ᠯᠢ ᠯᠢ ᠳᠠᠯᠠᠳ ᠬᠤᠰᠢᠭᠤ ᠬᠤᠳᠠ ᠶᠢᠨ ᠰᠢᠭᠤᠳ ᠬᠠᠷᠢᠶ᠎ᠠ ᠨᠢᠭᠡᠳᠦᠭᠡᠷ ᠲᠥᠯᠦᠭᠡᠯᠡᠭᠴᠢᠳ ᠤᠨ ᠪᠦᠯᠬᠦᠮ ᠤᠨ  ᠶᠠᠷᠢᠯᠴᠠᠭ᠎ᠠ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠳᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ  ᠭᠦᠢᠴᠡᠳᠬᠡᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠰᠢᠨ᠎ᠡ ᠠᠶᠠᠨ ᠵᠠᠮ ᠳᠠᠭᠠᠨ ᠣᠳᠣᠬᠢᠴᠢᠯᠠᠭᠰᠠᠨ  ᠤᠷᠳᠤᠰ ᠤᠨ ᠪᠦᠳᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠢ ᠶᠢ ᠴᠢᠷᠮᠠᠶᠢᠨ ᠴᠣᠭᠴᠠᠯᠠᠬᠤ ᠬᠡᠷᠡᠭᠳᠡᠢ
ᠨᠡᠶᠢᠲᠡᠯᠡᠭᠰᠡᠨ ᠴᠠᠭ᠄
2021/9/26
     9 ᠰᠠᠷ᠎ᠠ ᠶᠢᠨ 25᠎ ᠤ ᠡᠳᠦᠷ᠂ ᠯᠢ ᠯᠢ ᠤᠷᠢᠳ ᠬᠤᠵᠢᠳ ᠳᠠᠯᠠᠳ ᠬᠤᠰᠢᠭᠤᠨ ᠤ ᠲᠥᠯᠦᠭᠡᠯᠡᠭᠴᠢᠳ ᠤᠨ ᠪᠦᠯᠬᠦᠮ᠂ ᠬᠤᠳᠠ ᠶᠢᠨ ᠰᠢᠭᠤᠳ ᠬᠠᠷᠢᠶ᠎ᠠ ᠨᠢᠭᠡᠳᠦᠭᠡᠷ ᠲᠥᠯᠦᠭᠡᠯᠡᠭᠴᠢᠳ ᠤᠨ ᠪᠦᠯᠬᠦᠮ ᠳᠤ ᠬᠦᠷᠴᠦ᠂ ᠲᠥᠯᠦᠭᠡᠯᠡᠭᠴᠢᠳ ᠲᠠᠢ ᠬᠠᠮᠲᠤ ᠪᠠᠷ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠲᠡ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠡᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠶᠠᠷᠢᠯᠴᠠᠪᠠ᠃ ᠲᠡᠷᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠠᠶᠠᠨ ᠤ ᠴᠢᠭᠯᠡᠯ ᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠳᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠤ ᠪᠤᠳᠠᠳᠤ ᠶᠠᠪᠤᠳᠠᠯ ᠬᠢᠵᠦ᠂ ᠰᠢᠨ᠎ᠡ ᠠᠶᠠᠨ ᠵᠠᠮ ᠳᠠᠭᠠᠨ ᠣᠳᠣᠬᠢᠴᠢᠯᠠᠭᠰᠠᠨ ᠤᠷᠳᠤᠰ ᠤᠨ ᠪᠦᠳᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠢ ᠶᠢ ᠴᠢᠷᠮᠠᠶᠢᠨ ᠴᠤᠬᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠳᠠᠯᠠᠳ ᠬᠤᠰᠢᠭᠤᠨ ᠤ ᠲᠥᠯᠦᠭᠡᠯᠡᠭᠴᠢᠳ ᠤᠨ ᠪᠦᠯᠬᠦᠮ ᠳᠤ᠂ ᠯᠢ ᠯᠢ ᠳᠠᠯᠠᠳ ᠬᠤᠰᠢᠭᠤᠨ ᠤ ᠣᠷᠣᠨ ᠪᠠᠶᠢᠷᠢᠯᠡᠯ᠂ ᠠᠵᠤ ᠦᠢᠯᠡᠰ᠂ ᠭᠠᠵᠠᠷ ᠰᠢᠷᠣᠢ ᠶᠢᠨ ᠳᠠᠪᠠᠭᠤᠯᠢᠭ ᠢᠯᠡᠷᠬᠡᠢ ᠪᠠᠶᠢᠵᠤ᠂ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠦᠨ᠂ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠬᠠᠷᠠᠯᠲᠠ ᠲᠡᠶᠢᠰᠢ ᠴᠢᠷᠮᠠᠶᠢᠨ ᠤᠷᠤᠭᠰᠢᠯᠠᠬᠤ ᠬᠡᠷᠡᠭᠲᠡᠢ᠃ ᠳᠤᠮᠤ ᠠᠮᠢ ᠠᠬᠤᠢ ᠶᠢᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠡᠷᠢᠭᠦᠨ ᠴᠢᠬᠤᠯᠠ ᠶᠠᠪᠤᠳᠠᠯ ᠪᠣᠯᠭᠠᠨ ᠰᠤᠳᠤᠯᠤᠨ ᠲᠥᠯᠥᠪᠵᠢᠭᠦᠯᠵᠦ᠂ ᠡᠯᠡᠰᠦ ᠶᠢ ᠵᠠᠰᠠᠬᠤ᠂ ᠲᠠᠩ ᠭᠠᠵᠠᠷ ᠢ ᠵᠠᠰᠠᠬᠤ᠂ ᠬᠦᠨᠳᠡᠢ ᠶᠢᠨ ᠭᠤᠤᠯ ᠢ ᠵᠠᠰᠠᠬᠤ ᠪᠠᠷ ᠭᠠᠷᠳᠠᠴᠠ ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠤᠮᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠲᠠᠯ᠎ᠠ ᠪᠠᠷ ᠬᠦᠴᠦ ᠲᠠᠯᠪᠢᠵᠤ᠂ ᠠᠵᠤ ᠦᠢᠯᠡᠰ ᠤᠨ ᠭᠡᠯᠬᠢᠶ᠎ᠡ ᠶᠢ ᠤᠷᠲᠤᠳᠬᠠᠬᠤ᠂ ᠨᠥᠬᠦᠪᠥᠷᠢᠯᠡᠬᠦ ᠂ ᠴᠢᠩᠭᠠᠳᠬᠠᠬᠤ ᠶᠢ ᠠᠬᠢᠭᠤᠯᠬᠤ ᠳᠤ ᠠᠩᠬᠠᠷᠤᠯ ᠢᠶᠠᠨ ᠤᠨᠤᠴᠠᠲᠠᠢ ᠲᠥᠪᠯᠡᠷᠡᠭᠦᠯᠦᠨ᠂ ᠳᠠᠯᠠᠳ ᠠᠵᠤ ᠠᠬᠤᠢ ᠶᠢᠨ ᠨᠡᠭᠡᠭᠡᠯᠳᠠ ᠶᠢᠨ ᠤᠷᠦᠠ ᠤ ᠮᠢᠩᠭᠠᠨ ᠳ᠋ᠦᠩᠰᠢᠭᠤᠷ ᠦᠢᠯᠡᠳᠬᠦᠨ ᠤ ᠦᠷᠳᠡᠭ ᠤᠨ ᠬᠠᠷᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠲᠤᠮᠤ ᠰᠠᠭᠤᠷᠢᠨ ᠭᠠᠵᠠᠷ ᠢ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠬᠥᠭᠵᠢᠭᠦᠯᠬᠦ ᠴᠤᠩᠬᠤᠪᠴᠢ ᠶᠢᠨ ᠬᠤᠭᠤᠴᠠᠭ᠎ᠠ ᠶᠢ ᠵᠠᠪᠳᠤᠨ ᠡᠵᠡᠮᠳᠡᠵᠤ᠂ ᠴᠦᠯᠯᠡᠷᠬᠡᠭᠵᠢᠯ ᠢ ᠵᠠᠰᠠᠬᠤ ᠣᠷᠣᠨ᠂ ᠬᠦᠨᠳᠡᠢ ᠶᠢᠨ ᠭᠤᠤᠯ ᠤᠨ ᠬᠤᠶᠠᠷ ᠡᠷᠭᠢ ᠵᠡᠷᠭᠡ ᠣᠷᠣᠨ ᠪᠦᠰᠡ ᠶᠢ ᠭᠦᠢᠴᠡᠳ ᠠᠰᠢᠭᠯᠠᠨ᠂ ᠰᠢᠨ᠎ᠡ ᠡᠨᠧᠷᠭᠢ ᠶᠢᠨ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢ ᠰᠢᠰᠲ᠋ᠧᠮ ᠲᠠᠢ ᠪᠠᠷ ᠳᠦᠯᠦᠪᠵᠢᠬᠦᠯᠵᠤ᠂ ᠤᠯᠤᠰ ᠤᠨ ᠳᠡᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ ᠬᠡᠷᠡᠭᠲᠡᠶ᠃ ᠲᠠᠷᠢᠶᠠᠯᠠᠩ ᠤᠨ ᠦᠢᠯᠡᠰ ᠢ ᠪᠤᠵᠠᠭᠠᠢᠢᠷᠠᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠨᠡᠶᠢᠯᠡᠭᠦᠯᠵᠦ᠂ ᠮᠠᠰᠢᠨᠴᠢᠯᠠᠭᠤᠯᠤᠨ ᠠᠵᠢᠯᠯᠠᠭᠤᠯᠬᠤ ᠲᠦᠪᠰᠢᠨ ᠢ ᠳᠡᠭᠡᠭᠰᠢᠯᠡᠭᠦᠯᠤᠨ᠂ ᠲᠠᠷᠢᠶᠠᠯᠠᠩ ᠤᠨ ᠡᠷᠴᠢᠮᠵᠢᠭᠦᠯᠦᠨ ᠲᠦᠪᠯᠡᠷᠡᠬᠦᠯᠦᠭᠰᠡᠨ ᠬᠥᠭᠵᠢᠯᠳᠡ ᠶᠢ ᠠᠬᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠳᠤᠮᠤ ᠨᠠᠮ ᠤᠨ ᠪᠠᠶᠢᠭᠤᠯᠤᠯᠲᠠ ᠶᠢ ᠴᠤᠬᠴᠠᠯᠠᠵᠤ᠂ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠢᠨ ᠳᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠪᠦᠯᠬᠦᠮᠳᠡᠯ ᠲᠠᠢ᠂ ᠠᠵᠢᠯ ᠶᠠᠪᠤᠳᠠᠯ ᠬᠢᠵᠦ ᠴᠢᠳᠠᠬᠤ᠂ ᠠᠵᠢᠯ ᠶᠠᠪᠤᠳᠠᠯ ᠬᠢᠵᠤ ᠳᠡᠶᠢᠯᠬᠦ ᠪᠠᠲᠤ ᠴᠢᠩᠭ᠎ᠠ ᠳᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ︽ᠵᠢᠷᠭᠤᠭᠠᠨ ᠨᠢᠭᠡ︾᠎ ᠶᠢᠨ ᠠᠵᠢᠯ ᠤᠨ ᠲᠣᠭᠲᠠᠴᠠ ᠶᠢ ᠯᠠᠪᠳᠠᠭᠤᠨ ᠪᠠᠲᠤᠲᠠᠶ ᠶᠠᠪᠤᠭᠳᠠᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠨ ᠡ᠊ᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠡᠭᠦᠷᠭᠡ ᠶᠢᠨ ᠪᠤᠲᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠡᠪᠡ᠃      ᠬᠤᠲᠠ ᠶᠢᠨ ᠰᠢᠭᠤᠳ ᠬᠠᠷᠢᠶ᠎ᠠ ᠨᠢᠭᠡᠳᠦᠭᠡᠷ ᠲᠥᠯᠦᠭᠡᠯᠡᠭᠴᠢᠳ ᠤᠨ ᠪᠦᠯᠬᠦᠮ ᠳᠤ᠂ ᠯᠢ ᠯᠢ ᠬᠤᠳᠠ ᠶᠢᠨ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠬᠢᠨ ᠤᠯᠤᠰ ᠲᠦᠷᠦ ᠶᠢ ᠡᠷᠬᠢᠮᠯᠡᠬᠦ ᠲᠠᠯ᠎ᠠ ᠪᠠᠷ ᠳᠠᠭᠤᠷᠢᠶᠠᠯ ᠪᠤᠯᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠤᠢ ᠪᠣᠯᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠦᠨ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠳᠠᠭᠤᠷᠢᠶᠠᠯ ᠪᠤᠯᠵᠤ᠂ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠳᠤ ᠳᠤᠷᠠᠳᠤᠭᠰᠠᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠡᠬᠦᠷᠬᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠠᠷᠭ᠎ᠠ ᠠᠪᠴᠠᠯ ᠢᠶᠠᠨ ᠨᠠᠷᠢᠯᠢᠬᠵᠢᠭᠤᠯᠵᠦ᠂ ︽ᠪᠤᠷᠤ ᠲᠦᠰᠤᠪ︾᠎ ᠢ ᠦᠨᠡᠨ ᠬᠦ ︽ᠪᠠᠷᠢᠯᠭ᠎ᠠ ᠶᠢᠨ ᠵᠢᠷᠤᠭ︾ ᠪᠤᠯᠭᠠᠬᠤ ᠬᠡᠷᠡᠭᠲᠠᠢ᠃ ᠬᠤᠳᠠ ᠶᠢᠨ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠤᠳᠤᠷᠢᠳᠬᠤ ᠺᠠᠳ᠋ᠷ ︽ᠵᠠᠩᠭᠢᠯᠠᠭ᠎ᠠ ᠶᠢᠨ ᠴᠥᠭᠡᠨ ᠲᠤᠭᠠᠲᠠᠨ︾᠎ ᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ︽ᠳᠠᠭᠠᠭᠤᠯᠬᠤ︾᠂ ᠦᠢᠯᠡ ᠠᠵᠢᠯᠯᠠᠭᠠᠨ ᠤ ᠲᠠᠯ᠎ᠠ ᠪᠠᠷ ︽ᠤᠳᠤᠷᠢᠳᠬᠤ︾᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ᠂ ᠲᠦᠷᠦᠭᠦᠯᠡᠨ ᠳᠠᠭᠤᠷᠢᠶᠡᠯ ᠦᠵᠡᠭᠦᠯᠬᠦ ᠶᠢ ᠪᠠᠷᠢᠮᠲᠠᠯᠠᠨ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ᠂ ᠴᠢᠳᠠᠮᠠᠭᠠᠢ ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠶᠡᠷᠦᠩᠬᠡᠢ ᠱᠦᠵᠢ ᠰᠢ ᠶᠢᠨ ᠫᠢᠡᠭ ᠤᠨ ︽ᠭᠤᠷᠪᠠᠨ ᠦᠯᠢᠬᠡᠷ ᠳᠠᠭᠤᠷᠢᠶᠠᠯ᠂ ᠨᠢᠭᠡ ᠵᠢᠱᠢᠶᠡᠴᠢ︾᠎ ᠶᠢᠨ ᠴᠢᠬᠤᠯᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠪᠠᠶᠢᠭᠤᠯᠤᠯᠲᠠ ᠶᠢᠨ ᠬᠦᠳᠤᠯᠤᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠨᠠᠮ ᠤᠨ ᠭᠡᠰᠢᠭᠦᠨ ᠺᠠᠳ᠋ᠷᠴᠤᠳ ᠤᠨ ᠡ᠊ᠩᠨᠡᠭᠡ ᠶᠢ ᠬᠦᠴᠦᠯᠡᠨ ᠪᠠᠶᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠲᠠᠪᠰᠢᠯᠳᠠ ᠲᠠᠢ ᠪᠣᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠬᠡᠵᠤ ᠴᠢᠬᠤᠯᠠᠴᠢᠯᠡᠪᠡ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号