ᠦᠤᠰᠢᠨ ᠬᠤᠰᠢᠭᠤᠨ ᠤ 7000 ᠤᠷᠴᠢᠮ ᠡᠷᠤᠭᠡ ᠭᠡᠷ ᠭᠦᠷᠦᠩᠭᠡ ᠶᠢᠨ ᠦᠨᠡᠮᠯᠡᠯ ᠢᠶᠠᠨ ᠭᠠᠷᠳᠠᠯ᠎ᠠ
ᠨᠡᠶᠢᠲᠡᠯᠡᠭᠰᠡᠨ ᠴᠠᠭ᠄
2021/9/23
     ᠡᠨᠡ ᠵᠢᠯ ᠠᠴᠠ ᠨᠠᠭᠠᠰᠢ᠂ ᠤᠷᠳᠤᠰ ᠬᠤᠳᠠ ᠶᠢᠨ ᠦᠤᠰᠢᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠯᠠᠨ ᠳᠦᠮᠡᠨ ᠤ ᠭᠡᠷ ᠬᠦᠷᠦᠩᠭᠡ ᠶᠢᠨ ᠦᠨᠡᠮᠯᠡᠯ ᠢ ᠤᠯᠭᠤᠬᠤ ᠳᠤ ᠬᠦᠴᠢᠷ ᠪᠠᠶᠢᠬᠤ ᠠᠰᠠᠭᠤᠳᠠᠯ ᠢ ᠨᠠᠮ ᠤᠨ ᠳᠡᠤᠭᠡ ᠶᠢᠨ ᠰᠤᠷᠤᠯᠴᠠᠯᠭ᠎ᠠ ᠬᠦᠮᠦᠵᠢᠯ ᠤᠨ ︽ᠤᠯᠠᠨ ᠲᠦᠮᠡᠨ ᠳᠤ ᠪᠤᠳᠠᠳᠤ ᠶᠠᠪᠤᠳᠠᠯ ᠬᠢᠬᠦ︾ ᠠᠵᠢᠯᠯᠠᠭᠠᠨ ᠤ ᠳᠤᠮᠳᠠ ᠰᠢᠢᠳᠪᠤᠷᠢᠯᠡᠬᠦ ᠪᠠᠷ ᠴᠢᠬᠤᠯᠠᠴᠢᠯᠠᠨ ᠠᠳᠬᠤᠵᠦ᠂ ᠴᠢᠩᠭ᠎ᠠ ᠬᠢᠨᠠᠯᠳᠠ ᠳᠠᠯᠪᠢᠬᠤ ᠪᠠᠷ ᠳᠠᠮᠵᠢᠨ ᠭᠡᠷ ᠬᠦᠷᠦᠩᠭᠡ ᠶᠢᠨ ᠦᠨᠡᠮᠯᠡᠯ ᠢ ᠤᠯᠭᠤᠬᠤ ᠳᠤ ᠬᠦᠴᠢᠷ ᠪᠠᠶᠢᠬᠤ ᠠᠰᠠᠭᠤᠳᠠᠯ ᠤᠨ ᠳᠤᠰᠬᠠᠢ ᠴᠡᠭᠴᠡᠯᠡᠯᠳᠡ ᠶᠢ ᠦᠨᠡᠨ ᠬᠦ ᠪᠤᠳᠠᠳᠠᠶᠢᠵᠢᠭᠤᠯᠤᠨ᠂ ᠤᠯᠠᠨ ᠳᠦᠮᠡᠨ ᠤ ᠬᠦᠴᠢᠷᠳᠡᠯ ᠢ ᠰᠢᠢᠳᠪᠦᠷᠢᠯᠡᠭᠰᠡᠨ ᠪᠠᠶᠢᠨ᠎ᠠ᠃      ᠨᠢᠭᠡ ᠳᠤ᠂ ᠳᠤᠰᠬᠠᠢ ᠴᠡᠭᠴᠡᠯᠡᠯᠳᠡ ᠶᠢ ᠴᠢᠬᠤᠯᠠᠴᠢᠯᠠᠨ ᠠᠳᠬᠤᠵᠦ᠂ ᠡᠭᠦᠷᠭᠡ ᠬᠠᠷᠢᠭᠤᠴᠠᠯᠭ᠎ᠠ ᠶᠢ ᠲᠤᠳᠤᠷᠬᠠᠢᠢᠯᠠᠪᠠ᠃ ᠡᠨᠡ ᠵᠢᠯ ᠤᠨ 3 ᠰᠠᠷ᠎ᠠ ᠳᠤ ᠲᠡᠭᠡᠳᠦ ᠱᠠᠲᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠦᠤᠰᠢᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠠᠴᠠ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠠᠷ ᠲᠠᠢ ᠠᠵᠢᠯ ᠤᠨ ᠳᠤᠬᠢᠷᠠᠭᠤᠯᠤᠯᠳᠠ ᠶᠢᠨ ᠬᠤᠷᠠᠯ ᠪᠤᠯᠤᠨ ᠠᠬᠢᠭᠤᠯᠤᠯᠳᠠ ᠶᠢᠨ ᠬᠤᠷᠠᠯ ᠢ ᠤᠷᠢᠳ ᠬᠤᠵᠢᠳ ᠤᠯᠠᠨᠳᠠ ᠵᠤᠬᠢᠶᠠᠨ ᠪᠠᠶᠢᠭᠤᠯᠵᠦ᠂ ᠪᠠᠶᠢᠭᠤᠯᠭ᠎ᠠ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠳᠤᠳᠤᠳᠬᠠᠨ᠂ ᠭᠡᠷ ᠬᠦᠷᠦᠩᠬᠡ ᠶᠢᠨ ᠦᠢᠯᠡᠰ ᠤᠨ ᠬᠦᠷᠢᠶ᠎ᠠ ᠴᠠᠷᠠᠭᠠᠨ ᠳᠠᠬᠢ ᠭᠡᠷ ᠬᠦᠷᠦᠩᠭᠡ ᠶᠢᠨ ᠦᠨᠡᠮᠯᠡᠯ ᠢ ᠤᠯᠭᠤᠬᠤ ᠳᠤ ᠬᠦᠴᠢᠷ ᠪᠠᠶᠢᠬᠤ ᠦᠯᠡᠳᠡᠭᠳᠡᠯ ᠠᠰᠠᠭᠤᠳᠠᠯ ᠢ ᠰᠢᠢᠳᠪᠤᠷᠢᠯᠡᠬᠦ ᠳᠤᠬᠠᠢ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠤᠨ ᠳᠤᠰᠬᠠᠢ ᠪᠠᠶᠢᠷᠢᠯᠠᠭᠤᠯᠤᠯᠳᠠ ᠬᠢᠵᠦ ᠰᠠᠨᠠᠯ ᠵᠦᠪᠯᠡᠯᠭᠡ ᠳᠤᠷᠠᠳᠤᠭᠰᠠᠨ ᠪᠠᠶᠢᠪᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠤᠯᠠᠨ ᠳᠦᠮᠡᠨ ᠤ ᠭᠡᠷ ᠭᠦᠷᠦᠩᠭᠡ ᠶᠢᠨ ᠦᠨᠡᠮᠯᠡᠯ ᠢᠶᠠᠨ ᠠᠪᠬᠤ ᠳᠤ ᠬᠦᠴᠢᠷ ᠪᠠᠶᠢᠬᠤ ᠠᠰᠠᠭᠤᠳᠠᠯ ᠪᠤᠯ ᠠᠵᠤ ᠦᠢᠯᠡᠰ ᠡᠷᠬᠢᠯᠡᠬᠦ ᠤᠷᠴᠢᠨ ᠠᠬᠤᠢ ᠶᠢᠨ ᠰᠠᠶᠢᠨ ᠮᠠᠭᠤ ᠶᠢ ᠦᠨᠡᠯᠡᠬᠦ ᠴᠢᠬᠤᠯᠠ ᠪᠠᠷᠢᠮᠵᠢᠶᠠᠨ ᠤ ᠨᠢᠭᠡ ᠪᠤᠯᠤᠨ᠎ᠠ ᠭᠡᠳᠡᠭ ᠢ ᠬᠦᠢᠴᠡᠳ ᠦᠢᠯᠡᠭᠠᠵᠦ᠂ ᠡᠭᠦᠷᠭᠡ ᠬᠠᠷᠢᠭᠤᠴᠠᠯᠭ᠎ᠠ ᠪᠠᠨ ᠪᠤᠳᠠᠳᠠᠢ ᠨᠠᠶᠢᠳᠠᠪᠤᠷᠢᠵᠢᠭᠤᠯᠤᠨ᠂ ᠤᠷᠤᠰᠢᠵᠦ ᠪᠦᠬᠦᠢ ᠠᠰᠠᠭᠤᠳᠠᠯ ᠳᠤ ᠴᠢᠭᠯᠡᠭᠦᠯᠵᠦ ᠪᠠᠶᠢᠭᠠᠳ ᠬᠠᠮᠳᠤ ᠪᠠᠷ ᠬᠦᠳᠡᠯᠦᠯᠴᠡᠨ ᠬᠠᠷᠢᠯᠴᠠᠨ ᠬᠠᠮᠵᠢᠯᠴᠠᠵᠦ᠂ ᠤᠯᠠᠨ ᠲᠦᠮᠡᠨ ᠢ ᠳᠤᠲᠠᠭᠤ ᠬᠦᠶᠦᠯᠭᠡᠨ᠂ ᠨᠢᠭᠡ ᠡᠷᠤᠭᠡ ᠨᠦᠭᠦᠴᠡᠯ ᠪᠦᠷᠢᠯᠳᠦᠪᠡᠯ ᠨᠢᠭᠡ ᠡᠷᠤᠭᠡ ᠳᠤ ᠭᠠᠷᠭᠠᠵᠦ ᠦᠭᠬᠦ ᠵᠠᠷᠴᠢᠮ ᠢ ᠪᠠᠷᠢᠮᠳᠠᠯᠠᠨ᠂ ᠠᠰᠠᠭᠤᠳᠠᠯ ᠢ ᠳᠠᠷᠤᠢ ᠳᠦᠷᠭᠡᠨ ᠰᠢᠢᠳᠪᠦᠷᠢᠯᠡᠭᠰᠡᠨ ᠪᠠᠶᠢᠨ᠎ᠠ᠃      ᠬᠤᠶᠠᠷ ᠲᠤ᠂ ᠠᠵᠢᠯ ᠤᠨ ᠡᠬᠦᠷᠭᠡ ᠪᠠᠨ ᠪᠤᠳᠠᠳᠤ ᠠᠵᠢᠯᠯᠠᠭ᠎ᠠ ᠳᠡᠭᠡᠷ᠎ᠡ ᠨᠠᠶᠢᠳᠠᠪᠤᠷᠢᠵᠢᠭᠤᠯᠦᠨ᠂ ᠳᠤᠭ᠎ᠠ ᠪᠠᠷᠢᠮᠳᠠ ᠶᠢ ᠨᠠᠷᠢᠨ ᠳᠤᠳᠤᠷᠬᠠᠢ ᠦᠢᠯᠡᠭᠠᠵᠦ᠂ ᠠᠵᠢᠯ ᠤᠨ ᠰᠠᠭᠤᠷᠢ ᠪᠠᠨ ᠪᠠᠬᠢᠵᠢᠭᠦᠯᠪᠡ᠃ ᠬᠠᠮᠤᠭ ᠤᠨ ᠳᠡᠷᠢᠭᠦᠨ ᠳᠤ ᠬᠠᠮᠢᠶ᠎ᠠ ᠪᠦᠬᠦᠢ ᠪᠠᠶᠢᠭᠤᠯᠭ᠎ᠠ ᠠᠴᠠ ᠪᠦᠬᠦ ᠬᠤᠰᠢᠭᠤᠨ ᠤ ᠭᠡᠷ ᠬᠦᠷᠦᠩᠬᠡ ᠶᠢᠨ ᠦᠢᠯᠡᠰ ᠤᠨ ᠬᠦᠷᠢᠶ᠎ᠠ ᠴᠠᠷᠠᠭᠠᠨ ᠳᠠᠬᠢ ᠭᠡᠷ ᠬᠦᠷᠦᠩᠭᠡ ᠶᠢᠨ ᠦᠨᠡᠮᠯᠡᠯ ᠤᠯᠭᠤᠬᠤ ᠠᠵᠢᠯ ᠠᠴᠠ ᠭᠠᠷᠳᠠᠵᠤ᠂ ᠨᠡᠶᠢᠳᠡ 41 ᠰᠠᠭᠤᠭᠠᠯᠢ ᠳᠤᠭᠤᠷᠢᠭ ᠤᠨ 14914 ᠰᠠᠭᠤᠷᠢ ᠭᠡᠷ ᠪᠠᠶᠢᠰᠢᠩ ᠳᠤ ᠭᠡᠷ ᠭᠦᠷᠦᠩᠭᠡ ᠶᠢᠨ ᠦᠨᠡᠮᠯᠡᠯ ᠤᠯᠭᠤᠬᠤ ᠳᠤ ᠬᠦᠴᠢᠷᠲᠠᠢ ᠪᠠᠶᠢᠬᠤ ᠶᠢ ᠪᠠᠶᠢᠴᠠᠭᠠᠨ ᠭᠠᠷᠭᠠᠭᠰᠠᠨ ᠮᠦᠷᠳᠡᠭᠡᠨ ᠠᠰᠠᠭᠤᠳᠠᠯ ᠤᠨ ᠤᠷᠤᠰᠢᠵᠦ ᠪᠦᠬᠦᠢ ᠰᠢᠯᠳᠠᠭᠠᠨ ᠵᠢᠴᠢ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠨᠠᠷᠢᠪᠴᠢᠯᠠᠵᠦ ᠳᠤᠳᠤᠷᠬᠠᠢ ᠬᠠᠭᠤᠳᠠᠰᠤ ᠭᠠᠷᠭᠠᠭᠠᠳ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢᠭᠡᠴᠢ 6 ᠤᠳᠠᠭ᠎ᠠ ᠬᠦᠨᠵᠡᠭᠡᠶᠢᠷᠡᠵᠦ ᠪᠠᠶᠢᠳᠠᠯ ᠢ ᠤᠶᠢᠯᠠᠭᠠᠭᠰᠠᠨ ᠰᠠᠭᠤᠷᠢᠨ ᠲᠡᠭᠡᠷ᠎ᠡ ᠤᠷᠤᠰᠢᠵᠦ ᠪᠦᠭᠦᠢ ᠠᠰᠠᠭᠤᠳᠠᠯ ᠳᠤ ᠰᠢᠢᠳᠪᠤᠷᠢᠯᠡᠬᠦ ᠰᠠᠨᠠᠭᠤᠯᠭ᠎ᠠ ᠳᠤᠷᠠᠳᠴᠤ᠂ ᠪᠤᠳᠠᠳᠤ ᠠᠷᠭ᠎ᠠ ᠬᠡᠮᠵᠢᠶ᠎ᠡ ᠲᠤᠬᠲᠠᠭᠠᠪᠠ᠃      ᠤᠯᠠᠨ ᠳᠦᠮᠡᠨ ᠤ ᠠᠮᠢᠳᠤᠷᠠᠯ ᠪᠠ ᠠᠰᠢᠭ ᠳᠤᠰᠠ ᠲᠠᠢ ᠬᠤᠯᠪᠤᠭᠳᠠᠭᠰᠠᠨ ᠶᠠᠪᠤᠳᠠᠯ ᠪᠦᠬᠦᠨ ᠴᠦᠮ ᠴᠢᠬᠤᠯᠠ ᠶᠠᠪᠤᠳᠠᠯ ᠪᠤᠯᠬᠤ ᠪᠤᠯᠬᠤᠷ ᠦᠤᠰᠢᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠨᠢ ᠨᠠᠮ ᠤᠨ ᠳᠡᠤᠭᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭᠠᠨ ᠳᠤᠮᠳᠠ ᠤᠯᠠᠨ ᠳᠦᠮᠡᠨ ᠤ ᠳᠦᠯᠦᠭᠡ ᠦᠢᠯᠡᠴᠢᠯᠡᠬᠦ ᠵᠤᠷᠢᠯᠳᠠ ᠪᠠᠨ ᠪᠤᠳᠠᠳᠠᠢ ᠳᠤ ᠦᠢᠯᠡᠳᠦᠯᠭᠡᠵᠢᠭᠦᠯᠵᠦ᠂ ᠬᠢᠨᠠᠯᠳᠠ ᠳᠠᠯᠪᠢᠬᠤ ᠪᠠ ᠰᠢᠪᠠᠳᠠᠨ ᠪᠡᠶᠡᠯᠡᠬᠦᠯᠬᠦ ᠶᠢ ᠴᠢᠩᠭᠠᠳᠬᠠᠬᠤ ᠪᠠᠷ ᠳᠠᠮᠵᠢᠨ ᠤᠯᠠᠨ ᠳᠦᠮᠡᠨ ᠤ ᠭᠡᠷ ᠬᠦᠷᠦᠩᠭᠡ ᠶᠢᠨ ᠦᠨᠡᠮᠯᠡᠯ ᠤᠯᠭᠤᠬᠤ ᠳᠤ ᠬᠦᠴᠢᠷ ᠪᠠᠶᠢᠬᠤ ᠠᠰᠠᠭᠤᠳᠠᠯ ᠢ ᠴᠢᠳᠠᠮᠠᠭᠠᠢ ᠰᠢᠢᠳᠪᠤᠷᠢᠯᠡᠭᠰᠡᠨ ᠪᠠᠶᠢᠨ᠎ᠠ᠃ ᠦᠨᠦ ᠪᠤᠯᠲᠠᠯ᠎ᠠ 38 ᠰᠠᠭᠤᠭᠠᠯᠢ ᠳᠤᠭᠤᠷᠢᠭ ᠤᠨ 13843 ᠰᠠᠭᠤᠷᠢ ᠭᠡᠷ ᠪᠠᠶᠢᠰᠢᠩ ᠤᠨ ᠭᠡᠷ ᠬᠦᠷᠦᠩᠭᠡ ᠶᠢᠨ ᠦᠨᠡᠮᠯᠡᠯ ᠢ ᠤᠯᠭᠤᠬᠤ ᠨᠦᠭᠦᠴᠡᠯ ᠢ ᠪᠦᠷᠢᠯᠳᠦᠭᠦᠯᠵᠦ ᠠᠩᠬ᠎ᠠ ᠤᠳᠠᠭᠠᠨ ᠤ ᠳᠠᠩᠰᠠᠯᠠᠯᠳᠠ ᠶᠢ ᠪᠡᠶᠡᠯᠡᠭᠦᠯᠵᠤ᠂ 33 ᠰᠠᠭᠤᠭᠠᠯᠢ ᠳᠤᠭᠤᠷᠢᠭ ᠤᠨ 6947 ᠰᠠᠭᠤᠷᠢ ᠭᠡᠷ ᠪᠠᠶᠢᠰᠢᠩ ᠤᠨ ᠭᠡᠷ ᠬᠦᠷᠦᠩᠭᠡ ᠶᠢᠨ ᠦᠨᠡᠮᠯᠡᠯ ᠢ ᠨᠢᠭᠡᠨᠳᠡ ᠭᠠᠷᠳᠠᠭᠤᠯᠤᠬᠰᠠᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号