ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠤᠳᠤᠭ ᠤᠨ ᠡᠮᠦᠨᠡᠲᠦ ᠬᠤᠰᠢᠭᠤ ᠬᠠᠩᠭᠢᠨ ᠬᠤᠰᠢᠭᠤᠨ ᠤ  ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ ᠳᠠᠭᠠᠨ ᠴᠢᠬᠤᠯᠠᠴᠢᠯᠠᠬᠰᠠᠨ ᠨᠢ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ  ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠵᠤ ᠤᠷᠳᠤᠰ ᠤᠨ ᠣᠳᠣᠬᠢᠴᠢᠯᠠᠯᠲᠠ ᠶᠢᠨ ᠪᠦᠳᠦᠭᠡᠨ  ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2021/9/25
     9 ᠰᠠᠷ᠎ᠠ ᠶᠢᠨ 24᠎ ᠤ ᠡᠳᠦᠷ᠂ ᠳ᠋ᠦ᠋ ᠬᠤᠢ ᠯᠢᠶᠠᠩ ᠤᠷᠢᠳ ᠬᠤᠵᠢᠳ ᠳᠤᠮᠳᠠᠲᠦ ᠤᠯᠤᠰ ᠤᠨ ᠡᠪ ᠬᠠᠮᠲᠦ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠳ᠋ᠦᠩᠱᠧᠩ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ᠂ ᠤᠳᠤᠭ ᠤᠨ ᠡᠮᠦᠨᠡᠲᠦ ᠬᠤᠰᠢᠭᠤᠨ ᠤ ᠲᠥᠯᠥᠭᠡᠯᠡᠭᠴᠢᠳ ᠤᠨ ᠪᠦᠯᠬᠦᠮ᠂ ᠬᠠᠩᠭᠢᠨ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠳᠤᠮᠳᠠᠲᠦ ᠤᠯᠤᠰ ᠤᠨ ᠡᠪ ᠬᠠᠮᠲᠦ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠲᠡ ᠶᠢ ᠶᠠᠷᠢᠯᠴᠠᠪᠠ᠃ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠲᠡᠮᠡᠴᠡᠵᠤ᠂ ᠣᠷᠳᠣᠰ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃      ᠳ᠋ᠦᠩᠱᠧᠩ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠳᠤ᠂ ᠳ᠋ᠦ᠋ ᠬᠤᠶ ᠯᠢᠶᠠᠩ ᠲᠠᠭᠤᠷᠢᠶᠠᠯ ᠦᠵᠡᠭᠦᠯᠭᠦ ᠤᠬᠠᠮᠰᠠᠷ ᠢ ᠪᠠᠲᠤ ᠪᠣᠶ ᠪᠣᠯᠭᠠᠵᠤ᠂ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠨᠠᠩ ᠥᠨᠳᠥᠷ ᠭᠠᠷᠤᠭ᠎ᠠ ᠳᠡᠭᠡᠷ᠎ᠡ ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠬᠦᠯᠬᠦ ᠬᠡᠷᠡᠭᠲᠡᠢ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠮᠦᠨ᠎ᠡ ᠨᠢ ᠬᠤᠰᠢᠭᠤᠷᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠨ᠂ ᠪᠡᠯᠡ ᠣᠷᠣᠭᠤᠯᠤᠯᠲᠠ ᠶᠢ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠵᠤ᠂ ᠲᠣᠨᠣᠭᠯᠠᠯ ᠦᠢᠯᠡᠳᠬᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠦᠪᠡᠷᠮᠢᠴᠠ ᠤᠨᠴᠠᠯᠢᠬᠳᠤ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ᠂ ᠦᠷᠳᠡᠭ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠳᠤᠭᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠳᠠᠭᠤᠷᠢᠶᠠᠯ ᠦᠵᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠨ᠂ ᠨᠡᠭᠡᠭᠡᠯᠲᠡ ᠬᠢᠵᠦ ᠬᠠᠮᠲᠤᠷᠠᠯᠴᠠᠭ᠎ᠠ ᠬᠢᠬᠦ ᠶᠢ ᠥᠷᠭᠡᠳᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠦᠨ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠦᠭᠵᠢᠭᠡᠬᠦ ᠬᠡᠷᠡᠭᠲᠡᠢ᠃ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠲᠠᠯ᠎ᠠ ᠪᠠᠷ ᠳᠠᠭᠤᠷᠢᠶᠠᠯ ᠪᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠤᠨ᠂ ᠭᠤᠣᠯᠳᠠᠯᠭ᠎ᠠ ᠲᠠᠢ ᠬᠦᠷᠢᠶ᠎ᠠ ᠴᠠᠷᠠᠭᠠᠠ ᠤ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠤᠭᠤᠷᠢᠨ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃      ᠤᠲᠤᠬ ᠤᠨ ᠡᠮᠦᠨᠡᠲᠦ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠳᠤ᠂ ᠳ᠋ᠦ᠋ ᠬᠤᠢ ᠯᠢᠶᠠᠩ ᠬᠥᠭᠵᠢᠯᠲᠡ ᠶᠢᠨ ᠪᠠᠶᠢᠳᠠᠯ ᠳᠤ ᠵᠣᠬᠢᠴᠠᠵᠤ᠂ ᠴᠢᠬᠤᠯᠠ ᠶᠡᠭᠡ ᠠᠵᠠ ᠲᠣᠬᠢᠶᠠᠯ ᠢ ᠡᠵᠡᠮᠳᠡᠨ᠂ ᠬᠥᠭᠵᠢᠯᠲᠡ ᠶᠢᠨ ᠴᠢᠨᠠᠷᠵᠢᠯ ᠪᠠ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ︽ᠬᠤᠤᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠴᠢᠭᠯᠡᠯ ᠶᠣᠰᠣᠭᠠᠷ᠂ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦᠯᠭᠦ ᠶᠢ ᠢᠳᠡᠪᠬᠢᠲᠡᠶ ᠠᠬᠢᠭᠤᠯᠤᠨ᠂ ᠨᠡᠭᠦᠷᠡᠰᠦᠨ ᠤ ᠦᠢᠯᠡᠳᠪᠤᠷᠢᠯᠡᠯ ᠤᠨ ᠴᠢᠳᠠᠪᠤᠷᠢ ᠶᠢ ᠲᠡᠭᠡᠭᠰᠢᠯᠡᠭᠦᠯᠭᠦ᠂ ᠰᠢᠨ᠎ᠡ ᠡᠨᠧᠷᠭᠢ ᠶᠢ ᠬᠥᠭᠵᠢᠭᠦᠯᠭᠦ᠂ ᠪᠠᠶᠢᠭᠠᠯᠢ ᠶᠢᠨ ᠰᠢᠲᠠᠮᠠᠬᠠᠶ ᠬᠡᠶ ᠶᠢ ᠬᠠᠮᠲᠤᠷᠠᠨ ᠨᠡᠭᠡᠭᠡᠨ ᠬᠥᠭᠵᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ︽ᠲᠥᠷᠥᠯ ᠵᠦᠢᠯ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠭᠢ ᠪᠣᠶ ᠪᠣᠯᠭᠠᠵᠤ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠡᠷᠴᠢᠮ ᠢᠶᠠᠨ ᠴᠢᠩᠭᠠᠷᠠᠭᠤᠯᠤᠨ᠂ ᠨᠠᠩ ᠣᠯᠠᠨ ᠲᠣᠮᠣ ᠲᠥᠷᠥᠯ ᠵᠦᠢᠯ  ᠂ ᠰᠠᠶᠢᠨ ᠲᠥᠷᠥᠯ ᠵᠦᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠨᠢᠭᠡᠳᠦᠭᠡᠷ ᠬᠤᠶᠠᠳᠦᠭᠠᠷ ᠭᠤᠷᠪᠠᠳᠦᠭᠠᠷ ᠠᠵᠤ ᠤᠢᠢᠯᠡᠰ ᠢ ᠬᠠᠮᠲᠦᠷᠠᠯᠴᠠᠨ ᠬᠤᠯᠪᠣᠭᠠᠯᠠᠨ ᠬᠦᠭᠵᠢᠬᠦᠯᠭᠦ ᠶᠢ ᠪᠠᠷᠢᠮᠲᠠᠯᠠᠵᠤ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠪᠢᠰᠬᠠᠯᠲᠤ ᠰᠣᠶᠣᠯ ᠵᠤᠭᠠᠴᠠᠯ ᠢ ᠶᠡᠭᠡ ᠪᠠᠷ ᠬᠥᠭᠵᠢᠭᠦᠯᠤᠨ᠂ ᠣᠯᠠᠨ ᠡᠰᠢᠵᠢᠨ ᠬᠥᠭᠵᠢᠭᠰᠡᠨ ᠣᠲᠣ ᠦᠶ᠎ᠡ ᠶᠢᠨ ᠠᠵᠤ ᠦᠢᠯᠡᠰ ᠤᠨ ᠲᠤᠬᠳᠠᠯᠴᠠᠭ᠎ᠠ ᠶᠢ ᠪᠠᠶᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ ᠡᠮ ᠡᠮᠨᠡᠯᠭᠡ᠂ ᠬᠥᠳᠡᠭᠡ ᠲᠣᠰᠬᠤᠨ ᠢ ᠭᠦᠭᠵᠢᠭᠦᠯᠭᠦ ᠪᠠ ᠦᠨᠳᠦᠰᠦᠲᠡᠨ ᠤ ᠪᠦᠯᠬᠦᠮᠳᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃      ᠬᠠᠩᠭᠢᠨ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠳᠤ᠂ ᠳ᠋ᠦ᠋ ᠬᠤᠶ ᠯᠢᠶᠠᠩ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠥᠬᠡᠶ᠂ ᠨᠡᠭᠡᠭᠡᠯᠲᠡᠳᠦ᠂ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠨ᠂ ᠨᠠᠩ ᠥᠨᠳᠥᠷ ᠴᠢᠨᠠᠷᠵᠢᠯ ᠲᠠᠢ᠂ ᠨᠠᠩ ᠦᠨᠳᠦᠷ ᠦᠷ᠎ᠡ ᠠᠰᠢᠭ ᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠡᠷᠢᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠢ ᠠᠬᠤᠶ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠭᠢᠭᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦᠯᠭᠦ᠂ ᠬᠥᠳᠡᠭᠡ ᠲᠣᠰᠬᠤᠨ ᠢ ᠭᠦᠭᠵᠢᠭᠦᠯᠭᠦ ᠵᠡᠷᠭᠡ ᠭᠤᠣᠯᠳᠠᠯᠭ᠎ᠠ ᠲᠠᠢ ᠠᠵᠢᠯ ᠳᠤ ᠬᠦᠴᠦ ᠣᠷᠣᠭᠤᠯᠤᠨ᠂ ᠪᠤᠳᠠᠳᠦ ᠪᠦᠳᠦᠮᠵᠢ ᠤᠯᠬᠤ ᠪᠠᠷ ᠴᠢᠷᠮᠠᠶᠢᠬᠤ ᠭᠡᠷᠡᠭᠳᠡᠢ᠃ ᠨᠡᠩ ᠥᠨᠳᠥᠷ ᠤᠯᠤᠰ ᠲᠦᠷᠦ ᠶᠢᠨ ᠵᠣᠭᠰᠣᠴᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠥᠪ ᠴᠢᠬᠡᠴᠢ ᠤᠯᠤᠰ ᠲᠥᠷᠥ ᠶᠢᠨ ᠠᠮᠢ ᠠᠬᠤᠶ ᠶᠢ ᠪᠤᠢ ᠪᠤᠯᠭᠠᠵᠤ᠂ ᠠᠵᠢᠯ ᠬᠢᠵᠦ ᠦᠢᠯᠡᠰ ᠪᠦᠳᠦᠭᠡᠬᠦ ᠰᠠᠶᠢᠨ ᠰᠠᠶᠢᠬᠠᠨ ᠪᠠᠶᠢᠳᠠᠯ ᠢ ᠪᠠᠲᠤᠯᠠᠨ᠂ ᠠᠵᠤ ᠠᠬᠤᠶ ᠨᠡᠶᠢᠭᠡᠮ ᠤᠨ ᠡᠯ᠎ᠡ ᠲᠦᠷᠦᠯ ᠤᠨ ᠦᠢᠯᠡᠰ ᠲᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号