ᠬᠤᠳᠠ ᠶᠢᠨ ᠠᠵᠢᠯᠴᠢᠨ ᠤ ᠶᠡᠷᠤᠩᠬᠡᠢ ᠡᠪᠯᠡᠯ ᠤᠨ ᠲᠥᠷᠪᠡᠳᠤᠬᠡᠷ ᠬᠤᠭᠤᠴᠠᠭᠠᠨ ᠤ ᠲᠥᠷᠪᠡᠳᠤᠬᠡᠷ ᠪᠥᠬᠦᠳᠡ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2021/9/23
     9 ᠰᠠᠷ᠎ᠠ ᠶᠢᠨ 22᠎ ᠤᠨ ᠡᠳᠦᠷ᠂ ᠬᠤᠳᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠵᠣᠣ ᠹᠸᠢ ᠯᠦ ᠬᠤᠷᠠᠯ ᠳᠤ ᠤᠷᠤᠯᠴᠠᠭᠰᠠᠨ ᠤ ᠬᠠᠮᠳᠤ ᠶᠠᠷᠢᠶ᠎ᠠ ᠲᠠᠯᠪᠢᠪᠠ᠃      ᠬᠤᠷᠠᠯ ᠠᠴᠠ᠂ ᠬᠤᠳᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠥᠷᠪᠡᠳᠦᠭᠡᠷ ᠬᠤᠭᠤᠴᠠᠭᠠᠨ ᠤ ᠵᠥᠪᠯᠡᠯ ᠤᠨ ᠲᠡᠷᠢᠭᠦᠯᠡᠭᠴᠢ᠂ ᠪᠠᠶᠢᠩᠭᠤ ᠶᠢᠨ ᠳᠡᠳ᠋ ᠲᠡᠷᠢᠭᠦᠯᠡᠭᠴᠢ ᠶᠢ ᠰᠣᠩᠭᠤᠪᠠ︔ ︽ᠣᠷᠳᠣᠰ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠥᠷᠪᠡᠳᠦᠭᠡᠷ ᠬᠤᠭᠤᠴᠠᠭᠠᠨ ᠤ ᠵᠥᠪᠯᠡᠯ ᠤᠨ ᠳᠥᠷᠪᠡᠳᠦᠭᠡᠷ ᠪᠥᠬᠦᠳᠡ ᠬᠤᠷᠠᠯ ᠤᠨ ᠰᠣᠩᠭᠤᠭᠤᠯᠢ ᠶᠢᠨ ᠠᠷᠭ᠎ᠠ︾ ᠵᠡᠷᠭᠡ ᠶᠢ ᠬᠢᠨᠠᠨ ᠵᠥᠪᠯᠡᠵᠦ ᠪᠠᠲᠤᠯᠠᠨ᠂ ︽ᠣᠷᠳᠣᠰ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠥᠷᠪᠡᠳᠦᠭᠡᠷ ᠬᠤᠭᠤᠴᠠᠭᠠᠨ ᠤ ᠵᠥᠪᠯᠡᠯ ᠤᠨ ᠳᠥᠷᠪᠡᠳᠦᠭᠡᠷ ᠪᠥᠬᠦᠳᠡ ᠬᠤᠷᠠᠯ ᠤᠨ ᠰᠣᠩᠭᠤᠭᠤᠯᠢ ᠶᠢᠨ ᠶᠡᠷᠦᠩᠬᠡᠶ ᠪᠢᠯᠧᠲ ᠭᠢᠨᠠᠬᠴᠢ᠂ ᠪᠢᠯᠧᠲ ᠭᠢᠨᠠᠬᠴᠢ ᠶᠢᠨ ᠨᠡᠷᠡᠰ︾᠂ ︽ᠣᠷᠳᠣᠰ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠥᠷᠪᠡᠳᠦᠭᠡᠷ ᠬᠤᠭᠤᠴᠠᠭᠠᠨ ᠤ ᠵᠥᠪᠯᠡᠯ ᠤᠨ ᠭᠡᠰᠢᠭᠦᠨ ᠤ ᠵᠢᠱᠢᠭᠳᠡᠭᠰᠡᠳ ᠤᠨ ᠨᠡᠷᠡᠰ︾᠎ ᠢ ᠤᠩᠰᠢᠨ ᠪᠠᠲᠤᠯᠠᠪᠠ᠃ ᠬᠤᠷᠠᠯ ᠤᠨ ᠰᠣᠩᠭᠤᠭᠤᠯᠢ ᠪᠠᠷ ᠳᠠᠮᠵᠢᠭᠠᠳ᠂ 7 ᠭᠦᠮᠤᠨ ᠢ ᠬᠤᠳᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠥᠷᠪᠡᠳᠦᠭᠡᠷ ᠬᠤᠭᠤᠴᠠᠭᠠᠨ ᠤ ᠵᠥᠪᠯᠡᠯ ᠤᠨ ᠭᠡᠰᠢᠭᠦᠨ ᠢᠶᠠᠷ ᠨᠥᠬᠦᠨ ᠣᠷᠣᠯᠠᠭᠤᠯᠪᠠ᠃      ᠬᠤᠷᠠᠯ ᠠᠴᠠ᠂ ᠤᠢᠢᠷ᠎ᠠ ᠶᠢᠨ ᠵᠢᠯ ᠠᠴᠠ ᠨᠠᠭᠠᠰᠢ ᠪᠦᠬᠦ ᠬᠤᠳᠠ ᠶᠢᠨ ᠡᠯ᠎ᠡ ᠱᠠᠲᠤᠨ ᠤ ᠠᠵᠢᠯᠴᠢᠨ ᠤ ᠡᠪᠯᠡᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠥ᠂ ︽ᠲᠠᠪᠤᠨ ᠬᠡᠯᠪᠡᠷᠢ︾᠎ ᠶᠢᠨ ᠠᠵᠢᠯᠴᠢᠨ ᠤ ᠡᠪᠯᠡᠯ ᠢ ᠪᠠᠶᠢᠭᠤᠯᠬᠤ ᠪᠠᠷ ᠭᠤᠣᠯ ᠰᠢᠵᠢᠮ ᠪᠣᠯᠭᠠᠨ᠂ ᠠᠵᠢᠯᠳᠠᠨ ᠠᠵᠢᠯᠴᠢᠨ ᠤ ᠦᠵᠡᠯ ᠰᠠᠨᠠᠭ᠎ᠠ ᠶᠢ ᠬᠦᠳᠦᠯᠦᠨ ᠳᠠᠭᠠᠭᠤᠯᠬᠤ ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ᠂ ᠡᠷᠬᠡ ᠪᠠᠨ ᠬᠠᠮᠠᠭᠠᠯᠠᠬᠤ ᠦᠢᠯᠡᠴᠢᠯᠡᠭᠡ ᠬᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠦᠨᠡᠨᠴᠢ ᠰᠢᠳᠤᠷᠭᠤ ᠪᠠᠷ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠨ ᠲᠥᠷᠥᠯ ᠤᠨ ᠠᠵᠢᠯ ᠪᠦᠬᠦ ᠣᠷᠣᠨ ᠤ ᠡᠮᠦᠨ᠎ᠡ ᠡ᠊ᠩᠨᠡᠭᠡᠨ ᠳᠤ ᠤᠷᠤᠵᠠᠢ ᠬᠡᠵᠥ ᠵᠢᠭᠠᠵᠥ ᠭᠠᠷᠭᠠᠪᠠ᠃ ᠬᠤᠷᠠᠯ ᠠᠴᠠ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠂ ᠠᠵᠢᠯᠳᠡᠨ ᠠᠵᠢᠯᠴᠢᠨ ᠳᠤ ᠦᠢᠯᠡᠴᠢᠯᠡᠬᠦ ᠲᠤᠭᠤᠷᠢᠨ ᠳᠤ ᠨᠠᠶᠢᠳᠠᠪᠤᠷᠢᠵᠢᠭᠤᠯᠤᠯᠳᠠ ᠶᠢ ᠠᠳᠬᠤᠵᠤ᠂ ᠠᠵᠢᠯᠳᠡᠨ ᠠᠵᠢᠯᠴᠢᠨ ᠢᠶᠠᠷ ᠭᠤᠣᠯ ᠪᠣᠯᠭᠠᠨ ᠡᠷᠬᠡ ᠪᠠᠨ ᠬᠠᠮᠠᠭᠠᠯᠠᠬᠤ ᠠᠵᠢᠯ ᠢ ᠰᠠᠶᠢᠲᠤᠷ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠪᠥᠬᠦ ᠬᠤᠲᠠ ᠶᠢᠨ ᠥᠷᠭᠡᠨ ᠣᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠶᠢᠴᠢᠯᠠᠵᠤ ᠪᠠᠶᠢᠭᠠᠳ ᠵᠠᠪᠠᠯ ᠢᠯᠠᠬᠤ ᠵᠣᠷᠢᠭ ᠰᠠᠨᠠᠭ᠎ᠠ ᠶᠢ ᠪᠣᠶ ᠪᠣᠯᠭᠠᠵᠤ᠂ ᠪᠦᠯᠬᠦᠮᠳᠡᠯ ᠤᠨ ᠬᠦᠴᠦᠨ ᠢ ᠨᠢᠭᠲᠠᠷᠠᠭᠤᠯᠤᠨ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠥᠬᠡᠶ ᠪᠠᠷ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠠᠵᠢᠯᠴᠢᠨ ᠤ ᠡᠪᠯᠡᠯ ᠤᠨ ᠰᠢᠨ᠎ᠡ ᠳᠦᠷᠰᠦ ᠪᠠᠶᠢᠳᠠᠯ ᠢ ᠪᠣᠶ ᠪᠣᠯᠭᠠᠨ᠂ ︽ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠤᠷᠢᠳ ᠢᠶᠠᠷ ᠬᠡᠷᠡᠭᠵᠢᠬᠦᠯᠬᠦ ᠣᠷᠣᠨ ᠢ ᠪᠥᠲᠥᠭᠡᠨ ᠪᠠᠶᠢᠭᠤᠯᠬᠤ ︾ ᠣᠷᠳᠣᠰ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠳᠠᠬᠢᠨᠲᠠ ᠰᠢᠨ᠎ᠡ ᠵᠢᠳᠭᠦᠯ ᠴᠢᠷᠮᠠᠶᠢᠯᠭ᠎ᠠ ᠭᠠᠷᠭᠠᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠬᠡᠷᠡᠭᠲᠡᠶ ᠭᠡᠵᠥ ᠴᠢᠬᠤᠯᠠᠴᠢᠯᠠᠵᠠᠢ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号