ ᠳᠡᠭᠦᠦ ᠨᠡᠷ ᠲᠤ᠂ ᠬᠤᠪᠢᠰᠬᠠᠯᠲᠤ ᠲᠠᠶᠢᠨ ᠤ ᠤᠨ ᠵᠢᠯ ᠤᠳ ᠤᠨ ᠶᠡᠭᠡ ᠦᠢᠯᠡᠳᠪᠦᠷᠢᠯᠡᠯ ᠤᠨ ᠬᠥᠳᠡᠯᠭᠡᠭᠡᠨ ᠳᠤ ᠴᠦ ᠲᠡᠷᠡ᠂ ᠰᠢᠨ᠎ᠡ ᠴᠠᠭ ᠦᠶ᠎ᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠴᠤ ᠲᠡᠷᠡ᠂ ᠬᠤᠤ ᠵᠢᠶᠠ ᠴᠢᠶᠣᠤ ᠶᠢᠨ ᠬᠥᠮᠦᠰ ᠢᠮᠠᠭᠲᠠ ᠰᠢᠷᠭᠠᠭᠤ ᠬᠠᠲᠠᠭᠤᠵᠢᠯᠲᠠᠢ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠪᠡ᠃ ᠲᠠ ᠨᠠᠷ ᠤᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠵᠣᠷᠢᠭᠲᠠᠶ ᠪᠠᠷ ᠲᠦᠷᠦᠭᠦᠯᠡᠨ ᠬᠢᠵᠦ᠂ ᠡᠷᠡᠯᠬᠡᠭᠯᠡᠨ ᠲᠡᠮᠡᠴᠡᠵᠦ᠂ ᠬᠤᠤ ᠵᠢᠶᠠ ᠴᠢᠶᠣᠤ ᠲᠣᠰᠬᠤᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃      ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号