ᠮᠠᠯᠴᠢᠨ ᠠᠷᠠᠳ ᠲᠠᠭᠠᠨ ᠦᠢᠯᠡᠴᠢᠯᠡᠳᠡᠭ ᠵᠢ᠊ · ᠲᠠᠯᠠᠢ
ᠨᠡᠶᠢᠲᠡᠯᠡᠭᠰᠡᠨ ᠴᠠᠭ᠄
2021/9/26
     ᠮᠠᠰᠢᠨ ᠲᠡᠷᠭᠡ᠂ ᠮᠤᠲ᠋ᠤᠷ ᠢᠶᠠᠷ ᠬᠦᠳᠡᠭᠡ ᠨᠤᠳᠤᠭ ᠤᠨ ᠠᠶᠢᠯ ᠡᠷᠦᠭᠡ ᠪᠠᠷ ᠵᠢᠯ ᠲᠤᠷᠰᠢ ᠶᠠᠭᠠᠷᠠᠯᠳᠠᠢ ᠲᠠᠪᠬᠢᠵᠤ ᠶᠠᠪᠤᠳᠠᠭ ᠲᠠᠪᠢᠨ ᠨᠠᠰᠤ ᠶᠢ ᠲᠦᠭᠦᠭᠰᠡᠨ ᠵᠢ᠊ · ᠲᠠᠯᠠᠢ ᠨᠦᠬᠦᠷ ᠪᠤᠯ ᠰᠦᠮᠡᠳᠦ ᠰᠤᠮᠤᠨ ᠤ ᠪᠠᠶᠠᠨᠪᠤᠯᠠᠭ ᠭᠠᠴᠠᠭᠠᠨ ᠤ ᠪᠠᠶᠠᠨᠪᠤᠯᠠᠭ ᠮᠠᠯᠵᠢᠯ ᠤᠨ ᠲᠤᠭᠤᠢᠢᠯᠠᠩ ᠤᠨ ᠲᠠᠷᠤᠭ᠎ᠠ᠂ ᠬᠡᠰᠢᠬᠦᠳ ᠤᠨ ᠲᠦᠯᠦᠭᠡᠯᠡᠭᠴᠢ ᠪᠠᠷ ᠠᠵᠢᠯᠯᠠᠵᠤ ᠶᠠᠪᠤᠭ᠎ᠠ ᠵᠢᠱᠢᠶᠡᠴᠢ ᠮᠠᠯᠴᠢᠨ ᠪᠤᠯᠬᠤ ᠶᠤᠮ᠃      ᠬᠤᠷᠢᠨ ᠬᠡᠳᠦᠨ ᠵᠢᠯ ᠤᠨ ᠲᠤᠷᠰᠢ ᠲᠡᠷᠡ ᠮᠠᠯ ᠦᠢᠯᠡᠳᠪᠤᠷᠢᠯᠡᠯ ᠤᠨ ᠢᠶᠠᠨ ᠰᠤᠯᠠ ᠰᠡᠯᠡᠬᠦᠦ ᠴᠠᠭ ᠢᠶᠠᠷ ᠢᠶᠠᠨ ᠬᠤᠰᠢᠭᠤ᠂ ᠰᠤᠮᠤ᠂ ᠪᠠᠶᠢᠭᠤᠯᠭ᠎ᠠ ᠨᠢᠭᠡᠴᠢ ᠪᠠ ᠠᠶᠢᠯ ᠡᠷᠦᠭᠡ ᠶᠢᠨ ᠤᠷᠢᠯᠭ᠎ᠠ ᠪᠠᠷ ᠪᠤᠰᠤᠳ ᠲᠤ ᠡᠪᠦᠯ ᠤᠨ ᠦᠬᠦᠴᠡ ᠭᠠᠷᠭᠠᠬᠤ᠂ ᠪᠤᠰᠤᠳ ᠤᠨ ᠬᠤᠳᠠᠯᠳᠤᠵᠤ ᠵᠠᠷᠤᠬᠤ ᠬᠤᠨᠢ ᠦᠭᠡᠷ ᠢ ᠨᠢ ᠨᠢᠳᠤᠯᠵᠤ ᠦᠭᠬᠦ ᠦᠢᠯᠡᠴᠢᠯᠡᠭᠡ ᠶᠢ ᠴᠦᠬᠦᠷᠡᠯ ᠦᠭᠡᠢ ᠬᠢᠵᠤ ᠢᠷᠡᠭᠰᠡᠨ ᠪᠢᠯᠡ᠃      2018 ᠤᠨ ᠳᠤ ᠵᠢ᠊ · ᠲᠠᠯᠠᠢ ᠭᠠᠴᠠᠭᠠᠨ ᠤ ᠪᠠᠨ ᠪᠠᠶᠠᠨᠪᠤᠯᠠᠭ ᠲᠤᠭᠤᠢᠢᠯᠠᠩ ᠤᠨ ᠬᠡᠰᠢᠬᠦᠳ ᠤᠨ ᠲᠦᠯᠦᠭᠡᠯᠡᠭᠴᠢ᠂ ᠲᠤᠭᠤᠢᠢᠯᠠᠩ ᠤᠨ ᠲᠠᠷᠤᠭ᠎ᠠ ᠪᠤᠯᠤᠭᠰᠠᠨ ᠤ ᠲᠠᠷᠠᠭ᠎ᠠ ᠮᠠᠯᠴᠢᠳ ᠲᠠᠭᠠᠨ ᠨᠠᠮ ᠤᠨ ᠲᠦᠷᠦ ᠶᠢᠨ ᠪᠤᠳᠤᠯᠭ᠎ᠠ ᠶᠢ ᠤᠯᠠᠮᠵᠢᠯᠠᠬᠤ ᠶᠢᠨ ᠲᠠᠭᠠᠤ ᠮᠠᠯᠴᠢᠨ ᠲᠦᠮᠡᠨ ᠤ ᠬᠦᠰᠡᠯ ᠱᠠᠭᠠᠷᠳᠠᠯᠭ᠎ᠠ ᠶᠢ ᠲᠡᠭᠡᠳᠦ ᠱᠠᠳᠤᠨ ᠳᠤ ᠲᠤᠰᠬᠠᠨ ᠦᠭᠴᠦ᠂ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠳᠤᠨᠢ ᠤᠷᠤᠰᠢᠵᠤ ᠪᠦᠬᠦᠢ ᠪᠤᠳᠠᠳᠠᠢ ᠬᠦᠴᠢᠷᠳᠡᠯ ᠢ ᠨᠢ ᠰᠢᠢᠳᠪᠤᠷᠢᠯᠡᠨ ᠦᠭᠭᠦᠭᠰᠡᠨ ᠪᠠᠶᠢᠨ᠎ᠠ᠃ ᠲᠡᠷᠡ ᠪᠠᠰᠠ ᠡᠯ᠎ᠡ ᠮᠠᠯᠵᠢᠯ ᠤᠨ ᠲᠤᠭᠤᠢᠢᠯᠠᠩ ᠢᠶᠠᠷ ᠲᠤᠭᠤᠷᠢᠨ ᠮᠠᠯ ᠤᠨ ᠡᠪᠡᠳᠴᠢᠨ ᠬᠢᠵᠢᠭ ᠤᠨ ᠰᠡᠷᠭᠡᠶᠢᠯᠡᠯᠭᠡ ᠬᠢᠬᠦ᠂ ᠠᠯᠪᠠᠨ ᠵᠢᠷᠤᠮ ᠤᠨ ᠤᠢᠢᠵᠢᠭᠤᠯᠤᠯᠳᠠ ᠬᠢᠬᠦ ᠵᠡᠷᠭᠡ ᠠᠵᠢᠯᠯᠠᠭ᠎ᠠ ᠳᠤ ᠢᠳᠡᠪᠬᠢᠳᠡᠢ ᠤᠷᠤᠯᠴᠠᠬᠤ ᠶᠢᠨ ᠬᠠᠮᠳᠤ ᠪᠤᠶᠠᠨ ᠤ ᠦᠢᠯᠡᠰ ᠤᠨ ᠲᠦᠯᠦᠭᠡ ᠴᠤ ᠰᠡᠳᠬᠢᠯ ᠲᠠᠯᠪᠢᠨ᠂ ᠠᠶᠢᠯ ᠡᠷᠦᠭᠡ ᠪᠠᠷ ᠲᠤᠭᠤᠷᠢᠵᠤ ᠶᠠᠪᠤᠬᠤ ᠲᠤᠬᠢᠶᠠᠯ ᠢᠶᠠᠷ ᠬᠠᠭᠤᠴᠢᠨ ᠬᠤᠪᠴᠠᠰᠤ ᠬᠤᠨᠠᠷ᠂ ᠬᠦᠨᠵᠢᠯᠡ ᠲᠡᠪᠢᠰᠭᠡᠷ᠂ ᠪᠤᠭᠴᠤ ᠱᠠᠬᠠᠢ ᠵᠡᠷᠭᠡ ᠶᠢ ᠴᠤᠭᠯᠠᠭᠤᠯᠵᠤ ᠬᠡᠷᠡᠭᠴᠡᠭᠡ ᠲᠠᠢ ᠬᠦᠮᠦᠰ ᠲᠤ ᠬᠦᠷᠭᠡᠭᠡᠳ ᠨᠡᠶᠢᠭᠡᠮ ᠨᠡᠶᠢᠳᠡ ᠶᠢᠨ ᠮᠠᠭᠳᠠᠭᠠᠯ ᠰᠠᠶᠢᠰᠢᠶᠠᠯ ᠢ ᠤᠯᠵᠤ ᠶᠠᠪᠤᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号