ᠠᠷᠠᠳ ᠤᠨ ᠲᠠᠭᠤᠤ ᠶᠢᠨ ᠴᠢᠮᠪᠡᠢ ᠤᠯᠠᠮᠵᠢᠯᠠᠬᠴᠢ ᠤᠳᠤᠨᠬᠤᠸᠠᠷ
ᠨᠡᠶᠢᠲᠡᠯᠡᠭᠰᠡᠨ ᠴᠠᠭ᠄
2021/9/24
     ︽ᠳᠠᠭᠤᠤ ᠦᠪᠡᠷ ᠢᠶᠠᠨ ᠵᠢᠭᠦᠷ ᠲᠠᠢ᠂ ᠳᠠᠭᠤᠴᠢᠨ ᠲᠡᠭᠦᠨ ᠢ ᠨᠢᠰᠬᠡᠳᠡᠭ︾ ᠭᠡᠵᠦ ᠲᠤᠷᠭᠠᠨ ᠬᠤᠭᠤᠯᠠᠢ ᠲᠠᠢ ᠳᠠᠭᠤᠴᠢᠳ ᠢ ᠠᠷᠠᠳ ᠲᠦᠮᠡᠨ ᠮᠠᠨᠢ ᠲᠤᠭᠤᠵᠤ ᠮᠠᠭᠳᠠᠬᠤ ᠳᠠᠭᠠᠨ ᠲᠡᠬᠡᠵᠦ ᠨᠡᠷᠡᠯᠡᠳᠡᠭ ᠠᠵᠢ᠃ ᠤᠲᠤᠭ ᠤᠨ ᠡᠮᠦᠨᠡᠲᠦ ᠬᠤᠰᠢᠭᠤᠨ ᠤ ᠨᠠᠩᠰᠤ ᠪᠠᠯᠭᠠᠰᠤ ᠶᠢᠨ ᠬᠠᠷᠠᠭᠠᠨᠠᠲᠤ ᠭᠠᠴᠠᠭᠠᠨ ᠳᠤ ᠨᠤᠲᠤᠭ ᠲᠠᠢ ᠤᠳᠤᠨᠬᠤᠸᠠᠷ ᠪᠤᠯ ᠶᠠᠭ ᠡᠨᠡ ᠬᠦ ᠡᠷᠭᠦᠮᠵᠢᠯᠡᠯ ᠬᠦᠨᠳᠦᠳᠬᠡᠯ ᠢ ᠠᠷᠠᠳ ᠤᠯᠠᠨ ᠠᠴᠠ ᠪᠠᠨ ᠦᠪᠯᠡᠵᠦ ᠶᠠᠪᠤᠭ᠎ᠠ ᠰᠤᠳᠤᠨ ᠤᠷᠠᠯᠢᠬᠴᠢᠨ ᠪᠢᠯᠡ᠃      ᠮᠠᠯᠴᠢᠨ ᠤ ᠦᠷ᠎ᠠ ᠪᠤᠯᠤᠬᠰᠠᠨ ᠤᠳᠤᠨᠬᠤᠸᠠᠷ ᠬᠠᠷᠠᠬᠠᠨ ᠪᠠᠭ᠎ᠠ ᠠᠴᠠ ᠪᠠᠨ ᠠᠪᠤ ᠡᠵᠢ ᠶᠢᠨ ᠨᠦᠯᠦᠬᠡᠯᠡᠯ ᠢᠶᠠᠷ᠂ ᠠᠷᠠᠳ ᠤᠨ ᠳᠠᠭᠤᠤ᠂ ᠨᠤᠲᠤᠭ ᠤᠨ ᠬᠦᠭᠵᠢᠮ ᠤᠨ ᠰᠢᠳᠢᠳᠦ ᠬᠦᠴᠦᠨ ᠳᠤ ᠳᠠᠲᠠᠭᠳᠠᠵᠤ᠂ ᠠᠪᠤ ᠡᠵᠢ ᠠᠴᠠ ᠬᠠᠶᠢᠷᠠᠯᠠᠭᠰᠠᠨ ᠠᠪᠢᠶᠠᠰ ᠪᠢᠯᠢᠭ ᠢᠶᠠᠨ ᠴᠢᠷᠮᠠᠶᠢᠯᠭ᠎ᠠ ᠵᠢᠳᠬᠦᠯ ᠢᠶᠠᠷ ᠤᠮᠳᠠᠯᠠᠵᠤ᠂ ᠤᠷᠳᠤᠰ ᠠᠷᠠᠳ ᠤᠨ ᠲᠠᠭᠤᠤ ᠲᠠᠢ ᠬᠤᠪᠤᠷ ᠨᠠᠨᠳᠢᠨ ᠬᠤᠪᠢ ᠪᠠᠷᠢᠯᠳᠤᠯᠭ᠎ᠠ ᠲᠠᠢ ᠪᠤᠯᠤᠭᠠᠳ ᠰᠠᠶᠢᠬᠠᠨ ᠴᠤ ᠳᠠᠭᠤᠯᠠᠳᠠᠭ ᠤᠷᠠᠯᠢᠭᠴᠢᠨ ᠪᠤᠯᠵᠡᠢ᠃ ᠲᠡᠷᠡ ᠳᠡᠭᠡᠷ᠎ᠡ ᠵᠠᠭᠤᠨ ᠤ ᠨᠠᠶᠠᠭᠠᠳ ᠤᠨ ᠤ ᠡᠬᠢ ᠪᠠᠷ ᠤᠤᠯ ᠤᠨ ᠶᠡᠭᠡ ᠵᠤᠤ ᠠᠶᠢᠮᠠᠭ ᠤᠨ ᠦᠨᠳᠦᠰᠦᠲᠡᠨ ᠤ ᠪᠠᠭᠰᠢ ᠶᠢᠨ ᠰᠤᠷᠭᠠᠭᠤᠯᠢ ᠳᠤ ᠰᠤᠷᠤᠯᠴᠠᠵᠤ᠂ ᠲᠠᠭᠤᠤ ᠬᠦᠭᠵᠢᠮ ᠤᠨ ᠲᠤᠰᠬᠠᠢ ᠮᠡᠷᠬᠡᠵᠢᠯ ᠢᠶᠠᠷ ᠦᠪᠡᠷ ᠤᠨ ᠤᠷ᠎ᠠ ᠴᠢᠳᠠᠪᠤᠷᠢ ᠪᠠᠨ ᠲᠡᠭᠡᠭᠰᠢᠯᠡᠭᠦᠯᠵᠦ᠂ ᠬᠤᠵᠢᠮ ᠰᠡᠬᠦᠯᠡᠷ ᠨᠢ ᠠᠯᠳᠠᠷᠳᠤ ᠲᠠᠭᠤᠴᠢᠨ ᠵᠠᠮᠰᠤ ᠶᠢᠨ ᠠᠴᠢ ᠪᠠᠷᠢ ᠨᠢ ᠪᠤᠯᠵᠦ ᠶᠠᠪᠤᠬᠤ ᠳᠠᠭᠠᠨ ᠨᠠᠩ ᠴᠤ ᠠᠷᠠᠳ ᠤᠨ ᠲᠠᠭᠤᠤ ᠶᠢᠨ ᠷᠢᠳᠢ ᠰᠢᠳᠢ ᠳᠤ ᠲᠠᠳᠠᠬᠳᠠᠨ ᠲᠦᠴᠢᠬᠡᠳ ᠵᠢᠯ ᠤᠨ ᠲᠤᠷᠰᠢ ᠠᠷᠠᠳ ᠤᠨ ᠲᠠᠭᠤᠤ ᠲᠠᠢ ᠪᠠᠨ ᠨᠠᠶᠢᠵᠠᠯᠠᠨ ᠪᠠᠶᠢᠵᠦ ᠬᠢᠴᠢᠶᠡᠩᠬᠦ᠋ᠢᠯᠡᠡ ᠵᠢᠳᠬᠦᠭᠰᠡᠬᠡᠷ ᠢᠷᠡᠵᠡᠢ᠃      ︽ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ ᠠᠩᠬᠠᠨ ᠤ ᠦᠶ᠎ᠠ ᠶᠢᠨ ᠲᠠᠷᠬᠠᠨ ᠲᠠᠭᠤᠴᠢᠨ᠂ ᠤᠷᠳᠤ ᠶᠢᠨ ᠲᠠᠭᠤᠤ ᠶᠢᠨ ᠸᠠᠩ — ᠵᠠᠮᠰᠤ︾᠎ ᠶᠢᠨ ᠦᠢᠯᠡᠰ ᠢ ᠭᠠᠵᠠᠷᠳᠠᠭᠤᠯᠬᠤ ᠦᠬᠡᠢ᠂ ᠵᠠᠯᠭᠠᠮᠵᠢᠯᠠᠵᠦ ᠶᠠᠪᠤᠶ᠎ᠠ ᠬᠡᠰᠡᠨ ᠵᠤᠷᠢᠯᠳᠠ ᠪᠠᠷ᠂ ᠤᠳᠤᠨᠬᠤᠸᠠᠷ 2015 ᠤᠨ ᠠᠴᠠ ᠡᠬᠢᠯᠡᠨ ᠤᠷᠳᠤᠰ ᠠᠷᠠᠳ ᠤᠨ ᠳᠠᠭᠤᠤ ᠶᠢᠨ ᠢᠵᠠᠭᠤᠷ ᠳᠠᠭᠤᠯᠠᠬᠤᠢ ᠶᠢᠨ ᠠᠩᠭᠢ ᠶᠢ ᠡᠷᠬᠢᠯᠡᠵᠦ᠂ ᠠᠷᠠᠳ ᠤᠨ ᠲᠠᠭᠤᠤ ᠶᠢ ᠤᠯᠠᠮᠵᠢᠯᠠᠵᠦ ᠬᠦᠭᠵᠢᠬᠦᠯᠬᠦ ᠦᠢᠯᠡᠰ ᠲᠤ ᠪᠦᠬᠦ ᠰᠡᠳᠬᠢᠯ ᠢᠶᠠᠷ ᠢᠶᠠᠨ ᠴᠢᠷᠮᠠᠶᠢᠨ ᠵᠢᠳᠬᠦᠵᠡᠢ᠃ ᠡᠬᠦᠨ ᠠᠴᠠ ᠭᠠᠳᠠᠨ᠎ᠠ᠂ ᠤᠲᠤᠭ ᠤᠨ ᠡᠮᠦᠨᠡᠲᠦ ᠬᠤᠰᠢᠭᠤᠨ ᠤ ᠦᠨᠳᠦᠰᠦᠲᠡᠨ ᠤ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠬᠢᠴᠢᠶᠡᠯᠯᠡᠭᠴᠢ ᠪᠠᠭᠰᠢ ᠪᠠᠷ ᠠᠵᠢᠯᠯᠠᠵᠤ᠂ ᠠᠶᠠᠯᠭᠤ ᠡᠭᠡᠰᠢᠭ ᠢᠶᠠᠷ ᠠᠮᠢᠳᠤᠷᠠᠯ ᠢᠶᠠᠨ ᠭᠡᠷᠡᠯᠲᠦᠭᠦᠯᠵᠦ᠂ ᠠᠷᠠᠳ ᠤᠨ ᠳᠠᠭᠤᠤ ᠪᠠᠷ ᠤᠷᠮ᠎ᠡ ᠪᠠᠨ ᠰᠡᠷᠭᠦᠭᠡᠳᠡᠭ ᠬᠦᠮᠦᠰ ᠲᠤ ᠰᠤᠷᠴᠤ ᠬᠤᠷᠠᠮᠳᠤᠭᠤᠯᠤᠭᠰᠠᠨ ᠮᠡᠳᠡᠯᠭᠡ ᠪᠠᠨ ᠬᠠᠷᠠᠮ ᠦᠭᠡᠢ ᠵᠢᠭᠠᠵᠤ ᠶᠠᠪᠤᠨᠠᠮ᠃ ︽ᠠᠷᠠᠳ ᠤᠨ ᠲᠠᠭᠤᠤ ᠪᠠᠨ ᠠᠷᠠᠳ ᠲᠦᠮᠡᠨ ᠲᠠᠭᠤᠯᠠᠬᠤ ᠶᠤᠰᠤᠳᠡᠢ︾ ᠬᠡᠮᠡᠨ ᠲᠡᠷᠡ ᠪᠠᠰᠠ ᠦᠨᠳᠦᠰᠦᠨ ᠱᠠᠳᠤᠨ ᠳᠤ ᠪᠠᠶᠢᠭ᠎ᠠ ᠮᠠᠯᠴᠢᠳ ᠤᠨ ᠤᠷᠠᠯᠢᠭ ᠤᠨ ᠪᠦᠯᠬᠦᠮ ᠤᠳ ᠢᠶᠠᠷ ᠲᠠᠭᠤᠯᠠᠬᠤ ᠠᠷᠭ᠎ᠠ ᠪᠠᠨ ᠦᠨ᠎ᠠ ᠲᠦᠯᠦᠪᠦᠷᠢ ᠦᠬᠡᠢ ᠵᠢᠭᠠᠨ ᠵᠢᠯᠤᠭᠤᠳᠴᠤ ᠶᠠᠪᠤᠬᠰᠠᠨ ᠪᠠᠶᠢᠨ᠎ᠠ᠃ ᠲᠡᠷᠡ ᠪᠠᠷ ᠤᠷᠳᠤᠰ ᠠᠷᠠᠳ ᠤᠨ ᠲᠠᠭᠤᠤ ᠶᠢ ᠢᠵᠠᠭᠤᠷ ᠬᠡᠪ ᠨᠠᠮᠪᠠ ᠲᠠᠢ᠂ ᠤᠶᠠᠩᠭᠠᠯᠢᠭ᠂ ᠴᠡᠬᠡᠯᠬᠡᠨ ᠲᠠᠭᠤᠯᠠᠳᠠᠭ ᠠᠪᠢᠶᠠᠰ ᠠᠴᠠ ᠪᠠᠨ ᠢᠯᠡᠬᠦᠦ ᠡᠨᠡ ᠬᠦ ᠦᠢᠯᠡᠰ ᠲᠤ ᠬᠢᠴᠢᠶᠠᠨ ᠵᠢᠳᠬᠦᠭᠰᠡᠨ ᠦᠨᠡᠨᠴᠢ ᠴᠠᠶᠢᠯᠭᠠᠨ ᠰᠡᠳᠬᠢᠯ ᠢᠶᠠᠷ ᠢᠶᠠᠨ ᠬᠦᠮᠦᠰ ᠲᠤ ᠲᠠᠭᠠᠰᠢᠶᠠᠬᠳᠠᠵᠡᠢ᠃ ︽ᠰᠠᠶᠢᠨ ᠪᠠᠭᠰᠢ ᠠᠴᠠ ᠰᠤᠤᠲᠤ ᠱᠠᠪᠢ ᠬᠦᠮᠦᠵᠢᠨ᠎ᠡ︾ ᠭᠡᠳᠡᠭ ᠢᠶᠠᠷ ᠤᠳᠤᠨᠬᠤᠸᠠᠷ ᠤᠨ ᠰᠤᠷᠭᠠᠵᠤ ᠬᠦᠮᠦᠵᠢᠭᠦᠯᠦᠭᠰᠠᠨ 200 ᠭᠠᠷᠤᠢ ᠰᠤᠷᠤᠭᠴᠢ ᠱᠠᠪᠢᠨᠠᠷ ᠨᠢ ᠴᠤ ᠠᠪᠢᠶᠠᠰ ᠴᠢᠳᠠᠪᠤᠷᠢ ᠪᠠᠨ ᠬᠦᠢᠴᠡᠳ ᠪᠠᠳᠠᠷᠠᠭᠤᠯᠵᠤ ᠂ ᠠᠮᠵᠢᠯᠲᠠ ᠪᠦᠲᠦᠮᠵᠢ ᠲᠠᠢ ᠭᠢᠯᠠᠷᠠᠭᠤᠯᠤᠬᠰᠠᠭᠠᠷ ᠪᠠᠶᠢᠨ᠎ᠠ᠃      ᠤᠳᠤᠨᠬᠤᠸᠠᠷ ᠤᠯᠤᠰ ᠤᠨ ᠳᠤᠲᠤᠭᠠᠳᠤ ᠭᠠᠳᠠᠭᠠᠳᠤ ᠶᠢᠨ ᠤᠷᠤᠯᠳᠤᠭᠠᠨ ᠪᠤᠯᠤᠨ ᠤᠷᠠᠯᠢᠭ ᠤᠨ ᠴᠢᠭᠤᠯᠭᠠᠨ ᠳᠤ ᠤᠯᠠᠨᠲᠠ ᠤᠷᠤᠯᠴᠠᠵᠦ᠂ ᠱᠠᠩᠨᠠᠯ ᠬᠦᠬᠢᠭᠦᠯᠦᠯ᠂ ᠦᠨᠳᠦᠷ ᠦᠨᠡᠯᠡᠯᠲᠡ ᠶᠢ ᠴᠦᠬᠡᠡ ᠪᠤᠰᠤ ᠬᠦᠷᠲᠡᠭᠰᠡᠨ ᠪᠠᠶᠢᠳᠠᠭ᠃      ☆2012 ᠤᠨ ᠳᠤ ᠬᠤᠲᠠ ᠶᠢᠨ ᠳᠡᠰ ᠤᠨ ᠤᠷᠳᠤᠰ ᠠᠷᠠᠳ ᠤᠨ ᠪᠤᠭᠤᠨᠢ ᠳᠠᠭᠤᠤ ᠶᠢᠨ ᠲᠦᠯᠦᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ︔      ☆ 2014 ᠤᠨ ᠳᠤ ︽ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ ᠠᠩᠬᠠᠨ ᠤ ᠦᠶ᠎ᠡ ᠶᠢᠨ ᠲᠠᠷᠬᠠᠨ ᠲᠠᠭᠤᠴᠢᠨ᠂ ᠤᠷᠲᠤ ᠶᠢᠨ ᠳᠠᠭᠤᠤ ᠶᠢᠨ ᠸᠠᠩ — ᠵᠠᠮᠰᠤ︾ ᠪᠠᠭᠰᠢ ᠶᠢᠨ ᠳᠠᠭᠤᠯᠠᠬᠤᠢ ᠶᠢᠨ ᠠᠷᠭ᠎ᠠ ᠮᠡᠷᠭᠡᠵᠢᠯ ᠤᠨ ᠦᠪᠯᠡᠨ ᠤᠯᠠᠮᠵᠢᠯᠠᠭᠴᠢ ᠪᠤᠯᠪᠠ᠃      ᠵᠠᠪᠰᠢᠶᠠᠨ ᠲᠠᠢ ᠪᠤᠯ ᠳᠡᠷᠭᠡᠳᠡ ᠳᠤᠨᠢ ᠰᠠᠭᠤᠭᠠᠳ ᠳᠠᠭᠤᠯᠠᠬᠤ ᠶᠢ ᠨᠢ ᠰᠤᠨᠤᠰᠬᠤ ᠳᠤ ᠦᠪᠡᠷ ᠤᠨ ᠡᠷᠬᠡ ᠦᠭᠡᠢ ᠰᠡᠳᠬᠢᠯ ᠳᠤᠭᠳᠤᠯᠵᠤ᠂ ᠴᠡᠭᠡᠵᠢ ᠤᠩᠭᠤᠢᠢᠭᠠᠳ ᠢᠷᠡᠭᠰᠡᠨ ᠨᠢ ᠭᠠᠶᠢᠬᠠᠯᠲᠠᠢ ᠶᠤᠮ᠃ ᠤᠷᠠᠯᠢᠭ ᠤᠨ ᠰᠠᠶᠢᠬᠠᠨ ᠤᠷᠠᠨ ᠪᠦᠲᠦᠭᠡᠯ᠂ ᠤᠷ ᠎ᠠ ᠮᠡᠷᠭᠡᠵᠢᠯ ᠢ ᠤᠳᠤᠮᠲᠤ ᠠᠷᠠᠳ ᠲᠠᠭᠠᠨ ᠤᠯᠠᠮᠵᠢᠯᠠᠬᠤ ᠠᠷᠢᠭᠤᠨ ᠨᠠᠨᠳᠢᠨ ᠡᠭᠦᠷᠭᠡ ᠶᠢ ᠡᠬᠦᠷᠬᠡᠯᠡᠵᠦ᠂ ︽ᠤᠷᠳᠤᠰ ᠠᠷᠠᠳ ᠤᠨ ᠲᠠᠭᠤᠤ 500 ᠪᠠᠳᠠᠭ︾᠂ ︽ᠤᠷᠳᠤᠰ ᠠᠷᠠᠳ ᠤᠨ ᠮᠢᠩᠭᠠᠨ ᠲᠠᠭᠤᠤ︾ ᠵᠡᠷᠬᠡ ᠨᠤᠮ ᠲᠠᠪᠳᠠᠷ ᠢ ᠡᠮᠬᠢᠳᠬᠡᠨ ᠨᠠᠶᠢᠷᠠᠭᠤᠯᠬᠤ ᠠᠵᠢᠯ ᠳᠤ ᠰᠢᠭᠤᠷᠬᠠᠢᠢᠯᠠᠨ ᠤᠷᠤᠯᠴᠠᠵᠦ᠂ ᠦᠪᠡᠷ ᠤᠨ ᠬᠦᠴᠦᠨ ᠴᠢᠳᠠᠯ ᠢᠶᠠᠨ ᠬᠠᠷᠠᠮ ᠦᠬᠡᠢ ᠡᠷᠬᠦᠭᠰᠡᠨ ᠪᠠᠶᠢᠨ᠎ᠠ᠃ ᠤᠳᠤ ᠤᠳᠤᠨᠬᠤᠸᠠᠷ ︽ᠪᠤᠶᠠᠨ ᠬᠤᠷᠠᠭᠰᠠᠨ ᠬᠠᠷᠠᠭᠠᠨᠠᠲᠤ︾ ᠭᠡᠬᠦ ᠰᠢᠨ᠎ᠡ ᠤᠷᠠᠨ ᠪᠦᠲᠦᠭᠡᠯ ᠢᠶᠠᠨ ᠨᠤᠲᠤᠭ ᠤᠨ ᠤᠯᠠᠨ ᠤ ᠰᠤᠨᠤᠷ ᠲᠤ ᠬᠦᠷᠭᠡᠬᠦ ᠪᠠᠷ ᠱᠠᠯᠠᠪᠳᠠᠭᠤᠯᠤᠨ ᠬᠢᠵᠦ ᠪᠤᠢ᠃      ᠤᠳᠤᠨᠬᠤᠸᠠᠷ ᠲᠤ ᠤᠷᠠᠯᠢᠭ ᠤᠨ ᠦᠨᠳᠦᠷ ᠠᠮᠵᠢᠯᠲᠠ ᠶᠢ ᠬᠦᠰᠡᠶ᠎ᠡ︕      ᠲᠠᠷᠬᠠᠨ ᠲᠠᠭᠤᠴᠢᠨ ᠵᠠᠮᠰᠤ ᠶᠢᠨ ᠲᠠᠨᠢᠯᠴᠠᠭᠤᠯᠭ᠎ᠠ      ᠵᠠᠮᠰᠤ᠂ ᠲᠤᠮᠳᠠᠳᠤ ᠢᠷᠬᠡᠨ ᠤᠯᠤᠰ ᠤᠨ ᠬᠤᠶᠠᠳᠤᠭᠠᠷ ᠤᠨ᠂ ᠬᠠᠷᠠᠬᠴᠢᠨ ᠦᠬᠡᠷ ᠵᠢᠯ ︵1913 ᠤᠨ︶ ᠂ ᠦᠨᠦᠳᠦᠷ ᠤᠨ ᠤᠳᠤᠭ ᠤᠨ ᠡᠮᠦᠨᠡᠳᠤ ᠬᠤᠰᠢᠭᠤᠨ ᠤ ᠪᠤᠷᠤᠪᠠᠯᠭᠠᠰᠤ ᠪᠠᠯᠭᠠᠰᠤᠨ ᠤ ᠥᠲᠡᠶᠢᠨᠰᠢᠪᠠᠷ ᠭᠠᠴᠠᠭᠠᠨ ᠤ ᠮᠠᠯᠴᠢᠨ ᠨᠠᠷᠠᠨᠳᠡᠢ ᠪᠠᠳᠮᠠᠴᠡᠴᠡᠭ ᠤᠨ ᠤᠤᠭᠠᠨ ᠬᠦᠪᠡᠬᠦᠨ ᠪᠤᠯᠤᠨ ᠵᠠᠶᠠᠭᠠᠵᠡᠢ᠃ ᠲᠡᠷᠡ ᠬᠠᠷᠠᠬᠠᠨ ᠪᠠᠭ᠎ᠠ ᠠᠴᠠ ᠪᠠᠨ ᠸᠠᠩ ᠤᠨ ᠤᠷᠳᠤᠨ ᠤ ᠠᠯᠳᠠᠷᠳᠤ ᠲᠠᠭᠤᠴᠢᠨ ᠨᠠᠭᠠᠴᠤ ᠠᠪᠤ ︽ᠵᠠᠪᠠ︾᠎ ᠠᠴᠠ ᠪᠠᠨ ᠲᠠᠭᠤᠤ ᠰᠤᠷᠴᠤ᠂ ᠠᠶᠢᠯ ᠠᠶᠢᠮᠠᠭ ᠤᠨ ᠬᠤᠷᠢᠮ ᠨᠠᠶᠢᠷ᠂ ᠠᠮᠪᠠᠨ ᠨᠤᠶᠠᠳ ᠤᠨ ᠤᠷᠳᠤᠨ ᠤ ᠲᠠᠶᠢᠯᠠᠯᠭ᠎ᠠ ᠳᠤ ᠲᠠᠭᠤᠯᠠᠵᠦ ᠶᠠᠪᠤᠳᠠᠭ ᠪᠠᠶᠢᠵᠡᠢ᠃ ᠬᠤᠵᠢᠮ᠂ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ ᠤ ᠲᠠᠷᠠᠭ᠎ᠠ ᠰᠠᠶ᠋ᠢ ᠨᠢᠬᠡᠨ ᠨᠡᠷ᠎ᠠ ᠨᠢᠳᠡᠷ ᠲᠡᠭᠡᠨ ᠲᠠᠩᠴᠡᠭᠰᠡᠨ ᠠᠷᠠᠳ ᠤᠨ ᠲᠠᠭᠤᠴᠢᠨ ᠪᠤᠯᠵᠦ᠂ ᠠᠷᠠᠳ ᠲᠦᠮᠡᠨ ᠤ ᠪᠠᠨ ᠤᠷᠠᠯᠢᠭ ᠤᠨ ᠲᠠᠶᠢᠰᠠᠨ ᠲᠠᠭᠡᠷ᠎ᠠ ᠡᠷ᠎ᠠ ᠶᠢᠨ ᠬᠠᠨᠭ᠍ᠭᠠᠢ ᠲᠦᠷᠢ ᠪᠠᠷ ᠵᠤᠬᠰᠤᠬᠰᠠᠨ ᠪᠢᠯᠡ᠃      1957 ᠤᠨ ᠳᠤ᠂ ᠪᠦᠬᠦ ᠤᠷᠤᠨ ᠤ ᠠᠷᠠᠳ ᠤᠨ ᠲᠠᠭᠤᠴᠢᠳ ᠤᠨ ᠦᠪᠡᠳᠡᠭᠰᠢ ᠶᠡᠭᠡ ᠴᠤᠬᠯᠠᠭᠠᠨ ᠲᠡᠭᠡᠷ᠎ᠠ 46 ᠨᠠᠰᠤ ᠲᠠᠢ ᠵᠠᠮᠰᠤ ᠭᠤᠸᠡᠢ ︽ᠵᠢᠷᠠᠨ ᠬᠠᠶᠢᠯᠠᠰᠤ︾ ᠬᠡᠬᠦ ᠲᠠᠭᠤᠤ ᠪᠠᠷ ᠢᠶᠠᠨ ᠠᠩᠬ᠎ᠠ ᠤᠳᠠᠭ᠎ᠠ ᠤᠷᠤᠨ ᠤ ᠲᠡᠰ ᠤᠨ ᠱᠠᠩᠨᠠᠯ ᠢ ᠬᠦᠷᠳᠡᠭᠰᠡᠨ ᠠᠴᠠ ᠬᠤᠶᠢᠰᠢ ᠤᠷᠤᠨ᠂ ᠠᠶᠢᠮᠠᠭ᠂ ᠬᠤᠰᠢᠭᠤᠨ ᠤ ᠲᠡᠰ ᠤᠨ ᠨᠠᠶᠢᠷ ᠤᠨ ᠴᠤᠬᠯᠠᠭᠠᠨ ᠪᠤᠯᠤᠨ ᠲᠠᠭᠤᠴᠢᠳ ᠤᠨ ᠤᠷᠤᠯᠳᠤᠭᠠᠨ ᠳᠤ ᠤᠯᠠᠨ ᠤᠳᠠᠭ᠎ᠠ ᠤᠷᠢᠬᠳᠠᠵᠦ᠂ ᠤᠶᠠᠩᠭᠠᠯᠢᠭ ᠴᠡᠬᠡᠯᠬᠡᠨ ᠬᠤᠭᠤᠯᠠᠢ ᠪᠠᠷ ᠢᠶᠠᠨ ᠦᠷᠬᠡᠨ ᠤᠯᠠᠨ ᠦᠵᠡᠭᠴᠢᠳ ᠤᠨ ᠲᠠᠭᠠᠰᠢᠶᠠᠯ ᠢ ᠬᠦᠷᠳᠡᠵᠦ ᠶᠠᠪᠤᠬᠰᠠᠨ ᠲᠡᠤᠬᠡ ᠲᠠᠢ ᠪᠢᠯᠡ᠃      1978 ᠤᠨ ᠳᠤ᠂ ᠵᠢᠷᠠ ᠶᠢᠨ ᠲᠠᠪᠠᠭ᠎ᠠ ᠶᠢ ᠲᠠᠪᠠᠵᠦ ᠲᠠᠯᠠᠨ ᠨᠠᠰᠤᠨ ᠤ ᠲᠦᠷᠦᠬᠡ ᠶᠢ ᠰᠢᠬᠦᠷᠴᠤ ᠶᠠᠪᠤᠭ᠎ᠠ ᠵᠠᠮᠠᠰᠤ ᠭᠤᠸᠡᠢ ᠬᠦᠬᠡᠬᠤᠳᠠ ᠳᠤ ᠪᠤᠯᠤᠬᠰᠠᠨ ᠪᠦᠬᠦ ᠤᠷᠤᠨ ᠤ ᠠᠷᠠᠳ ᠤᠨ ᠲᠠᠭᠤᠴᠢᠳ ᠤᠨ ᠰᠢᠯᠭᠠᠷᠠᠭᠤᠯᠤᠯᠳᠠ ᠳᠤ ᠰᠢᠯᠢᠳᠡᠭ ᠪᠦᠳᠦᠮᠵᠢ ᠪᠠᠷ ᠰᠢᠯᠭᠠᠷᠠᠵᠦ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠢᠶᠠᠨ ᠲᠦᠯᠦᠬᠡᠯᠡᠨ ᠪᠡᠬᠡᠵᠢᠩ ᠳᠤ ᠪᠦᠬᠦ ᠤᠯᠤᠰ ᠤᠨ ᠭᠡᠰᠡᠭ ᠮᠤᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠠᠭᠤᠴᠢᠳ ᠤᠨ ᠲᠤᠬᠯᠠᠯᠳᠠ ᠳᠤ ᠤᠷᠤᠯᠴᠠᠭᠠᠳ ᠲᠤᠰᠬᠠᠢ ᠮᠡᠷᠬᠡᠵᠢᠯᠳᠠᠳ᠂ ᠡᠯ᠎ᠠ ᠮᠤᠵᠢ ᠤᠷᠤᠨ ᠤ ᠲᠦᠯᠦᠬᠡᠯᠡᠭᠴᠢᠳ ᠪᠤᠯᠤᠨ ᠦᠵᠡᠭᠴᠢᠳ ᠤᠨ ᠠᠩᠬᠠᠷᠤᠯ ᠢ ᠶᠡᠭᠡ ᠪᠠᠷ ᠲᠠᠳᠠᠵᠤ᠂ ᠤᠷᠳᠤᠰ ᠠᠷᠠᠳ ᠤᠨ ᠤᠷᠳᠤ ᠶᠢᠨ ᠲᠠᠭᠤᠤ ᠪᠠᠨ ᠤᠯᠤᠰ ᠬᠦᠷᠦᠨ ᠤ ᠤᠷᠠᠯᠢᠭ ᠤᠨ ᠠᠭᠤᠳᠠᠮ ᠲᠠᠶᠢᠰᠠᠨ ᠳᠤ ᠨᠡᠷ᠎ᠠ ᠲᠠᠢ ᠪᠠᠨ ᠴᠤᠭ ᠲᠤᠷᠬᠢᠭᠤᠯᠤᠨ ᠲᠠᠭᠤᠷᠢᠰᠤᠭᠤᠯᠵᠦ ᠪᠢᠯᠡ᠃ ᠮᠦᠨ ᠴᠤ ᠳ᠋ᠸᠡᠭ ᠰᠢᠶᠤᠤ ᠫᠢᠡᠭ ᠵᠡᠷᠭᠡ ᠲᠦᠪ ᠤᠨ ᠤᠳᠤᠷᠢᠳᠤᠯᠭ᠎ᠠ ᠲᠠᠢ ᠭᠠᠷ ᠠᠳᠬᠤᠨ ᠵᠤᠯᠭᠠᠵᠦ ᠭᠢᠯᠠᠷᠠᠭᠤᠯᠵᠤ ᠶᠠᠪᠤᠭᠰᠠᠨ ᠪᠢᠯᠡ᠃      ᠵᠠᠮᠰᠤ ᠭᠤᠸᠡᠢ ᠨᠢᠬᠡᠨ ᠰᠢᠯᠭᠠᠷᠠᠬᠰᠠᠨ ᠠᠷᠠᠳ ᠤᠨ ᠲᠠᠭᠤᠴᠢᠨ ᠪᠤᠯᠬᠤ ᠪᠠᠷ ᠪᠠᠷᠠᠬᠤ ᠦᠬᠡᠢ᠂ ᠪᠠᠰᠠ ᠴᠤ ᠨᠢᠬᠡᠨ ᠭᠠᠷᠮᠠᠭᠠᠢ ᠠᠷᠠᠳ ᠤᠨ ᠲᠠᠭᠤᠤ ᠶᠢᠨ ᠰᠤᠳᠤᠯᠭᠠᠳᠠᠨ ᠪᠤᠯᠬᠤ ᠶᠤᠮ᠃ ᠲᠡᠷᠡ ᠪᠠᠭᠰᠢ ᠠᠴᠠ ᠪᠠᠨ ᠰᠤᠷᠤᠬᠰᠠᠨ ᠪᠠ ᠦᠪᠡᠷ ᠤᠨ ᠤᠳᠠᠭᠠᠨ ᠵᠢᠯ ᠤᠨ ᠲᠠᠭᠤᠯᠠᠬᠤ ᠶᠠᠪᠤᠴᠠ ᠳᠠᠭᠠᠨ᠂ ᠲᠠᠭᠤᠯᠠᠬᠤ ᠤᠷᠠᠨ ᠮᠡᠷᠬᠡᠵᠢᠯ ᠬᠢᠬᠡᠳ ᠦᠨᠳᠦᠰᠦᠨ ᠤᠨᠤᠯ ᠤᠨ ᠲᠤᠬᠠᠢ ᠲᠦᠢᠯ ᠤᠨ ᠦᠪᠡᠷᠮᠢᠴᠠ ᠵᠦᠢᠯ ᠤᠳ ᠢ ᠳ᠋ᠥᠡᠭᠨᠡᠨ ᠭᠠᠷᠭᠠᠬᠰᠠᠨ ᠪᠠᠶᠢᠳᠠᠭ᠃ ᠲᠠᠷᠠ ᠪᠠᠷ ᠮᠤᠩᠭᠤᠯ ᠦᠨᠳᠦᠰᠦᠳᠡᠨ ᠤ ᠠᠷᠠᠳ ᠤᠨ ᠲᠠᠭᠤᠤ ᠶᠢᠨ ᠦᠢᠯᠡᠰ ᠪᠤᠯᠤᠨ ᠰᠤᠳᠤᠯᠭᠠᠨ ᠤ ᠠᠵᠢᠯ ᠢ ᠡᠷᠡᠬᠦᠯ ᠢᠶᠠᠷ ᠵᠠᠯᠭᠠᠮᠵᠢᠯᠠᠨ ᠬᠦᠭᠵᠢᠬᠦᠯᠬᠦ ᠶᠢᠨ ᠲᠦᠯᠦᠬᠡ ᠮᠠᠰᠢ ᠤᠯᠠᠨ ᠠᠵᠢᠯ ᠤᠨ ᠴᠢᠯᠦᠬᠡᠨ ᠤ ᠲᠠᠭᠤᠴᠢᠨ᠂ ᠲᠤᠰᠬᠠᠢ ᠮᠡᠷᠬᠡᠵᠢᠯ ᠤᠨ ᠲᠠᠭᠤᠴᠢᠳ ᠬᠢᠬᠡᠳ ᠰᠤᠳᠤᠯᠭᠠᠳᠠᠨ ᠳᠤ ᠦᠪᠡᠷ ᠤᠨ ᠬᠤᠪᠤᠷ ᠨᠠᠨᠳᠢᠨ ᠲᠤᠷᠰᠢᠯᠭ᠎ᠠ ᠪᠠᠨ ᠬᠠᠷᠠᠮ ᠦᠬᠡᠢ ᠦᠪᠯᠡᠨ ᠦᠭᠴᠡᠢ᠃      ᠵᠠᠮᠰᠤ ᠨᠠᠰᠤᠳᠠᠨ ︽ᠵᠢᠷᠠᠨ ᠬᠠᠶᠢᠯᠠᠰᠤ︾᠂ ︽ᠲᠠᠯ᠎ᠠ ᠲᠤᠭᠤᠢ ᠰᠠᠷᠠ︾᠂ ︽ᠴᠢᠪᠠᠭ᠎ᠠ ᠶᠢᠨ ᠰᠢᠯᠢ︾᠂ ︽ᠪᠠᠶᠠᠷᠮᠠᠩᠨᠠᠢ ᠶᠢᠨ ᠰᠢᠯᠢ︾ ᠬᠡᠬᠦ ᠵᠡᠷᠬᠡ ᠤᠷᠳᠤᠰ ᠠᠷᠠᠳ ᠤᠨ ᠤᠷᠳᠤ ᠶᠢᠨ ᠲᠠᠭᠤᠤ ᠶᠢ ᠭᠠᠷᠮᠠᠭᠠᠢ ᠰᠠᠶᠢᠨ ᠲᠠᠭᠤᠯᠠᠳᠠᠭ ᠢᠶᠠᠷ ᠪᠠᠷᠠᠬᠤ ᠦᠬᠡᠢ᠂ ᠨᠠᠩ ᠴᠤ ︽ᠵᠢᠷᠠᠨ ᠬᠠᠶᠢᠯᠠᠰᠤ︾ ᠬᠡᠬᠦ ᠤᠷᠳᠤ ᠶᠢᠨ ᠲᠠᠭᠤᠤ ᠪᠠᠨ ᠲᠠᠭᠤᠯᠠᠮᠠᠬᠴᠠ ᠲᠡᠬᠦᠨ ᠤ ᠤᠶᠠᠩᠭᠠᠯᠢᠭ ᠤᠶᠠᠷᠠᠭᠤᠨ᠂ ᠤᠬᠵᠤᠮ ᠨᠤᠭᠤᠯᠠᠭᠠᠳᠤ ᠠᠶᠠᠯᠭᠤ ᠨᠢ ᠰᠤᠨᠤᠰᠤᠬᠴᠢᠳ ᠤᠨ ᠰᠤᠨᠤᠷ ᠬᠦᠰᠡᠯ ᠢ ᠲᠠᠯᠡᠵᠦ᠂ ᠦᠪᠡᠷ ᠤᠨ ᠡᠷᠬᠡ ᠦᠬᠡᠢ ᠬᠠᠭᠤᠴᠢᠨ ᠨᠡᠶᠢᠬᠡᠮ ᠤᠨ ᠬᠠᠷᠬᠢᠰ ᠵᠠᠰᠠᠭ᠂ ᠬᠠᠷ᠎ᠠ ᠲᠠᠰᠢᠭᠤᠷ ᠤᠨ ᠠᠯᠪᠠᠳᠠᠯᠭ᠎ᠠ ᠶᠢᠨ ᠲᠤᠤᠷ᠎ᠠ ᠦᠯᠦᠬᠡᠢ ᠨᠤᠳᠤᠭ ᠢᠶᠠᠨ ᠠᠯᠳᠠᠨ᠂ ᠦᠬᠡᠷ ᠮᠠᠯ ᠢᠶᠠᠨ ᠲᠠᠭᠤᠵᠦ᠂ ᠤᠮᠠᠷᠠᠰᠢ ᠨᠡᠬᠦᠳᠡᠯᠯᠡᠵᠦ ᠪᠠᠶᠢᠭ᠎ᠠ ᠮᠠᠯᠴᠢᠳ ᠤᠨ ᠲᠤᠬᠠᠢ ᠶᠢᠨ ᠦᠶ᠎ᠠ ᠶᠢᠨ ᠵᠢᠷᠤᠬᠡ ᠰᠢᠮᠰᠢᠷᠡᠬᠦᠯᠤᠮ᠎ᠠ ᠠᠮᠢᠳᠤᠷᠠᠯ ᠠᠬᠤᠢ ᠳᠤ ᠬᠦᠳᠦᠯᠦᠨ ᠤᠷᠤᠭᠤᠯᠳᠠᠭ ᠶᠤᠮᠰᠠᠨ︕ ᠲᠡᠬᠦᠨ ᠤ ᠲᠠᠭᠤᠯᠠᠬᠰᠠᠨ ᠲᠠᠭᠤᠤ ᠶᠢᠨ ᠰᠢᠩᠬᠡᠬᠡᠯᠳᠡ ᠶᠢ ᠷᠠᠳᠢᠣ᠋ ᠨᠡᠪᠳᠡᠷᠡᠬᠦᠯᠬᠡ ᠶᠢᠨ ᠬᠤᠷᠢᠶ᠎ᠠ ᠪᠠ ᠲᠧᠯᠸᠢᠰ ᠬᠤᠷᠢᠶ᠎ᠠ ᠠᠴᠠ ᠤᠳᠠᠭᠠᠨ ᠵᠢᠯ ᠨᠡᠪᠳᠡᠷᠡᠬᠦᠯᠵᠦ ᠦᠡᠭᠬᠡᠷᠡᠪᠡ᠃      1999 ᠤᠨ ᠤ 2 ᠰᠠᠷ᠎ᠠ ᠶᠢᠨ 5᠎ ᠤ ᠡᠳᠦᠷ ᠡᠪᠡᠳᠴᠢᠨ ᠢᠶᠠᠷ ᠨᠠᠰᠤ ᠪᠠᠷᠠᠪᠠ᠃      2007 ᠤᠨ ᠳᠤ ᠦᠪᠦᠷ ᠮᠤᠩᠭᠤᠯ ᠤᠨ ᠤᠷᠳᠤ ᠶᠢᠨ ᠲᠠᠭᠤᠤ ᠤᠷᠠᠯᠢᠭ ᠤᠨ ᠰᠤᠯᠢᠯᠴᠠᠭ᠎ᠠ ᠰᠤᠳᠤᠯᠭᠠᠨ ᠤ ᠨᠡᠶᠢᠬᠡᠮᠯᠢᠭ ᠠᠴᠠ ︽ᠵᠠᠮᠰᠤ ᠭᠤᠸᠡᠢ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ ᠠᠩᠬᠠᠨ ᠤ ᠦᠶ᠎ᠠ ᠶᠢᠨ ᠲᠠᠷᠬᠠᠨ ᠲᠠᠭᠤᠴᠢᠨ᠂ ᠤᠷᠳᠤ ᠶᠢᠨ ᠲᠠᠭᠤᠤ ᠶᠢᠨ ᠸᠠᠩ ᠮᠥᠨ︾ ᠬᠡᠰᠡᠨ ᠢᠷᠠᠭᠤ ᠠᠯᠳᠠᠷ ᠢ ᠤᠯᠭᠤᠬᠰᠠᠨ ᠪᠠᠶᠢᠨ᠎ᠠ᠃
  ᠲᠠᠭᠤᠴᠢᠨ ᠤᠳᠤᠨᠬᠤᠸᠠᠷ
  ᠤᠷᠳᠤᠰ ᠠᠷᠠᠳ ᠤᠨ ᠨᠠᠶᠢᠷ
  ᠬᠦᠳᠡᠯᠮᠤᠷᠢ ᠶᠢᠨ ᠬᠠᠷᠢᠭᠤ — ᠱᠠᠩᠨᠠᠯ
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号