ᠰᠢᠩ ᠵᠧᠩ ᠬᠢᠶ᠎ᠠ ᠪᠠᠭᠰᠢ ᠲᠣᠭᠤᠷᠢᠭ ᠬᠤᠲᠠ ᠶᠢᠨ ᠰᠢᠭᠤᠳ ᠬᠠᠷᠢᠶ᠎ᠠ ᠬᠤᠶᠠᠳᠤᠭᠠᠷ ᠲᠥᠯᠥᠭᠡᠯᠡᠭᠴᠢᠳ ᠤᠨ  ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠬᠥᠭᠵᠢᠯᠲᠡ ᠶᠢᠨ  ᠣᠶᠢᠯᠠᠭᠠᠭᠳᠠᠬᠤᠨ ᠢᠶᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ  ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/9/26
     9 ᠰᠠᠷ᠎ᠠ ᠶᠢᠨ 24᠎ ᠤ ᠡᠳᠤᠷ ᠠᠴᠠ 25᠎ ᠤ ᠡᠳᠦᠷ ᠪᠣᠯᠲᠠᠯ᠎ᠠ᠂ ᠰᠢᠩ ᠵᠧᠩ ᠤᠷᠢᠳ ᠬᠤᠵᠢᠳ ᠳᠤᠮᠳᠠᠲᠦ ᠤᠯᠤᠰ ᠤᠨ ᠡᠪ ᠬᠠᠮᠲᠦ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠢᠶ᠎ᠠ ᠪᠠᠭᠰᠢ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ᠂ ᠬᠤᠳᠠ ᠶᠢᠨ ᠰᠢᠭᠤᠳ ᠬᠠᠷᠢᠶ᠎ᠠ ᠬᠤᠶᠠᠳᠤᠭᠠᠷ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠦ ᠪᠠᠷ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠬᠦᠯᠦᠯᠲᠡ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠶᠠᠷᠢᠯᠴᠠᠬᠤ ᠳᠠᠭᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠤᠨ ᠠᠬᠤᠶ ᠲᠠᠯᠠᠪᠠᠶ ᠳᠤ ᠬᠠᠯᠠᠭᠤᠨ ᠶᠠᠷᠢᠯᠴᠠᠭ᠎ᠠ ᠪᠤᠯᠵᠤ᠂ ᠲᠥᠯᠥᠭᠡᠯᠡᠭᠴᠢᠳ ᠮᠡᠳᠡᠬᠦᠯᠦᠯᠲᠡ ᠪᠠ ᠭᠠᠵᠠᠷ ᠣᠷᠣᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠠᠰᠠᠭᠤᠳᠠᠯ ᠢ ᠶᠠᠷᠢᠯᠴᠠᠵᠤ᠂ ᠰᠠᠨᠠᠭᠤᠯᠭ᠎ᠠ ᠳᠤᠷᠠᠳᠴᠤ᠂ ᠬᠥᠭᠵᠢᠯᠲᠡ ᠶᠢ ᠡᠷᠢᠯᠬᠢᠯᠡᠪᠠ᠃  ᠮᠡᠳᠡᠬᠦᠯᠦᠯᠲᠡ ᠶᠢᠨ ᠭᠤᠤᠯ ᠰᠡᠳᠦᠪ ᠢᠯᠡ ᠲᠣᠳᠣ᠂ ᠬᠠᠷᠠᠯᠲᠠ ᠲᠣᠳᠣᠷᠬᠠᠶ᠂ ᠠᠷᠭ᠎ᠠ ᠠᠪᠴᠠᠯ ᠨᠢ ᠪᠣᠳᠠᠲᠠᠶ ᠶᠢ ᠡᠷᠬᠢᠮᠯᠡᠵᠤ᠂ ᠮᠠᠨ ᠤ ᠬᠤᠲᠠ ᠶᠢᠨ ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠴᠢᠭᠯᠡᠯ ᠢ ᠲᠣᠭᠲᠠᠭᠠᠵᠤ᠂ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠪᠠ ᠭᠡᠵᠤ ᠤᠯᠠᠨ ᠢᠶᠠᠷ ᠢᠶᠠᠨ ᠰᠠᠨᠠᠯ ᠨᠢᠭᠡᠲᠡᠢ ᠦᠵᠡᠵᠡᠭᠡᠵᠦ ᠪᠠᠶᠢᠪᠠ᠃      ᠬᠢᠶ᠎ᠠ ᠪᠠᠭᠰᠢ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠳᠤ᠂ ᠰᠢᠩ ᠵᠧᠩ ᠤᠯᠤᠰ ᠲᠦᠷᠦ ᠶᠢᠨ ᠳᠠᠭᠤᠷᠢᠶᠠᠯ ᠪᠣᠯᠬᠤ ᠲᠠᠯ᠎ᠠ ᠪᠠᠷ ᠠᠯᠬᠤᠮ ᠳᠠᠪᠰᠢᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠡᠮᠦᠨ᠎ᠡ ᠨᠢ ᠠᠯᠬᠤᠵᠤ ᠳᠠᠭᠤᠷᠢᠶᠠᠯ ᠪᠣᠯᠬᠤ ᠬᠡᠷᠡᠭᠲᠡᠢ᠃ ᠴᠢᠨᠠᠷ ᠰᠠᠶᠢᠲᠠᠶ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠵᠤ᠂ ︽ᠤᠯᠤᠰ ᠤᠨ ᠣᠶᠤᠨᠴᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠰᠠᠭᠤᠷᠢᠨ ᠭᠠᠵᠠᠷ︾᠎ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠤᠨ᠂ ᠴᠢᠮᠡᠭᠡ ᠵᠠᠩᠭᠢᠵᠢᠯᠲᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠢ ᠪᠥᠬᠦ ᠬᠦᠴᠦᠨ ᠢᠶᠠᠷ ᠪᠠᠶᠢᠭᠤᠯᠵᠤ᠂ ︽ᠨᠢᠭᠡ ᠡᠷᠦᠬᠡ ᠳᠤ ᠨᠢᠭᠡ ᠨᠣᠮᠧᠷ ᠲᠠᠢ ᠪᠠᠶᠢᠯᠭᠠᠬᠤ︾᠎ ᠪᠠᠷ ᠪᠥᠬᠦ ᠠᠷᠠᠳ ᠬᠠᠮᠲᠤ ᠪᠠᠷ ᠵᠠᠰᠠᠵᠦ᠂ ᠣᠶᠤᠨᠴᠢ ᠥᠨᠳᠥᠷ ᠪᠦᠲᠦᠮᠵᠢᠲᠡᠶ ᠣᠳᠣᠬᠢᠴᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠭᠪᠤᠷ ᠢ ᠪᠠᠶᠢᠭᠤᠯᠬᠤ ᠬᠡᠷᠡᠭᠲᠡᠶ᠃ ᠰᠢᠨ᠎ᠡ ᠠᠵᠤ ᠠᠬᠤᠢ ᠶᠢᠨ ᠰᠢᠰᠲ᠋ᠧᠮ ᠢ ᠴᠣᠭᠴᠠᠯᠠᠬᠤ ᠲᠠᠯ᠎ᠠ ᠪᠠᠷ ᠤᠷᠢᠳ ᠢᠶᠠᠷ ᠤᠷᠤᠭᠰᠢᠯᠠᠵᠤ᠂ ᠬᠤᠳᠠ ᠶᠢ ᠡᠵᠡᠩᠨᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ᠂ ︽ᠰᠦᠯᠵᠢᠶᠡᠨ ᠤ ᠨᠡᠷᠡᠳᠦ ᠬᠤᠳᠠ︾᠎ ᠶᠢᠨ ᠰᠢᠨ᠎ᠡ ᠵᠠᠭᠪᠤᠷ ᠢᠶᠠᠷ ᠰᠣᠶᠣᠯ ᠵᠤᠭᠠᠴᠠᠯ ᠤᠨ ᠠᠵᠤ ᠦᠢᠯᠡᠰ ᠲᠤ ᠬᠦᠴᠦᠨ ᠨᠡᠮᠡᠷᠢᠯᠡᠵᠦ᠂ ᠠᠷᠠᠯᠵᠢᠶ᠎ᠠ ᠬᠤᠳᠠᠯᠳᠤᠭ᠎ᠠ ᠰᠡᠯᠡᠭᠦᠴᠡᠯ᠂ ᠮᠥᠩᠭᠦᠨ ᠭᠦᠢᠯᠭᠡᠭᠡᠨ ᠤ ᠦᠵᠡᠰᠬᠦᠯᠡᠩ᠂ ᠰᠤᠷᠭᠠᠨ ᠬᠥᠮᠦᠵᠢᠯ ᠡᠷᠡᠭᠦᠯᠵᠢᠯ ᠰᠤᠪᠢᠯᠠᠯᠲᠠ ᠵᠡᠷᠭᠡ ᠬᠦᠷᠢᠶᠡᠨ ᠤ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠲᠣᠭᠠᠵᠢᠭᠤᠯᠤᠬᠰᠠᠨ ᠠᠵᠤ ᠠᠬᠤᠢ ᠶᠢ ᠪᠤᠶᠢᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠤᠨ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ᠃ ᠬᠤᠲᠠ ᠶᠢᠨ ᠠᠷᠠᠳ ᠤᠨ ᠪᠤᠶᠠᠨ ᠬᠡᠰᠢᠭ ᠢ ᠤᠯᠠᠮ ᠨᠡᠮᠡᠭᠳᠡᠭᠦᠯᠬᠦ ᠲᠠᠯ᠎ᠠ ᠪᠠᠷ ᠴᠢᠨᠠᠭᠰᠢᠲᠠ ᠬᠦᠨᠵᠡᠬᠡᠶᠢᠷᠡᠬᠦᠯᠵᠤ᠂ ᠬᠠᠮᠲᠤ ᠪᠠᠷ ᠴᠢᠨᠡᠭᠡᠯᠢᠭᠵᠢᠬᠦ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠡᠪ ᠴᠢᠨᠠᠷ ᠤᠨ ᠰᠤᠷᠭᠠᠨ ᠬᠥᠮᠦᠵᠢᠯ ᠢ ᠡᠷᠡᠰ ᠭᠤᠶᠢᠪᠢᠰᠢ ᠥᠬᠡᠶ ᠰᠠᠶᠢᠲᠤᠷ ᠡᠷᠭᠢᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠵᠢᠷᠤᠮᠵᠢᠯ ᠲᠠᠢ ᠡᠮᠬᠢ ᠵᠢᠷᠤᠮ ᠲᠠᠢ ᠬᠥᠭᠵᠢᠬᠦ ᠶᠢ ᠬᠦᠴᠦᠯᠡᠨ ᠬᠥᠲᠥᠯᠥᠨ ᠵᠢᠯᠣᠭᠤᠳᠴᠤ᠂ ᠪᠠᠭᠤᠷᠠᠶᠢᠴᠤᠤᠯ ᠤᠨ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠬᠠᠮᠲᠤ ᠪᠠᠷ ᠪᠠᠶᠠᠵᠢᠨ ᠴᠢᠨᠡᠭᠡᠯᠢᠭᠵᠢᠭᠰᠡᠨ ᠬᠢᠶ᠎ᠠ ᠪᠠᠭᠰᠢ ᠶᠢᠨ ᠦᠯᠢᠬᠡᠷ ᠬᠡᠪ ᠢ ᠪᠥᠬᠦ ᠲᠠᠯ᠎ᠠ ᠪᠠᠷ ᠴᠣᠭᠴᠠᠯᠠᠬᠤ ᠬᠡᠷᠡᠭᠲᠡᠶ ᠭᠡᠵᠤ ᠴᠢᠬᠤᠯᠠᠴᠢᠯᠠᠪᠠ᠃      ᠬᠤᠳᠠ ᠶᠢᠨ ᠰᠢᠭᠤᠳ ᠬᠠᠷᠢᠶ᠎ᠠ ᠬᠤᠶᠠᠳᠤᠭᠠᠷ ᠲᠥᠯᠥᠭᠡᠯᠡᠭᠴᠢᠳ ᠤᠨ ᠪᠦᠯᠬᠦᠮ ᠳᠤ᠂ ᠰᠢᠩ ᠵᠧᠩ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠤ᠂ ᠠᠮᠢ ᠠᠬᠤᠢ ᠶᠢᠨ ᠨᠡᠭᠦᠷᠡᠰᠦᠲᠥ᠋ᠷᠥᠭᠴᠢ ᠶᠢ ᠬᠤᠷᠢᠶᠠᠨ ᠠᠪᠬᠤ ᠴᠢᠳᠠᠪᠤᠷᠢ ᠶᠢ ᠳᠡᠭᠡᠭᠰᠢᠯᠡᠭᠦᠯᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠤᠷᠳᠤᠰ ᠤᠨ ᠬᠤᠪᠢ ᠨᠡᠮᠡᠷᠢ ᠶᠢ ᠦᠵᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ ᠪᠣᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠤᠨ᠂ ᠳᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠦᠢᠯᠡᠳᠪᠦᠷᠢ ᠪᠠᠷ ᠬᠦᠳᠡᠭᠡ ᠠᠵᠤ ᠠᠬᠤᠢ ᠶᠢ ᠨᠥᠬᠦᠪᠥᠷᠢᠯᠡᠬᠦ᠂ ᠠᠵᠤ ᠦᠢᠯᠡᠳᠪᠦᠷᠢ ᠬᠦᠳᠡᠭᠡ ᠠᠵᠤ ᠠᠬᠤᠢ ᠬᠠᠷᠢᠯᠴᠠᠨ ᠠᠬᠢᠭᠤᠯᠬᠤ ᠶᠢ ᠴᠢᠩᠭᠠᠳᠬᠠᠨ᠂ ᠳᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ᠂ ᠡᠷᠴᠢᠮᠵᠢᠬᠦᠯᠦᠯᠲᠡ᠂ ᠠᠵᠤ ᠦᠢᠯᠡᠰᠵᠢᠯᠲᠡ ᠶᠢᠨ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠤᠯᠠᠨ ᠤ ᠲᠦᠪᠡᠭᠳᠡᠵᠦ ᠬᠦᠴᠢᠷᠳᠡᠵᠦ ᠬᠦᠰᠡᠵᠦ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠶᠡᠭᠡ ᠪᠠᠷ ᠰᠢᠢᠳᠪᠦᠷᠢᠯᠡᠨ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号