ᠳ᠋ᠦ᠋ ᠬᠤᠢ ᠯᠢᠶᠠᠩ ᠦᠦᠰᠢᠨ ᠬᠤᠰᠢᠭᠤ ᠪᠠ ᠴᠡᠷᠢᠭ ᠠᠩᠬᠢ ᠳᠡᠭᠡᠳᠦ ᠰᠤᠷᠭᠠᠭᠤᠯᠢ ᠠᠵᠤ ᠠᠬᠤᠶᠢᠯᠠᠯ ᠤᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠥᠨᠳᠥᠷ  ᠲᠡᠭᠡᠷ᠎ᠠ ᠵᠣᠭᠰᠣᠨ ᠠᠯᠤᠰ ᠢ ᠪᠣᠳᠣᠯᠬᠢᠯᠠᠵᠤ ᠳᠡᠷᠢᠬᠦᠨ ᠳᠤᠨᠢ ᠤᠷᠤᠬᠤ ᠪᠠᠷ ᠭᠠᠪᠰᠢᠭᠠᠶᠢᠯᠠᠨ ᠣᠳᠣᠬᠢᠴᠢᠯᠠᠭᠰᠠᠨ  ᠤᠷᠳᠤᠰ ᠢ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2021/9/26
     9 ᠰᠠᠷ᠎ᠠ ᠶᠢᠨ 25᠎ ᠤ ᠡᠳᠦᠷ᠂ ᠳ᠋ᠦ᠋ ᠬᠤᠢ ᠯᠢᠶᠠᠩ ᠤᠷᠢᠳ ᠬᠤᠵᠢᠳ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠦᠰᠢᠨ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠪᠠ ᠴᠡᠷᠢᠭ ᠠᠩᠬᠢ᠂ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠪᠠᠷ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠬᠦᠯᠦᠯᠳᠡ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠶᠠᠷᠢᠯᠴᠠᠵᠤ᠂ ᠥᠨᠳᠥᠷ ᠲᠡᠭᠡᠷ᠎ᠠ ᠵᠣᠭᠰᠣᠨ ᠠᠯᠤᠰ ᠢ ᠪᠣᠳᠣᠯᠬᠢᠯᠠᠵᠤ᠂ ᠲᠡᠷᠢᠭᠦᠨ ᠳᠤᠨᠢ ᠤᠷᠤᠬᠤ ᠪᠠᠷ ᠭᠠᠪᠰᠢᠭᠠᠢᠢᠯᠠᠨ ᠴᠢᠷᠮᠠᠶᠢᠵᠤ᠂ ᠣᠳᠣᠬᠢᠴᠢᠯᠠᠭᠰᠠᠨ ᠣᠷᠳᠣᠰ ᠢ ᠪᠥᠲᠥᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠦᠤᠰᠢᠨ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠳᠤ᠂ ᠳ᠋ᠦ᠋ ᠬᠤᠢ ᠯᠢᠶᠠᠩ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠳᠦᠬᠦᠷ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠵᠣᠬᠢᠴᠠᠭᠤᠯᠭ᠎ᠠ ᠶᠢ ᠴᠢᠬᠤᠯᠠᠴᠢᠯᠠᠬᠤ᠂ ᠪᠣᠬᠢᠷᠲᠤᠯ ᠦᠭᠡᠢ ᠶᠢ ᠰᠠᠨᠠᠭᠠᠴᠢᠯᠠᠬᠤ᠂ ᠨᠡᠭᠡᠭᠡᠯᠲᠡ ᠶᠢ ᠦᠷᠭᠡᠳᠭᠡᠬᠦ᠂ ᠬᠠᠮᠲᠤ ᠪᠠᠷ ᠡᠳ᠋ᠯᠡᠬᠦ ᠶᠢ ᠠᠬᠢᠭᠤᠯᠬᠤ ᠶᠢ ᠬᠥᠭᠵᠢᠯᠲᠡ ᠶᠢᠨ ᠪᠦᠬᠦ ᠶᠠᠪᠤᠴᠠ ᠪᠠ ᠡᠯ᠎ᠡ ᠬᠦᠷᠢᠶ᠎ᠠ ᠴᠠᠷᠠᠭᠠᠨ ᠳᠤ ᠲᠤᠭᠤᠰᠢᠯᠠᠭᠤᠯᠤᠨ᠂ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠰᠦᠷᠦᠭᠵᠢᠯ ᠪᠠᠶᠢᠭᠤᠯᠬᠤ ᠶᠢ ᠠᠬᠢᠭᠤᠯᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠣᠲᠣ ᠦᠶ᠎ᠡ ᠶᠢᠨ ᠳᠠᠷᠢᠶᠠᠯᠠᠩ ᠮᠠᠯ ᠠᠵᠤ ᠠᠬᠤᠶ ᠶᠢ ᠲᠦᠷᠭᠡᠳᠬᠡᠨ ᠬᠥᠭᠵᠢᠭᠦᠯᠤᠨ᠂ ᠬᠤᠪᠢᠰᠬᠠᠯᠳᠤ ᠰᠣᠶᠣᠯ ᠵᠤᠭᠠᠴᠠᠯ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠶ ᠲᠥᠯᠥᠪᠵᠢᠭᠦᠯᠦᠨ ᠬᠥᠭᠵᠢᠭᠦᠯᠵᠦ᠂ ᠠᠵᠤ ᠦᠢᠯᠡᠰ ᠤᠨ ᠲᠠᠰ ᠲᠠᠪᠰᠢᠬᠤ ᠪᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠠᠮᠢ ᠠᠬᠤᠶ ᠶᠢᠨ ᠵᠠᠰᠠᠯᠲᠠ ᠪᠠ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠵᠠᠰᠠᠯᠲᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠵᠠᠰᠠᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠵᠤ ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠤ ᠴᠢᠬᠤᠯᠠᠴᠢᠯᠠᠪᠠ᠃      ᠴᠡᠷᠢᠭ ᠠᠩᠭᠢ᠂ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠲᠥᠯᠥᠭᠡᠯᠡᠭᠴᠢᠳ ᠤᠨ ᠪᠦᠯᠬᠦᠮ ᠳᠤ᠂ ᠳ᠋ᠦ᠋ ᠬᠤᠶ ᠯᠢᠶᠠᠩ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠭᠤᠤᠯ ᠴᠣᠭᠴᠠ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠨ ᠂ ᠰᠤᠳᠤᠯᠭᠠᠨ ᠬᠢᠵᠤ ᠨᠡᠭᠡᠭᠡᠯᠳᠡ ᠬᠢᠬᠦ ᠣᠷᠣᠭᠤᠯᠤᠯᠲᠠ ᠪᠠᠨ ᠨᠡᠮᠡᠭᠳᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠴᠢᠩᠭᠠᠳᠬᠠᠨ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠤᠬᠰᠠᠨ ᠬᠥᠭᠵᠢᠯᠲᠡ ᠶᠢᠨ ᠳᠤᠮᠳᠠ ᠠᠵᠠ ᠲᠣᠬᠢᠶᠠᠯ ᠢ ᠡᠵᠡᠮᠳᠡᠨ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ︔ ᠳᠡᠭᠡᠳᠦ ᠰᠤᠷᠭᠠᠭᠤᠯᠢ ᠶᠡᠷᠦᠩᠬᠡᠶ ᠱᠦᠵᠢ ᠰᠢ ᠶᠢᠨ ᠫᠢᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠳᠣᠬᠢᠴᠢᠯᠠᠭᠰᠠᠨ ᠰᠤᠷᠭᠠᠨ ᠬᠥᠮᠦᠵᠢᠯ ᠢᠶᠠᠷ ᠬᠠᠷᠠᠯᠲᠠ ᠪᠣᠯᠭᠠᠨ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠴᠢᠨᠠᠷᠵᠢᠯ ᠲᠠᠢ᠂ ᠥᠨᠳᠥᠷ ᠲᠦᠪᠰᠢᠨ᠂ ᠥᠪᠡᠷᠮᠢᠴᠡ ᠣᠨᠴᠠᠯᠢᠭ ᠢ ᠨᠠᠩ ᠳᠣᠪᠤᠶᠢᠯᠭᠠᠨ᠂ ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠣᠳᠣᠬᠢᠴᠢᠯᠠᠭᠰᠠᠨ ᠣᠷᠳᠣᠰ ᠢ ᠪᠥᠲᠥᠭᠡᠨ ᠪᠠᠶᠢᠭᠤᠯᠬᠤ ᠳᠤ ᠴᠢᠳᠠᠪᠤᠷᠢᠲᠠᠨ᠂ ᠰᠢᠨ᠎ᠡ ᠶᠢ ᠡᠭᠦᠳᠬᠦ ᠲᠤᠯᠭᠠᠭᠤᠷᠢᠯᠠᠯ ᠬᠠᠩᠭᠠᠬᠤ ᠬᠡᠷᠡᠭᠲᠡᠶ︔ ᠬᠤᠲᠠ ᠳᠤ ᠰᠠᠭᠤᠭ᠎ᠠ ᠴᠡᠷᠢᠭ ᠠᠩᠭᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠨ᠂ ᠴᠡᠷᠢᠭ ᠪᠣᠯᠪᠠᠰᠤᠷᠠᠭᠤᠯᠵᠤ ᠲᠡᠶᠢᠨ ᠳᠤ ᠪᠡᠯᠡᠳᠬᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ᠂ ᠴᠢᠳᠠᠪᠤᠷᠢᠲᠠᠨ ᠤ ᠳᠤᠲᠠᠭᠤᠳᠠᠯ ᠢ ᠨᠥᠬᠦᠪᠥᠷᠢᠯᠡᠬᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠦᠢᠯᠡᠴᠢᠯᠡᠭᠡ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠣᠳᠣᠬᠢᠴᠢᠯᠠᠭᠰᠠᠨ ᠣᠷᠳᠣᠰ ᠤᠨ ᠪᠥᠲᠥᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号