ᠮᠠᠨ ᠤ ᠬᠤᠳᠠ ᠶᠢᠨ ᠤᠯᠠᠨ ᠲᠦᠮᠠᠨ ᠬᠤᠳᠠ ᠶᠢᠨ ᠲᠠᠪᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ ᠬᠠᠯᠠᠮᠵᠢᠯᠠᠨ ᠠᠩᠬᠠᠷᠤᠨ᠎ᠠ
ᠨᠡᠶᠢᠲᠡᠯᠡᠭᠰᠡᠨ ᠴᠠᠭ᠄
2021/9/25
     9 ᠰᠠᠷ᠎ᠠ ᠶᠢᠨ 24᠎ ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠣᠷᠳᠣᠰ ᠬᠤᠲᠠ ᠶᠢᠨ ᠲᠠᠪᠤᠳᠤᠭᠠᠷ ᠤᠳᠠᠭᠠᠨ ᠤ ᠲᠥᠯᠦᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠡᠬᠢᠯᠡᠯ᠎ᠡ᠃ ᠯᠢ ᠯᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ︽ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠤᠷᠢᠳ ᠢᠶᠠᠷ ᠭᠡᠷᠡᠭᠵᠢᠭᠦᠯᠭᠦ ᠤᠷᠤᠨ ᠢ ᠪᠦᠳᠦᠭᠡᠨ ᠪᠠᠶᠢᠭᠤᠯᠵᠤ᠂ ᠣᠳᠣᠬᠢᠴᠢᠯᠠᠭᠰᠠᠨ ᠣᠷᠳᠣᠰ ᠤᠨ ᠪᠦᠳᠦᠭᠡᠨ ᠪᠠᠶᠢᠭᠤᠯᠤᠯᠳᠠ ᠶᠢᠨ ᠰᠠᠶᠢᠨ ᠰᠠᠶᠢᠬᠠᠨ ᠢᠷᠡᠭᠡᠳᠦᠢ ᠶᠢ ᠴᠢᠷᠮᠠᠶᠢᠨ ᠴᠤᠬᠴᠠᠯᠠᠶ᠎ᠠ︾ ᠭᠡᠰᠡᠨ ᠮᠡᠳᠡᠭᠦᠯᠦᠯᠳᠠ ᠭᠢᠵᠤ᠂ ᠮᠡᠳᠡᠭᠦᠯᠦᠯᠲᠡ ᠨᠢ ᠮᠠᠨ ᠤ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠲᠤᠮᠳᠠ ᠴᠢᠩᠭ᠎ᠠ ᠲᠤᠰᠬᠠᠯ ᠭᠠᠷᠪᠠ᠃      ᠬᠢᠶ᠎ᠠ ᠪᠠᠭᠰᠢ ᠲᠣᠭᠤᠷᠢᠭ ᠤᠨ ᠭᠢᠶ᠎ᠠ ᠪᠠᠭᠰᠢ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠤᠨ ᠳᠠᠷᠬᠠᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠷᠠᠯ ᠤᠨ ᠭᠡᠷ ᠲᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠼᠦᠢ ᠴᠦᠨ ᠣᠯᠠᠨ ᠲᠠᠢ ᠬᠠᠮᠲᠤ ᠮᠡᠳᠡᠭᠦᠯᠦᠯᠲᠡ ᠶᠢ ᠰᠣᠨᠣᠰᠪᠠ᠂ ᠲᠠᠪᠤᠨ ᠵᠢᠯ ᠤᠨ ᠲᠤᠷᠰᠢ ᠬᠤᠳᠠ ᠲᠠᠶᠠᠭᠠᠷ ᠢᠶᠠᠨ ᠬᠤᠲᠠ ᠶᠢᠨ ᠨᠠᠮ ᠤᠨ ᠬᠤᠷᠢᠶᠠᠨ ᠤ ᠳᠠᠭᠠᠭᠤᠯᠭ᠎ᠠ ᠲᠤᠤᠷ᠎ᠠ ᠭᠢᠯᠠᠯᠵᠠᠮ᠎ᠠ ᠠᠮᠵᠢᠯᠲᠠ ᠣᠯᠤᠭᠰᠠᠨ ᠳᠤ ᠣᠯᠠᠨ ᠢᠶᠠᠷ ᠢᠶᠠᠨ ᠤᠷᠮᠠᠰᠢᠨ ᠵᠣᠷᠢᠭᠵᠢᠵᠤ᠂ ᠮᠠᠨ ᠤ ᠬᠤᠲᠠ ᠶᠢᠨ ᠢᠷᠡᠭᠡᠳᠦᠶ ᠶᠢᠨ ᠲᠠᠪᠤᠨ ᠵᠢᠯ ᠤᠨ ᠬᠥᠭᠵᠢᠯᠲᠡ ᠳᠤ ᠢᠲᠡᠭᠡᠯ ᠳᠦᠭᠦᠷᠡᠩ ᠪᠠᠶᠢᠪᠡ᠃ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠬᠠᠷᠢᠶ᠎ᠠ ᠲᠤᠭᠤᠷᠢᠭ ᠤᠨ ᠠᠷᠠᠳ ᠲᠦᠮᠡᠨ ᠲᠠᠢ ᠪᠦᠯᠬᠦᠮᠳᠡᠨ ᠨᠢᠬᠳᠠᠷᠠᠵᠤ᠂ ᠦᠨᠡᠨ ᠪᠣᠳᠠᠲᠠᠶ ᠠᠵᠢᠯᠯᠠᠨ ᠲᠡᠷᠢᠭᠦᠨ ᠤ ᠬᠢ ᠪᠤᠯᠬᠤ ᠪᠠᠷ ᠮᠡᠷᠡᠶᠢᠨ ᠴᠢᠷᠮᠠᠶᠢᠵᠤ᠂ ᠣᠳᠣᠬᠢᠴᠢᠯᠠᠭᠰᠠᠨ ᠤᠷᠳᠤᠰ ᠤᠨ ᠪᠦᠳᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠢ ᠶᠢ ᠴᠤᠬᠴᠠᠯᠠᠬᠤ ᠶᠢᠨ ᠲᠥᠯᠥᠭᠡ ᠴᠢᠷᠮᠠᠶᠢᠨ ᠲᠡᠮᠡᠴᠡᠨ᠎ᠠ ᠭᠡᠵᠤ ᠤᠯᠠᠨ ᠢᠶᠠᠷ ᠢᠶᠠᠨ ᠲᠠᠭᠤᠨ ᠨᠢᠭᠡᠳᠡᠢ ᠢᠯᠡᠷᠭᠡᠶᠢᠯᠡᠵᠤ ᠪᠠᠶᠢᠯ᠎ᠠ᠃      ᠡᠨᠡ ᠵᠢᠯ 30 ᠨᠠᠰᠤᠲᠠᠢ ᠸᠠᠩ ᠢᠦᠢ ᠪᠤᠯ ᠭᠢᠶ᠎ᠠ ᠪᠠᠭᠰᠢ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ 8 ᠵᠢᠯ ᠪᠠᠭᠰᠢᠯᠠᠬᠰᠠᠨ ᠨᠠᠮ ᠤᠨ ᠭᠡᠰᠢᠭᠦᠨ ᠪᠤᠯᠤᠨ᠎ᠠ᠃ ᠲᠡᠷᠡ ᠰᠤᠷᠭᠠᠨ ᠬᠥᠮᠦᠵᠢᠯ ᠤᠨ ᠠᠰᠠᠭᠤᠳᠠᠯ ᠢ ᠬᠠᠮᠤᠭ ᠠᠴᠠ ᠢᠯᠡᠭᠦᠦ ᠠᠩᠬᠠᠷᠴᠦ ᠪᠠᠶᠢᠯ᠎ᠠ᠃ ᠡᠳᠡᠭᠡᠷ ᠵᠢᠯ ᠤᠳ ᠲᠤ᠂ ᠬᠢᠶ᠎ᠠ ᠪᠠᠭᠰᠢ ᠲᠤᠭᠤᠷᠢᠭ ᠤᠨ ᠰᠤᠷᠭᠠᠨ ᠭᠦᠮᠦᠵᠢᠯ ᠤᠨ ᠭᠦᠭᠵᠢᠯᠳᠠ ᠲᠤᠪᠤᠶᠢᠮ᠎ᠠ ᠪᠠᠶᠢᠵᠤ᠂ ︽ᠬᠤᠶᠠᠷ ᠢ ᠭᠦᠡᠭᠭᠡᠷᠡᠭᠦᠯᠭᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠠᠭᠠᠯᠳᠤᠨ ᠭᠡᠷ ᠪᠦᠯᠢ ᠶᠢᠨ ᠰᠤᠷᠭᠠᠨ ᠭᠦᠮᠦᠵᠢᠯ ᠤᠨ ᠴᠢᠨᠠᠷᠵᠢᠯ ᠪᠠ ᠭᠡᠤᠭᠡᠳ ᠤᠳ ᠴᠠᠭ ᠤᠨ ᠬᠠᠮᠢᠶᠠᠷᠤᠯᠳᠠ ᠶᠢ ᠲᠠᠭᠠᠵᠤ ᠴᠢᠳᠠᠬᠤ ᠡᠰᠡᠭᠦ᠂ ᠰᠤᠷᠤᠯᠴᠠᠬᠤ ᠠᠷᠭ᠎ᠠ ᠶᠢ ᠡᠵᠡᠮᠰᠢᠵᠤ ᠴᠢᠳᠠᠬᠤ ᠡᠰᠡᠭᠦ ᠲᠤᠬᠠᠢ ᠲᠡᠷᠠ ᠰᠠᠨᠠᠭᠠᠰᠢᠷᠠᠬᠤ ᠪᠤᠯᠪᠠ᠃ ᠲᠡᠷᠡ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠬᠡᠦᠬᠡᠳ ᠤᠳ ᠤᠨ ᠳᠠᠷᠤᠭᠠᠰᠤ ᠶᠢ ᠭᠦᠡᠭᠭᠡᠷᠡᠭᠦᠯᠭᠦ ᠤᠷᠢᠳᠠᠯ ᠲᠤᠤᠷ᠎ᠠ᠂ ᠨᠡᠩ ᠰᠠᠶᠢᠨ ᠰᠣᠶᠣᠯ ᠢᠷᠭᠡᠨᠰᠢᠯ ᠤᠨ ᠵᠢᠭᠠᠨ ᠰᠤᠷᠭᠠᠯᠲᠠ ᠶᠢᠨ ᠤᠷᠴᠢᠨ ᠲᠤᠭᠤᠷᠢᠨ ᠢ ᠡᠭᠦᠳᠴᠦ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠭᠦᠰᠡᠵᠤ ᠪᠠᠶᠢᠯ᠎ᠠ᠃      ᠵᠧᠩ ᠫᠧᠩ ᠪᠣᠯ ᠤᠷᠳᠤᠰ ᠤᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠰᠤᠷᠤᠭᠴᠢ ᠪᠤᠯᠤᠨ᠎ᠠ᠂ ᠲᠡᠷᠠ ᠮᠡᠳᠡᠭᠦᠯᠦᠯᠳᠠ ᠳᠤ ᠲᠤᠷᠠᠳᠤᠨ ᠭᠠᠷᠭᠠᠬᠰᠠᠨ ᠴᠢᠳᠠᠪᠤᠷᠢᠳᠠᠨ ᠤ ᠭᠤᠤᠯᠯᠠᠬᠤ ᠦᠢᠯᠡᠳᠦᠯ ᠢ ᠪᠠᠳᠠᠷᠠᠭᠤᠯᠬᠤ ᠠᠭᠤᠯᠭ᠎ᠠ ᠶᠢᠨ ᠲᠤᠬᠠᠢ ᠤᠯᠤᠯᠳᠠ ᠲᠦᠷᠦᠭᠳᠡᠯ ᠭᠦᠨ ᠪᠠᠶᠢᠯ᠎ᠠ᠃ ᠣᠷᠳᠣᠰ ᠲᠤ ᠢᠷᠡᠬᠦ ᠠᠴᠠ ᠡᠮᠦᠨ᠎ᠡ ᠲᠡᠷᠡ ᠣᠷᠳᠣᠰ ᠬᠤᠳᠠ ᠴᠢᠳᠠᠪᠤᠷᠢᠲᠠᠨ ᠢ ᠤᠷᠢᠨ ᠠᠪᠴᠢᠷᠠᠬᠤ ᠪᠠ ᠬᠥᠮᠦᠵᠢᠭᠦᠯᠬᠦ ᠲᠠᠯ᠎ᠠ ᠪᠠᠷ ᠮᠠᠰᠢ ᠣᠯᠠᠨ ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠳᠤᠭᠳᠠᠭᠠᠭᠰᠠᠨ ᠢ ᠤᠯᠵᠤ ᠮᠡᠳᠡᠵᠡᠢ᠂ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠡᠷᠡ ᠮᠠᠨ ᠤ ᠬᠤᠲᠠ ︽ᠴᠢᠳᠠᠪᠤᠷᠢᠲᠠᠨ ᠤ ᠣᠷᠳᠣᠰ︾᠎ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾᠎ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠠᠷᠪᠠ ᠵᠠᠭᠤ ᠮᠢᠩᠭ᠎ᠠ ᠲᠦᠮᠡ︾ ᠴᠢᠳᠠᠪᠤᠷᠢᠳᠠᠨ ᠤ ᠲᠦᠯᠦᠪᠯᠡᠭᠡ ᠶᠢ ᠭᠡᠷᠡᠭᠵᠢᠭᠦᠯᠭᠦ ᠶᠢ ᠤᠢᠢᠯᠠᠭᠠᠵᠤ᠂ ᠡᠨᠡ ᠨᠢ ᠲᠡᠭᠦᠨ ᠤ ᠲᠡᠭᠦᠰᠦᠭᠰᠡᠨ ᠤ ᠳᠠᠷᠠᠭ᠎ᠠ ᠣᠷᠳᠣᠰ ᠲᠤ ᠦᠯᠡᠳᠡᠨ ᠠᠵᠢᠯᠯᠠᠬᠤ ᠰᠢᠨ᠎ᠡ ᠬᠦᠰᠡᠯ ᠢ ᠭᠦᠪᠤᠷᠢᠯᠡᠭᠦᠯᠦᠭᠰᠡᠨ ᠪᠠᠶᠢᠨ᠎ᠠ᠃      ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠪᠠᠯᠭᠠᠰᠤᠨ ᠤ ᠴᠠᠩ ᠱᠧᠩ ᠳ᠋ᠢᠶᠠᠨ ᠲᠣᠰᠬᠤᠨ ᠤ ᠨᠠᠮ ᠤᠨ ᠡᠭᠦᠷ ᠤᠨ ᠱᠦᠵᠢ ᠭᠤᠤ ᠪᠥᠸᠧ ᠶᠢᠨ ᠦᠵᠡᠭᠦ ᠪᠠᠷ᠂ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠪᠣᠯ ᠬᠥᠮᠦᠰ ᠢ ᠤᠷᠮᠠᠰᠢᠭᠤᠯᠤᠨ ᠵᠤᠷᠢᠬᠵᠢᠭᠤᠯᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠰᠠᠨ ᠨᠢᠭᠡᠨ ᠤᠳᠠᠭᠠᠨ ᠤ ᠶᠡᠭᠡ ᠬᠤᠷᠠᠯ ᠪᠤᠯᠤᠨ᠎ᠠ᠂ ᠮᠦᠨ ᠴᠦ ᠪᠢᠳᠠᠨ ᠤ ᠠᠵᠢᠯ ᠳᠤ ᠰᠢᠨ᠎ᠡ ᠬᠠᠷᠠᠯᠲᠠ᠂ ᠰᠢᠨ᠎ᠡ ᠴᠢᠭᠯᠡᠯ ᠢ ᠲᠣᠳᠣᠷᠬᠠᠶ ᠵᠢᠭᠠᠭᠰᠠᠨ ᠪᠠᠶᠢᠨ᠎ᠠ᠃ ᠮᠡᠳᠡᠭᠦᠯᠤᠯᠳᠠ ᠳᠤ ᠭᠦᠳᠡᠭᠡ ᠲᠤᠰᠬᠤᠨ ᠢ ᠭᠦᠭᠵᠢᠭᠦᠯᠭᠦ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠭᠦᠳᠡᠭᠡ ᠲᠤᠰᠬᠤᠨ ᠢ ᠨᠠᠩ ᠭᠤᠶᠤ ᠪᠤᠯᠭᠠᠬᠤ ᠶᠢ ᠠᠭᠢᠭᠤᠯᠤᠨ᠎ᠠ ᠭᠡᠵᠦ ᠵᠢᠭᠠᠵᠤ ᠭᠠᠷᠭᠠᠪᠠ᠃ ᠪᠢᠳᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠲᠤᠷ ᠰᠤᠷᠤᠯᠴᠠᠨ᠂ ᠰᠠᠶᠢᠲᠤᠷ ᠣᠶᠢᠯᠠᠭᠠᠵᠤ᠂ ᠰᠠᠶᠢᠲᠤᠷ ᠤᠬᠠᠭᠤᠯᠤᠨ᠂ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠳᠤ ᠪᠦᠬᠦ ᠲᠣᠰᠬᠤᠨ ᠤ ᠨᠠᠮ ᠤᠨ ᠭᠡᠰᠢᠭᠦᠨ ᠤᠯᠠᠨ ᠲᠦᠮᠡᠨ ᠢ ᠳᠠᠭᠠᠭᠤᠯᠤᠨ ᠡᠨᠡ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠴᠠᠩ ᠱᠧᠩ ᠳ᠋ᠢᠶᠠᠨ ᠲᠣᠰᠬᠤᠨ ᠤ ᠣᠳᠣᠬᠠᠨ ᠤ ᠬᠥᠭᠵᠢᠯᠲᠡ ᠲᠠᠢ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠭᠦᠳᠡᠭᠡ ᠲᠤᠰᠬᠤᠨ ᠢ ᠭᠦᠭᠵᠢᠭᠦᠯᠭᠦ ᠪᠠ ︽ᠣᠯᠠᠨ ᠲᠦᠮᠡᠨ ᠳᠤ ᠪᠤᠳᠡᠳᠤ ᠶᠠᠪᠤᠳᠠᠯ ᠬᠢᠬᠦ︾ ᠠᠵᠢᠯ ᠤᠨ ᠳᠤᠮᠳᠠ ᠨᠠᠩ ᠶᠡᠭᠡ ᠠᠮᠵᠢᠯᠳᠠ ᠪᠦᠳᠦᠮᠵᠢ ᠭᠠᠷᠭᠠᠵᠤ᠂ ᠮᠠᠨ ᠤ ᠬᠤᠳᠠ ᠶᠢᠨ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠭᠦ ᠳᠤ ᠬᠤᠪᠢ ᠨᠠᠮᠡᠷᠢ ᠪᠠᠨ ᠦᠵᠡᠭᠦᠯᠦᠨ᠎ᠠ ᠭᠡᠵᠤ ᠪᠠᠶᠢᠯ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号