ᠯᠢ ᠯᠢ ᠡᠵᠡᠨ ᠬᠤᠷᠤᠭ᠎ᠠ ᠬᠤᠰᠢᠭᠤ ᠵᠡᠭᠦᠨᠭᠠᠷ ᠬᠤᠰᠢᠭᠤ ᠤᠲᠤᠭ ᠬᠤᠰᠢᠭᠤᠨ ᠤ ᠲᠥᠯᠦᠭᠡᠯᠡᠭᠴᠢᠳ ᠤᠨ  ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠬᠥᠭᠵᠢᠯᠲᠡ ᠶᠢᠨ ᠲᠡᠷᠢᠭᠦᠨ ᠴᠢᠬᠤᠯᠠ  ᠡᠭᠦᠷᠭᠡ ᠶᠢ ᠭᠤᠶᠢᠪᠢᠰᠢ ᠦᠭᠡᠢ ᠪᠠᠷᠢᠮᠲᠠᠯᠠᠵᠤ ᠠᠮᠢ ᠠᠬᠤᠢ ᠶᠢ ᠤᠷᠢᠳ ᠢᠶᠠᠷ ᠪᠤᠳᠤᠯᠬᠢᠯᠠᠨ ᠪᠣᠬᠢᠷᠲᠤᠯ ᠦᠭᠡᠢ  ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ  ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠳᠡᠢ ᠬᠡᠵᠡᠢ
ᠨᠡᠶᠢᠲᠡᠯᠡᠭᠰᠡᠨ ᠴᠠᠭ᠄
2021/9/25
     9 ᠰᠠᠷ᠎ᠠ ᠶᠢᠨ 24᠎ ᠤ ᠡᠳᠦᠷ᠂ ᠯᠢ ᠯᠢ ᠤᠷᠢᠳ ᠬᠤᠵᠢᠳ ᠡᠵᠡᠨ ᠬᠤᠷᠤᠭ᠎ᠠ ᠬᠤᠰᠢᠭᠤᠨ ᠤ ᠲᠥᠯᠦᠭᠡᠯᠡᠭᠴᠢᠳ ᠤᠨ ᠪᠦᠯᠬᠦᠮ᠂ ᠵᠡᠭᠦᠨᠭᠠᠷ ᠬᠤᠰᠢᠭᠤᠨ ᠤ ᠲᠥᠯᠦᠭᠡᠯᠡᠭᠴᠢᠳ ᠤᠨ ᠪᠦᠯᠬᠦᠮ᠂ ᠤᠲᠤᠭ ᠬᠤᠰᠢᠭᠤᠨ ᠤ ᠲᠥᠯᠦᠭᠡᠯᠡᠭᠴᠢᠳ ᠤᠨ ᠪᠦᠯᠬᠦᠮ ᠳᠤ ᠬᠦᠷᠴᠦ᠂ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠬᠤᠷᠠᠯ ᠳᠤ ᠤᠷᠤᠯᠴᠠᠭᠰᠠᠨ ᠲᠥᠯᠦᠭᠡᠯᠡᠭᠴᠢᠳ ᠲᠠᠢ ᠬᠠᠮᠲᠤ ᠪᠠᠷ ᠨᠠᠮ ᠤᠨ ᠲᠥᠯᠦᠭᠡᠯᠡᠭᠴᠢᠳ ᠤᠨ ᠬᠤᠷᠠᠯ ᠤᠨ ᠮᠡᠳᠡᠬᠦᠯᠦᠯᠳᠡ ᠶᠢ ᠶᠠᠷᠢᠯᠴᠠᠪᠠ᠃ ᠲᠡᠷᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠷᠢᠮᠲᠠᠯᠠᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠳᠤᠷ ᠵᠠᠮᠨᠠᠵᠤ᠂ ᠣᠳᠣᠬᠢᠴᠢᠯᠠᠭᠰᠠᠨ ᠤᠷᠳᠤᠰ ᠤᠨ ᠪᠦᠳᠦᠭᠡᠨ ᠪᠠᠶᠢᠭᠤᠯᠤᠯᠲᠠ ᠳᠤ ᠲᠠᠰᠤᠷᠠᠯᠳᠡ ᠦᠭᠡᠢ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
     ᠡᠵᠡᠨ ᠬᠤᠷᠤᠭ᠎ᠠ ᠬᠤᠰᠢᠭᠤᠨ ᠤ ᠲᠥᠯᠦᠭᠡᠯᠡᠭᠴᠢᠳ ᠤᠨ ᠪᠦᠯᠬᠦᠮ ᠳᠤ᠂ ᠯᠢ ᠯᠢ ᠪᠣᠳᠠᠲᠠᠢ ᠪᠠᠷ ᠠᠵᠢᠯᠯᠠᠵᠤ᠂ ᠡᠮᠦᠨ᠎ᠡ ᠡ᠊ᠩᠨᠡᠭᠡᠨ ᠳᠤ ᠶᠠᠪᠤᠬᠤ ᠶᠢ ᠪᠠᠷᠢᠮᠲᠠᠯᠠᠨ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤᠮᠳᠠ ᠳᠠᠭᠤᠷᠢᠶᠠᠯ ᠦᠵᠡᠬᠦᠯᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠠᠵᠤ ᠦᠢᠯᠡᠰ ᠤᠨ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠳᠠᠭᠤᠷᠢᠶᠠᠯ ᠦᠵᠡᠭᠦᠯᠵᠦ᠂ ︽ᠬᠤᠣᠰ ᠨᠡᠭᠦᠷᠡᠰᠦᠲᠥ᠋ᠷᠥᠭᠴᠢ︾᠎ ᠶᠢ ᠪᠡᠶᠡᠯᠡᠭᠦᠯᠬᠦ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ᠂ ᠪᠦᠬᠦ ᠠᠵᠤ ᠦᠢᠯᠡᠰ ᠤᠨ ᠭᠡᠯᠬᠢᠶ᠎ᠡ ᠶᠢᠨ ᠰᠡᠳᠬᠢᠬᠦᠢ ᠪᠠᠷ ᠠᠵᠤ ᠦᠢᠯᠡᠰ ᠢ ᠠᠳᠬᠤᠵᠤ᠂ ᠠᠷᠠᠯᠵᠢᠶᠠᠴᠢᠨ ᠤᠷᠢᠬᠤ ᠶᠢ ᠠᠳᠬᠤᠨ᠂ ᠬᠡᠯᠪᠡᠷᠢ ᠪᠠᠨ ᠬᠤᠪᠢᠷᠠᠭᠤᠯᠬᠤ ᠶᠢ ᠠᠳᠬᠤᠵᠤ᠂ ᠶᠤᠸᠠᠨ ᠵᠢᠩ ᠪᠦᠯᠦᠭᠯᠡᠯ᠂ ᠯᠦᠩ ᠵᠢᠢ ᠯᠢᠤᠢ ᠨᠸᠡᠭ ᠵᠡᠷᠭᠡ ᠳᠤᠯᠤᠭᠠᠢᠢᠯᠠᠬᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠭᠡᠯᠬᠢᠶ᠎ᠡ᠂ ᠨᠡᠭᠦᠷᠡᠰᠦᠲᠥ᠋ᠷᠥᠭᠴᠢ ᠦᠭᠡᠢ ᠬᠠᠩᠭᠠᠯᠭ᠎ᠠ ᠶᠢᠨ ᠬᠡᠯᠬᠢᠶ᠎ᠡ᠂ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠪᠦᠬᠦ ᠬᠤᠳᠠ ᠳᠤ ᠲᠦᠷᠦᠭᠦᠯᠡᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠤᠷᠢᠳ ᠢᠶᠠᠷ ᠨᠡᠭᠡᠭᠡᠬᠦ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠤᠨ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠵᠠᠰᠠᠯᠲᠠ ᠶᠢᠨ ᠤᠶᠤᠨᠴᠢᠯᠠᠯᠲᠠ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠣ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠵᠣᠷᠢᠭᠵᠢᠭᠤᠯᠵᠤ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢᠨ ᠲᠠᠯ᠎ᠠ ᠪᠠᠷ ᠳᠠᠭᠤᠷᠢᠶᠡᠯ ᠦᠵᠡᠭᠦᠯᠵᠦ᠂ ᠬᠦᠳᠡᠭᠡ ᠳᠤᠰᠬᠤᠨ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠤᠨ᠂ ᠣᠳᠣᠬᠢᠴᠢᠯᠠᠭᠰᠠᠨ ᠴᠡᠴᠡᠷᠯᠢᠭᠵᠢᠬᠦᠯᠦᠯᠳᠡ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠳᠡᠩᠴᠡᠬᠦᠷᠢᠰᠢᠬᠦᠯᠬᠦ ᠶᠢ ᠠᠬᠢᠭᠤᠯᠤᠨ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠨᠡᠩ ᠴᠢᠩᠭ᠎ᠠ᠂ ᠠᠷᠠᠳ ᠤᠨ ᠠᠮᠢᠳᠤᠷᠠᠯ ᠨᠡᠩ ᠵᠣᠯ ᠵᠢᠷᠭᠠᠯ ᠲᠠᠢ ᠡᠵᠡᠨ ᠬᠤᠷᠤᠭ᠎ᠠ ᠬᠤᠰᠢᠭᠤ ᠶᠢ ᠪᠦᠳᠦᠭᠡᠨ ᠪᠠᠶᠢᠭᠤᠯᠬᠤ ᠬᠡᠷᠡᠭᠲᠡᠢ ᠬᠡᠵᠤ ᠴᠢᠬᠤᠯᠠᠴᠢᠯᠡᠪᠠ᠃      ᠵᠡᠭᠦᠨᠭᠠᠷ ᠬᠤᠰᠢᠭᠤᠨ ᠤ ᠲᠥᠯᠦᠭᠡᠯᠡᠭᠴᠢᠳ ᠤᠨ ᠪᠦᠯᠬᠦᠮ ᠳᠤ᠂ ᠯᠢ ᠯᠢ ᠰᠠᠶᠢᠨ ᠲᠠᠭᠠᠭᠤᠯᠤᠭᠴᠢ ᠪᠤᠯᠵᠤ᠂ ᠡᠮᠦᠨ᠎ᠡ ᠡ᠊ᠩᠨᠡᠭᠡᠨ ᠳᠤ ᠶᠠᠪᠤᠬᠤ ᠡᠭᠦᠷᠭᠡᠯᠡᠯ ᠬᠠᠷᠢᠭᠤᠴᠠᠯᠭ᠎ᠠ ᠪᠠᠨ ᠴᠢᠩᠭᠠᠳᠬᠠᠵᠤ᠂ ᠵᠠᠭᠤᠨ ᠬᠦᠴᠦᠷᠬᠡᠭ ᠤᠨ ᠵᠢᠬᠰᠠᠭᠠᠯᠳᠠ ᠳᠤ ᠣᠷᠣᠨ ᠳᠡᠪᠰᠢᠬᠦ ᠬᠠᠷᠠᠯᠲᠠ ᠶᠢ ᠰᠤᠯᠠᠷᠠᠭᠤᠯᠤᠯ ᠦᠭᠡᠢ ᠪᠠᠷᠢᠮᠲᠠᠯᠠᠨ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠤᠨ᠂ ᠪᠦᠬᠦ ᠤᠯᠤᠰ ᠤᠨ ᠠᠵᠤ ᠠᠬᠤᠢ ᠶᠢᠨ ᠬᠦᠴᠦᠷᠬᠡᠭ ᠰᠢᠶᠠᠨ ᠤ ᠬᠡᠪ ᠳᠠᠭᠤᠷᠢᠶᠠᠯ ᠢ ᠪᠤᠢ ᠪᠣᠯᠭᠠᠬᠤ ᠬᠡᠷᠡᠭᠲᠡᠢ᠃ ᠰᠢᠨ᠎ᠡ ᠵᠠᠮ ᠢᠶᠠᠷ ᠰᠠᠶᠢᠲᠤᠷ ᠵᠠᠮᠨᠠᠨ᠂ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠪᠠᠷ ᠬᠦᠳᠦᠯᠦᠨ ᠳᠠᠭᠠᠭᠤᠯᠵᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢ ᠰᠢᠰᠲ᠋ᠧᠮ ᠲᠠᠢ ᠤᠬᠠᠭᠠᠯᠠᠨ᠂ ᠡᠨᠧᠷᠭᠢ ᠶᠢᠨ ᠪᠦᠲᠦᠴᠡ ᠪᠣᠯᠤᠨ ᠠᠵᠤ ᠦᠢᠯᠡᠰ ᠤᠨ ᠪᠦᠲᠦᠴᠡ ᠶᠢᠨ ᠲᠣᠭᠤᠷᠢᠨ ᠳᠤ ᠳᠤᠬᠢᠷᠠᠭᠤᠯᠤᠯᠳᠠ ᠬᠢᠬᠦ ᠪᠠᠨ ᠲᠦᠷᠭᠡᠳᠬᠡᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠪᠣᠬᠢᠷᠲᠤᠯ ᠦᠭᠡᠢ ᠬᠥᠭᠵᠢᠬᠦᠯᠬᠦ ᠶᠢ ᠤᠷᠢᠳ ᠢᠶᠠᠷ ᠪᠡᠶᠡᠯᠡᠭᠦᠯᠬᠦ ᠬᠡᠷᠡᠭᠲᠡᠢ᠃ ᠰᠢᠨ᠎ᠡ ᠬᠤᠳᠠ ᠬᠥᠳᠡᠭᠡ ᠶᠢ ᠰᠠᠶᠢᠲᠤᠷ ᠪᠦᠳᠦᠭᠡᠨ ᠪᠠᠶᠢᠭᠤᠯᠵᠤ᠂ ᠠᠵᠤ ᠦᠢᠯᠡᠳᠪᠦᠷᠢ ᠪᠠᠷ ᠳᠠᠷᠢᠶᠠᠯᠠᠩ ᠤᠢᠢᠯᠡᠳᠪᠤᠷᠢᠯᠡᠯ ᠢ ᠨᠥᠬᠦᠪᠥᠷᠢᠯᠡᠬᠦ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠪᠠᠷᠢᠮᠲᠠᠯᠠᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠲᠠᠪᠤᠨ ᠱᠠᠲᠤᠨ ᠤ ᠱᠦᠵᠢ ᠬᠦᠳᠡᠭᠡ ᠳᠤᠰᠬᠤᠨ ᠢ ᠬᠥᠭᠵᠢᠭᠦᠯᠬᠦ ᠶᠢ ᠠᠳᠬᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠢ ᠳᠡᠮᠵᠢᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠨ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠵᠤ᠂ ᠬᠤᠳᠠ ᠬᠥᠳᠡᠭᠡ ᠶᠢᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ︽ᠢᠯᠭᠠᠭ᠎ᠠ ᠦᠬᠡᠢ︾ ᠪᠣᠯᠭᠠᠵᠤ᠂ ᠵᠡᠭᠦᠨᠭᠠᠷ ᠬᠤᠰᠢᠭᠤᠨ ᠤ ᠣᠨᠴᠠᠯᠢᠭ ᠲᠠᠢ ᠬᠦᠳᠡᠭᠡ ᠳᠤᠰᠬᠤᠨ ᠢ ᠬᠥᠭᠵᠢᠭᠦᠯᠬᠦ ᠵᠠᠮ ᠢᠶᠠᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃      ᠤᠲᠤᠭ ᠬᠤᠰᠢᠭᠤᠨ ᠤ ᠲᠥᠯᠦᠭᠡᠯᠡᠭᠴᠢᠳ ᠤᠨ ᠪᠦᠯᠬᠦᠮ ᠳᠤ᠂ ᠯᠢ ᠯᠢ ᠭᠠᠵᠠᠷ ᠣᠷᠤᠨ ᠤ ᠠᠵᠤ ᠠᠬᠤᠢ ᠶᠢ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠤᠲᠤᠭ ᠠᠵᠤ ᠠᠬᠤᠢ ᠶᠢᠨ ᠨᠡᠭᠡᠭᠡᠯᠳᠠ ᠶᠢᠨ ᠤᠷᠦᠠ ᠢ ᠮᠢᠩᠭᠠᠨ ᠳ᠋ᠦᠩᠰᠢᠭᠤᠷ ᠳᠦᠬᠦᠷᠢᠭ ᠤᠨ ᠦᠢᠯᠡᠳᠬᠦᠨ ᠤ ᠦᠷᠳᠡᠭ ᠤᠨ ᠬᠦᠷᠢᠶᠡᠯᠡᠩ ᠲᠣᠭᠤᠷᠢᠭ ᠪᠣᠯᠭᠠᠨ ᠪᠠᠶᠢᠭᠤᠯᠵᠤ᠂ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠳᠤ ᠳᠡᠪᠰᠢᠨ ᠣᠷᠣᠬᠤ ᠪᠠᠷ ᠴᠢᠷᠮᠠᠶᠢᠬᠤ ᠬᠡᠷᠡᠭᠲᠡᠢ᠃ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠭᠡᠳᠡᠷᠬᠦ ᠱᠠᠯᠠᠪᠳᠠᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠡᠷᠴᠢᠮᠵᠢᠭᠦᠯᠦᠭᠰᠡᠨ ᠪᠥᠭᠡᠮᠨᠡᠷᠡᠭᠰᠡᠨ ᠰᠦᠷᠦᠭᠵᠢᠭᠰᠡᠨ ᠬᠥᠭᠵᠢᠯᠳᠡ ᠶᠢ ᠲᠦᠷᠭᠡᠳᠬᠡᠵᠦ᠂ ︽ᠪᠣᠬᠢᠷᠲᠤᠯ ᠦᠭᠡᠢ ᠴᠠᠬᠢᠯᠭᠠᠨ︾᠎ ᠢᠶᠠᠷ ᠣᠷᠣᠯᠠᠭᠤᠯᠬᠤ ᠶᠢ ᠢᠳᠡᠪᠬᠢᠲᠡᠢ ᠠᠬᠢᠭᠤᠯᠤᠨ᠂ ᠪᠣᠬᠢᠷᠲᠤᠯ ᠦᠭᠡᠢ ᠳᠤᠤᠷ᠎ᠡ ᠨᠡᠭᠦᠷᠡᠰᠦᠲᠥ᠋ᠷᠥᠭᠴᠢᠳᠤ ᠠᠵᠤ ᠦᠢᠯᠡᠰ ᠤᠨ ᠳᠤᠬᠳᠠᠯᠴᠠᠭ᠎ᠠ ᠶᠢ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢ ᠫᠠᠨ ᠵᠢᠩ ᠮᠧᠩ ᠰᠢ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠬᠦᠷᠢᠶ᠎ᠡ ᠴᠠᠷᠠᠭ᠎ᠠ ᠡᠯ᠎ᠡ ᠠᠵᠢᠯ ᠲᠦᠷᠦᠯ ᠤᠨ ᠠᠵᠤ ᠠᠬᠤᠶᠢᠯᠠᠯ ᠤᠨ ᠴᠡᠪᠡᠷ ᠦᠢᠯᠡᠳᠪᠦᠷᠢᠯᠡᠯ ᠪᠣᠯᠤᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃  ᠮᠠᠯᠵᠢᠬᠤ ᠣᠷᠣᠨ ᠢ ᠬᠥᠭᠵᠢᠭᠦᠯᠬᠦ ᠠᠵᠢᠯ ᠢ ᠲᠤᠪᠤᠶᠢᠯᠭᠠᠨ ᠰᠠᠶᠢᠲᠤᠷ ᠠᠳᠬᠤᠵᠤ᠂ ᠲᠤᠰ ᠪᠡᠶ᠎ᠡ ᠶᠢᠨ ᠳᠠᠪᠠᠭᠤᠯᠢᠭ ᠨᠥᠬᠦᠴᠡᠯ ᠲᠠᠢ ᠪᠠᠨ ᠤᠶᠠᠯᠳᠤᠭᠤᠯᠤᠨ ᠮᠠᠯᠵᠢᠬᠤ ᠣᠷᠣᠨ ᠢ ᠪᠦᠬᠦ ᠲᠠᠯ᠎ᠠ ᠪᠠᠷ ᠬᠥᠭᠵᠢᠭᠦᠯᠬᠦ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠪᠦᠬᠦ ᠣᠷᠣᠨ ᠤ ᠬᠦᠳᠡᠭᠡ ᠳᠤᠰᠬᠤᠨ ᠢ ᠬᠥᠭᠵᠢᠭᠦᠯᠬᠦ ᠳᠤ ᠳᠠᠭᠤᠷᠢᠶᠡᠯ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠡᠪᠡ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号