ᠬᠤᠲᠠ ᠶᠢᠨ ᠤᠳᠤᠷᠢᠳᠤᠯᠭ᠎ᠠ ᠨᠡᠷ ᠲᠥᠯᠥᠭᠡᠯᠡᠭᠴᠢᠳ ᠲᠠᠢ ᠬᠠᠮᠲᠤ ᠪᠠᠷ ᠳᠤᠮᠳᠠᠲᠦ ᠤᠯᠤᠰ ᠤᠨ ᠡᠪ ᠬᠠᠮᠲᠦ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠳᠡ ᠶᠢ ᠶᠠᠷᠢᠯᠴᠠᠪᠠ
ᠨᠡᠶᠢᠲᠡᠯᠡᠭᠰᠡᠨ ᠴᠠᠭ᠄
2021/9/26
     9 ᠰᠠᠷ᠎ᠠ ᠶᠢᠨ 24᠎ ᠤ ᠡᠳᠦᠷ ᠠᠴᠠ 25᠎ ᠤ ᠡᠳᠦᠷ ᠪᠣᠯᠲᠠᠯ᠎ᠠ᠂ ᠰᠤ᠋ ᠵᠥᠩ ᠱᠧᠩ᠂ ᠱᠧ ᠰᠢ ᠸᠧᠨ᠂ ᠰᠤ᠋ ᠼᠦᠢ ᠹᠠᠩ᠂ ᠵᠧᠨ ᠬᠤᠸᠠ᠂ ᠭᠤᠤ ᠳ᠋ᠧ ᠴᠢᠤᠸᠠᠨ᠂ ᠯᠢᠦ ᠰᠢᠶᠤᠤ ᠹᠧᠩ᠂ ᠵᠠᠩ ᠸᠧᠶ᠂ ᠬᠤᠸᠠ ᠷᠦᠢ ᠹᠧᠩ᠂ ᠪᠦᠷᠢᠨᠴᠢᠮᠡᠭ ᠲᠣᠰ ᠲᠤᠰ ᠥᠪᠡᠷ ᠤᠨ ᠪᠠᠶᠢᠭ᠎ᠠ ᠲᠥᠯᠥᠭᠡᠯᠡᠭᠴᠢᠳ ᠤᠨ ᠪᠦᠯᠬᠦᠮ ᠳᠡᠭᠡᠨ ᠭᠦᠷᠴᠤ ᠲᠥᠯᠥᠭᠡᠯᠡᠭᠴᠢᠳ ᠲᠠᠢ ᠬᠠᠮᠲᠤ ᠪᠠᠷ ᠳᠤᠮᠳᠠᠲᠦ ᠤᠯᠤᠰ ᠤᠨ ᠡᠪ ᠬᠠᠮᠲᠦ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠳᠡ ᠶᠢ ᠶᠠᠷᠢᠯᠴᠠᠪᠠ᠃      ᠶᠠᠷᠢᠯᠴᠠᠭᠠᠨ ᠤ ᠠᠬᠤᠶ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠯᠢ ᠯᠢ ᠨᠥᠬᠦᠷ ᠤᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠡ ᠶᠢ ᠲᠥᠯᠥᠭᠡᠯᠡᠨ ᠬᠢᠭᠰᠡᠨ ᠮᠡᠳᠡᠭᠦᠯᠦᠯᠳᠡ ᠨᠢ ᠥᠩᠭᠡᠷᠡᠭᠰᠡᠨ ᠲᠠᠪᠤᠨ ᠵᠢᠯ ᠤᠨ ᠲᠤᠷᠰᠢᠭᠢ ᠮᠠᠨ ᠤ ᠬᠤᠲᠠ ᠶᠢᠨ ᠡᠯ᠎ᠡ ᠲᠥᠷᠥᠯ ᠤᠨ ᠠᠵᠢᠯ ᠦᠢᠯᠡᠰ ᠤᠨ ᠣᠯᠤᠭᠰᠠᠨ ᠠᠮᠵᠢᠯᠲᠠ ᠶᠢ ᠭᠦᠨᠵᠡᠭᠡᠢ ᠳ᠋ᠦᠩᠨᠡᠵᠦ᠂ ᠮᠡᠳᠡᠭᠦᠯᠦᠯᠳᠡ ᠳᠤ ᠳᠤᠷᠠᠳᠤᠭᠰᠠᠨ ᠰᠢᠨ᠎ᠡ ᠵᠠᠮ ᠢᠶᠠᠷ ᠰᠠᠶᠢᠲᠤᠷ ᠵᠠᠮᠨᠠᠬᠤ᠂ ᠤᠷᠢᠳ ᠢᠶᠠᠷ ᠬᠡᠷᠡᠭᠵᠢᠬᠦᠯᠬᠦ ᠣᠷᠣᠨ ᠢ ᠪᠦᠲᠦᠭᠡᠨ ᠪᠠᠶᠢᠭᠤᠯᠬᠤ ᠪᠠ ᠲᠠᠪᠤᠨ ︽ᠣᠷᠳᠣᠰ︾᠎ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠨᠢ ᠬᠤᠲᠠ ᠶᠢᠨ ᠨᠠᠮ ᠤᠨ ᠬᠤᠷᠢᠶᠠᠨ ᠤ ᠰᠢᠨ᠎ᠡ ᠵᠠᠮ ᠢᠶᠠᠷ ᠰᠠᠶᠢᠲᠤᠷ ᠵᠠᠮᠨᠠᠬᠤ᠂ ᠤᠷᠢᠳ ᠢᠶᠠᠷ ᠬᠡᠷᠡᠭᠵᠢᠬᠦᠯᠬᠦ ᠣᠷᠣᠨ ᠢ ᠪᠦᠲᠦᠭᠡᠨ ᠪᠠᠶᠢᠭᠤᠯᠬᠤ ᠢᠲᠡᠭᠡᠯ ᠵᠣᠷᠢᠭ ᠢ ᠳᠣᠪᠤᠶᠢᠯᠭᠠᠵᠤ᠂ ᠮᠠᠨ ᠤ ᠬᠤᠲᠠ ᠶᠢᠨ ᠬᠤᠶᠢᠰᠢᠳᠠ ᠶᠢᠨ ᠲᠠᠪᠤᠨ ᠵᠢᠯ ᠤᠨ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ ᠶᠡᠷᠦᠩᠬᠡᠢ ᠬᠥᠲᠥᠯᠪᠦᠷᠢ ᠪᠤᠯᠵᠤ᠂ ᠮᠠᠰᠢ ᠴᠢᠩᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷ᠂ ᠠᠯᠤᠰ ᠬᠡᠳᠦ ᠶᠢᠨ ᠴᠢᠨᠡᠷ ᠪᠠ ᠵᠢᠯᠣᠭᠤᠳᠬᠤ ᠴᠢᠨᠠᠷ ᠲᠠᠢ ᠪᠤᠯᠵᠠᠢ ᠭᠡᠵᠦ ᠤᠯᠠᠨ ᠢᠶᠠᠷ ᠢᠶᠠᠨ ᠰᠠᠨᠠᠯ ᠨᠢᠭᠡᠳᠡᠢ ᠦᠵᠡᠵᠡᠭᠡᠪᠡ᠃ ᠵᠧᠨ ᠬᠤᠸᠠ ᠨᠥᠬᠦᠷ ᠤᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠶᠢ ᠲᠥᠯᠥᠭᠡᠯᠡᠨ ᠳᠡᠪᠰᠢᠭᠦᠯᠦᠭᠰᠡᠨ ᠪᠢᠴᠢᠭ ᠤᠨ ᠭᠡᠯᠪᠡᠷᠢ ᠶᠢᠨ ᠠᠵᠢᠯ ᠤᠨ ᠮᠡᠳᠡᠬᠦᠯᠦᠯᠲᠡ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠬᠢᠴᠡᠬᠦᠯᠵᠤ ᠦᠨᠡᠨ ᠠᠴᠠ ᠵᠥᠪ ᠢ ᠡᠷᠢᠨ᠂ ᠠᠰᠠᠭᠤᠳᠠᠯ ᠤᠨ ᠭᠤᠤᠯ ᠴᠦᠮ᠎ᠡ ᠶᠢ ᠤᠨᠤᠭᠠᠵᠤ᠂ ᠢᠷᠡᠬᠦ ᠲᠠᠪᠤᠨ ᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠠᠷᠭ᠎ᠠ ᠠᠪᠴᠠᠯ ᠪᠣᠳᠠᠲᠠᠶ ᠶᠢ ᠡᠷᠬᠢᠮᠯᠡᠵᠤ ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠬᠡᠪ ᠴᠢᠨᠠᠷ ᠢ ᠬᠦᠢᠴᠡᠳ ᠢᠯᠡᠷᠡᠭᠦᠯᠪᠡ᠃ ᠳᠤᠰ ᠬᠤᠶᠠᠷ ᠮᠡᠳᠡᠭᠦᠯᠦᠯᠳᠡ ᠶᠢ ᠤᠯᠠᠨ ᠢᠶᠠᠷ ᠢᠶᠠᠨ ᠰᠠᠨᠠᠯ ᠨᠢᠭᠡᠲᠡᠢ ᠵᠥᠪᠰᠢᠶᠡᠷᠡᠵᠦ ᠪᠠᠶᠢᠨ᠎ᠠ ᠭᠡᠵᠡᠭᠡᠵᠤ ᠪᠠᠶᠢᠯ᠎ᠠ᠃      ᠮᠡᠳᠡᠬᠦᠯᠦᠯᠳᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠮᠡᠳᠡᠭᠦᠯᠦᠯᠳᠡ ᠶᠢᠨ ᠵᠣᠷᠢᠭ ᠰᠠᠨᠠᠭ᠎ᠠ ᠲᠠᠢ ᠤᠬᠠᠮᠰᠠᠷ ᠠᠴᠠ ᠪᠠᠨ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠠᠢ ᠳᠤ ᠰᠠᠭᠤᠷᠢᠯᠠᠨ᠂ ᠠᠵᠠ ᠲᠣᠬᠢᠶᠠᠯ ᠢ ᠡᠵᠡᠮᠳᠡᠵᠤ᠂ ᠣᠳᠣᠬᠢᠴᠢᠯᠠᠭᠰᠠᠨ ᠤᠷᠳᠤᠰ ᠢ ᠪᠦᠳᠦᠬᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠬᠡᠢ ᠲᠡᠮᠡᠴᠡᠨ᠎ᠡ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号