ᠭᠤᠤ ᠵᠠᠨ ᠱᠧᠩ ᠡᠵᠡᠨ ᠬᠤᠷᠤᠭ᠎ᠠ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ  ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ ᠬᠥᠭᠵᠢᠯᠲᠡ ᠶᠢᠨ  ᠬᠠᠨᠳᠤᠰᠢ ᠪᠠᠨ ᠪᠠᠲᠤᠯᠠᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ  ᠨᠡᠮᠡᠷᠢ ᠦᠵᠡᠭᠦᠯᠬᠦ ᠭᠡᠷᠡᠭᠳᠠᠢ
ᠨᠡᠶᠢᠲᠡᠯᠡᠭᠰᠡᠨ ᠴᠠᠭ᠄
2021/9/26
     9 ᠰᠠᠷ᠎ᠠ ᠶᠢᠨ 24᠎ ᠤ ᠡᠳᠦᠷ᠂ ᠭᠤᠤ ᠵᠠᠨ ᠱᠧᠩ ᠡᠵᠡᠨ ᠬᠤᠷᠤᠭ᠎ᠠ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠪᠠ᠃      ᠡᠵᠡᠨ ᠬᠤᠷᠤᠭ᠎ᠠ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠶᠢᠨ ᠠᠬᠤᠢ ᠲᠠᠯᠠᠪᠠᠶ ᠮᠠᠰᠢ ᠬᠥᠭᠵᠢᠶᠡᠨ ᠲᠠᠢ ᠪᠠᠶᠢᠵᠤ᠂ ᠡᠯ᠎ᠡ ᠠᠵᠢᠯ ᠲᠥᠷᠥᠯ ᠤᠨ ᠲᠥᠯᠥᠭᠡᠯᠡᠭᠴᠢᠳ ᠢᠳᠡᠪᠬᠢᠲᠡᠶ ᠪᠠᠷ ᠶᠠᠷᠢᠶ ᠎ᠡ ᠲᠠᠯᠪᠢᠨ ᠂ ᠲᠤᠰ ᠲᠤᠰ ᠤᠨ ᠪᠣᠳᠠᠲᠤ ᠠᠵᠢᠯ ᠲᠠᠢ ᠪᠠᠨ ᠤᠶᠠᠯᠳᠤᠭᠤᠯᠤᠨ ᠲᠥᠷᠥᠭᠳᠡᠯ ᠢᠶᠠᠨ ᠶᠠᠷᠢᠵᠤ᠂ ᠬᠥᠭᠵᠢᠯᠲᠡ ᠶᠢ ᠡᠷᠢᠯᠬᠢᠯᠡᠨ᠂ ᠰᠠᠶᠢᠨ ᠠᠷᠭ᠎ᠠ ᠪᠣᠳᠣᠯᠭ᠎ᠠ ᠪᠠᠨ ᠳᠡᠪᠰᠢᠭᠦᠯᠵᠦ ᠪᠠᠶᠢᠯ᠎ᠠ᠃ ᠮᠡᠳᠡᠬᠦᠯᠦᠯᠲᠡ ᠳᠤ ᠠᠮᠵᠢᠯᠲᠠ ᠪᠦᠲᠦᠮᠵᠢ ᠪᠠᠨ ᠳ᠋ᠦᠡᠭᠨᠡᠭᠰᠡᠨ ᠢᠶᠠᠷ ᠪᠤᠰᠤᠳᠴᠢ ᠮᠦᠷᠳᠡᠬᠡᠨ ᠦᠨᠡᠨ ᠪᠣᠳᠠᠲᠠᠶ᠂ ᠬᠠᠷᠠᠯᠲᠠ ᠡᠭᠦᠷᠭᠡ ᠲᠣᠳᠣᠷᠬᠠᠶ ᠮᠦᠷᠲᠡᠭᠡᠨ ᠬᠡᠷᠡᠭᠵᠢᠬᠦᠯᠦᠰᠢᠲᠠᠢ᠂ ᠰᠡᠳᠬᠢᠴᠡ ᠠᠷᠭ᠎ᠠ ᠠᠪᠴᠠᠯ ᠲᠣᠳᠣᠷᠬᠠᠶ ᠪᠥᠭᠡᠳ ᠬᠦᠴᠦᠲᠡᠶ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠣᠨᠣᠯ ᠤᠨ ᠴᠢᠨᠠᠷ᠂ ᠵᠢᠯᠣᠭᠤᠳᠬᠤ ᠴᠢᠨᠠᠷ ᠲᠠᠢ ᠪᠤᠯᠵᠠᠢ ᠭᠡᠵᠦ ᠣᠯᠠᠨ ᠢᠶᠠᠷ ᠢᠶᠠᠨ ᠰᠠᠨᠠᠯ ᠨᠢᠭᠡᠳᠠᠢ ᠦᠵᠡᠵᠡᠭᠡᠭᠰᠡᠨ ᠤ ᠬᠠᠮᠳᠤ ᠮᠡᠳᠡᠭᠦᠯᠦᠯᠳᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠨ᠎ᠡ ᠭᠡᠵᠦ ᠢᠯᠡᠳᠬᠡᠵᠡᠭᠡᠪᠡ᠃      ᠭᠤᠤ ᠵᠠᠨ ᠱᠧᠩ ᠶᠠᠷᠢᠯᠴᠠᠭ᠎ᠠ ᠳᠤ ᠣᠷᠣᠯᠴᠠᠬᠤ ᠳᠠᠭᠠᠨ᠂ ᠳᠤᠮᠳᠠᠲᠦ ᠤᠯᠤᠰ ᠤᠨ ᠡᠪ ᠬᠠᠮᠲᠦ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠬᠦᠯᠦᠯᠲᠡ ᠶᠢᠨ ᠵᠣᠭᠰᠣᠴᠠ ᠥᠨᠳᠥᠷ᠂ ᠦᠵᠡᠯ ᠰᠠᠨᠠᠭ᠎ᠠ ᠭᠦᠨ᠂ ᠴᠢᠭᠯᠡᠯ ᠲᠣᠳᠣᠷᠬᠠᠢ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠳᠤ ᠳᠠᠯᠪᠢᠬᠰᠠᠨ ᠡᠯ᠎ᠡ ᠲᠦᠷᠦᠯ ᠤᠨ ᠱᠠᠭᠠᠷᠳᠠᠯᠭ᠎ᠠ ᠶᠢ ᠢᠯᠡᠷᠡᠭᠦᠯᠤᠨ᠂ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ᠂ ᠦᠨᠡᠨ ᠠᠴᠠ ᠵᠥᠪ ᠢ ᠡᠷᠢᠭᠰᠡᠨ᠂ ᠵᠠᠮ ᠨᠡᠭᠡᠭᠡᠨ ᠤᠷᠤᠭᠰᠢᠯᠠᠬᠰᠠᠨ᠂ ᠬᠥᠮᠦᠰ ᠤᠨ ᠰᠡᠳᠬᠢᠯ ᠢ ᠤᠷᠮᠠᠰᠢᠭᠤᠯᠤᠭᠰᠠᠨ᠂ ᠬᠦᠴᠦᠨ ᠴᠢᠳᠠᠯ ᠢ ᠨᠢᠭᠲᠠᠷᠠᠭᠤᠯᠤᠬᠰᠠᠨ ᠰᠠᠶᠢᠨ ᠮᠡᠳᠡᠬᠦᠯᠦᠯᠲᠡ ᠪᠤᠯᠵᠥ᠂ ᠪᠢᠳᠡᠨ ᠤ ᠬᠤᠶᠢᠰᠢᠳᠠ ᠶᠢᠨ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠭᠰᠠᠨ ᠪᠠᠶᠢᠨ᠎ᠠ ᠭᠡᠵᠤ ᠵᠢᠭᠠᠵᠤ ᠭᠠᠷᠭᠠᠪᠠ᠃      ᠭᠤᠤ ᠵᠠᠨ ᠱᠧᠩ ᠡᠵᠡᠨ ᠬᠤᠷᠤᠭ᠎ᠠ ᠬᠤᠰᠢᠭᠤᠨ ᠤ ᠬᠥᠭᠵᠢᠯᠲᠡ ᠶᠢᠨ ᠰᠠᠭᠤᠷᠢ ᠰᠠᠶᠢᠨ᠂ ᠳᠠᠯᠳᠠ ᠬᠥᠳᠡᠯᠭᠡᠬᠦ ᠬᠦᠴᠦᠨ ᠶᠡᠭᠡ᠂ ᠤᠢᠢᠷ᠎ᠠ ᠶᠢᠨ ᠵᠢᠯ ᠠᠴᠠ ᠡᠯ᠎ᠡ ᠲᠦᠷᠦᠯ ᠤᠨ ᠠᠵᠢᠯ ᠳᠡᠭᠡᠷ᠎ᠠ ᠪᠠᠨ ᠢᠯᠡᠳᠲᠡ ᠦᠷ᠎ᠡ ᠪᠦᠲᠦᠮᠵᠢ ᠣᠯᠵᠠᠢ᠃ ᠬᠥᠭᠵᠢᠯᠲᠡ ᠶᠢᠨ ᠢᠲᠡᠭᠡᠯ ᠢᠶᠠᠨ ᠴᠢᠨᠠᠭᠰᠢᠳᠠ ᠪᠠᠲᠤᠳᠬᠠᠵᠤ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠨ᠂ ᠳᠤᠮᠳᠠᠲᠦ ᠤᠯᠤᠰ ᠤᠨ ᠡᠪ ᠬᠠᠮᠲᠦ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠡᠨᠧᠷᠭᠢ ᠶᠢᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠬᠤᠤᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠣᠳᠣᠯᠭ᠎ᠠ ᠳᠤᠤᠷᠠᠬᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠨ᠂ ᠭᠠᠵᠠᠷ ᠣᠷᠣᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠰᠠᠯᠬᠢ᠂ ᠬᠡᠷᠡᠯ᠂ ᠤᠰᠤᠲᠥ᠋ᠷᠥᠭᠴᠢ ᠬᠠᠳᠠᠭᠠᠯᠠᠬᠤ ᠪᠣᠬᠢᠷᠲᠤᠯ ᠥᠬᠡᠶ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠶ ᠪᠠᠶᠢᠭᠤᠯᠤᠨ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠷᠮᠠᠶᠢᠨ ᠣᠯᠵᠤ᠂ ᠪᠣᠬᠢᠷᠲᠤᠯ ᠥᠬᠡᠶ ᠴᠠᠬᠢᠯᠭᠠᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠬᠦᠷᠢᠶ᠎ᠡ ᠲᠡᠶᠢᠰᠢ ᠠᠯᠬᠤᠮ ᠠᠯᠬᠤᠮ ᠢᠶᠠᠷ ᠤᠷᠲᠤᠳᠬᠠᠨ᠂ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ ᠣᠯᠠᠨ ᠬᠦᠷᠲᠡᠭᠡᠬᠦ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠤᠨ᠂ ᠦᠨᠡᠨᠴᠢ ᠢᠲᠡᠭᠡᠮᠵᠢ ᠲᠠᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠬᠦᠷᠢᠰᠢᠬᠦᠯᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠯᠧᠮᠧᠨ᠋ᠲ ᠤᠨ ᠥᠪᠡᠷ ᠤᠨ ᠦᠷᠳᠡᠭ ᠪᠠ ᠤᠯᠠᠨ ᠲᠦᠮᠡᠨ ᠤ ᠠᠮᠢᠳᠤᠷᠠᠯ ᠤᠨ ᠥᠪᠡᠷ ᠤᠨ ᠦᠷᠳᠡᠭ ᠢ ᠪᠦᠬᠦ ᠬᠦᠴᠦ ᠪᠠᠷ ᠢᠶᠠᠨ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠢ ᠦᠨᠳᠦᠰᠦᠨ ᠱᠠᠳᠤ ᠲᠡᠶᠢᠰᠢ ᠤᠷᠲᠤᠳᠬᠠᠬᠤ ᠶᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠦᠨᠳᠦᠰᠦᠨ ᠱᠠᠲᠤᠨ ᠤ ᠵᠥᠷᠢᠴᠡᠯ ᠵᠠᠭᠤᠷᠠᠯᠳᠤᠭᠠᠨ ᠢ ᠪᠦᠲᠦᠮᠵᠢᠲᠡᠢ ᠰᠢᠢᠳᠪᠦᠷᠢᠯᠡᠨ᠂ ᠦᠨᠳᠦᠰᠦᠨ ᠱᠠᠲᠤᠨ ᠤ ᠵᠠᠰᠠᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠤᠶᠤᠨᠴᠢᠯᠠᠭᠰᠠᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠯᠠᠪᠯᠠᠯᠲᠠ ᠪᠤᠯᠭᠠᠵᠤ ᠪᠣᠯᠬᠤ᠂ ᠳᠡᠯᠭᠡᠷᠡᠭᠦᠯᠵᠦ ᠪᠣᠯᠬᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠵᠠᠭᠪᠤᠷ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号