ᠠᠷᠠᠳ ᠲᠦᠮᠡᠨ ᠳᠤ ᠪᠤᠳᠠᠳᠤ ᠶᠠᠪᠤᠳᠠᠯ ᠬᠢᠵᠤ ᠠᠷᠠᠳ ᠤᠨ ᠠᠮᠢᠳᠤᠷᠠᠯ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2021/9/23
     ᠰᠢᠷᠬᠤᠰᠤᠨ ᠪᠠᠯᠭᠠᠰᠤ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠪᠤᠳᠠᠳᠠᠢ ᠠᠵᠢᠯ ᠲᠠᠢ ᠪᠠᠨ ᠤᠶᠠᠯᠳᠤᠭᠤᠯᠵᠤ᠂ ᠡᠷᠦᠬᠡ ᠪᠠᠷ ᠬᠦᠨᠵᠡᠭᠡᠶᠢᠷᠡᠨ ᠠᠷᠠᠳ ᠤᠨ ᠪᠤᠳᠠᠳᠤ ᠪᠠᠶᠢᠳᠠᠯ ᠢ ᠤᠢᠢᠯᠠᠭᠠᠵᠤ᠂ ᠤᠯᠠᠨ ᠲᠦᠮᠡᠨ ᠳᠤ ᠱᠠᠭᠠᠷᠳᠠᠬᠳᠠᠵᠤ ᠪᠠᠶᠢᠭ᠎ᠠ ᠵᠢᠴᠢ ᠲᠡᠳᠡᠨ ᠤ ᠬᠦᠰᠡᠵᠤ ᠪᠠᠶᠢᠭ᠎ᠠ ᠠᠰᠠᠭᠤᠳᠠᠯ ᠤᠳ ᠢ ᠰᠢᠢᠳᠪᠦᠷᠢᠯᠡᠵᠤ᠂ ᠠᠷᠠᠳ ᠲᠦᠮᠡᠨ ᠳᠤ ᠦᠨᠡᠨ ᠬᠦ ᠪᠤᠳᠠᠳᠠᠢ ᠶᠠᠪᠤᠳᠠᠯ ᠪᠦᠳᠦᠭᠡᠵᠤ ᠪᠠᠶᠢᠨ᠎ᠠ᠃      ᠰᠢᠷᠬᠤᠰᠤᠨ ᠪᠠᠯᠭᠠᠰᠤᠨ ᠤ ᠤᠳᠠ ᠶᠢᠨ ᠭᠤᠤᠯ ᠲᠤᠰᠬᠤᠨ ᠤ ᠲᠤᠯᠤᠳᠤᠭᠠᠷ ᠬᠤᠷᠰᠢᠶ᠎ᠠ ᠳᠤ ᠬᠦᠷᠬᠦ ᠳᠤ ᠰᠢᠨᠡᠬᠡᠨ ᠲᠡᠪᠢᠰᠦᠭᠰᠡᠨ ᠲᠤᠭᠤᠰᠬᠠᠨ ᠵᠠᠮ ᠤᠤᠯ ᠤᠨ ᠡ᠊ᠡᠭᠭᠦᠯ ᠲᠤᠩᠬᠤᠯ ᠬᠦᠳᠡᠭᠡ ᠲᠤᠰᠬᠤᠨ ᠤ ᠵᠠᠮ ᠢ ᠤᠷᠤᠯᠠᠬᠰᠠᠨ ᠪᠠᠶᠢᠯ᠎ᠠ᠃ ᠲᠤᠰᠬᠤᠨ ᠤ ᠨᠠᠮ ᠤᠨ ᠡᠭᠦᠷ ᠤᠨ ᠱᠦᠵᠢ ᠶᠢᠨ ᠬᠢᠨᠢ ᠲᠠᠨᠢᠯᠴᠠᠭᠤᠯᠤᠬᠰᠠᠨ ᠢᠶᠠᠷ᠂ ᠲᠤᠰ ᠵᠠᠮ ᠪᠤᠯ ᠲᠤᠰᠬᠤᠨ ᠤ ᠲᠡᠵᠢᠬᠡᠪᠦᠷᠢ ᠶᠢᠨ ᠲᠠᠯᠠᠪᠠᠢ ᠪᠠ ᠤᠢᠢᠷ᠎ᠠ ᠬᠠᠪᠢ ᠶᠢᠨ ᠲᠤᠰᠬᠤᠨ ᠤ ᠠᠷᠠᠳ ᠤᠨ ᠶᠠᠪᠤᠵᠤ ᠰᠠᠭᠤᠬᠤ ᠴᠢᠬᠤᠯᠠ ᠵᠠᠮ ᠪᠠᠶᠢᠵᠤ᠂ ᠰᠢᠷᠬᠤᠰᠤᠨ ᠪᠠᠯᠭᠠᠰᠤᠨ ᠤ ᠨᠠᠮ ᠤᠨ ᠬᠤᠷᠢᠶ᠎ᠠ ᠤᠯᠠᠨᠳᠠ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠭᠰᠡᠨ ᠪᠠ ᠲᠤᠰᠬᠤᠨ ᠤ ᠠᠷᠠᠳ ᠠᠴᠠ ᠵᠠᠮ ᠵᠠᠰᠠᠬᠤ ᠰᠠᠨᠠᠯ ᠵᠦᠪᠯᠡᠯᠬᠡ ᠶᠢ ᠬᠤᠷᠢᠶᠠᠬᠰᠠᠨ ᠤ ᠲᠠᠷᠠᠭ᠎ᠠ ᠲᠤᠰᠬᠤᠨ ᠤ ᠨᠠᠮ ᠤᠨ ᠡᠭᠦᠷ᠂ ᠲᠤᠰᠬᠤᠨ ᠳᠤ ᠰᠠᠭᠤᠨ ᠠᠵᠢᠯᠯᠠᠵᠤ ᠪᠠᠶᠢᠭ᠎ᠠ ᠠᠩᠭᠢ ᠶᠢᠨ ᠬᠢᠨ ᠲᠠᠢ ᠤᠯᠠᠨ ᠲᠠᠯ᠎ᠠ ᠶᠢᠨ ᠵᠦᠪᠳᠡᠯᠴᠡᠭᠡ ᠬᠢᠭᠦ ᠪᠠᠷ ᠲᠠᠮᠵᠢᠨ ᠡᠨᠡ ᠬᠦ 1.6 ᠺᠢᠯᠤᠮᠧᠲᠷ ᠤᠷᠳᠤ ᠲᠤᠭᠤᠰᠬᠠᠨ ᠵᠠᠮ ᠢ ᠲᠡᠪᠢᠰᠴᠤ᠂ ᠤᠢᠢᠷ᠎ᠠ ᠬᠠᠪᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠲᠦᠭᠦᠮ ᠢ ᠦᠵᠡᠭᠦᠯᠵᠡᠢ᠃      ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠬᠦᠨᠵᠡᠬᠡᠢ ᠦᠷᠨᠢᠬᠦ ᠶᠢ ᠲᠠᠭᠠᠯᠳᠤᠨ ᠠᠷᠠᠳ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦ ᠬᠠᠯᠠᠭᠤᠨ ᠦᠷᠨᠢᠯᠲᠡ ᠰᠢᠷᠬᠤᠰᠤᠨ ᠪᠠᠯᠭᠠᠰᠤᠨ ᠳᠤ ᠦᠷᠭᠡᠨ ᠢᠶᠠᠷ ᠶᠠᠪᠤᠬᠳᠠᠵᠤ᠂ ︽ᠤᠶᠤᠨᠲᠤ ᠷᠠᠳᠢᠣ᠋ ᠲᠧᠯᠸᠢᠰ︾᠎ ᠤᠨ ᠲᠤᠤᠷ ᠰᠦᠯᠵᠢᠶ᠎ᠡ ᠶᠢ ᠪᠦᠷᠭᠦᠭᠦᠯᠭᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠴᠤ ᠡᠷᠴᠢᠮᠲᠡᠢ ᠶᠠᠪᠤᠬᠳᠠᠵᠤ᠂ ᠰᠦᠯᠵᠢᠶᠡᠨ ᠤ ᠺᠤᠮᠫᠠᠨᠢ ᠶᠢᠨ ᠪᠠᠷᠢᠯᠭ᠎ᠠ ᠶᠢᠨ ᠠᠩᠭᠢ ᠰᠦᠯᠵᠢᠶ᠎ᠡ ᠵᠠᠯᠭᠠᠬᠤ ᠲᠦᠭᠦᠭᠡᠷᠦᠮᠵᠢ ᠪᠠᠨ ᠤᠬᠰᠠᠷᠠᠭᠤᠯᠤᠨ ᠶᠠᠭᠠᠷᠠᠯᠳᠤᠵᠠᠭᠠᠨ᠎ᠠ᠃ ︽ᠤᠶᠤᠨᠳᠤ ᠷᠠᠳᠢᠣ᠋ ᠲᠧᠯᠸᠢᠰ ᠤᠨ ᠰᠦᠯᠵᠢᠶᠡᠨ ᠤ ᠦᠢᠯᠡᠴᠢᠯᠡᠭᠡ ᠶᠢ ᠬᠦᠳᠡᠭᠡ ᠲᠤᠰᠬᠤᠨ ᠳᠤ ᠨᠡᠪᠲᠡᠷᠡᠭᠦᠯᠭᠦ ᠢᠨᠵᠧᠨᠧᠷᠢᠩ︾᠎ ᠨᠢ ᠲᠤᠤᠷ ᠰᠦᠯᠵᠢᠶ᠎ᠡ ᠶᠢ ᠬᠦᠳᠡᠭᠡ ᠲᠤᠰᠬᠤᠨ ᠳᠤ ᠨᠡᠪᠲᠡᠷᠡᠭᠦᠯᠦᠨ᠂ ᠤᠯᠠᠨ ᠲᠦᠮᠡᠨ ᠳᠤ ᠲᠦᠷᠦ ᠶᠢᠨ ᠪᠤᠳᠤᠯᠭ᠎ᠠ᠂ ᠰᠤᠷᠭᠠᠨ ᠬᠦᠮᠦᠵᠢᠯ᠂ ᠬᠠᠤᠯᠢ ᠴᠠᠭᠠᠵᠠ᠂ ᠡᠮᠴᠢᠯᠡᠭᠡ ᠵᠡᠷᠭᠡ ᠤᠯᠠᠨ ᠲᠠᠯ᠎ᠠ ᠶᠢᠨ ᠦᠢᠯᠡᠴᠢᠯᠡᠭᠡ ᠶᠢ ᠬᠦᠷᠲᠡᠭᠡᠵᠤ᠂ ᠭᠡᠷ ᠲᠡᠭᠡᠨ ᠰᠠᠭᠤᠵᠤ ᠪᠠᠶᠢᠭᠠᠳ ᠮᠡᠳᠡᠭᠡ ᠵᠠᠩᠭᠢ ᠶᠢ ᠬᠦᠯᠢᠶᠡᠵᠤ ᠦᠢᠯᠡᠴᠢᠯᠡᠭᠡ ᠶᠢ ᠬᠦᠷᠲᠡᠵᠤ ᠲᠡᠶᠢᠯᠭᠦ ᠪᠤᠯᠵᠤ᠂ ᠮᠡᠳᠡᠭᠡ ᠵᠠᠩᠭᠢᠵᠢᠯᠲᠠ ᠶᠢᠨ ︽ᠡᠴᠦᠰ ᠤᠨ ᠨᠢᠬᠡ ᠺᠢᠯᠤᠮᠧᠲᠷ︾᠎ ᠢ ᠦᠨᠡᠨ ᠬᠦ ᠪᠡᠶᠡᠯᠡᠭᠦᠯᠵᠡᠢ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号