ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠢᠳᠡᠭ ᠵᠦᠴᠦᠭᠡ ᠶᠢᠨ ᠦᠵᠡᠭᠦᠯᠭᠡ ᠶᠢᠨ  ᠲᠤᠬᠯᠠᠯᠳᠡ ᠶᠢᠨ ᠰᠠᠷ᠎ᠠ ᠶᠢᠨ ᠠᠵᠢᠯᠯᠠᠭ᠎ᠠ ᠤᠷᠳᠤᠰ ᠲᠤ ᠡᠬᠢᠯᠡᠯ᠎ᠡ                                11 ᠰᠢᠯᠢᠳᠡᠭ ᠵᠦᠴᠦᠭᠡ ᠦᠵᠡᠭᠴᠢᠳ ᠤᠨ ᠰᠤᠨᠤᠷ ᠢ ᠮᠢᠯᠢᠶᠠᠬᠤ ᠪᠠᠷ ᠪᠤᠢ
ᠨᠡᠶᠢᠲᠡᠯᠡᠭᠰᠡᠨ ᠴᠠᠭ᠄
2021/9/23
     9 ᠰᠠᠷ᠎ᠠ ᠶᠢᠨ 20᠎ ᠤ ᠡᠳᠦᠷ ᠠᠴᠠ ᠡᠬᠢᠯᠡᠨ ᠶᠢᠰᠦᠨ ᠡᠳᠦᠷ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠦᠴᠦᠭᠡ ᠶᠢ ᠮᠠᠨ ᠤ ᠬᠤᠳᠠ ᠳᠤ ᠳᠡᠯᠭᠡᠨ ᠦᠵᠡᠭᠦᠯᠬᠦ ᠪᠠᠷ ᠪᠠᠶᠢᠨ᠎ᠠ᠃ 11 ᠲᠤᠬᠯᠠᠯᠳᠠ ᠨᠢ ᠢᠯᠡ ᠲᠣᠳᠣᠷᠬᠠᠢ ᠭᠤᠤᠯ ᠰᠡᠳᠦᠪ ᠤᠨ ᠲᠤᠭᠤᠷᠢᠨ ᠳᠤ ᠭᠤᠣᠯ ᠬᠥᠭ ᠠᠶ᠋ᠰ ᠢᠶᠠᠨ ᠪᠠᠳᠠᠷᠠᠭᠤᠯᠤᠬᠰᠠᠨ ᠲᠠᠯ᠎ᠠ ᠪᠠᠷ ᠦᠯᠢᠭᠡᠷ ᠲᠠᠭᠤᠷᠢᠶᠠᠯ ᠪᠤᠯᠵᠦ ᠬᠥᠲᠥᠯᠦᠨ ᠳᠠᠭᠠᠭᠤᠯᠬᠤ ᠦᠢᠯᠡᠳᠦᠯ ᠲᠠᠢ ᠰᠢᠯᠢᠳᠡᠭ ᠵᠦᠴᠦᠬᠡ ᠪᠠᠶᠢᠭ᠎ᠠ ᠶᠤᠮ᠃ ᠲᠤᠰ ᠤᠳᠠᠭᠠᠨ ᠤ ᠵᠦᠴᠦᠬᠡ ᠶᠢᠨ ᠳᠡᠯᠭᠡᠨ ᠥᠵᠡᠭᠦᠯᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠭᠰᠡᠨ 18 ᠭᠤᠣᠯᠳᠠᠯᠭ᠎ᠠ ᠲᠠᠢ ᠲᠠᠶᠢᠰᠠᠨ ᠤ ᠵᠦᠴᠦᠭᠡ ᠵᠢᠴᠢ ᠰᠢᠨ᠎ᠡ ᠪᠠᠷ ᠵᠤᠬᠢᠶᠠᠨ ᠪᠦᠳᠦᠬᠡᠵᠦ ᠲᠠᠬᠢᠨ ᠲᠤᠬᠯᠠᠬᠰᠠᠨ ᠵᠦᠴᠦᠭᠡ ᠶᠢᠨ ᠭᠢᠨᠢ ᠰᠢᠯᠢᠳᠡᠭ ᠤᠨ ᠲᠤᠳᠤᠷᠠᠬᠢ ᠰᠢᠯᠢᠳᠡᠭ ᠪᠤᠯᠬᠤ ᠶᠤᠮ᠃      ᠲᠤᠰ ᠠᠵᠢᠯᠯᠠᠭ᠎ᠠ ᠳᠤ ᠪᠠᠰᠠ ᠥᠪᠥᠷ ᠮᠣᠩᠭᠤᠯ ᠤᠨ ᠲᠠᠶᠢᠰᠠᠨ ᠤ ᠤᠷᠠᠯᠢᠭ ᠤᠨ ᠵᠦᠴᠦᠭᠡ ᠶᠢᠨ ᠣᠳᠣᠬᠢ ᠪᠠᠶᠢᠳᠠᠯ᠂ ᠬᠥᠭᠵᠢᠯᠲᠡ ᠶᠢᠨ ᠴᠢᠭᠯᠡᠯ ᠵᠡᠷᠭᠡ ᠠᠭᠤᠯᠭ᠎ᠠ ᠪᠠᠷ ᠰᠢᠯᠢᠳᠡᠭ ᠵᠦᠴᠦᠭᠡ ᠶᠢᠨ ᠰᠤᠳᠤᠯᠤᠨ ᠶᠠᠷᠢᠯᠴᠠᠬᠤ ᠬᠤᠷᠠᠯ ᠢ ᠬᠠᠮᠳᠤ ᠳᠤᠨᠢ ᠥᠷᠨᠢᠭᠦᠯᠬᠦ ᠪᠤᠯᠤᠨ᠎ᠠ᠃      ᠦᠢᠯᠠᠭᠠᠬᠰᠠᠨ ᠢᠶᠠᠷ᠂ 9 ᠰᠠᠷ᠎ᠠ ᠶᠢᠨ 20᠎ ᠤ ᠡᠳᠦᠷ ᠠᠴᠠ 30᠎ ᠤ ᠡᠳᠦᠷ ᠪᠣᠯᠲᠠᠯ᠎ᠠ ᠣᠷᠳᠣᠰ ᠵᠦᠴᠦᠭᠡ ᠶᠢᠨ ᠬᠦᠷᠢᠶᠡᠯᠡᠩ᠂ ᠡᠵᠡᠨ ᠬᠤᠷᠤᠭ᠎ᠠ ᠬᠤᠰᠢᠭᠤᠨ ᠤ ᠵᠦᠴᠦᠭᠡ ᠶᠢᠨ ᠬᠦᠷᠢᠶᠡᠯᠡᠩ ᠳᠤ ᠲᠤᠰ ᠪᠦᠷᠢ ᠲᠤᠬᠯᠠᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号