ᠵᠠᠩ ᠵᠠᠨ ᠯᠢᠨ ᠳ᠋ᠦᠩᠱᠧᠩ ᠲᠣᠭᠤᠷᠢᠭ ᠤᠨ ᠲᠥᠯᠦᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ  ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ  ᠪᠠᠷᠢᠮᠲᠠᠯᠠᠵᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠭᠠᠵᠠᠷ  ᠣᠷᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ  ᠬᠡᠷᠡᠭᠲᠡᠢ
ᠨᠡᠶᠢᠲᠡᠯᠡᠭᠰᠡᠨ ᠴᠠᠭ᠄
2021/9/26
     9 ᠰᠠᠷ᠎ᠠ ᠶᠢᠨ 24᠎ ᠤ ᠡᠳᠦᠷ ᠠᠴᠠ 25᠎ ᠤ ᠡᠳᠦᠷ ᠪᠤᠯᠳᠠᠯ᠎ᠠ᠂ ᠵᠠᠩ ᠵᠠᠨ ᠯᠢᠨ ᠡᠪ ᠬᠠᠮᠳᠤ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠳ᠋ᠦᠩᠱᠧᠩ ᠲᠣᠭᠤᠷᠢᠭ ᠤᠨ ᠲᠥᠯᠦᠭᠡᠯᠡᠭᠴᠢᠳ ᠤᠨ ᠪᠦᠯᠬᠦᠮ ᠳᠤ ᠬᠦᠷᠴᠦ᠂ ᠲᠥᠯᠦᠭᠡᠯᠡᠭᠴᠢᠳ ᠲᠠᠢ ᠬᠠᠮᠲᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠲᠡ ᠪᠠ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠶᠠᠷᠢᠯᠴᠠᠪᠠ᠃ ᠲᠡᠷᠡ ᠤᠷᠳᠤᠰ ᠬᠤᠳᠠ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠣᠨᠣᠪᠴᠢᠲᠠᠢ ᠡᠵᠡᠮᠳᠡᠵᠦ᠂ ᠪᠣᠬᠢᠷᠲᠤᠯ ᠦᠬᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠭᠠᠵᠠᠷ ᠣᠷᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠵᠠᠩ ᠵᠠᠨ ᠯᠢᠨ ᠤᠯᠠᠨ ᠲᠠᠢ ᠬᠠᠮᠲᠤ ᠮᠡᠳᠡᠭᠦᠯᠦᠯᠲᠡ ᠶᠢ ᠰᠣᠨᠣᠰᠤᠭᠠᠳ ᠲᠦᠷᠦᠭᠳᠡᠯ ᠮᠠᠰᠢ ᠬᠦᠨ ᠪᠥᠭᠡᠳ ᠵᠣᠷᠢᠭᠵᠢᠭᠤᠯᠤᠯ ᠮᠠᠰᠢ ᠶᠡᠭᠡ ᠪᠤᠯᠪᠠ᠃ ᠮᠡᠳᠡᠭᠦᠯᠦᠯᠲᠡ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠳᠤ ᠳᠠᠯᠪᠢᠬᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠦᠬᠦ ᠮᠡᠳᠡᠭᠦᠯᠦᠯᠳᠡ ᠳᠤ ᠲᠤᠭᠤᠰᠢᠯᠠᠭᠳᠠᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠴᠢᠬᠤᠯᠠ ᠶᠡᠭᠡ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠵᠠᠮ ᠢᠶᠠᠷ ᠰᠠᠶᠢᠲᠤᠷ ᠵᠠᠮᠨᠠᠬᠤ᠂ ᠤᠷᠢᠳ ᠢᠶᠠᠷ ᠬᠡᠷᠡᠭᠵᠢᠭᠦᠯᠬᠦ ᠣᠷᠣᠨ ᠢ ᠪᠦᠳᠦᠬᠡᠨ ᠪᠠᠶᠢᠭᠤᠯᠬᠤ ᠶᠢᠨ ᠲᠤᠭᠤᠷᠢᠨ ᠳᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠪᠠ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠳᠣᠣᠷ᠎ᠠ᠂ ᠤᠷᠳᠤᠰ ᠶᠠᠭᠠᠬᠢᠵᠤ ᠬᠦᠭᠵᠢᠬᠦ ᠳᠤᠬᠠᠢ ᠭᠦᠨᠵᠡᠭᠡᠢ ᠲᠠᠶᠢᠯᠪᠤᠷᠢᠯᠠᠵᠤ᠂ ᠤᠷᠳᠤᠰ ᠤᠨ ᠰᠢᠨ᠎ᠡ ᠴᠠᠭ ᠦᠶ᠎ᠡ ᠳᠤ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠳᠤ ᠴᠢᠭᠯᠡᠯ ᠤᠨ ᠵᠢᠯᠤᠭᠤᠳᠤᠮᠵᠢ ᠪᠠ ᠦᠨᠳᠦᠰᠦᠨ ᠵᠢᠷᠤᠮᠯᠠᠯ ᠬᠠᠩᠭᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠰᠠᠶᠢᠨ ᠮᠡᠳᠡᠭᠦᠯᠦᠯᠲᠡ ᠪᠤᠯᠵᠠᠢ ᠬᠡᠪᠡ᠃      ᠵᠠᠩ ᠵᠠᠨ ᠯᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠪᠣᠯ ᠰᠢᠨ᠎ᠡ ᠡᠨᠧᠷᠭᠢ ᠶᠢᠨ ᠬᠥᠭᠵᠢᠯᠲᠡ ᠶᠢᠨ ᠴᠤᠩᠬᠤᠪᠴᠢ ᠬᠤᠭᠤᠴᠠᠭ᠎ᠠ ᠮᠥᠨ᠂ ᠤᠯᠤᠰ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠳᠠᠭᠤᠷᠢᠶᠡᠯ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠬᠤ ᠳᠡᠭᠡᠷ᠎ᠡ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠳᠤᠤᠷ᠎ᠡ ᠨᠡᠭᠦᠷᠡᠰᠦᠲᠥ᠋ᠷᠥᠭᠴᠢᠳᠤ ᠬᠥᠭᠵᠢᠯᠲᠡ ᠶᠢᠨ ᠴᠢᠭᠯᠡᠯ ᠢᠶᠠᠷ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠪᠠᠷ ᠪᠠᠷᠢᠮᠵᠢᠶᠠᠯᠠᠵᠤ᠂ ᠭᠠᠵᠠᠷ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠲᠠᠯ᠎ᠠ ᠪᠠᠷ ᠲᠦᠷᠦᠭᠦᠯᠡᠨ ᠳᠠᠭᠤᠷᠢᠶᠡᠯ ᠦᠵᠡᠭᠦᠯᠬᠦ ᠬᠡᠷᠡᠭᠳᠡᠢ᠃ ᠮᠠᠨ ᠤ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠦᠷᠭᠦᠯᠵᠢᠯᠡᠨ ᠠᠩᠬᠠᠷᠤᠯ ᠢᠶᠠᠨ ᠳᠦᠪᠯᠡᠷᠡᠬᠦᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠨᠢᠬᠳᠠ ᠠᠩᠬᠠᠷᠴᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠤᠷᠢᠳ ᠢᠶᠠᠷ ᠬᠡᠷᠡᠭᠵᠢᠭᠦᠯᠬᠦ ᠣᠷᠣᠨ ᠤ ᠪᠥᠳᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠪᠠ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠨ ᠲᠥᠯᠥᠪᠵᠢᠭᠦᠯᠵᠦ᠂ ᠨᠢᠭᠡ ᠵᠢᠷᠤᠭ ᠲᠦᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠨᠢᠭᠡ ᠯᠡ ᠪᠠᠷᠢᠮᠵᠢᠶ᠎ᠠ ᠪᠠᠷ ᠴᠡᠭᠴᠡᠯᠡᠨ ᠵᠠᠰᠠᠬᠤ ᠶᠢ ᠠᠳᠬᠤᠬᠤ ᠶᠢ ᠪᠠᠷᠢᠮᠲᠠᠯᠠᠨ᠂ ᠬᠠᠳᠤᠨ ᠭᠤᠣᠯ ᠤᠨ ᠡᠷᠭᠢ ᠳᠠᠭᠠᠤ ᠶᠢᠨ ᠶᠡᠷᠦᠩᠬᠡᠶᠢᠯᠡᠨ ᠵᠠᠰᠠᠬᠤ ᠪᠠ ︽ᠠᠮᠢ ᠠᠬᠤᠶ ᠶᠢᠨ ᠨᠣᠭᠤᠭᠠᠨ ᠬᠤᠩᠬᠢᠯ︾᠎ ᠤᠨ ᠪᠥᠳᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠠᠮᠢ ᠠᠬᠤᠶ ᠶᠢ ᠬᠠᠮᠠᠭᠠᠯᠠᠬᠤ ᠪᠠ ᠠᠵᠤ ᠦᠢᠯᠡᠰ ᠤᠨ ᠬᠥᠭᠵᠢᠯᠲᠡ ᠶᠢᠨ ᠬᠠᠮᠲᠤ ᠪᠠᠷ ᠠᠰᠢᠭ ᠬᠥᠷᠳᠡᠬᠦ ᠶᠢ ᠪᠡᠶᠡᠯᠡᠭᠦᠯᠬᠦ ᠬᠡᠷᠡᠭᠳᠡᠢ ᠬᠡᠵᠤ ᠴᠢᠬᠤᠯᠠᠴᠢᠯᠡᠪᠠ᠃      ᠵᠠᠩ ᠵᠠᠨ ᠯᠢᠨ ᠬᠦᠳᠡᠭᠡ ᠳᠤᠰᠬᠤᠨ ᠢ ᠬᠥᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠠᠷᠡᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠳᠡ ᠶᠢ ᠠᠬᠢᠭᠤᠯᠬᠤ᠂ ᠰᠠᠭᠤᠷᠢ ᠳᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠦᠵᠡᠰᠬᠦᠯᠡᠩᠲᠦ ᠰᠠᠶᠢᠬᠠᠨ ᠬᠦᠳᠡᠭᠡ ᠳᠤᠰᠬᠤᠨ ᠢ ᠪᠦᠲᠦᠭᠡᠨ ᠪᠠᠶᠢᠭᠤᠯᠬᠤ ᠳᠡᠭᠡᠷ᠎ᠡ ᠲᠠᠰᠤᠷᠠᠯᠲᠠ ᠦᠭᠡᠢ ᠬᠦᠴᠦ ᠲᠠᠯᠪᠢᠬᠤ ᠬᠡᠷᠡᠭᠲᠡᠢ᠃ ᠠᠷᠠᠳ ᠣᠯᠠᠨ ᠤ ᠨᠡᠩ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠡᠭᠡᠷ᠎ᠡ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠥᠷᠢᠨᠰᠢᠬᠦᠯᠵᠤ᠂ ᠰᠠᠭᠤᠷᠢ ᠰᠤᠷᠭᠠᠨ ᠬᠥᠮᠦᠵᠢᠯ᠂ ᠡᠮ ᠡᠮᠨᠡᠯᠭᠡ ᠵᠢᠴᠢ ᠨᠠᠰᠤᠵᠢᠯ ᠳᠠᠬᠢ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠤᠯᠠᠨ ᠵᠠᠮ ᠮᠦ᠋ᠷ ᠢᠶᠠᠷ ᠣᠷᠣᠭᠤᠯᠤᠨ ᠠᠪᠴᠢᠷᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠬᠤᠳᠠ ᠶᠢᠨ ᠦᠵᠡᠮᠵᠢ ᠶᠢᠨ ᠨᠣᠭᠤᠭᠠᠨ ᠪᠦᠰᠡ ᠶᠢᠨ ᠪᠥᠳᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠦᠢᠯᠡᠴᠢᠯᠡᠭᠡᠨ ᠤ ᠴᠢᠳᠠᠪᠤᠷᠢ ᠪᠠ ᠪᠠᠲᠤᠯᠠᠭ᠎ᠠ ᠶᠢᠨ ᠳᠦᠪᠰᠢᠨ ᠢᠶᠠᠨ ᠲᠠᠰᠤᠷᠠᠯᠳᠠ ᠥᠭᠡᠢ ᠳᠡᠭᠡᠭᠰᠢᠯᠡᠭᠦᠯᠬᠦ ᠬᠡᠷᠡᠭᠳᠡᠢ᠃ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠡ᠊ᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ ᠦᠨᠳᠦᠰᠦᠨ ᠱᠠᠲᠤᠨ ᠤ ᠬᠠᠮᠢᠶᠠᠷᠤᠯᠲᠠ ᠶᠢ ᠲᠤᠪᠤᠶᠢᠯᠭᠠᠵᠦ᠂ ︽ᠤᠶᠤᠨᠴᠢᠯᠠᠯᠳᠠ︾᠎ ᠪᠠᠷ ᠲᠤᠮᠤ ᠳ᠋ᠠᠶᠢᠲ᠋ᠠ ᠶᠢᠨ ︽ᠨᠢᠭᠡ ᠳᠤᠤᠷ︾᠎ ᠢ ᠪᠦᠷᠢᠯᠳᠦᠭᠦᠯᠵᠦ᠂ ᠪᠠᠶᠢᠭᠤᠯᠤᠮᠵᠢ ᠳᠤᠬᠳᠠᠴᠠ ᠶᠢᠨ ᠰᠢᠨ᠎ᠡ ᠶᠢ ᠡᠭᠦᠳᠬᠦ ᠲᠠᠢ ᠤᠶᠠᠯᠳᠤᠭᠤᠯᠤᠨ᠂ ᠲᠤᠷᠰᠢᠯᠳᠠ ᠶᠢᠨ ᠴᠡᠭ ᠤᠨ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠠ ᠠᠮᠤᠷ ᠲᠦᠪᠰᠢᠨ ᠤ ᠲᠥᠷᠦᠭᠳᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ ᠬᠡᠵᠤ ᠱᠠᠭᠠᠷᠳᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号